ᠬᠠᠩᠭᠢᠨ ᠬᠤᠶᠢᠲᠤ ᠬᠤᠰᠢᠭᠤᠨ ᠤ 2024 ᠣᠨ ᠳᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠰᠢᠷᠢᠰ ᠪᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠶᠢᠨ ᠰᠢᠷᠢᠰ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠶᠢ ᠬᠢᠨᠠᠨ ᠬᠠᠷᠭᠤᠭᠤᠯᠵᠤ ᠪᠠᠲᠤᠯᠠᠭᠰᠠᠨ ᠬᠥᠮᠦᠰ ᠢ ᠵᠠᠷᠯᠠᠨ ᠨᠡᠶᠢᠲᠡᠯᠡᠬᠦ ᠲᠤᠬᠠᠶ
ᠨᠡᠶᠢᠲᠡᠯᠡᠭᠰᠡᠨ ᠴᠠᠭ᠄
2024/8/9
      ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ︽2024 ᠣᠨ ᠤ ᠪᠥᠬᠦ ᠣᠷᠣᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠠᠯᠪᠠᠨ ᠲᠠᠷᠬᠠᠭᠠᠭᠰᠠᠨ ﹇2020﹈ 85 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠵᠢᠴᠢ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠪᠣᠳᠠᠲᠠᠶ ᠱᠠᠭᠠᠷᠳᠠᠯᠭ᠎ᠠ ᠶᠣᠰᠣᠭᠠᠷ᠂ ᠡᠨᠡ ᠵᠢᠯ ᠮᠠᠨ ᠤ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠰᠢᠷᠢᠰ ᠪᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠶᠢᠨ ᠰᠢᠷᠢᠰ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠶᠢ ᠬᠢᠨᠠᠨ ᠬᠠᠷᠭᠤᠭᠤᠯᠬᠤ ᠠᠵᠢᠯ ᠨᠢᠭᠡᠨᠲᠡ ᠳᠠᠭᠤᠰᠴᠤ᠂ ᠣᠲᠣ ᠬᠢᠨᠠᠨ ᠬᠠᠷᠭᠤᠭᠤᠯᠵᠤ ᠪᠠᠲᠤᠯᠠᠭᠰᠠᠨ ᠬᠥᠮᠦᠰ ᠤᠨ ᠨᠡᠷᠡᠰ ᠢ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 8 ᠳ᠋ᠤᠭᠠᠷ ᠰᠠᠷ᠎ᠠ ᠶᠢᠨ 8-8 ᠳ᠋ᠤᠭᠠᠷ ᠰᠠᠷ᠎ᠠ ᠶᠢᠨ 14 ᠤ ᠡᠳᠦᠷ ᠪᠣᠯᠤᠨ᠎ᠠ᠃ ᠰᠢᠯᠭᠠᠷᠠᠭᠤᠯᠤᠯᠲᠠ ᠳᠤ ᠣᠷᠣᠯᠴᠠᠭᠰᠠᠨ ᠡᠯ᠎ᠡ ᠬᠥᠮᠦᠰ ︽2024 ᠣᠨ ᠤ ᠬᠠᠩᠭᠢᠨ ᠬᠤᠶᠢᠲᠤ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠢᠷᠢᠰ ᠪᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠶᠢᠨ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠶᠢᠨ ᠠᠩᠬ᠎ᠠ ᠬᠢᠨᠠᠯᠲᠠ ᠶᠢᠨ ᠨᠡᠷᠡᠰ ᠤᠨ ᠳᠡᠪᠲᠡᠷ︾ ᠤᠨ ᠳᠣᠲᠣᠷᠠᠬᠢ ᠮᠡᠳᠡᠭᠡ ᠵᠠᠩᠭᠢ ᠶᠢ ᠨᠠᠷᠢᠨ ᠬᠢᠨᠠᠮᠠᠭᠠᠢ ᠬᠠᠷᠭᠤᠭᠤᠯᠵᠤ᠂ ᠠᠯᠳᠠᠭ᠎ᠠ ᠪᠤᠷᠤᠭᠤ ᠲᠠᠢ ᠪᠠᠶᠢᠬᠤ ᠶᠢ ᠣᠯᠵᠤ ᠮᠡᠳᠡᠭᠡᠳ᠂ ᠴᠠᠭ ᠲᠤᠬᠠᠢ ᠳᠤᠨᠢ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶᠠᠨ ᠤ ᠠᠵᠢᠯᠲᠠᠨ ᠤ ᠶᠠᠪᠤᠳᠠᠯ ᠤᠨ ᠲᠠᠰᠤᠭ ᠲᠠᠢ ᠬᠠᠷᠢᠯᠴᠠᠵᠤ ᠵᠠᠰᠠᠪᠤᠷᠢ ᠣᠷᠣᠭᠤᠯᠤᠭᠠᠷᠠᠢ ᠭᠡᠵᠦ ᠴᠢᠩᠭᠠᠳᠬᠠᠪᠠ᠃      ᠬᠢᠨᠠᠨ ᠬᠠᠷᠭᠤᠭᠤᠯᠵᠤ ᠪᠠᠲᠤᠯᠠᠭᠰᠠᠨ ᠬᠥᠮᠦᠰ ᠲᠤ ᠮᠠᠳᠠᠭ ᠲᠠᠢ ᠪᠣᠯ ᠶᠠᠮᠠᠷᠪᠠ ᠨᠢᠭᠡᠴᠡ ᠪᠠ ᠬᠤᠪᠢ ᠬᠥᠮᠦᠨ ᠴᠥᠮ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ᠂ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ ᠬᠤᠰᠢᠭᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ ᠳᠤ ᠠᠰᠠᠭᠤᠳᠠᠯ ᠢ ᠲᠤᠰᠬᠠᠵᠤ ᠪᠣᠯᠤᠨ᠎ᠠ᠃ ᠠᠰᠠᠭᠤᠳᠠᠯ ᠢ ᠲᠤᠰᠬᠠᠬᠤ ᠳᠤ ᠦᠨᠡᠨ ᠪᠣᠳᠠᠲᠠᠶ ᠦᠨᠳᠦᠰᠦ ᠪᠠᠷᠢᠮᠲᠠ ᠲᠠᠢ ᠪᠠᠶᠢᠬᠤ ᠶᠢ ᠱᠠᠭᠠᠷᠳᠠᠬᠤ ᠶᠢᠨ ᠬᠠᠮᠲᠤ ᠪᠢᠴᠢᠭ ᠤᠨ ᠮᠠᠲ᠋ᠧᠷᠢᠶᠠᠯ᠂ ᠦᠨᠡᠨ ᠪᠣᠳᠠᠲᠠᠶ ᠣᠪᠣᠭ ᠨᠡᠷ᠎ᠡ᠂ ᠬᠠᠷᠢᠯᠴᠠᠬᠤ ᠤᠲᠠᠰᠤ ᠪᠠᠨ ᠳᠠᠭᠠᠯᠳᠤᠭᠤᠯᠵᠤ᠂ ᠪᠢᠳᠡᠨ ᠤ ᠲᠠᠷᠠᠭᠠᠴᠢ ᠶᠢᠨ ᠠᠯᠬᠤᠮ ᠳᠤ ᠬᠢᠨᠠᠨ ᠬᠠᠷᠭᠤᠭᠤᠯᠬᠤ ᠪᠠ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ ᠳᠥᠭᠦᠮ ᠦᠵᠡᠭᠦᠯᠦᠨ᠎ᠡ᠃      ᠬᠦᠯᠢᠶᠡᠨ ᠠᠪᠴᠤ ᠰᠢᠢᠳᠪᠦᠷᠢᠯᠡᠬᠦ ᠴᠠᠭ᠄ ᠦᠳᠡ ᠶᠢᠨ ᠡᠮᠦᠨ᠎ᠡ 9᠄ 00 - 12᠄ 00 ᠦᠳᠡ ᠶᠢᠨ ᠬᠤᠶᠢᠨ᠎ᠠ 3᠄ 00-6᠄ 00 ︵ᠠᠵᠢᠯᠯᠠᠬᠤ ᠡᠳᠦᠷ︶      ᠬᠠᠷᠢᠯᠴᠠᠬᠤ ᠤᠲᠠᠰᠤ᠄ 0478 - 6620198 ︵ᠬᠤᠰᠢᠭᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠲᠤᠰᠬᠠᠶ ᠮᠡᠷᠭᠡᠵᠢᠯ ᠤᠨ ᠲᠠᠰᠤᠭ︶      0478 - 2611581 ︵ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠠᠵᠢᠯᠲᠠᠨ ᠤ ᠲᠠᠰᠤᠭ︶      ᠬᠢᠨᠠᠯᠲᠠ ᠲᠠᠯᠪᠢᠬᠤ ᠤᠲᠠᠰᠤ᠄ 13500685377 ︵ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ︶      0478 - 2611589 ︵ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠳᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ︶      ᠳᠠᠭᠠᠯᠳᠤᠭᠤᠯᠤᠯ᠄ 1᠂ ︽2024 ᠣᠨ ᠤ ᠬᠠᠩᠭᠢᠨ ᠬᠤᠶᠢᠲᠤ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠢᠷᠢᠰ ᠪᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠶᠢᠨ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠶᠢᠨ ᠠᠩᠬ᠎ᠠ ᠬᠢᠨᠠᠯᠲᠠ ᠳᠤ ᠨᠡᠷᠡᠰ ᠤᠨ ᠳᠡᠪᠲᠡᠷ︾ ᠢ ᠥᠩᠭᠡᠷᠡᠭᠡᠪᠡ      2. ︽2024 ᠣᠨ ᠳᠤ ᠬᠠᠩᠭᠢᠨ ᠬᠤᠶᠢᠲᠤ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠢᠷᠢᠰ ᠪᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠶᠢᠨ ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠶᠢ ᠠᠩᠬ᠎ᠠ ᠬᠢᠨᠠᠬᠤ ᠳᠤ ᠨᠡᠷᠡᠰ ᠤᠨ ᠳᠡᠪᠲᠡᠷ︾ ᠢ ᠪᠠᠲᠤᠯᠠᠪᠠ᠃http://www.hjhq.gov.cn/zwgk/tzgg/202408/t20240809_646378.html                   ᠬᠠᠩᠭᠢᠨ ᠬᠤᠶᠢᠲᠤ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ                                ᠬᠠᠩᠭᠢᠨ ᠬᠤᠢᠲᠤ ᠬᠤᠱᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ                                      2024 ᠣᠨ ᠤ 8 ᠰᠠᠷ᠎ᠠ ᠶᠢᠨ 8 ᠤ ᠡᠳᠦᠷ
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ