︵ᠰᠤᠷᠪᠤᠯᠵᠢᠯᠠᠭᠴᠢ ᠰᠦᠩ ᠰᠢᠶᠠᠩ ᠬᠤᠸᠠ ᠲᠠᠳᠤᠯᠭ᠎ᠠ ᠶᠢᠨ ᠰᠤᠷᠤᠭᠴᠢ ᡁᠢ ᠰᠢᠨ ᠴᠢᠮᠡᠬᠡᠯᠡᠭᠴᠢ ᠸᠠᠩ ᠰᠢᠤ ᠵᠢᠤᠸᠠᠨ︶ ︽2024 ᠣᠨ ᠤ ᠬᠤᠲᠠ | ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠨᠥᠬᠦᠪᠥᠷᠢ ᠶᠢᠨ ᠵᠠᠷᠤᠳᠠᠯ ᠤᠨ ᠪᠠᠯᠠ ᠮᠥᠩᠭᠦ ᠶᠢᠨ ᠲᠥᠰᠦᠪ ᠢ ᠪᠠᠭᠤᠯᠭᠠᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠰᠤᠷᠭᠠᠨ ᠬᠦᠮᠦᠵᠢᠯ ᠤᠨ ᠲᠢᠩᠬᠢᠮ ᠤᠨ ᠮᠡᠳᠡᠭᠳᠡᠯ︾ ᠢ ᠦᠨᠳᠦᠰᠦᠯᠡᠨ᠂ | ᠣᠶᠢᠷ᠎ᠠ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 2024 ᠣᠨ ᠤ ᠬᠤᠶᠠᠳᠤᠭᠠᠷ ᠪᠦᠯᠦᠭ ᠤᠨ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠭᠠᠭᠤᠯᠢ ᠶᠢᠨ ᠨᠥᠬᠦᠪᠥᠷᠢ ᠶᠢᠨ ᠵᠠᠷᠤᠳᠠᠯ ᠢ 6112.67 ᠲᠦᠮᠡᠨ ᠲᠥᠭᠦᠷᠢᠭ ᠪᠠᠭᠤᠯᠭᠠᠵᠤ᠂ ᠡᠭᠦᠨ ᠳᠤ ᠨᠡᠶᠢᠲᠡ ᠶᠢᠨ ᠬᠡᠷᠡᠭᠯᠡᠭᠡᠨ ᠤ ᠵᠠᠷᠤᠳᠠᠯ᠂ | ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠤᠨ ᠠᠮᠢᠳᠤᠷᠠᠯ ᠤᠨ ᠨᠥᠬᠦᠪᠥᠷᠢ ᠶᠢᠨ ᠪᠠᠯᠠ ᠮᠥᠩᠭᠦ᠂ ᠰᠤᠷᠭᠠᠭᠤᠯᠢ ᠶᠢᠨ ᠪᠠᠶᠢᠷᠢ ᠶᠢᠨ ᠠᠮᠤᠷ | ᠲᠦᠪᠰᠢᠨ ᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ ᠪᠠᠯᠠ ᠮᠥᠩᠭᠦ ᠵᠡᠷᠭᠡ ᠶᠢ ᠪᠠᠭᠲᠠᠭᠠᠨ᠎ᠠ᠃ | ᠲᠠᠨᠢᠯᠴᠠᠭᠤᠯᠤᠭᠰᠠᠨ ᠢᠶᠠᠷ᠂ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠬᠡᠷ ᠪᠦᠯᠢ ᠶᠢᠨ ᠠᠵᠤ ᠠᠬᠤᠶ ᠨᠢ | ᠬᠦᠴᠢᠷᠳᠡᠯᠲᠡᠶ ᠪᠠᠶᠢᠷᠢ ᠳᠤ ᠰᠠᠭᠤᠭ᠎ᠠ ᠰᠤᠷᠤᠭᠴᠢᠳ ᠤᠨ ᠠᠮᠢᠳᠤᠷᠠᠯ ᠤᠨ ᠨᠥᠬᠦᠪᠥᠷᠢ ᠶᠢᠨ ᠤᠯᠤᠰ ᠤᠨ ᠰᠠᠭᠤᠷᠢ ᠪᠠᠷᠢᠮᠵᠢᠶ᠎ᠠ ᠶᠢ ᠳᠡᠭᠡᠭᠰᠢᠯᠡᠭᠦᠯᠵᠦ᠂ ᠵᠢᠯ ᠤᠨ | ᠰᠣᠷᠣᠭᠴᠢ ᠨᠢᠭᠡᠪᠦᠷᠢ ᠳᠤ ᠲᠡᠭᠰᠢᠳᠬᠡᠭᠰᠡᠨ ᠪᠠᠭ᠎ᠠ ᠰᠤᠷᠭᠠᠭᠤᠯᠢ 1000 ᠲᠥᠭᠦᠷᠢᠭ ᠪᠠᠶᠢᠭᠰᠠᠨ ᠠᠴᠠ ᠪᠠᠨ 1250 ᠲᠥᠭᠦᠷᠢᠭ ᠪᠣᠯᠤᠨ ᠳᠡᠭᠡᠭᠰᠢᠯᠡᠵᠦ᠂ ᠠᠩᠬ᠎ᠠ | ᠵᠡᠷᠭᠡ ᠶᠢᠨ ᠳᠤᠮᠳᠠᠳᠤ ᠰᠤᠷᠭᠠᠭᠤᠯᠢ 1250 ᠲᠥᠭᠦᠷᠢᠭ ᠪᠠᠶᠢᠭᠰᠠᠨ ᠠᠴᠠ ᠪᠠᠨ 1500 ᠲᠥᠭᠦᠷᠢᠭ ᠪᠣᠯᠤᠨ ᠳᠡᠭᠡᠭᠰᠢᠯᠡᠪᠡ︔ ᠬᠡᠷ ᠪᠦᠯᠢ ᠶᠢᠨ ᠠᠵᠤ ᠠᠬᠤᠶ ᠨᠢ | ᠬᠦᠴᠢᠷᠳᠡᠯᠲᠡᠶ ᠪᠠᠶᠢᠷᠢ ᠳᠤ ᠰᠠᠭᠤᠬᠤ ᠥᠬᠡᠶ ᠰᠤᠷᠤᠭᠴᠢᠳ ᠤᠨ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠶᠢ ᠦᠷᠭᠦᠯᠵᠢᠯᠡᠨ ᠪᠠᠶᠢᠷᠢ ᠳᠤ ᠰᠠᠭᠤᠬᠤ | ᠰᠣᠷᠣᠭᠴᠢ ᠶᠢᠨ ᠠᠮᠢᠳᠤᠷᠠᠯ ᠤᠨ ᠨᠥᠬᠦᠪᠥᠷᠢ ᠶᠢᠨ ᠤᠯᠤᠰ ᠤᠨ ᠰᠠᠭᠤᠷᠢ ᠪᠠᠷᠢᠮᠵᠢᠶ᠎ᠠ ᠶᠢᠨ 50% ᠪᠠᠷ ᠬᠠᠷᠭᠤᠭᠤᠯᠤᠨ ᠲᠤᠭᠲᠠᠭᠠᠵᠠᠢ᠃ ᠡᠨᠡᠬᠦ ᠰᠠᠭᠤᠷᠢᠨ ᠳᠡᠭᠡᠷ᠎ᠡ᠂ | ᠬᠥᠮᠦᠨ ᠠᠮᠠ ᠨᠡᠯᠢᠶᠡᠳ ᠴᠥᠭᠡᠨ ᠴᠦᠬᠡᠨ ᠲᠤᠭᠠᠲᠤ ᠦᠨᠳᠦᠰᠦᠲᠡᠨ ᠤ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠪᠠᠶᠢᠷᠢ ᠳᠤ ᠰᠠᠭᠤᠭ᠎ᠠ | ᠰᠤᠷᠤᠭᠴᠢᠳ ᠲᠤ ᠵᠢᠯ ᠪᠦᠷᠢ ᠰᠤᠷᠤᠭᠴᠢ ᠨᠢᠭᠡᠪᠦᠷᠢ ᠶᠢᠨ ᠳᠤᠮᠳᠠᠴᠢ 250 ᠲᠥᠭᠦᠷᠢᠭ ᠤᠨ ᠪᠠᠷᠢᠮᠵᠢᠶ᠎ᠠ ᠪᠠᠷ ᠠᠮᠢᠳᠤᠷᠠᠯ ᠤᠨ ᠲᠤᠰᠠᠯᠠᠮᠵᠢ ᠶᠢ ᠨᠢ ᠨᠡᠮᠡᠭᠳᠡᠭᠦᠯᠵᠦ᠂ | ᠬᠡᠷᠡᠭᠰᠡᠬᠦ ᠪᠡᠯᠡ ᠮᠥᠩᠭᠦ ᠶᠢ ᠲᠥᠪ ᠤᠨ ᠡᠳ᠋ ᠤᠨ ᠵᠠᠰᠠᠭ ᠠᠴᠠ ᠡᠭᠦᠷᠭᠡᠯᠡᠨ᠎ᠡ᠃ | ᠡᠭᠦᠨ ᠤ ᠬᠠᠮᠲᠤ᠂ ᠰᠤᠷᠤᠭᠴᠢᠳ ᠤᠨ ︽ᠬᠤᠶᠠᠷ ᠢ ᠬᠡᠯᠲᠦᠷᠢᠭᠦᠯᠵᠦ ᠬᠤᠶᠠᠷ ᠢ ᠨᠥᠬᠦᠪᠥᠷᠢᠯᠡᠬᠦ︾ ᠪᠠ ᠰᠢᠮ᠎ᠡ ᠲᠡᠵᠢᠭᠡᠯ ᠢᠳᠡᠭᠡᠨ ᠤ ᠨᠥᠬᠦᠪᠥᠷᠢ ᠶᠢᠨ | ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ ᠤᠨ ᠰᠤᠷᠭᠠᠨ ᠬᠥᠮᠦᠵᠢᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ | ᠲᠣᠭᠲᠠᠭᠠᠯ ᠶᠣᠰᠣᠭᠠᠷ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢ ︵ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠤᠭᠴᠢ ᠪᠠᠭᠲᠠᠨ᠎ᠠ︶ ᠳᠤ ︽ | ᠬᠤᠶᠠᠷ ᠢ ᠬᠡᠯᠲᠦᠷᠢᠭᠦᠯᠵᠦ ᠬᠤᠶᠠᠷ ᠢ ᠨᠥᠬᠦᠪᠥᠷᠢᠯᠡᠬᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠭᠠᠭᠤᠯᠢ ︵ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠪᠠᠭᠲᠠᠭᠠᠨ᠎ᠠ︶ ᠳᠤ ᠰᠤᠷᠤᠭᠴᠢ ᠨᠢᠭᠡᠪᠦᠷᠢ ᠶᠢᠨ ᠳᠤᠮᠳᠠᠴᠢ ᠠᠯᠪᠠᠨ ᠵᠠᠷᠤᠳᠠᠯ ᠤᠨ | ᠰᠠᠭᠤᠷᠢ ᠲᠤᠭ᠎ᠠ ᠶᠢᠨ ᠪᠠᠷᠢᠮᠵᠢᠶ᠎ᠠ ᠠᠴᠠ ᠳᠣᠤᠷ᠎ᠠ ᠦᠭᠡᠶ ᠪᠠᠷᠢᠮᠵᠢᠶ᠎ᠠ ᠪᠠᠷ ᠠᠯᠪᠠᠨ ᠬᠡᠷᠡᠭᠯᠡᠭᠡᠨ ᠤ ᠵᠠᠷᠤᠳᠠᠯ ᠢ ᠨᠥᠬᠦᠪᠥᠷᠢᠯᠡᠨ᠎ᠡ᠃ ᠡᠯ᠎ᠡ ᠬᠤᠰᠢᠭᠤ ᠰᠢᠶᠠᠨ | ᠲᠣᠭᠤᠷᠢᠭ ᠤᠨ ᠡᠳ᠋ ᠤᠨ ᠵᠠᠰᠠᠭ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠠᠯᠪᠠᠨ | ᠬᠡᠷᠡᠭᠯᠡᠭᠡᠨ ᠤ ᠵᠠᠷᠤᠳᠠᠯ ᠪᠠ ᠰᠢᠮ᠎ᠡ ᠲᠡᠵᠢᠭᠡᠯ ᠢᠳᠡᠭᠡᠨ ᠤ ᠨᠥᠬᠦᠪᠥᠷᠢ ᠵᠡᠷᠭᠡ ᠪᠡᠯᠡ ᠮᠥᠩᠭᠦ ᠶᠢ ᠲᠣᠭᠲᠠᠭᠠᠯ ᠶᠣᠰᠣᠭᠠᠷ ᠴᠠᠭ ᠲᠤᠬᠠᠶ ᠳᠤᠨᠢ ᠲᠤᠭ᠎ᠠ ᠶᠣᠰᠣᠭᠠᠷ | ᠰᠢᠯᠵᠢᠭᠦᠯᠦᠨ ᠥᠭᠬᠦ ᠬᠡᠷᠡᠭᠲᠡᠶ᠃ | ᠬᠥᠳᠡᠭᠡ ᠲᠣᠰᠬᠤᠨ ᠤ ᠰᠤᠷᠭᠠᠭᠤᠯᠢ ᠶᠢᠨ ᠪᠠᠶᠢᠷᠢ ᠶᠢᠨ ᠨᠢᠭᠡᠴᠢ ᠲᠠᠯᠠᠪᠠᠶ ᠶᠢᠨ ᠨᠥᠬᠦᠪᠥᠷᠢ ᠶᠢ ᠬᠡᠮᠵᠢᠨ ᠪᠣᠳᠣᠬᠤ ᠪᠠᠷᠢᠮᠵᠢᠶ᠎ᠠ ᠶᠢ ᠳᠡᠭᠡᠭᠰᠢᠯᠡᠭᠦᠯᠪᠡ᠃ | 2024 ᠣᠨ ᠠᠴᠠ ᠡᠬᠢᠯᠡᠨ ᠨᠢᠭᠡᠴᠢ ᠲᠠᠯᠠᠪᠠᠶ ᠶᠢᠨ ᠨᠥᠬᠦᠪᠥᠷᠢ ᠶᠢᠨ ᠲᠥᠰᠦᠭᠡᠯᠡᠨ ᠪᠤᠳᠤᠬᠤ ᠪᠠᠷᠢᠮᠵᠢᠶ᠎ᠠ ᠶᠢ ᠳᠡᠭᠡᠭᠰᠢᠯᠡᠭᠦᠯᠵᠦ᠂ 900 ᠲᠥᠭᠦᠷᠢᠭ / ᠲᠡᠭᠰᠢ | ᠳᠥᠷᠪᠡᠯᠵᠢᠨ ᠮᠧᠳ᠋ᠷ ᠪᠠᠶᠢᠭᠰᠠᠨ ᠠᠴᠠ 1200 ᠲᠥᠭᠦᠷᠢᠭ / ᠲᠡᠭᠰᠢ ᠳᠥᠷᠪᠡᠯᠵᠢᠨ ᠮᠧᠳ᠋ᠷ ᠪᠣᠯᠭᠠᠨ ᠳᠡᠭᠡᠭᠰᠢᠯᠡᠭᠦᠯᠪᠡ︔ ᠣᠨᠴᠠᠭᠠᠶ ᠠᠵᠢᠯ ᠤᠨ ᠪᠠᠶᠢᠷᠢ ᠶᠢᠨ | ᠪᠠᠭᠰᠢ ᠶᠢᠨ ᠴᠠᠯᠢᠩ ᠤᠨ ᠴᠢᠨᠠᠷᠲᠠᠶ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠡ᠃ 2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ | ᠲᠥᠪ ᠤᠨ ᠣᠨᠴᠠᠭᠠᠶ ᠠᠵᠢᠯ ᠤᠨ ᠪᠠᠶᠢᠷᠢ ᠶᠢᠨ ᠪᠠᠭᠰᠢ ᠶᠢᠨ ᠴᠠᠯᠢᠩ ᠤᠨ ᠴᠢᠨᠠᠷᠲᠠᠶ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ 3.82 ᠲᠦᠮᠡᠨ ᠲᠥᠭᠦᠷᠢᠭ | ᠪᠠᠶᠢᠭᠰᠠᠨ ᠠᠴᠠ 4.18 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠪᠡ᠃ | ᠲᠣᠰ ᠤᠳᠠᠭᠠᠨ ᠤ ᠪᠠᠯᠠ ᠮᠥᠩᠭᠦ ᠶᠢ ᠪᠠᠭᠤᠯᠭᠠᠭᠰᠠᠨ ᠨᠢ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠡᠪ ᠤᠨ | ᠠᠵᠢᠯᠯᠠᠭᠠᠨ ᠢ ᠦᠨᠡᠨ ᠬᠦ ᠪᠠᠲᠤᠯᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯᠯᠠᠭ᠎ᠠ ᠪᠠ ᠪᠤᠰᠤᠳ ᠡᠳᠦᠷ ᠲᠤᠲᠤᠮ ᠤᠨ ᠠᠵᠢᠯ ᠤᠨ ᠡᠭᠦᠷᠭᠡ ᠶᠢ | ᠪᠡᠶᠡᠯᠡᠭᠦᠯᠬᠦ ᠵᠡᠷᠭᠡ ᠲᠠᠯ᠎ᠠ ᠶᠢᠨ ᠵᠠᠷᠤᠯᠭ᠎ᠠ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠪᠡ᠃ | |