ᠬᠠᠩᠭᠢᠨ ᠬᠤᠶᠢᠲᠤ ᠬᠤᠰᠢᠭᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠵᠢᠴᠢ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠢ ᠪᠡᠯᠭᠡᠯᠡᠬᠦ ︽ᠦᠩ ᠰᠢᠮᠡᠯᠢᠭ ᠬᠡᠭᠡᠷ᠎ᠡ ᠲᠠᠯ᠎ᠠ ᠶᠢᠨ ᠦᠵᠡᠮᠵᠢ︾ ᠶᠢᠨ ᠭᠡᠷᠡᠯ ᠵᠢᠷᠤᠭ ᠤᠨ ᠦᠵᠡᠭᠦᠯᠦᠯᠭᠡ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2024/9/26
      9 ᠰᠠᠷ᠎ᠠ ᠶᠢᠨ 23 ᠤ ᠡᠳᠦᠷ᠂ ᠶᠠᠭ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠤᠨ ᠲᠠᠰᠢᠷᠠᠮ ᠳᠤ ᠣᠷᠣᠵᠤ᠂ ᠬᠠᠩᠭᠢᠨ ᠬᠤᠶᠢᠲᠤ ᠬᠤᠰᠢᠭᠤᠨ ᠤ ᠬᠢᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠵᠢᠴᠢ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠢ ᠪᠡᠯᠭᠡᠯᠡᠬᠦ ︽ᠦᠩ ᠰᠢᠮᠡᠯᠢᠭ ᠬᠡᠭᠡᠷ᠎ᠡ ᠲᠠᠯ᠎ᠠ ᠶᠢᠨ ᠠᠵᠢᠯᠯᠠᠭ᠎ᠠ︾ ᠶᠢᠨ ᠭᠡᠷᠡᠯ ᠵᠢᠷᠤᠭ ᠤᠨ ᠦᠵᠡᠰᠬᠦᠯᠡᠩ ᠥᠷᠨᠢᠭᠦᠯᠪᠡ᠃    ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠫᠠᠨ ᠹᠧᠩ ᠣᠷᠣᠯᠴᠠᠵᠠᠶ᠃
1.png
       ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠭᠤᠶᠤ ᠰᠠᠶᠢᠬᠠᠨ ᠭᠡᠷᠡᠯ ᠵᠢᠷᠤᠭ ᠤᠳ ᠦᠵᠡᠭᠦᠯᠭᠡ ᠶᠢᠨ ᠰᠠᠮᠪᠠᠷ᠎ᠠ ᠳᠡᠭᠡᠷ᠎ᠡ ᠭᠢᠯᠠᠯᠵᠠᠵᠤ᠂ ᠬᠠᠩᠭᠢᠨ ᠬᠤᠶᠢᠲᠤ ᠬᠤᠰᠢᠭᠤᠨ ᠤ ᠲᠠᠷᠢᠶᠠᠯᠠᠩ ᠤᠨ ᠬᠥᠭᠵᠢᠯᠲᠡ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠪᠣᠯᠤᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠲᠠᠯ᠎ᠠ ᠪᠠᠷ ᠬᠢ ᠢᠯᠡᠳᠲᠡ ᠲᠠᠪᠰᠢᠯᠳᠠ ᠶᠢ ᠠᠮᠢᠳᠤᠯᠢᠭ ᠢᠶᠠᠷ ᠳᠡᠯᠭᠡᠨ ᠦᠵᠡᠭᠦᠯᠵᠡᠢ᠃ ᠡᠲᠡᠭᠡᠷ ᠬᠡᠷᠡᠯ ᠵᠢᠷᠤᠭ ᠨᠢ ᠬᠠᠩᠭᠢᠨ ᠬᠤᠶᠢᠲᠤ ᠬᠤᠰᠢᠭᠤᠨ ᠤ ᠡᠯᠪᠡᠭ ᠬᠤᠷᠢᠶᠠᠯᠲᠠ ᠶᠢᠨ ᠪᠠᠶᠢᠳᠠᠯ ᠢ ᠲᠡᠮᠳᠡᠭᠯᠡᠭᠰᠡᠨ ᠢᠶᠠᠷ ᠪᠠᠷᠠᠬᠤ ᠥᠬᠡᠶ᠂ ᠨᠠᠩ ᠴᠤ ᠲᠠᠷᠢᠶᠠᠴᠢᠳ ᠤᠨ ᠰᠢᠷᠭᠠᠭᠤ ᠬᠥᠳᠡᠯᠮᠦᠷᠢᠯᠡᠵᠦ᠂ ᠡᠯᠪᠡᠭ ᠬᠤᠷᠢᠶᠠᠯᠲᠠ ᠶᠢᠨ ᠵᠣᠯ ᠵᠢᠷᠭᠠᠯᠲᠤ ᠴᠠᠭ ᠮᠥᠴᠡ ᠶᠢ ᠣᠯᠵᠤ ᠴᠢᠳᠠᠵᠠᠶ᠃ ᠬᠤᠲᠠ ᠶᠢᠨ ᠠᠷᠠᠳ ᠲᠠᠰᠤᠷᠠᠯᠲᠠ ᠦᠭᠡᠢ ᠳᠡᠯᠭᠡᠨ ᠦᠵᠡᠭᠦᠯᠬᠦ ᠲᠣᠭᠤᠷᠢᠭ ᠲᠤ ᠰᠢᠬᠠᠯᠳᠤᠨ ᠣᠷᠣᠵᠤ᠂ ᠲᠡᠳᠡ ᠲᠠᠰᠤᠷᠠᠯᠲᠠ ᠦᠭᠡᠢ ᠰᠢᠷᠲᠡᠵᠦ ᠪᠠᠶᠢᠬᠤ ᠪᠤᠶᠤ ᠳᠣᠣᠷ᠎ᠠ ᠳᠠᠭᠤᠨ ᠢᠶᠠᠷ ᠶᠠᠷᠢᠯᠴᠠᠵᠤ᠂ ᠪᠦᠷ ᠡᠳᠡᠭᠡᠷ ᠭᠡᠷᠡᠯ ᠵᠢᠷᠤᠭ ᠲᠤ ᠳᠡᠯᠭᠡᠨ ᠦᠵᠡᠭᠦᠯᠬᠦ ᠷᠢᠳᠢ ᠰᠢᠳᠢ ᠳᠤ ᠭᠦᠨ ᠲᠠᠲᠠᠭᠳᠠᠵᠠᠢ᠃      ᠲᠣᠰ ᠤᠳᠠᠭᠠᠨ ᠤ ᠭᠡᠷᠡᠯ ᠵᠢᠷᠤᠭ ᠤᠨ ᠦᠵᠡᠭᠦᠯᠦᠯᠭᠡ ᠨᠢ ᠨᠡᠶᠢᠲᠡ ᠵᠠᠭᠤ ᠭᠠᠷᠤᠶ ᠪᠦᠲᠦᠭᠡᠯ ᠢ ᠳᠡᠯᠭᠡᠨ ᠦᠵᠡᠭᠦᠯᠵᠦ᠂ ᠬᠠᠩᠭᠢᠨ ᠬᠤᠶᠢᠲᠤ ᠬᠤᠰᠢᠭᠤᠨ ᠤ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠠᠯ᠎ᠠ ᠪᠠᠷ ᠬᠢ ᠠᠮᠵᠢᠯᠲᠠ ᠪᠦᠲᠦᠮᠵᠢ ᠶᠢ ᠪᠥᠬᠦ ᠲᠠᠯ᠎ᠠ ᠪᠠᠷ ᠳᠡᠯᠭᠡᠨ ᠦᠵᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠬᠡᠷᠡᠯ ᠵᠢᠷᠤᠭ ᠤᠨ ᠤᠷᠠᠯᠢᠭ ᠤᠨ ᠬᠡᠯᠪᠡᠷᠢ ᠪᠠᠷ ᠢᠳᠡᠪᠬᠢ ᠬᠦᠴᠦᠨ ᠢ ᠳᠠᠮᠵᠢᠭᠤᠯᠵᠤ᠂ ᠬᠥᠮᠦᠰ ᠤᠨ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠪᠠ ᠦᠨᠳᠦᠰᠦᠲᠡᠨ ᠤ ᠣᠮᠣᠭᠰᠢᠯᠲᠤ ᠰᠡᠳᠬᠢᠯᠭᠡ ᠶᠢ ᠬᠥᠭᠵᠢᠭᠡᠭᠰᠡᠨ ᠪᠠᠶᠢᠨ᠎ᠠ᠃ ᠡᠭᠦᠨ ᠤ ᠬᠠᠮᠲᠤ᠂ ᠦᠵᠡᠭᠦᠯᠦᠯᠭᠡ ᠨᠢ ᠪᠠᠰᠠ ᠭᠡᠷᠡᠯ ᠵᠢᠷᠤᠭ ᠤᠨ ᠪᠠᠭ᠋ᠠᠲᠠᠶ ᠬᠥᠮᠦᠰ ᠲᠤ ᠨᠢᠭᠡᠨ ᠰᠣᠯᠢᠯᠴᠠᠨ ᠰᠤᠷᠤᠯᠴᠠᠬᠤ ᠲᠠᠪᠴᠠᠩ ᠬᠠᠩᠭᠠᠵᠤ᠂ ᠭᠡᠷᠡᠯ ᠵᠢᠷᠤᠭ ᠤᠨ ᠰᠣᠶᠣᠯ ᠤᠨ ᠳᠠᠮᠵᠢᠭᠤᠯᠭ᠎ᠠ ᠪᠠ ᠬᠥᠭᠵᠢᠯᠲᠡ ᠶᠢ ᠠᠬᠢᠭᠤᠯᠤᠭᠰᠠᠨ ᠪᠠᠶᠢᠨ᠎ᠠ᠃
2.png      
      ᠣᠶᠢᠯᠠᠭᠠᠭᠰᠠᠨ ᠢᠶᠠᠷ᠂ ᠲᠣᠰ ᠤᠳᠠᠭᠠᠨ ᠤ ᠦᠵᠡᠰᠬᠦᠯᠡᠩ ᠢ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠵᠢᠴᠢ ᠬᠤᠰᠢᠭᠤᠨ ᠤ ᠤᠳᠬ᠎ᠠ ᠤᠷᠠᠯᠢᠭ ᠤᠨ ᠬᠤᠯᠪᠣᠭ᠎ᠠ ᠬᠠᠮᠲᠤᠷᠠᠨ ᠡᠷᠭᠢᠯᠡᠵᠦ᠂ ᠬᠠᠩᠭᠢᠨ ᠬᠤᠶᠢᠲᠤ ᠬᠤᠰᠢᠭᠤᠨ ᠤ ᠬᠡᠷᠡᠯ ᠵᠢᠷᠤᠭᠴᠢᠳ ᠤᠨ ᠨᠡᠶᠢᠭᠡᠮᠯᠢᠭ ᠠᠴᠠ ᠳᠠᠭᠠᠭᠠᠴᠢᠯᠠᠨ ᠡᠷᠭᠢᠯᠡᠵᠦ᠂ ᠦᠵᠡᠭᠳᠡᠯ ᠢᠶᠠᠷ ᠳᠠᠮᠵᠢᠭᠤᠯᠤᠨ ᠬᠠᠩᠭᠢᠨ ᠬᠤᠶᠢᠲᠤ ᠬᠤᠰᠢᠭᠤᠨ ᠤ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠬᠡᠷᠡᠯ ᠰᠠᠴᠤᠷᠠᠩᠭᠤᠶ ᠠᠮᠵᠢᠯᠲᠠ ᠶᠢ ᠢᠯᠡᠷᠡᠭᠦᠯᠵᠦ᠂ ᠡᠬᠡ ᠤᠯᠤᠰ ᠤᠨ ᠮᠡᠨᠳᠦᠯᠡᠭᠰᠡᠨ ᠪᠠ ᠲᠠᠷᠢᠶᠠᠴᠢᠳ ᠤᠨ ᠡᠯᠪᠡᠭ ᠬᠤᠷᠢᠶᠠᠯᠲᠠ ᠶᠢ ᠪᠡᠯᠭᠡᠯᠡᠬᠦ ᠶᠢᠨ ᠲᠥᠯᠥᠭᠡ ᠶᠤᠮ᠃ ᠵᠢᠷᠤᠭ ᠤᠨ ᠦᠵᠡᠭᠦᠯᠦᠯᠭᠡ ᠨᠢ ᠬᠠᠩᠭᠢᠨ ᠬᠤᠶᠢᠲᠤ ᠬᠤᠰᠢᠭᠤᠨ ᠤ ᠰᠠᠢ ᠱᠠᠩ ᠰᠢᠩ ᠲᠠᠯᠠᠪᠠᠶ ᠳᠤ ᠨᠢᠭᠡ ᠰᠠᠷ᠎ᠠ ᠦᠷᠭᠦᠯᠵᠢᠯᠡᠨ᠎ᠡ᠃   
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ