ᠤᠯᠤᠰ ᠲᠥᠷᠥ ᠶᠢᠨ ᠵᠥᠪᠯᠡᠯᠭᠡᠨ ᠤ ᠬᠠᠩᠭᠢᠨ ᠬᠤᠶᠢᠲᠤ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠠᠷᠪᠠᠨ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/9
      8 ᠰᠠᠷ᠎ᠠ ᠶᠢᠨ 8 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠬᠠᠩᠭᠢᠨ ᠬᠤᠶᠢᠲᠤ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠠᠷᠪᠠᠨ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠸᠧᠨ ᠮᠢᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠤᠶᠤᠯ᠎ᠠ᠂ ᠯᠢ ᠮᠢᠩ ᠲᠢᠶᠠᠨ᠂ ᠯᠢ ᠴᠠᠩ ᠴᠦᠨ᠂ ᠵᠣᠣ ᠶᠦᠩ ᠴᠧᠩ ᠬᠤᠷᠠᠯ ᠳᠤ ᠣᠷᠣᠯᠴᠠᠵᠠᠶ᠃
W020240809520259384014.jpg
      ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠸᠠᠩ ᠵᠢᠶ ᠮᠢᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ ᠳᠤ ᠪᠥᠬᠦ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠦᠨᠳᠦᠰᠦᠨ ᠪᠠᠶᠢᠳᠠᠯ ᠢ ᠮᠡᠳᠡᠭᠳᠡᠵᠦ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ ᠪᠠ ᠬᠤᠰᠢᠭᠤᠨ ᠤ ᠰᠢᠭᠤᠳ ᠬᠠᠷᠢᠶ᠎ᠠ ᠨᠢᠭᠡᠴᠡ᠂ ᠬᠡᠰᠡᠭ ᠪᠠᠯᠭᠠᠰᠤᠨ ᠤ ᠬᠠᠷᠢᠭᠤᠴᠠᠯᠭᠠᠲᠠᠨ ᠨᠠᠷ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠶᠡᠭᠡ ᠪᠠᠷ ᠬᠡᠷᠡᠭᠵᠢᠭᠦᠯᠵᠦ᠂ ᠬᠤᠵᠢᠷᠯᠢᠭ ᠭᠠᠵᠠᠷ ᠤᠨ ᠤᠨᠠᠯᠲᠠ ᠶᠢ ᠨᠡᠮᠡᠭᠳᠡᠭᠦᠯᠦᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ︾ ᠵᠥᠪᠯᠡᠬᠦ ᠰᠡᠳᠦᠪ ᠤᠨ ᠲᠣᠭᠤᠷᠢᠨ ᠳᠤ ᠭᠤᠤᠯᠳᠠᠭᠤ ᠲᠤᠰᠬᠠᠶ ᠰᠡᠳᠦᠪ ᠢᠶᠠᠷ ᠵᠠᠰᠠᠭ ᠤᠨ ᠶᠠᠪᠤᠳᠠᠯ ᠢ ᠵᠥᠪᠯᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠰᠢᠨ᠎ᠡ ᠪᠠᠷ ᠨᠡᠮᠡᠭᠳᠡᠭᠰᠡᠨ ᠲᠠᠯᠠᠪᠠᠶ ᠭᠠᠵᠠᠷ ᠤᠨ ᠲᠥᠷᠥᠯ ᠤᠨ ᠬᠤᠪᠢᠶᠠᠷᠢᠯᠠᠯᠲᠠ ᠳᠤ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠤᠷᠢᠳᠴᠢᠯᠠᠨ ᠦᠯᠡᠳᠡᠭᠡᠬᠦ᠂ ᠪᠠᠶᠢᠭᠤᠯᠤᠭᠰᠠᠨ ᠤ ᠳᠠᠷᠠᠭ᠎ᠠ ᠬᠠᠮᠢᠶᠠᠷᠤᠨ ᠬᠠᠮᠠᠭᠠᠯᠠᠬᠤ᠂ ᠰᠢᠨ᠎ᠡ ᠤᠷ᠎ᠠ ᠮᠡᠷᠭᠡᠵᠢᠯ ᠰᠢᠨ᠎ᠡ ᠮᠠᠲ᠋ᠧᠷᠢᠶᠠᠯ ᠢ ᠬᠡᠷᠡᠭᠯᠡᠬᠦ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃ ᠡᠭᠦᠨ ᠤ ᠬᠠᠮᠲᠤ᠂ ᠬᠤᠷᠠᠯ ᠠᠴᠠ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠬᠤᠪᠢᠷᠠᠯᠲᠠ ᠶᠢᠨ ᠪᠠᠶᠢᠳᠠᠯ ᠢ ᠮᠡᠳᠡᠭᠳᠡᠪᠡ᠃      ᠵᠠᠩ ᠸᠧᠨ ᠮᠢᠨ ᠵᠢᠭᠠᠵᠤ ᠭᠠᠷᠭᠠᠭᠰᠠᠨ ᠨᠢ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠣᠯ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠡᠯ᠎ᠡ ᠪᠠᠯᠭᠠᠰᠤ ︵ᠲᠠᠷᠢᠶᠠᠯᠠᠩ ᠤᠨ ᠲᠠᠯᠠᠪᠠᠶ︶ ᠨᠢ ᠪᠥᠲᠥᠭᠡᠨ ᠪᠠᠶᠢᠭᠤᠯᠤᠯᠲᠠ ᠶᠢᠨ ᠨᠢᠭᠡᠴᠢ ᠪᠣᠯᠤᠭᠰᠠᠨ ᠤ ᠬᠤᠪᠢ ᠳᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠵᠠᠪᠠᠯ ᠪᠠᠲᠤᠯᠠᠵᠤ᠂ ᠨᠢᠭᠡᠨᠲᠡ ᠪᠡᠶᠡᠯᠡᠭᠦᠯᠦᠭᠰᠡᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠥᠪᠡᠰᠦᠪᠡᠨ ᠪᠠᠶᠢᠴᠠᠭᠠᠯᠲᠠ ᠬᠢᠬᠦ ᠬᠡᠷᠡᠭᠲᠡᠶ᠃ ︽ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠣᠯᠠᠨ ᠡᠰᠢᠵᠢᠭᠦᠯᠦᠨ ᠣᠷᠣᠯᠴᠠᠬᠤ︾ ᠬᠥᠭᠵᠢᠯᠲᠡ ᠶᠢᠨ ᠵᠠᠭᠪᠤᠷ ᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠣᠯᠠᠨ ᠡᠰᠢᠵᠢᠭᠰᠡᠨ ᠣᠷᠣᠭᠤᠯᠤᠯᠲᠠ ᠶᠢᠨ ᠲᠣᠭᠲᠠᠴᠠ ᠶᠢ ᠬᠠᠶᠢᠨ ᠰᠦᠪᠡᠭᠴᠢᠯᠡᠵᠦ᠂ ᠤᠨᠴᠠᠯᠢᠬᠳᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠪᠠ ᠦᠷ᠎ᠡ ᠠᠰᠢᠭ ᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠶ᠃ ᠰᠠᠯᠠᠭ᠎ᠠ ᠮᠥᠴᠢᠷ ᠤᠨ ᠬᠠᠮᠵᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠭᠤᠤᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥᠯ ᠵᠦᠢᠯ ᠤᠨ ᠲᠥᠯᠥᠪᠵᠢᠭᠦᠯᠭᠡ ᠶᠢ ᠰᠢᠯᠢᠳᠡᠭᠵᠢᠭᠦᠯᠵᠦ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠰᠠᠶᠢᠲᠤᠷ ᠠᠳᠬᠤᠵᠤ᠂ ᠲᠠᠷᠢᠶᠠᠯᠠᠩ ᠤᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠮᠠᠨ ᠤ ᠬᠤᠰᠢᠭᠤᠨ ᠤ ᠲᠠᠷᠢᠶᠠᠯᠠᠩ ᠦᠢᠯᠡᠳᠪᠦᠷᠢᠯᠡᠯ ᠤᠨ ᠨᠥᠬᠦᠴᠡᠯ ᠢ ᠠᠯᠬᠤᠮ ᠠᠯᠬᠤᠮ ᠢᠶᠠᠷ ᠰᠠᠶᠢᠵᠢᠷᠠᠭᠤᠯᠬᠤ ᠬᠡᠷᠡᠭᠲᠡᠶ᠃ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠭᠤᠤᠯ ᠴᠣᠭᠴᠠ ᠶᠢᠨ ᠤᠶᠢᠯᠡᠳᠤᠯ ᠢᠶᠠᠨ ᠪᠠᠳᠠᠷᠠᠭᠤᠯᠵᠤ᠂ ᠨᠠᠮ ᠵᠠᠰᠠᠭ ᠤᠨ ᠠᠩᠬᠠᠷᠤᠯ ᠲᠠᠯᠪᠢᠵᠤ ᠪᠠᠶᠢᠭ᠎ᠠ᠂ ᠭᠤᠤᠯᠳᠠᠯᠭ᠎ᠠ ᠲᠠᠢ ᠠᠵᠤ ᠤᠶᠢᠯᠡᠰ ᠤᠨ ᠲᠥᠷᠥᠯ ᠵᠦᠢᠯ᠂ ᠠᠷᠠᠳ ᠣᠯᠠᠨ ᠤ ᠬᠦᠰᠡᠯ ᠡᠷᠡᠮᠡᠯᠵᠡᠯ ᠤᠨ ᠲᠣᠭᠤᠷᠢᠨ ᠳᠤ ᠲᠠᠷᠢᠶᠠᠨ ᠭᠠᠵᠠᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠰᠠᠨᠠᠯ ᠳᠤᠷᠠᠳᠤᠯᠭ᠎ᠠ ᠶᠢ ᠰᠢᠪᠠᠳᠠᠨ ᠰᠢᠢᠤᠡᠪᠤᠷᠢᠯᠡᠭᠦᠯᠬᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ᠂ ᠪᠠᠶᠢᠴᠠᠭᠠᠨ ᠰᠤᠳᠤᠯᠤᠯᠲᠠ ᠬᠢᠵᠦ ᠪᠠᠶᠢᠴᠠᠭᠠᠨ ᠦᠵᠡᠬᠦ ᠵᠡᠷᠭᠡ ᠬᠡᠯᠪᠡᠷᠢ ᠪᠠᠷ ᠳᠠᠮᠵᠢᠭᠤᠯᠤᠨ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠪᠥᠬᠦ ᠬᠤᠰᠢᠭᠤᠨ ᠤ ᠲᠠᠷᠢᠶᠠᠯᠠᠩ ᠪᠠ ᠠᠵᠤ ᠠᠬᠤᠶ ᠶᠢᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃
W020240809520259398838.jpg
      ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠪᠠᠰᠠ ᠱᠠᠮᠪᠠ ᠪᠠᠯᠭᠠᠰᠤᠨ ᠤ ᠵᠠᠩ ᠹᠠᠩ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠱᠤᠸᠠᠩ ᠮᠢᠶᠣᠣ ᠪᠠᠯᠭᠠᠰᠤᠨ ᠤ ᠲᠠᠢ ᠷᠦᠩ ᠲᠣᠰᠬᠤᠨ ᠤ 2023 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ ᠤᠨ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠪᠣᠯᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠤᠢᠢᠯᠠᠭᠠᠭᠰᠠᠨ ᠪᠥᠭᠡᠳ ᠬᠠᠨᠳᠤᠯᠭᠠᠲᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠠᠢ᠃
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ