ᠬᠠᠩᠭᠢᠨ ᠬᠤᠶᠢᠲᠤ ᠬᠤᠰᠢᠭᠤ᠄ ᠨᠠᠮ ‍ᠤᠨ‌‍ᠬᠥ᠋ᠭᠵᠢᠨ ᠪᠠᠶᠢᠭᠤᠯᠤᠯᠲᠠ ᠪᠠᠷ ︽ᠯᠠᠵᠤᠤ︾ ᠶᠢᠨ ᠠᠵᠤ ᠦᠢᠯᠡᠰ ᠢ ᠬᠦᠭᠵᠢᠭᠡᠬᠦ
ᠨᠡᠶᠢᠲᠡᠯᠡᠭᠰᠡᠨ ᠴᠠᠭ᠄
2024/9/10
      ᠣᠶᠢᠷ᠎ᠠ ᠳᠤ᠂ ᠬᠠᠩᠭᠢᠨ ᠬᠤᠶᠢᠲᠤ ᠬᠤᠰᠢᠭᠤᠨ ᠤ ᠬᠢᠨ ᠬᠤᠶᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠪᠠᠷᠠᠭᠤᠨ ᠣᠷᠣᠨ ᠤ ᠯᠠᠵᠤᠤ ᠶᠢᠨ ᠠᠵᠤ ᠦᠶ᠋ᠯᠡᠰ ᠤᠨ ᠬᠥᠭᠵᠢᠯᠲᠡ ᠶᠢᠨ ᠶᠡᠭᠡ ᠬᠤᠷᠠᠯ ᠡᠷᠭᠢᠯᠡᠵᠦ᠂ ᠲᠤᠬᠠᠶ ᠶᠢᠨ ᠲᠠᠯᠠᠪᠠᠶ ᠳᠤ ᠨᠠᠮᠤᠷ ᠤᠨ ᠠᠵᠢᠯᠯᠠᠭ᠎ᠠ ᠬᠥᠷ ᠬᠥᠭᠵᠢᠶᠡᠨ ᠲᠠᠢ ᠪᠠᠶᠢᠬᠤ ᠪᠠᠷ ᠪᠠᠷᠠᠬᠤ ᠥᠬᠡᠶ᠂ ᠨᠠᠩ ᠴᠤ ᠬᠠᠮᠣᠷ ᠰᠠᠩᠭᠢᠨᠠᠮ᠎ᠠ ᠯᠠᠵᠤᠤ ᠶᠢᠨ ᠠᠩᠬᠢᠯᠤᠮ᠎ᠠ ᠦᠨᠦᠷ ᠲᠠᠢ ᠪᠠᠶᠢᠵᠤ᠂ ᠬᠡᠰᠡᠭ ᠬᠡᠰᠡᠭ ᠯᠠᠵᠤᠤ ᠶᠢᠨ ᠤᠷᠭᠤᠴᠠ ᠨᠢ ᠬᠥᠮᠦᠨ ᠢ ᠪᠠᠶᠠᠷᠯᠠᠭᠤᠯᠤᠮ᠎ᠠ ᠪᠠᠶᠢᠵᠤ᠂ ᠤᠯᠠᠭᠠᠨ ᠯᠠᠵᠤᠤ ᠨᠢ ᠲᠣᠰᠬᠤᠨ ᠤ ᠠᠷᠠᠳ ᠤᠨ ᠢᠨᠢᠶᠡᠮᠰᠦᠭᠯᠡᠯ ᠢ ᠬᠠᠩᠭᠢᠨᠠᠭᠤᠯᠵᠤ᠂ ᠡᠯᠪᠡᠭ ᠬᠤᠷᠢᠶᠠᠯᠲᠠ ᠶᠢᠨ ︽ᠯᠠᠵᠤᠤ︾ ᠶᠢᠨ ᠴᠤᠤᠷᠢᠶᠠᠲᠤᠯ ᠢ ᠬᠠᠩᠭᠢᠨᠠᠭᠤᠯᠤᠭᠰᠠᠨ ᠪᠠᠶᠢᠨ᠎ᠠ᠃ ᠪᠦᠬᠦ ᠤᠯᠤᠰ ᠤᠨ ᠡᠯ᠎ᠡ ᠭᠠᠵᠠᠷ ᠤᠨ ᠯᠠᠵᠤᠤ ᠶᠢᠨ ᠠᠵᠤ ᠦᠢᠯᠡᠰ ᠤᠨ 340 ᠲᠤᠰᠬᠠᠢ ᠮᠡᠷᠭᠡᠵᠢᠯᠲᠡᠨ᠂ ᠯᠠᠵᠤᠤ ᠶᠢ ᠨᠠᠷᠢᠯᠢᠭ ᠡᠳ᠋ᠰᠢᠭᠦᠯᠬᠦ ᠲᠣᠯᠣᠭᠠᠶᠢᠯᠠᠭᠴᠢ ᠠᠵᠤ ᠠᠬᠤᠶᠢᠯᠠᠯ᠂ ᠯᠠᠵᠤᠤ ᠶᠢᠨ ᠴᠢᠬᠢ ᠪᠤᠶᠢᠵᠢᠭᠤᠯᠬᠤ ᠠᠵᠤ ᠠᠬᠤᠶᠢᠯᠠᠯ ᠪᠣᠯᠤᠨ ᠡᠷᠬᠢᠨ ᠲᠣᠭᠤᠷᠢᠨ ᠤ ᠲᠠᠷᠢᠮᠠᠯ ᠤᠨ ᠲᠤᠮᠤ ᠡᠷᠦᠬᠡ ᠬᠤᠷᠠᠯ ᠳᠤ ᠣᠷᠣᠯᠴᠠᠪᠠ᠃ ᠠᠵᠢᠯᠯᠠᠭ᠎ᠠ ᠶᠢᠨ ᠳᠤᠮᠳᠠ᠂ ᠬᠠᠩᠭᠢᠨ ᠬᠤᠶᠢᠲᠤ ᠬᠤᠰᠢᠭᠤᠨ ᠤ ᠬᠢᠨ ᠭᠦᠢᠵᠧᠦ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠯᠠᠵᠤᠤ ᠰᠤᠳᠤᠯᠬᠤ ᠭᠠᠵᠠᠷ ᠲᠠᠢ ᠵᠠᠳᠠᠭᠠᠶ ᠭᠠᠵᠠᠷ ᠤᠨ ᠴᠤᠤ ᠲᠢᠶᠠᠨ ᠵᠢᠶᠤᠤ ᠮᠡᠷᠭᠡᠵᠢᠯ ᠤᠨ ᠶᠠᠰᠤ ᠴᠢᠨᠠᠷ ᠢ ᠪᠠᠷᠢᠮᠵᠢᠶᠠᠵᠢᠭᠤᠯᠬᠤ ᠰᠢᠰᠲ᠋ᠧᠮ ᠤᠨ ᠪᠠᠶᠢᠭᠤᠯᠤᠯᠲᠠ ᠶᠢᠨ ᠪᠣᠷᠣ ᠲᠥᠯᠥᠪ ᠤᠨ ᠬᠡᠯᠡᠯᠴᠡᠭᠡᠷ ᠲᠣᠭᠲᠠᠪᠠ᠃      ᠪᠡᠭᠡᠵᠢᠩ ᠤᠨ ᠨᠢᠭᠡᠨ ᠦᠷ᠎ᠡ ᠶᠢᠨ ᠺᠣᠮᠫᠠᠨᠢ ᠶᠢᠨ ᠬᠠᠷᠢᠭᠤᠴᠠᠯᠭᠠᠲᠠᠨ ᠸᠠᠩ ᠯᠠᠨ ᠵᠢᠶᠧ᠄ ︽ᠪᠢᠳᠡ ᠬᠠᠩᠭᠢᠨ ᠬᠤᠶᠢᠲᠤ ᠬᠤᠰᠢᠭᠤᠨ ᠳᠤ ᠦᠷ᠎ᠡ ᠬᠠᠩᠭᠠᠭᠰᠠᠭᠠᠷ ᠢᠷᠡᠵᠡᠢ᠂ ᠠᠳᠡᠬᠢ ᠠᠭᠤᠷ ᠠᠮᠢᠰᠬᠤᠯ᠂ ᠬᠥᠷᠥᠰᠥ ᠰᠢᠷᠣᠶ ᠨᠢ ᠯᠠᠵᠤᠤ ᠲᠠᠷᠢᠬᠤ ᠳᠤ ᠮᠠᠰᠢ ᠲᠣᠬᠢᠷᠠᠮᠵᠢᠲᠠᠶ᠂ ᠢᠯᠠᠩᠭᠤᠶ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠭᠠᠵᠠᠷ ᠰᠢᠷᠣᠶ ᠨᠢ ᠮᠠᠰᠢᠨ ᠢᠶᠠᠷ ᠳᠠᠷᠢᠬᠤ ᠶᠢ ᠪᠡᠶᠡᠯᠡᠭᠦᠯᠵᠦ᠂ ᠤᠨᠠᠯᠲᠠ ᠨᠢ 600 ᠺᠢᠯᠣᠭ᠍ᠷᠠᠮ ᠳᠤ ᠬᠦᠷᠴᠦ᠂ ᠡᠭᠦᠷᠢᠳᠡ ᠣᠷᠳᠣ ᠬᠤᠭᠤᠴᠠᠭ᠎ᠠ ᠪᠠᠷ ᠬᠠᠮᠲᠤᠷᠠᠯᠴᠠᠵᠤ᠂ ᠯᠠᠵᠤᠤ ᠶᠢᠨ ᠠᠵᠤ ᠦᠢᠯᠡᠰ ᠤᠨ ᠬᠥᠭᠵᠢᠯᠲᠡ ᠶᠢ ᠬᠠᠮᠲᠤ ᠪᠠᠷ ᠠᠬᠢᠭᠤᠯᠬᠤ ᠶᠢ ᠬᠦᠰᠡᠵᠦ ᠪᠠᠶᠢᠨ᠎ᠠ︾ ᠭᠡᠵᠦ ᠲᠠᠨᠢᠯᠴᠠᠭᠤᠯᠵᠠᠶ᠃      ᠬᠠᠩᠭᠢᠨ ᠬᠤᠶᠢᠲᠤ ᠬᠤᠰᠢᠭᠤᠨ ᠤ ᠬᠢᠨ ᠦᠵᠡᠰᠬᠦᠯᠡᠩᠲᠦ ᠰᠠᠶᠢᠬᠠᠨ ᠪᠠᠶᠠᠨ ᠲᠠᠩᠰᠤᠭ ᠪᠣᠷᠣᠲᠣᠬᠤᠢ ᠶᠢᠨ ᠲᠠᠯ᠎ᠠ ᠭᠠᠵᠠᠷ ᠲᠤ ᠪᠠᠶᠢᠷᠢᠯᠠᠵᠤ᠂ ᠤᠮᠠᠷᠠᠰᠢ ᠪᠠᠨ ᠮᠤᠨᠢ ᠠᠭᠤᠯᠠ ᠶᠢᠨ ᠮᠠᠯᠴᠢᠳ ᠢᠶᠠᠨ ᠮᠠᠭᠲᠠᠨ ᠳᠠᠭᠤᠯᠠᠵᠤ᠂ ᠡᠮᠦᠨᠡᠲᠦ ᠬᠡᠰᠡᠭ ᠤᠨ ᠬᠠᠲᠤᠨ ᠭᠤᠣᠯ ᠤᠨ ᠦᠩ ᠰᠢᠮᠡᠯᠢᠭ ᠬᠥᠷᠥᠰᠥᠨ ᠳᠤ ᠠᠯᠳᠠᠨ ᠰᠢᠷᠭᠠᠯ ᠠᠯᠲᠠᠨ ᠲᠠᠷᠢᠶᠠᠯᠠᠩ ᠤᠨ ᠲᠠᠷᠢᠮᠠᠯ ᠤᠨ ᠪᠦᠰᠡ ᠪᠣᠯᠤᠨ᠎ᠠ᠂ ᠠᠳᠡ ᠠᠴᠠ ᠲᠠᠷᠢᠭᠰᠠᠨ ᠯᠠᠵᠤᠤ ᠶᠢᠨ ᠦᠩᠬᠡ ᠪᠤᠳᠤᠭ ᠨᠢ ᠤᠯᠠᠭᠠᠨ᠂ ᠶᠠᠰᠤ ᠴᠢᠨᠠᠷ ᠨᠢ ᠰᠠᠶᠢᠨ᠂ ᠭᠠᠷᠤᠯᠲᠠ ᠤᠯᠠᠨ᠂ ᠯᠠᠵᠤᠤ ᠶᠢᠨ ᠤᠯᠠᠭᠠᠨ ᠡᠳ᠋ ᠤᠨ ᠠᠭᠤᠯᠤᠭᠳᠠᠴᠠ ᠨᠢ ᠪᠤᠰᠤᠳ ᠭᠠᠵᠠᠷ ᠣᠷᠣᠨ ᠤ ᠬᠢ ᠠᠴᠠ 5%-10%᠂ ᠬᠠᠭᠤᠷᠠᠶ ᠪᠣᠳᠠᠰ ᠤᠨ ᠬᠤᠷᠠᠮᠳᠤᠭᠤᠯᠤᠯ ᠨᠢ ᠪᠦᠬᠦ ᠤᠯᠤᠰ ᠤᠨ ᠬᠢᠷᠢ ᠲᠦᠪᠰᠢᠨ ᠠᠴᠠ ᠨᠡᠩ ᠥᠨᠳᠥᠷ ᠪᠠᠶᠢᠵᠤ᠂ ᠯᠠᠵᠤᠤ ᠶᠢᠨ ᠶᠠᠰᠤ ᠴᠢᠨᠠᠷ ᠨᠢ ᠪᠦᠬᠦ ᠤᠯᠤᠰ ᠤᠨ ᠨᠢᠭᠡᠳᠦᠭᠡᠷ ᠵᠢᠭᠰᠠᠯ ᠳᠤ ᠪᠤᠢ᠃       ᠴᠢᠩᠲᠤᠤ ᠶᠢᠨ ᠪᠠᠶ ᠯᠠᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠭᠦᠸᠧ ᠯᠸᠢ᠄ ︽ᠬᠠᠩᠭᠢᠨ ᠬᠤᠶᠢᠲᠤ ᠬᠤᠰᠢᠭᠤᠨ ᠤ ᠦᠢᠯᠡᠳᠪᠦᠷᠢᠯᠡᠭᠰᠡᠨ ᠯᠠᠵᠤᠤ ᠶᠢᠨ ᠥᠩᠭᠡ ᠤᠯᠠᠭᠠᠨ ᠨᠢ ᠮᠠᠰᠢ ᠰᠠᠶᠢᠨ᠂ ᠪᠢᠳᠡ 1000 ᠮᠥ ᠵᠠᠬᠢᠶᠠᠯᠠᠨ ᠠᠪᠬᠤ ᠬᠡᠯᠡᠯᠴᠡᠭᠡᠷ ᠲᠣᠭᠲᠠᠵᠤ᠂ ᠲᠠᠷᠠᠭᠠᠴᠢ ᠶᠢᠨ ᠠᠯᠬᠤᠮ ᠳᠤ ᠪᠠᠰᠠ 5000 - 10000 ᠮᠥ ᠯᠠᠵᠤᠤ ᠵᠠᠬᠢᠶᠠᠯᠠᠬᠤ ᠪᠠᠷ ᠪᠡᠯᠡᠳᠬᠡᠵᠦ᠂ ᠬᠠᠩᠭᠢᠨ ᠬᠤᠶᠢᠲᠤ ᠬᠤᠰᠢᠭᠤᠨ ᠤ ᠨᠠᠩ ᠣᠯᠠᠨ ᠰᠠᠶᠢᠨ ᠣᠨᠴᠠ ᠭᠠᠷᠤᠯᠲᠠ᠂ ᠰᠠᠶᠢᠨ ᠦᠢᠯᠡᠳᠬᠦᠨ ᠢᠶᠠᠨ ᠴᠢᠩᠳᠣᠣ ᠳᠤ ᠠᠪᠴᠢᠷᠠᠬᠤ ᠶᠢ ᠬᠦᠰᠡᠵᠦ ᠪᠠᠶᠢᠨ᠎ᠠ︾ ᠭᠡᠵᠡᠶ᠃ ᠤᠯᠠᠭᠠᠨ ᠯᠠᠵᠤᠤ ᠬᠠᠩᠭᠢᠨ ᠬᠤᠶᠢᠲᠤ ᠬᠤᠰᠢᠭᠤᠨ ᠤ ᠯᠠᠵᠤᠤ ᠶᠢᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠳᠦᠷᠰᠦ ᠪᠠᠶᠢᠳᠠᠯ᠂ ᠰᠢᠨ᠎ᠡ ᠦᠷ᠎ᠡ ᠪᠦᠲᠦᠮᠵᠢ ᠶᠢ ᠭᠦᠢᠴᠡᠳ ᠳᠡᠯᠭᠡᠨ ᠦᠵᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠣᠯᠠᠨ ᠪᠣᠷᠣᠲᠣᠬᠤᠶ ᠶᠢᠨ ᠡᠬᠡ ᠭᠠᠵᠠᠷ ᠤᠨ ᠥᠪᠡᠷᠮᠢᠴᠡ ᠰᠣᠶᠣᠯ ᠤᠨ ᠷᠢᠳᠢ ᠰᠢᠳᠢ ᠪᠠ ᠴᠤᠭ ᠵᠢᠪᠬᠤᠭ᠎ᠠ ᠶᠢ ᠭᠡᠷᠡᠴᠢᠯᠡᠵᠡᠶ᠃      ︽2024 ᠣᠨ ᠤ 8 ᠰᠠᠷ᠎ᠠ ᠪᠣᠯᠲᠠᠯ᠎ᠠ᠂ ᠪᠥᠬᠦ ᠬᠤᠰᠢᠭᠤᠨ ᠳᠤ ᠯᠠᠵᠤᠤ ᠳᠠᠷᠢᠬᠤ ᠬᠤᠷᠰᠢᠶ᠎ᠠ 44 ᠪᠠᠶᠢᠵᠤ᠂ ᠴᠢᠬᠢ ᠪᠤᠶᠢᠵᠢᠭᠤᠯᠬᠤ ᠲᠣᠮᠣ ᠡᠷᠦᠬᠡ 16 ᠂ ᠨᠠᠷᠢᠯᠢᠭ ᠡᠳ᠋ᠰᠢᠭᠦᠯᠬᠦ ᠠᠵᠤ ᠠᠬᠤᠶᠢᠯᠠᠯ 3 ᠪᠣᠶ᠃ ᠯᠠᠵᠤᠤ ᠳᠠᠷᠢᠬᠤ ᠲᠠᠯᠠᠪᠠᠶ 8 ᠲᠦᠮᠡ ᠭᠠᠷᠤᠶ ᠮᠥ ᠳᠤ ᠬᠦᠷᠴᠦ᠂ ᠨᠥᠯᠥᠭᠡᠯᠡᠭᠰᠡᠨ ᠲᠠᠷᠢᠶᠠᠴᠢᠨ ᠡᠷᠦᠬᠡ 1.1 ᠲᠦᠮᠡᠨ ᠡᠷᠦᠬᠡ ᠳᠤ ᠬᠦᠷᠴᠦ᠂ ᠭᠠᠷᠤᠯᠲᠠ ᠨᠢ 14 ᠲᠦᠮᠡᠨ ᠲᠣᠨ ᠪᠠᠶᠢᠵᠤ᠂ ᠶᠡᠷᠦᠩᠬᠡᠶ ᠦᠢᠯᠡᠳᠬᠦᠨ ᠤ ᠥᠷᠲᠡᠭ ᠨᠢ 5.5 ᠳ᠋ᠦᠩᠰᠢᠭᠤᠷ ᠲᠥᠭᠦᠷᠢᠭ ᠲᠤ ᠬᠦᠷᠴᠦ᠂ ᠪᠦᠲᠦᠭᠡᠭᠳᠡᠬᠦᠨ ᠨᠢ ᠭᠤᠤᠯᠳᠠᠭᠤ ᠰᠧᠴᠣᠸᠠᠨ᠂ ᠴᠦᠩᠴᠢᠩ᠂ ᠭᠦᠢᠵᠧᠦ ᠪᠣᠯᠤᠨ ᠶᠠᠫᠣᠨ᠂ ᠺᠣᠷᠢᠶᠠ ᠳᠤ ᠪᠣᠷᠣᠯᠠᠭᠤᠯᠵᠤ ᠪᠠᠶᠢᠨ᠎ᠠ᠃ ᠡᠨᠡ ᠵᠢᠯ᠂ ᠪᠢᠳᠡ ᠣᠯᠠᠨ ᠠᠵᠤ ᠠᠬᠤᠶᠢᠯᠠᠯ ᠲᠠᠢ ᠯᠠᠵᠤᠤ ᠶᠢᠨ ᠦᠷ᠎ᠡ ᠶᠢ ᠣᠷᠣᠯᠠᠨ ᠡᠷᠬᠡ ᠣᠯᠭᠤᠬᠤ ᠬᠡᠯᠡᠯᠴᠡᠭᠡᠷ ᠪᠠ ᠯᠠᠵᠤᠤ ᠬᠤᠳᠠᠯᠳᠤᠨ ᠠᠪᠬᠤ ᠭᠡᠷ᠎ᠡ ᠲᠣᠭᠲᠠᠵᠤ᠂ ᠪᠢᠳᠡ ᠲᠠᠷᠢᠶᠠᠴᠢᠳ ᠢ ᠰᠠᠶᠢᠨ ᠳᠡᠮᠵᠢᠬᠦ ᠪᠠᠷ ᠪᠠᠷᠠᠬᠤ ᠦᠭᠡᠢ᠂ ᠪᠠᠰᠠ ᠬᠠᠪᠰᠤᠷᠤᠨ ᠬᠤᠳᠠᠯᠳᠤᠵᠤ ᠭᠠᠷᠭᠠᠵᠤ ᠳᠡᠶᠢᠯᠦᠨ᠎ᠡ᠂ ᠪᠠᠶᠠᠵᠢᠨ ᠴᠢᠨᠡᠭᠡᠯᠢᠭᠵᠢᠵᠦ ᠣᠷᠣᠯᠭ᠎ᠠ ᠪᠠᠨ ᠨᠡᠮᠡᠭᠳᠡᠭᠦᠯᠬᠦ ᠰᠢᠨ᠎ᠡ ᠵᠠᠮᠨᠠᠯ ᠢ ᠨᠡᠭᠡᠭᠡᠬᠦ ᠬᠡᠷᠡᠭᠲᠡᠢ︾ ᠭᠡᠵᠦ ᠬᠡᠯᠡᠪᠡ᠃ ᠬᠠᠩᠭᠢᠨ ᠬᠤᠶᠢᠲᠤ ᠬᠤᠰᠢᠭᠤᠨ ᠤ ᠯᠠᠵᠤᠤ ᠶᠢᠨ ᠠᠵᠤ ᠦᠢᠯᠡᠰ ᠤᠨ ᠨᠡᠶᠢᠭᠡᠮᠯᠢᠭ ᠤᠨ ᠳᠠᠷᠤᠭ᠎ᠠ ᠸᠠᠩ ᠵᠠᠨ ᠸᠧᠢ ᠵᠠᠮ ᠢ ᠲᠠᠨᠢᠯᠴᠠᠭᠤᠯᠪᠠ᠃     ︽ᠮᠢᠨ ᠱᠠᠩ ᠶᠢᠨ ᠲᠠᠷᠢᠶᠠᠯᠠᠩ ᠮᠠᠯ ᠠᠵᠤ ᠠᠬᠤᠶ ᠶᠢᠨ ᠬᠤᠷᠰᠢᠶ᠎ᠠ 2020 ᠣᠨ ᠳᠤ ᠪᠠᠶᠢᠭᠤᠯᠤᠭᠳᠠᠭᠰᠠᠨ ᠠᠴᠠ ᠨᠠᠰᠢ᠂ ︽ᠨᠠᠮ ᠤᠨ ᠡᠭᠦᠷ ᠬᠤᠷᠰᠢᠶ᠎ᠠ ᠶᠢᠨ ᠰᠠᠭᠤᠷᠢᠨ ᠭᠠᠵᠠᠷ ᠤᠨ ᠲᠠᠷᠢᠶᠠᠴᠢᠨ ᠡᠷᠦᠬᠡ︾ ᠶᠢᠨ ᠵᠠᠭᠪᠤᠷ ᠢᠶᠠᠷ ᠳᠠᠮᠵᠢᠭᠤᠯᠤᠨ᠂ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ᠂ ᠭᠠᠵᠠᠷ ᠰᠢᠷᠣᠶ ᠶᠢ ᠨᠠᠶᠢᠳᠠᠨ ᠬᠠᠮᠢᠶᠠᠷᠤᠭᠤᠯᠬᠤ᠂ ᠰᠠᠭᠤᠷᠢᠨ ᠭᠠᠵᠠᠷ ᠢ ᠪᠠᠷᠢᠮᠵᠢᠶᠠᠵᠢᠭᠤᠯᠤᠨ ᠪᠥᠲᠥᠭᠡᠨ ᠪᠠᠶᠢᠭᠤᠯᠬᠤ᠂ ᠮᠡᠷᠭᠡᠵᠢᠯ ᠤᠨ ᠪᠣᠯᠪᠠᠰᠤᠷᠠᠭᠤᠯᠤᠯ ᠬᠢᠬᠦ᠂ ᠬᠦᠴᠦ ᠶᠠᠪᠤᠬᠤ ᠵᠡᠷᠭᠡ ᠬᠡᠯᠪᠡᠷᠢ ᠪᠠᠷ ᠡᠷᠬᠢᠨ ᠲᠣᠭᠤᠷᠢᠨ ᠤ 100 ᠭᠠᠷᠤᠶ ᠲᠠᠷᠢᠶᠠᠴᠢᠨ ᠡᠷᠦᠬᠡ ᠶᠢ ᠲᠡᠳᠡᠨ ᠠᠪᠴᠤ ᠬᠤᠷᠰᠢᠶ᠎ᠠ ᠳᠤ ᠣᠷᠣᠭᠤᠯᠵᠤ᠂ ᠬᠡᠪᠴᠢᠶ᠎ᠡ ᠪᠠᠨ ᠲᠠᠰᠤᠷᠠᠯᠲᠠ ᠥᠬᠡᠶ ᠥᠷᠭᠡᠳᠬᠡᠬᠦ ᠶᠢᠨ ᠬᠠᠮᠲᠤ᠂ ᠡᠷᠬᠢᠨ ᠲᠣᠭᠤᠷᠢᠨ ᠤ ᠲᠣᠰᠬᠤᠨ ᠤ ᠠᠷᠠᠳ ᠢ ᠳᠠᠶᠢᠴᠢᠯᠠᠨ ᠬᠥᠳᠡᠯᠮᠦᠷᠢ ᠪᠠᠷ ᠳᠠᠮᠵᠢᠭᠤᠯᠤᠨ ᠪᠠᠶᠠᠵᠢᠯ ᠤᠨ ᠵᠠᠮ ᠢᠶᠠᠷ ᠵᠠᠮᠨᠠᠭᠤᠯᠪᠠ︾ ᠭᠡᠵᠡᠶ᠃ ᠮᠢᠨ ᠱᠠᠩ ᠶᠢᠨ ᠮᠠᠯ ᠲᠠᠷᠢᠶᠠᠯᠠᠩ ᠤᠨ ᠲᠤᠰᠬᠠᠢ ᠬᠤᠷᠰᠢᠶᠠᠨ ᠤ ᠬᠡᠷᠡᠭ ᠡᠷᠬᠢᠯᠡᠭᠴᠢᠳ ᠤᠨ ᠳᠠᠷᠤᠭ᠎ᠠ ᠯᠢᠦᠢ ᠱᠢᠶᠠ ᠶᠠ ᠬᠡᠯᠡᠪᠡ      ︽ᠨᠢᠳᠤᠨᠤᠨ ᠮᠠᠨ ᠤ ᠭᠡᠷ ᠤᠨ ᠳᠠᠭᠠᠭᠠᠴᠢᠯᠠᠭᠰᠠᠨ ᠭᠠᠵᠠᠷ ᠰᠢᠷᠣᠢ ᠨᠢ 300 ᠮᠦ ᠺᠢᠯᠦᠮᠧᠳ᠋ᠷ ᠤᠯᠠᠭᠠᠨ ᠯᠠᠵᠤᠤ ᠪᠠ ᠴᠤᠤ ᠲᠢᠶᠠᠨ ᠵᠢᠶᠤᠤ ᠳᠠᠷᠢᠵᠤ᠂ ᠨᠡᠶᠢᠲᠡ ᠪᠠᠷᠤᠭ 180 ᠭᠠᠷᠤᠢ ᠲᠦᠮᠡᠨ ᠲᠥᠭᠦᠷᠢᠭ ᠬᠤᠳᠠᠯᠳᠤᠵᠤ᠂ ᠴᠡᠪᠡᠷ ᠣᠷᠣᠯᠭ᠎ᠠ ᠪᠠᠷᠤᠭ 80 ᠭᠠᠷᠤᠢ ᠲᠦᠮᠡᠨ ᠲᠥᠭᠦᠷᠢᠭ ᠲᠤ ᠬᠦᠷᠴᠡᠢ᠃ ᠪᠠᠯᠭᠠᠰᠤᠨ ᠤ ᠨᠠᠮ ᠤᠨ ᠬᠤᠷᠢᠶ᠎ᠠ᠂ ᠲᠣᠰᠬᠤᠨ ᠤ ᠨᠠᠮ ᠤᠨ ᠡᠭᠦᠷ ᠪᠣᠯᠤᠨ ᠬᠤᠷᠰᠢᠶ᠎ᠠ ᠶᠢᠨ ᠬᠠᠮᠲᠤ ᠶᠢᠨ ᠳᠡᠮᠵᠢᠯᠭᠡ ᠳᠣᠣᠷ᠎ᠠ᠂ ᠪᠢ ᠪᠠᠰᠠ 100 ᠮᠦ ᠲᠠᠷᠢᠶᠠᠨ ᠭᠠᠵᠠᠷ ᠢᠶᠠᠨ ᠨᠡᠮᠡᠭᠳᠡᠭᠦᠯᠵᠦ᠂ ᠣᠳᠣᠬᠠᠨ ᠤ ᠤᠷᠭᠤᠴᠠ ᠶᠢᠨ ᠪᠠᠶᠢᠳᠠᠯ ᠠᠴᠠ ᠦᠵᠡᠪᠡᠯ᠂ ᠡᠨᠡ ᠵᠢᠯ ᠪᠠᠰᠠ ᠡᠯᠪᠡᠭ ᠬᠤᠷᠢᠶᠠᠯᠲᠠ ᠤᠯᠬᠤ ᠵᠢᠯ ᠪᠣᠯᠤᠨ᠎ᠠ︾ ᠭᠡᠵᠦ ᠬᠡᠯᠡᠪᠡ᠃ ᠳᠧᠦ ᠳ᠋ᠤᠤ ᠴᠢᠶᠣᠤ ᠪᠠᠯᠭᠠᠰᠤᠨ ᠤ ᠮᠢᠨ ᠹᠧᠩ ᠲᠣᠰᠬᠤᠨ ᠤ ᠵᠢᠷᠭᠤᠳᠤᠭᠠᠷ ᠳᠤᠭᠤᠶᠢᠯᠠᠩ ᠤᠨ ᠨᠠᠮ ᠤᠨ ᠭᠡᠰᠢᠭᠦᠨ ᠤ ᠠᠵᠤ ᠦᠢᠯᠡᠰ ᠤᠨ ᠳᠠᠭᠠᠭᠤᠯᠤᠭᠴᠢ ᠯᠦ ᠶᠦᠨ ᠢᠲᠡᠭᠡᠯ ᠲᠡᠭᠦᠯᠳᠡᠷ ᠢᠶᠠᠷ ᠬᠡᠯᠡᠪᠡ᠃
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ