ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ︽2024 ᠣᠨ ᠤ ᠪᠥᠬᠦ | ᠣᠷᠣᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠠᠯᠪᠠᠨ ᠲᠠᠷᠬᠠᠭᠠᠭᠰᠠᠨ ︹2020︺ 85 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠵᠢᠴᠢ ᠬᠤᠲᠠ ᠶᠢᠨ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠪᠣᠳᠠᠲᠠᠶ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤᠨ ᠤ 2024 ᠣᠨ ᠤ ᠳᠤᠮᠳᠠ ᠵᠡᠷᠭᠡ ᠶᠢᠨ | ᠮᠡᠷᠭᠡᠵᠢᠯ ᠤᠨ ᠴᠣᠯᠠ ︵ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠶᠢᠨ ᠰᠢᠷᠢᠰ | ᠪᠠᠭᠲᠠᠬᠤ ᠦᠭᠡᠶ︶ ᠶᠢᠨ ᠬᠢᠷᠢ ᠬᠡᠮ ᠤᠨ ᠠᠩᠬᠠᠨ ᠤ ᠬᠢᠨᠠᠯᠲᠠ ᠶᠢᠨ ᠠᠵᠢᠯ ᠨᠢᠭᠡᠨᠲᠡ ᠳᠠᠭᠤᠰᠴᠤ᠂ ᠡᠳᠦᠭᠡ ᠬᠢᠷᠢ ᠬᠡᠮ ᠤᠨ ᠠᠩᠬᠠᠨ ᠤ ᠬᠢᠨᠠᠯᠲᠠ ᠶᠢ | ᠥᠩᠭᠡᠷᠡᠭᠰᠡᠳ ᠤᠨ ᠨᠡᠷᠡᠰ ᠢ ᠢᠯᠡ ᠨᠡᠶᠢᠲᠡᠯᠡᠪᠡ᠃ ᠰᠢᠯᠭᠠᠷᠠᠭᠤᠯᠤᠯᠲᠠ ᠳᠤ ᠣᠷᠣᠯᠴᠠᠭᠰᠠᠳ ᠬᠤᠪᠢ ᠬᠥᠮᠦᠨ ᠤ ᠮᠡᠳᠡᠭᠡ ᠵᠠᠩᠭᠢ ᠶᠢ ᠨᠠᠷᠢᠨ ᠬᠢᠨᠠᠮᠠᠭᠠᠶ | ᠬᠠᠷᠭᠤᠭᠤᠯᠵᠤ᠂ ᠬᠡᠷᠪᠡ ᠮᠡᠳᠡᠭᠡ ᠵᠠᠩᠭᠢ ᠲᠠᠢ ᠪᠠᠶᠢᠬᠤ ᠶᠢ ᠣᠯᠵᠤ ᠮᠡᠳᠡᠪᠡᠯ ᠴᠠᠭ ᠲᠤᠬᠠᠶ ᠳᠤᠨᠢ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠲᠤᠰᠬᠠᠶ ᠮᠡᠷᠭᠡᠵᠢᠯ ᠤᠨ ᠰᠲ᠋ᠣᠺ ᠲᠠᠢ ᠬᠠᠷᠢᠯᠴᠠᠵᠤ ᠵᠠᠰᠠᠪᠤᠷᠢ ᠣᠷᠣᠭᠤᠯᠬᠤ ᠬᠡᠷᠡᠭᠲᠡᠶ᠃ | ᠨᠢᠭᠡ᠂ ᠢᠯᠡ ᠨᠡᠶᠢᠲᠡᠯᠡᠬᠦ ᠴᠠᠭ | 2024 ᠣᠨ ᠤ 8 ᠰᠠᠷ᠎ᠠ ᠶᠢᠨ 7 ᠤ ᠡᠳᠦᠷ ᠠᠴᠠ 2024 ᠣᠨ ᠤ 8 ᠰᠠᠷ᠎ᠠ ᠶᠢᠨ 13 ᠤ ᠡᠳᠦᠷ | ᠬᠤᠶᠠᠷ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ | ᠨᠢᠭᠡᠴᠡ ᠪᠤᠶᠤ ᠬᠤᠪᠢ ᠬᠥᠮᠦᠨ ᠪᠦᠬᠦᠨ ᠵᠠᠷᠯᠠᠨ ᠨᠡᠶᠢᠲᠡᠯᠡᠭᠰᠡᠨ ᠬᠥᠮᠦᠰ ᠲᠤ ᠣᠨᠳᠣᠤ ᠰᠠᠨᠠᠯ ᠲᠠᠢ ᠪᠠᠶᠢᠵᠤ᠂ ᠤᠲᠠᠰᠤ᠂ ᠰᠤᠷᠪᠤᠯᠵᠢᠯᠠᠬᠤ᠂ ᠵᠠᠬᠢᠳᠠᠯ | ᠢᠯᠡᠭᠡᠬᠦ ᠵᠡᠷᠭᠡ ᠬᠡᠯᠪᠡᠷᠢ ᠪᠠᠷ ᠳᠠᠮᠵᠢᠭᠤᠯᠤᠨ ᠵᠠᠷᠯᠠᠨ ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠥᠬᠦᠶ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠬᠤ ᠪᠥᠭᠡᠳ | ᠲᠤᠰᠬᠠᠭᠰᠠᠨ ᠪᠠᠶᠢᠳᠠᠯ ᠪᠠ ᠠᠰᠠᠭᠤᠳᠠᠯ ᠳᠤ ᠪᠠᠶᠢᠴᠠᠭᠠᠨ ᠬᠠᠷᠭᠤᠭᠤᠯᠵᠤ ᠪᠣᠯᠬᠤ ᠭᠡᠷᠡᠴᠢ ᠮᠠᠲ᠋ᠧᠷᠢᠶᠠᠯ ᠵᠢᠴᠢ ᠪᠤᠰᠤᠳ ᠬᠤᠯᠪᠣᠭᠳᠠᠯ ᠪᠥᠬᠦᠶ ᠰᠦᠪᠡᠭᠴᠢ ᠶᠢ | ᠬᠠᠩᠭᠠᠵᠤ᠂ ᠪᠢᠳᠡ ᠠᠰᠠᠭᠤᠳᠠᠯ ᠢ ᠲᠤᠰᠬᠠᠭᠰᠠᠨ ᠬᠥᠮᠦᠰ ᠵᠢᠴᠢ ᠲᠤᠰᠬᠠᠭᠰᠠᠨ ᠠᠰᠠᠭᠤᠳᠠᠯ ᠤᠨ ᠨᠢᠭᠤᠴᠠ ᠶᠢ ᠴᠢᠩᠭ᠎ᠠ ᠬᠠᠮᠠᠭᠠᠯᠠᠨ᠎ᠠ᠃ | ᠬᠦᠯᠢᠶᠡᠨ ᠠᠪᠴᠤ ᠰᠢᠢᠳᠪᠦᠷᠢᠯᠡᠬᠦ ᠴᠠᠭ᠄ ᠦᠳᠡ ᠶᠢᠨ ᠡᠮᠦᠨ᠎ᠡ 9᠄ 00 - 12᠄ 00 ᠦᠳᠡ ᠶᠢᠨ ᠬᠤᠶᠢᠨ᠎ᠠ 3᠄ 00-6᠄ 00 ︵ᠠᠵᠢᠯᠯᠠᠬᠤ | ᠡᠳᠦᠷ︶ | ᠬᠠᠷᠢᠯᠴᠠᠬᠤ ᠤᠲᠠᠰᠤ᠄ 0478 - 6620198 ︵ᠬᠤᠰᠢᠭᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠶᠢᠨ ᠲᠤᠰᠬᠠᠶ ᠮᠡᠷᠭᠡᠵᠢᠯ ᠤᠨ ᠲᠠᠰᠤᠭ︶ | ᠬᠢᠨᠠᠯᠲᠠ ᠲᠠᠯᠪᠢᠬᠤ ᠤᠲᠠᠰᠤ᠄ 13500685377 ︵ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ | ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠳᠤᠭᠤᠶᠢᠯᠠᠩ︶ | ᠳᠠᠭᠠᠯᠳᠤᠭᠤᠯᠤᠯ᠄ 1. ︽ᠬᠠᠩᠭᠢᠨ ᠬᠤᠶᠢᠲᠤ ᠬᠤᠰᠢᠭᠤᠨ ᠤ 2024 ᠣᠨ ᠳᠤ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠶᠢᠨ ᠬᠢᠷᠢ ᠬᠡᠮ ᠢ | ᠭᠤᠶᠤᠴᠢᠯᠠᠨ ᠮᠡᠳᠡᠭᠦᠯᠬᠦ ᠠᠩᠬᠠᠨ ᠤ ᠬᠢᠨᠠᠯᠲᠠ ᠳᠤ ᠬᠢᠷᠢ ᠬᠡᠮ ᠤᠨ ᠨᠡᠷᠡᠰ ᠤᠨ ᠳᠡᠪᠲᠡᠷ︾ | 2. ︽ᠬᠠᠩᠭᠢᠨ ᠬᠤᠶᠢᠲᠤ ᠬᠤᠰᠢᠭᠤᠨ ᠤ 2024 ᠣᠨ ᠳᠤ ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠶᠢᠨ ᠬᠢᠷᠢ ᠬᠡᠮ ᠢ ᠭᠤᠶᠤᠴᠢᠯᠠᠨ ᠮᠡᠳᠡᠭᠦᠯᠬᠦ | ᠠᠩᠬᠠᠨ ᠤ ᠬᠢᠨᠠᠯᠲᠠ ᠳᠤ ᠬᠢᠷᠢ ᠬᠡᠮ ᠤᠨ ᠨᠡᠷᠡᠰ ᠤᠨ ᠳᠡᠪᠲᠡᠷ︾ | | http://www.hjhq.gov.cn/zwgk/tzgg/202408/t20240807_646078.html | | | | | | | | | | | | | | | ᠬᠠᠩᠭᠢᠨ ᠬᠤᠶᠢᠲᠤ ᠬᠤᠰᠢᠭᠤᠨ ᠤ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ | 2024 ᠣᠨ ᠤ 8 ᠰᠠᠷ᠎ᠠ ᠶᠢᠨ 7 ᠤ ᠡᠳᠦᠷ |