ᠬᠠᠨ ᡁᠢ ᠶᠧ ᠪᠡᠭᠡᠵᠢᠩ ᠶᠡᠭᠡ ᠰᠤᠷᠭᠠᠭᠤᠯᠢ ᠶᠢᠨ ᠠᠰᠫᠢᠷᠠᠨᠲ ᠤᠨ ᠰᠤᠷᠭᠠᠨ ᠬᠥᠮᠦᠵᠢᠯ ᠢ ᠳᠡᠮᠵᠢᠬᠦ ᠪᠦᠯᠬᠦᠮ ᠤᠨ ᠰᠠᠶᠢᠨ ᠳᠤᠷ᠎ᠠ ᠶᠢᠨ ᠠᠵᠢᠯᠯᠠᠭᠴᠢ ᠪᠠ ᠰᠢᠯᠢᠳᠡᠭ ᠪᠠᠭᠰᠢ ᠶᠢᠨ ᠲᠥᠯᠥᠭᠡᠯᠡᠭᠴᠢ ᠶᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2024/9/10
      40 ᠳ᠋ᠦ᠋ᠭᠡᠷ ᠪᠠᠭᠰᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 9 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠠᠨ ᡁᠢ ᠶᠧ ᠪᠡᠭᠡᠵᠢᠩ ᠶᠡᠭᠡ ᠰᠤᠷᠭᠠᠭᠤᠯᠢ ᠶᠢᠨ ᠠᠰᠫᠢᠷᠠᠨᠲ ᠤᠨ ᠰᠤᠷᠭᠠᠨ ᠬᠥᠮᠦᠵᠢᠯ ᠢ ᠳᠡᠮᠵᠢᠬᠦ ᠪᠦᠯᠬᠦᠮ ᠤᠨ ᠰᠠᠶᠢᠨ ᠳᠤᠷ᠎ᠠ ᠶᠢᠨ ᠠᠵᠢᠯᠯᠠᠭᠴᠢ ᠪᠠ ᠰᠢᠯᠢᠳᠡᠭ ᠪᠠᠭᠰᠢ ᠶᠢᠨ ᠲᠥᠯᠥᠭᠡᠯᠡᠭᠴᠢ ᠶᠢ ᠪᠣᠯᠭᠤᠭᠠᠨ ᠲᠣᠬᠤᠨᠢᠭᠤᠯᠵᠤ᠂ ᠪᠥᠬᠦ ᠬᠤᠰᠢᠭᠤᠨ ᠤ ᠥᠷᠭᠡᠨ ᠣᠯᠠᠨ ᠪᠠᠭᠰᠢ ᠪᠠ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃
1.jpg
      ᠹᠧᠨ ᠳ᠋ᠧᠦ ᠳᠤᠮᠳᠠᠳᠤ ᠰᠤᠷᠭᠠᠭᠤᠯᠢ ᠳᠤ᠂ ᠬᠠᠨ ᡁᠢ ᠶᠧ ᠪᠡᠭᠡᠵᠢᠩ ᠶᠡᠭᠡ ᠰᠤᠷᠭᠠᠭᠤᠯᠢ ᠶᠢᠨ ᠠᠰᠫᠢᠷᠠᠨᠲ ᠤᠨ ᠰᠤᠷᠭᠠᠨ ᠬᠥᠮᠦᠵᠢᠯ ᠢ ᠳᠡᠮᠵᠢᠬᠦ ᠪᠦᠯᠬᠦᠮ ᠤᠨ ᠰᠠᠶᠢᠨ ᠳᠤᠷ᠎ᠠ ᠶᠢᠨ ᠠᠵᠢᠯᠯᠠᠭᠴᠢ ᠶᠢ ᠪᠣᠯᠭᠤᠭᠠᠨ ᠲᠣᠬᠤᠨᠢᠭᠤᠯᠵᠤ᠂ ᠲᠡᠳᠡᠨ ᠤ ᠠᠵᠢᠯ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠵᠤ᠂ ᠲᠡᠳᠡᠨ ᠤ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠦᠵᠡᠭᠦᠯᠦᠭᠰᠡᠨ ᠢᠳᠡᠪᠬᠢᠲᠡᠢ ᠬᠤᠪᠢ ᠨᠡᠮᠡᠷᠢ ᠳᠤ ᠲᠠᠯᠠᠷᠬᠠᠬᠤ ᠶᠢᠨ ᠬᠠᠮᠲᠤ ᠲᠡᠳᠡᠨ ᠢ ᠰᠤᠷᠭᠠᠨ ᠬᠥᠮᠦᠵᠢᠯ ᠵᠢᠭᠠᠨ ᠰᠤᠷᠭᠠᠯᠲᠠ ᠳᠠᠬᠢ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠤᠯᠠᠮ ᠴᠢᠨᠠᠭᠰᠢᠳᠠ ᠪᠠᠳᠠᠷᠠᠭᠤᠯᠵᠤ᠂ ᠡᠯᠪᠡᠭ ᠪᠠᠶᠠᠯᠢᠭ ᠡᠷᠳᠡᠮ ᠮᠡᠳᠡᠯᠭᠡ ᠪᠠᠷ ᠰᠤᠷᠤᠭᠴᠢᠳ ᠤᠨ ᠤᠶᠤᠨ ᠤᠬᠠᠭᠠᠨ ᠢ ᠰᠡᠩᠬᠡᠷᠡᠭᠦᠯᠬᠦ ᠶᠢ ᠬᠦᠰᠡᠪᠡ᠃ ᠬᠠᠨ ᡁᠢ ᠶᠧ ᠵᠢᠭᠠᠵᠤ ᠭᠠᠷᠭᠠᠭᠰᠠᠨ ᠨᠢ᠂ ᠰᠤᠷᠭᠠᠨ ᠬᠥᠮᠦᠵᠢᠯ ᠪᠣᠯ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ ᠮᠥᠨ᠃ ᠥᠷᠭᠡᠨ ᠤᠯᠠᠨ ᠪᠠᠭᠰᠢ ᠨᠠᠷ ᠨᠠᠮ ᠤᠨ ᠲᠥᠯᠥᠭᠡ ᠬᠥᠮᠦᠨ ᠢ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠢ ᠬᠥᠮᠦᠵᠢᠭᠦᠯᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ᠂ ᠦᠨᠳᠦᠰᠦ ᠶᠢ ᠪᠤᠶᠢᠵᠢᠭᠤᠯᠵᠤ ᠰᠦᠭ ᠰᠦᠨᠡᠰᠦ ᠶᠢ ᠱᠤᠭᠤᠬᠤ ᠬᠠᠷᠢᠭᠤᠴᠠᠯᠭ᠎ᠠ ᠡᠭᠦᠷᠭᠡᠯᠡᠯ ᠢ ᠦᠨᠡᠨ ᠬᠦ ᠡᠭᠦᠷᠭᠡᠯᠡᠵᠦ᠂ ᠳᠣᠲᠣᠷ ᠲᠠᠮᠢᠷ ᠢᠶᠠᠨ ᠬᠠᠲᠠᠭᠤᠵᠢᠯᠲᠠᠢ ᠪᠣᠯᠪᠠᠰᠤᠷᠠᠭᠤᠯᠵᠤ᠂ ᠲᠤᠬᠠᠶᠢᠯᠠᠭᠰᠠᠨ ᠠᠵᠢᠯ ᠢᠶᠠᠨ ᠰᠢᠮᠳᠠᠨ ᠰᠤᠳᠤᠯᠵᠤ᠂ ᠨᠡᠩ ᠤᠯᠠᠨ ᠰᠢᠯᠢᠳᠡᠭ ᠰᠤᠷᠤᠭᠴᠢᠳ ᠢ ᠬᠥᠮᠦᠵᠢᠭᠦᠯᠬᠦ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠰᠤᠷᠭᠠᠭᠤᠯᠢ ᠨᠤᠭᠤᠳ ᠰᠤᠷᠭᠠᠨ ᠬᠥᠮᠦᠵᠢᠯ ᠢ ᠢᠮᠠᠭᠲᠠ ᠡᠩ ᠲᠡᠷᠢᠭᠦᠨ ᠳᠤ ᠬᠥᠭᠵᠢᠭᠦᠯᠬᠦ ᠪᠠᠶᠢᠷᠢᠨ ᠳᠤ ᠲᠠᠯᠪᠢᠵᠤ᠂ ᠪᠠᠭᠰᠢ ᠶᠢ ᠬᠠᠯᠠᠮᠵᠢᠯᠠᠨ ᠬᠠᠶᠢᠷᠠᠯᠠᠵᠤ᠂ ᠲᠡᠳᠡᠨ ᠤ ᠠᠵᠢᠯ᠂ ᠠᠮᠢᠳᠤᠷᠠᠯ ᠤᠨ ᠳᠤᠮᠳᠠᠬᠢ ᠪᠣᠳᠠᠲᠠᠶ ᠬᠦᠴᠢᠷᠳᠡᠯ ᠢ ᠦᠨᠡᠨ ᠬᠦ ᠰᠢᠢᠳᠪᠦᠷᠢᠯᠡᠵᠦ᠂ ᠪᠠᠭᠰᠢ ᠶᠢᠨ ᠣᠯᠭᠤᠮᠵᠢ ᠶᠢ ᠰᠠᠶᠢᠲᠤᠷ ᠪᠠᠲᠤᠯᠠᠵᠤ᠂ ᠱᠠᠩᠨᠠᠨ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠨᠠᠷᠠᠲᠤ ᠪᠠᠭᠰᠢ ᠶᠢ ᠴᠢᠷᠮᠠᠶᠢᠨ ᠪᠤᠶᠢᠵᠢᠭᠤᠯᠵᠤ᠂ ᠨᠠᠷᠠᠲᠤ ᠰᠤᠷᠭᠠᠭᠤᠯᠢ ᠶᠢ ᠪᠣᠶ ᠪᠣᠯᠭᠠᠵᠤ᠂ ᠰᠢᠯᠢᠳᠡᠭ ᠰᠤᠷᠭᠠᠭᠤᠯᠢ ᠡᠷᠭᠢᠯᠡᠬᠦ ᠬᠢᠷᠢ ᠪᠦᠲᠦᠮᠵᠢ ᠪᠠᠷ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠬᠡᠷᠡᠭᠲᠡᠶ ᠭᠡᠵᠡᠢ᠃
 2.jpg
      ᠵᠢᠷᠭᠤᠳᠤᠭᠠᠷ ᠳᠤᠮᠳᠠᠳᠤ ᠰᠤᠷᠭᠠᠭᠤᠯᠢ ᠳᠤ᠂ ᠬᠠᠨ ᡁᠢ ᠶᠧ ᠰᠢᠯᠢᠳᠡᠭ ᠪᠠᠭᠰᠢ ᠶᠢᠨ ᠲᠥᠯᠥᠭᠡᠯᠡᠭᠴᠢ ᠷᠤᠸᠠᠨ ᡁᠢ ᠲᠡᠭᠦᠨ ᠢ ᠥᠪᠡᠷ ᠤᠨ ᠲᠤᠰᠬᠠᠢ ᠮᠡᠷᠭᠡᠵᠢᠯ ᠤᠨ ᠬᠦᠷᠢᠶᠡᠨ ᠳᠤ ᠦᠷᠭᠦᠯᠵᠢᠯᠡᠨ ᠰᠢᠷᠭᠠᠭᠤ ᠬᠠᠲᠠᠭᠤᠵᠢᠯᠲᠠᠢ ᠠᠵᠢᠯᠯᠠᠵᠤ᠂ ᠨᠡᠩ ᠰᠢᠯᠢᠳᠡᠭ ᠬᠢᠷᠢ ᠪᠦᠲᠦᠮᠵᠢ ᠤᠯᠬᠤ ᠶᠢ ᠵᠣᠷᠢᠭᠵᠢᠭᠤᠯᠪᠠ᠃ ᠬᠠᠨ ᡁᠢ ᠶᠧ ᠴᠢᠬᠤᠯᠠᠴᠢᠯᠠᠭᠰᠠᠨ ᠨᠢ᠂ ᠰᠤᠷᠭᠠᠨ ᠬᠥᠮᠦᠵᠢᠯ ᠤᠨ ᠠᠵᠢᠯᠲᠠᠳ ᠢᠮᠠᠭᠲᠠ ᠰᠤᠷᠭᠠᠨ ᠬᠥᠮᠦᠵᠢᠯ ᠤᠨ ᠤᠭ ᠰᠠᠨᠠᠭ᠎ᠠ ᠪᠠᠨ ᠦᠯᠦ ᠮᠠᠷᠲᠠᠵᠤ᠂ ᠬᠠᠷᠠᠮ ᠦᠭᠡᠢ ᠵᠢᠳᠬᠦᠵᠦ᠂ ᠡᠨᠡᠷᠢᠩᠭᠦᠢ ᠰᠡᠳᠬᠢᠯ ᠢᠶᠠᠷ ᠰᠤᠷᠤᠭᠴᠢ ᠨᠢᠭᠡᠪᠦᠷᠢ ᠶᠢ ᠬᠠᠶᠢᠷᠠᠯᠠᠨ ᠬᠠᠯᠠᠮᠵᠢᠯᠠᠵᠤ᠂ ᠲᠦᠮᠡᠨ ᠰᠤᠷᠤᠭᠴᠢ ᠶᠢ  ᠦᠰᠭᠡᠭᠡᠨ ᠪᠣᠶᠢᠵᠢᠭᠤᠯᠵᠤ ᠴᠢᠳᠠᠪᠤᠷᠢᠲᠠᠨ ᠪᠣᠯᠭᠠᠬᠤ ᠬᠡᠷᠡᠭᠲᠡᠢ ᠭᠡᠪᠡ᠃ ᠰᠤᠷᠭᠠᠭᠤᠯᠢ ᠨᠤᠭᠤᠳ ᠪᠠᠭᠰᠢ ᠶᠢᠨ ᠬᠦᠴᠦᠨ᠂ ᠵᠢᠭᠠᠨ ᠰᠤᠷᠭᠠᠯᠲᠠ ᠶᠢᠨ ᠬᠠᠮᠢᠶᠠᠷᠤᠯᠲᠠ᠂ ᠬᠥᠮᠦᠨ ᠬᠥᠮᠦᠵᠢᠭᠦᠯᠬᠦ ᠵᠠᠭᠪᠤᠷ ᠤᠨ ᠲᠠᠯ᠎ᠠ ᠪᠠᠷ ᠬᠢ ᠥᠪᠡᠷᠮᠢᠴᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠤᠷᠰᠢᠯᠭ᠎ᠠ ᠪᠠᠨ ᠬᠢᠨᠠᠮᠠᠭᠠᠶ ᠳ᠋ᠦᠩᠨᠡᠵᠦ᠂ ᠰᠤᠷᠭᠠᠭᠤᠯᠢ ᠡᠷᠭᠢᠯᠡᠬᠦ ᠶᠠᠰᠤ ᠴᠢᠨᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠴᠢᠨᠠᠷ ᠰᠠᠶᠢᠲᠠᠶ ᠣᠨᠴᠠᠯᠢᠭᠲᠤ ᠨᠠᠷᠠᠲᠤ ᠲᠡᠮᠳᠡᠭᠲᠦ ᠰᠤᠷᠭᠠᠭᠤᠯᠢ ᠶᠢ ᠢᠳᠡᠪᠬᠢᠲᠡᠶ ᠪᠠᠷ ᠪᠣᠶ ᠪᠣᠯᠭᠠᠬᠤ ᠬᠡᠷᠡᠭᠲᠡᠶ᠃ ᠬᠠᠩᠭᠢᠨ ᠬᠤᠶᠢᠲᠤ ᠬᠤᠰᠢᠭᠤᠨ ᠤ ᠬᠢᠨ ᠥᠩᠭᠡᠷᠡᠭᠰᠡᠨ ᠲᠠᠢ ᠪᠠᠨ ᠠᠳᠠᠯᠢ ᠪᠠᠷ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠪᠥᠬᠦ ᠨᠡᠶᠢᠭᠡᠮ ᠳᠤ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠪᠠᠶᠢᠳᠠᠯ ᠢ ᠪᠤᠢ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠪᠡ᠃      ᠬᠤᠰᠢᠭᠤᠨ ᠤ ᠤᠳᠤᠷᠢᠳᠤᠯᠭ᠎ᠠ ᠬᠤᠤ ᠶᠠᠨ ᠢᠦᠶ᠂ ᠴᠢᠶᠣᠤ ᠯᠢᠩ ᠵᠢᠶᠦ᠋ᠨ ᠲᠣᠬᠤᠨᠢᠭᠤᠯᠬᠤ ᠳᠤ ᠣᠷᠣᠯᠴᠠᠪᠠ᠃
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ