ᠬᠠᠩᠭᠢᠨ ᠬᠤᠶᠢᠲᠤ ᠬᠤᠰᠢᠭᠤᠨ ᠤ ᠲᠤᠭ᠎ᠠ ᠪᠠᠷᠢᠮᠲᠠ
ᠨᠡᠶᠢᠲᠡᠯᠡᠭᠰᠡᠨ ᠴᠠᠭ᠄
2024/9/23
      ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ      ᠳᠡᠭᠡᠷ᠎ᠡ ᠬᠠᠭᠠᠰ ᠵᠢᠯ ᠳᠤ᠂ ᠬᠠᠩᠭᠢᠨ ᠬᠤᠶᠢᠲᠤ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 54.13 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.6% ᠪᠠᠷ ᠨᠡᠮᠡᠭᠳᠡᠪᠡ᠃ ᠡᠭᠦᠨ ᠳᠤ ᠨᠢᠭᠡᠳᠦᠭᠡᠷ ᠠᠵᠤ ᠦᠢᠯᠡᠰ 13.25 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.0% ᠨᠡᠮᠡᠭᠳᠡᠪᠡ︔ ᠬᠤᠶᠠᠳᠤᠭᠠᠷ ᠠᠵᠤ ᠦᠢᠯᠡᠰ 12.96 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.9% ᠪᠠᠷ ᠪᠠᠭᠤᠷᠠᠪᠠ︔ ᠭᠤᠷᠪᠠᠳᠤᠭᠠᠷ ᠠᠵᠤ ᠦᠢᠯᠡᠰ 27.92 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.9% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠪᠦᠲᠦᠴᠡ 24.5᠄ 23.9᠄ 51.6 ᠪᠣᠯᠤᠨ᠎ᠠ᠃      ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ      ᠳᠡᠭᠡᠷ᠎ᠡ ᠬᠠᠭᠠᠰ ᠵᠢᠯ ᠳᠤ᠂ ᠬᠠᠩᠭᠢᠨ ᠬᠤᠶᠢᠲᠤ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠭᠠᠷᠠᠬᠠᠨ ᠬᠠᠷᠢᠴᠠᠯ 5.5% ᠪᠠᠷ ᠨᠡᠮᠡᠭᠳᠡᠵᠦ᠂ ᠡᠭᠦᠨ ᠳᠤ ᠬᠥᠩᠭᠡᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠭᠠᠷᠠᠬᠠᠨ ᠬᠠᠷᠢᠴᠠᠯ 6.0% ᠪᠠᠷ ᠨᠡᠮᠡᠭᠳᠡᠪᠡ︔ ᠬᠦᠨᠳᠦ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠭᠠᠷᠠᠬᠠᠨ ᠬᠠᠷᠢᠴᠠᠯ 2.9% ᠪᠠᠷ ᠨᠡᠮᠡᠭᠳᠡᠪᠡ᠃ ᠠᠵᠤ ᠦᠢᠯᠡᠳᠪᠦᠷᠢ ᠶᠢᠨ ᠪᠣᠷᠣᠯᠠᠭᠤᠯᠤᠯᠲᠠ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 18.1 % ᠪᠠᠷ ᠨᠡᠮᠡᠭᠳᠡᠵᠦ᠂ ᠭᠠᠳᠠᠭᠠᠳᠤ ᠳᠤ ᠭᠠᠷᠭᠠᠬᠤ ᠪᠠᠷᠠᠭ᠎ᠠ ᠲᠤᠰᠢᠶᠠᠬᠤ ᠥᠷᠲᠡᠭ ᠤᠨ ᠬᠠᠷᠢᠴᠠᠯ ᠠᠳᠠᠯᠢ ᠬᠤᠭᠤᠴᠠᠭᠠᠨ ᠤ ᠬᠢ ᠠᠴᠠ 20.9 % ᠪᠠᠷ ᠨᠡᠮᠡᠭᠳᠡᠪᠡ᠃      ᠳᠡᠭᠡᠷ᠎ᠡ ᠬᠠᠭᠠᠰ ᠵᠢᠯ ᠳᠤ᠂ ᠬᠠᠩᠭᠢᠨ ᠬᠤᠶᠢᠲᠤ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 2.5 % ᠪᠠᠷ ᠪᠠᠭᠤᠷᠠᠪᠠ᠃ ᠡᠭᠦᠨ ᠳᠤ᠄ ᠠᠭᠤᠷᠬᠠᠶ ᠮᠠᠯᠲᠠᠬᠤ ᠦᠶ᠋ᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 59.1% ᠪᠠᠷ ᠪᠠᠭᠤᠷᠠᠪᠠ︔ ᠦᠶ᠋ᠯᠡᠳᠬᠦ ᠦᠶ᠋ᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 10.2% ᠢᠶᠠᠷ ᠨᠡᠮᠡᠭᠳᠡᠪᠡ︔ ᠴᠠᠬᠢᠯᠭᠠᠨ ᠬᠦᠴᠦᠨ ᠢᠯᠴᠢ ᠶᠢᠨ ᠬᠦᠴᠦᠨ ᠤ ᠦᠶ᠋ᠯᠡᠳᠪᠦᠷᠢᠯᠡᠯ ᠪᠠ ᠬᠠᠩᠭᠠᠯᠭ᠎ᠠ ᠶᠢᠨ ᠦᠶ᠋ᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 12.0% ᠪᠠᠷ ᠪᠠᠭᠤᠷᠠᠵᠤ᠂ ᠦᠶ᠋ᠯᠡᠳᠬᠦ ᠦᠶ᠋ᠯᠡᠰ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠨᠡᠮᠡᠭᠳᠡᠯ ᠢ ᠳᠠᠶᠢᠴᠢᠯᠠᠬᠤ ᠭᠤᠤᠯ ᠬᠥᠳᠡᠯᠭᠡᠬᠦ ᠬᠦᠴᠦᠨ ᠪᠣᠯᠪᠠ᠃      ᠲᠣᠭᠳᠠᠮᠠᠯ ᠬᠦᠷᠦᠩᠬᠡ ᠶᠢᠨ ᠪᠡᠯᠡ ᠣᠷᠣᠭᠤᠯᠣᠯᠳᠠ      ᠳᠡᠭᠡᠷ᠎ᠡ ᠬᠠᠭᠠᠰ ᠵᠢᠯ ᠳᠤ᠂ ᠬᠠᠩᠭᠢᠨ ᠬᠤᠶᠢᠲᠤ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠵᠦ᠂ ᠡᠭᠦᠨ ᠳᠤ᠄ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 14.4% ᠪᠠᠷ ᠪᠠᠭᠤᠷᠠᠵᠤ᠂ ᠪᠠᠷᠢᠯᠭ᠎ᠠ ᠶᠢᠨ ᠠᠮᠤᠷ ᠲᠦᠪᠰᠢᠨ ᠤ ᠢᠨᠵᠧᠨᠧᠷᠢᠩ ᠠᠳᠠᠯᠢ ᠬᠤᠭᠤᠴᠠᠭᠠᠨ ᠤ ᠬᠢ ᠠᠴᠠ 0.5% ᠪᠠᠷ ᠪᠠᠭᠤᠷᠠᠵᠤ᠂ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠬᠤᠳᠠᠯᠳᠤᠨ ᠠᠪᠬᠤ ᠵᠢᠴᠢ ᠪᠤᠰᠤᠳ ᠠᠳᠠᠯᠢ ᠬᠤᠭᠤᠴᠠᠭᠠᠨ ᠤ ᠬᠢ ᠠᠴᠠ 28.4% ᠪᠠᠷ ᠨᠡᠮᠡᠭᠳᠡᠪᠡ᠃      ᠨᠡᠶᠢᠭᠡᠮ ᠤᠨ ᠬᠡᠷᠡᠭᠯᠡᠭᠡᠨ ᠤ ᠡᠳ᠋ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ      ᠳᠡᠭᠡᠷ᠎ᠡ ᠬᠠᠭᠠᠰ ᠵᠢᠯ ᠳᠤ᠂ ᠬᠠᠩᠭᠢᠨ ᠬᠤᠶᠢᠲᠤ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 11.91 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.7% ᠪᠠᠷ ᠨᠡᠮᠡᠭᠳᠡᠪᠡ︔ ᠡᠭᠦᠨ ᠳᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 0.72 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.8% ᠪᠠᠷ ᠨᠡᠮᠡᠭᠳᠡᠪᠡ᠃      ᠡᠩ ᠤᠨ ᠤᠯᠠᠨ ᠨᠡᠶᠢᠲᠡ ᠶᠢᠨ ᠡᠳ᠋ ᠤᠨ ᠵᠠᠰᠠᠭ ᠤᠨ ᠤᠷᠤᠯᠭ᠎ᠠ      ᠳᠡᠭᠡᠷ᠎ᠡ ᠬᠠᠭᠠᠰ ᠵᠢᠯ ᠳᠤ᠂ ᠬᠠᠩᠭᠢᠨ ᠬᠤᠶᠢᠲᠤ ᠬᠤᠰᠢᠭᠤᠨ ᠤ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠣᠷᠣᠯᠭ᠎ᠠ 2.14 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 6.5% ᠪᠠᠷ ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠵᠠᠷᠤᠯᠭ᠎ᠠ ᠶᠢ 14.36 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.0% ᠪᠠᠭᠤᠷᠠᠭᠤᠯᠪᠠ᠃      ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ᠂ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ      ᠳᠡᠭᠡᠷ᠎ᠡ ᠬᠠᠭᠠᠰ ᠵᠢᠯ ᠳᠤ᠂ ᠬᠠᠩᠭᠢᠨ ᠬᠤᠶᠢᠲᠤ ᠬᠤᠰᠢᠭᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 16411 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.0% ᠨᠡᠮᠡᠭᠳᠡᠪᠡ᠃ ︵ᠡᠭᠦᠨ ᠳᠤ᠄ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 21627 ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 3.9% ᠪᠠᠷ ᠨᠡᠮᠡᠭᠳᠡᠪᠡ︔ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 10648 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.8% ᠪᠠᠷ ᠨᠡᠮᠡᠭᠳᠡᠪᠡ︶᠃      ᠪᠦᠬᠦ ᠬᠤᠰᠢᠭᠤᠨ ᠤ ᠪᠦᠬᠦ ᠨᠡᠶᠢᠭᠡᠮ ᠤᠨ ᠴᠠᠬᠢᠯᠭᠠᠨ ᠬᠡᠷᠡᠭᠯᠡᠬᠦ ᠬᠡᠮᠵᠢᠶ᠎ᠡ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠴᠠᠬᠢᠯᠭᠠᠨ ᠬᠡᠷᠡᠭᠯᠡᠬᠦ ᠬᠡᠮᠵᠢᠶ᠎ᠡ      ᠳᠡᠭᠡᠷ᠎ᠡ ᠬᠠᠭᠠᠰ ᠵᠢᠯ ᠳᠤ᠂ ᠬᠠᠩᠭᠢᠨ ᠬᠤᠶᠢᠲᠤ ᠬᠤᠰᠢᠭᠤᠨ ᠤ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 52951 ᠲᠦᠮᠡᠨ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.3% ᠪᠠᠷ ᠨᠡᠮᠡᠭᠳᠡᠪᠡ᠃ ᠡᠭᠦᠨ ᠳᠤ᠄ ᠪᠦᠬᠦ ᠠᠵᠢᠯ ᠲᠦᠷᠦᠯ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 45047 ᠲᠦᠮᠡᠨ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.3% ᠨᠡᠮᠡᠭᠳᠡᠵᠡᠶ᠃      ᠳᠡᠭᠡᠷ᠎ᠡ ᠬᠠᠭᠠᠰ ᠵᠢᠯ ᠳᠤ᠂ ᠬᠠᠩᠭᠢᠨ ᠬᠤᠶᠢᠲᠤ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 7904 ᠲᠦᠮᠡᠨ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.1% ᠪᠠᠷ ᠨᠡᠮᠡᠭᠳᠡᠪᠡ᠂ ᠡᠭᠦᠨ ᠳᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠠᠮᠢᠳᠤᠷᠠᠯ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 4910 ᠲᠦᠮᠡᠨ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.8% ᠪᠠᠷ ᠨᠡᠮᠡᠭᠳᠡᠨ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠠᠮᠢᠳᠤᠷᠠᠯ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 2994 ᠲᠦᠮᠡᠨ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.2% ᠢᠶᠠᠷ ᠨᠡᠮᠡᠭᠳᠡᠪᠡ᠃   
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ