ᠡᠯ ᠳ᠋ᠤᠤ ᠴᠢᠶᠣᠤ ᠪᠠᠯᠭᠠᠰᠤᠨ ᠤ ᠴᠢᠩ ᠯᠦᠩ ᠲᠣᠰᠬᠤᠨ᠄ ᠬᠥᠳᠡᠭᠡ ᠲᠣᠰᠬᠤᠨ ᠤ ᠤᠢ ᠰᠢᠭᠤᠢ ᠶᠢᠨ ᠠᠭᠤᠳᠠᠮ ᠲᠠᠯᠠᠪᠠᠢ ᠶᠢ ᠡᠭᠦᠳᠦᠨ ᠪᠠᠶᠢᠭᠤᠯᠵᠤ ︽ᠰᠢᠯᠦᠭ ᠪᠠ ᠠᠯᠤᠰ ᠤᠨ ᠲᠠᠯ᠎ᠠ︾ ᠶᠢ ᠴᠣᠭᠴᠠᠯᠠᠨ᠎ᠠ
ᠨᠡᠶᠢᠲᠡᠯᠡᠭᠰᠡᠨ ᠴᠠᠭ᠄
2024/9/26
      ᠡᠪᠡᠰᠦ ᠮᠣᠳᠣ ᠢᠭᠴᠤ ᠰᠠᠬᠤᠯᠢᠭ᠂ ᠥᠷᠭᠡᠨ ᠠᠭᠤᠳᠠᠮ ᠶᠠᠪᠠᠭᠠᠨ ᠵᠠᠮ ᠲᠠᠢ᠂ ᠬᠦᠳᠡᠭᠡ ᠨᠤᠲᠤᠭ ᠤᠨ ᠴᠡᠪᠡᠷ ᠰᠠᠶᠢᠬᠠᠨ ᠠᠭᠤᠷ ᠠᠮᠢᠰᠬᠤᠯ ᠢᠶᠠᠷ ᠪᠠᠶᠠᠯᠢᠭ ᠰᠠᠶᠢᠬᠠᠨ ᠰᠣᠶᠣᠯ ᠤᠨ ᠬᠡᠷᠡᠮ ᠢ ᠪᠠᠶᠢᠭᠤᠯᠤᠭᠰᠠᠨ᠂ ᠡᠷᠭᠢᠨ ᠲᠣᠭᠤᠷᠢᠨ ᠳᠤ ᠪᠠᠨ ᠲᠣᠰᠬᠤᠨ ᠤ ᠠᠷᠠᠳ ᠲᠤᠭᠤᠷᠢᠨ ᠰᠠᠭᠤᠭᠰᠠᠨ᠂ ᠣᠢ ᠰᠢᠭᠤᠶ ᠶᠢᠨ ᠰᠡᠯᠡᠭᠦᠴᠡᠯ ᠤᠨ ᠲᠠᠯᠠᠪᠠᠢ ᠪᠣᠯᠤᠨ ᠠᠶᠢᠯ ᠲᠣᠰᠬᠤᠨ ᠬᠠᠮᠲᠤᠷᠠᠭᠰᠠᠨ᠃ ᠡᠯ ᠳ᠋ᠤᠤ ᠴᠢᠶᠣᠤ ᠪᠠᠯᠭᠠᠰᠤᠨ ᠤ ᠴᠢᠩ ᠯᠦᠩ ᠲᠣᠰᠬᠤᠨ ᠤ ᠤᠢ ᠰᠢᠭᠤᠢ ᠶᠢᠨ ᠠᠭᠤᠳᠠᠮ ᠲᠠᠯᠠᠪᠠᠢ ᠳᠤ ᠣᠷᠣᠬᠤ ᠳᠤ᠂ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠷᠤᠭ ᠰᠢᠭ᠋ ᠰᠠᠨᠠᠭᠳᠠᠨ᠎ᠠ᠃ ᠲᠣᠰᠬᠤᠨ ᠤ ᠠᠷᠠᠳ ᠠᠭᠤᠳᠠᠮ ᠲᠠᠯᠠᠪᠠᠢ ᠶᠢᠨ ᠰᠡᠯᠡᠭᠦᠴᠡᠯ ᠤᠨ ᠭᠠᠵᠠᠷ ᠲᠤ ᠵᠤᠭᠤᠭ ᠳᠡᠯᠭᠡᠨ᠂  ᠵᠠᠷᠢᠮ ᠨᠢ ᠤᠢ ᠶᠢᠨ ᠳᠤᠮᠳᠠ ᠲᠤᠭᠤᠷᠢᠨ ᠶᠠᠪᠤᠵᠤ ᠂ ᠬᠥᠳᠡᠭᠡ ᠲᠣᠰᠬᠤᠨ ᠤ ᠭᠤᠶᠤ ᠦᠵᠡᠮᠵᠢ ᠶᠢ ᠰᠣᠨᠢᠷᠬᠠᠨ᠎ᠠ᠃
1.jpg
      ᠴᠢᠩ ᠯᠦᠩ ᠲᠣᠰᠬᠤᠨ ᠤ ᠨᠠᠮ ᠤᠨ ᠡᠭᠦᠷ ᠤᠨ ᠱᠦᠵᠢ ᠶᠠᠨ ᠫᠢᠩ᠄ ︽ᠤᠤᠯ ᠨᠢ ᠡᠨᠡ ᠪᠣᠯ  ᠨᠢᠭᠡᠨ ᠠᠲᠠᠷ ᠭᠠᠵᠠᠷ ᠪᠠᠶᠢᠵᠤ᠂ ᠪᠤᠵᠠᠷ ᠡᠪᠡᠰᠦ ᠪᠠᠷ ᠳᠦᠭᠦᠷᠴᠦ ᠪᠠᠶᠢᠪᠠ᠂ ᠠᠳᠡ ᠬᠥᠳᠡᠭᠡ ᠲᠣᠰᠬᠤᠨ ᠤ ᠤᠢ ᠰᠢᠭᠤᠢ ᠶᠢᠨ ᠲᠠᠯᠠᠪᠠᠢ ᠶᠢ ᠪᠠᠶᠢᠭᠤᠯᠤᠭᠰᠠᠨ ᠠᠴᠠ ᠨᠠᠰᠢ᠂ ᠮᠠᠨ ᠤ ᠲᠣᠰᠬᠤᠨ ᠤ ᠣᠷᠴᠢᠨ ᠲᠣᠭᠤᠷᠢᠨ ᠨᠡᠩ ᠭᠤᠶᠤ ᠪᠤᠯᠵᠤ᠂ ᠤᠳᠤ ᠲᠣᠰᠬᠤᠨ ᠤ ᠡᠷᠡᠭᠲᠡᠢ ᠡᠮᠡᠭᠲᠡᠢ ᠬᠥᠭᠰᠢᠨ ᠵᠠᠯᠠᠭᠤ ᠂ ᠡᠷᠬᠢᠨ ᠲᠣᠭᠤᠷᠢᠨ ᠤ ᠬᠥᠮᠦᠰ ᠪᠦᠷ ᠠᠳᠡ ᠢᠷᠡᠵᠦ ᠰᠡᠯᠡᠭᠦᠴᠡᠬᠦ ᠳᠤᠷᠠᠲᠠᠢ᠂ ᠮᠠᠰᠢ ᠰᠠᠶᠢᠨ ᠶᠠᠪᠤᠳᠠᠯ ᠪᠣᠯᠵᠠᠢ︾ ᠭᠡᠵᠦ ᠬᠡᠯᠡᠪᠡ᠃            ᠣᠶᠢᠯᠠᠭᠠᠭᠰᠠᠨ ᠢᠶᠠᠷ᠂ ᠴᠢᠩ ᠯᠦᠩ ᠲᠣᠰᠬᠤᠨ ᠤ ᠬᠥᠳᠡᠭᠡ ᠲᠣᠰᠬᠤᠨ ᠤ ᠣᠶ ᠰᠢᠭᠤᠶ ᠶᠢᠨ ᠲᠠᠯᠠᠪᠠᠶ ᠶᠢᠨ ᠤᠤᠯ ᠤᠨ ᠪᠠᠶᠢᠭᠰᠠᠨ ᠣᠶ ᠰᠢᠭᠤᠶ ᠶᠢᠨ ᠡᠬᠢ ᠪᠠᠶᠠᠯᠢᠭ ᠤᠨ ᠰᠠᠭᠤᠷᠢᠨ ᠳᠡᠭᠡᠷ᠎ᠡ᠂ ᠤᠯᠢᠶᠠᠰᠤᠨ ᠮᠣᠳᠣ᠂ ᠤᠳᠠ ᠮᠣᠳᠣ᠂ ᠬᠠᠶᠢᠯᠠᠰᠤᠨ ᠮᠣᠳᠣ ᠵᠡᠷᠭᠡ ᠮᠣᠳᠣᠨ ᠤ ᠲᠥᠷᠥᠯ ᠢ ᠳᠠᠷᠢᠵᠤ᠂ ᠨᠣᠭᠤᠭᠠᠷᠠᠭᠤᠯᠤᠯᠲᠠ ᠶᠢᠨ ᠲᠠᠯᠠᠪᠠᠶ ᠨᠢ ᠶᠡᠷᠦᠩᠬᠡᠶ ᠲᠠᠯᠠᠪᠠᠶ ᠶᠢᠨ 60% ᠶᠢ ᠡᠵᠡᠯᠡᠵᠦ᠂ ᠠᠮᠢ ᠠᠬᠤᠶ ᠶᠢᠨ ᠴᠢᠳᠠᠮᠵᠢ ᠶᠢ ᠬᠠᠮᠠᠭᠠᠯᠠᠬᠤ᠂ ᠰᠡᠯᠡᠭᠦᠴᠡᠬᠦ᠂ ᠪᠡᠶ᠎ᠡ ᠴᠢᠭᠢᠷᠠᠭᠵᠢᠭᠤᠯᠬᠤ᠂ ᠵᠤᠭᠠᠴᠠᠨ ᠠᠮᠠᠷᠠᠬᠤ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠬᠥᠳᠡᠭᠡ ᠲᠣᠰᠬᠤᠨ ᠤ ᠣᠶ ᠰᠢᠭᠤᠶ ᠶᠢᠨ ᠲᠠᠯᠠᠪᠠᠶ ᠪᠣᠯᠤᠨ᠎ᠠ᠃
2.jpg
      ᠣᠶᠢᠷ᠎ᠠ ᠶᠢᠨ ᠵᠢᠯ ᠠᠴᠠ᠂ ᠡᠯ ᠳ᠋ᠤᠤ ᠴᠢᠶᠣᠤ ᠪᠠᠯᠭᠠᠰᠤ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠵᠤ᠂ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠬᠥᠳᠡᠭᠡ ᠲᠣᠰᠬᠤᠨ ᠤ ᠣᠶ ᠰᠢᠭᠤᠶ ᠶᠢᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠣᠶ ᠰᠢᠭᠤᠶ ᠶᠢᠨ ᠲᠠᠯᠠᠪᠠᠶ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠥᠳᠡᠯᠭᠡᠭᠦᠷ ᠪᠣᠯᠭᠠᠪᠠ᠃ ︽ᠬᠥᠳᠡᠭᠡ ᠲᠣᠰᠬᠤᠨ ᠤ ᠤᠢ ᠰᠢᠭᠤᠢ ᠶᠢᠨ ᠠᠭᠤᠳᠠᠮ ᠲᠠᠯᠠᠪᠠᠢ ᠶᠢ ᠪᠠᠶᠢᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢ ᠣᠷᠭᠠᠨᠢᠭ ᠢᠶᠠᠷ ᠤᠶᠠᠯᠳᠤᠭᠤᠯᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠡᠬᠢ ᠪᠠᠶᠠᠯᠢᠭ ᠢ ᠨᠢᠭᠡᠳᠭᠡᠵᠦ᠂ ᠭᠡᠷ ᠤᠨ ᠡᠭᠦᠳᠡᠨ ᠳᠠᠬᠢ ︿ᠰᠢᠯᠦᠭ ᠪᠣᠯᠤᠨ ᠠᠯᠤᠰ ᠢᠷᠡᠭᠡᠳᠦᠢ﹀ ᠶᠢ ᠴᠣᠭᠴᠠᠯᠠᠵᠤ᠂ ᠬᠥᠳᠡᠭᠡ ᠲᠣᠰᠬᠤᠨ ᠤ ᠣᠷᠴᠢᠨ ᠲᠣᠭᠤᠷᠢᠨ ᠢ ᠭᠤᠶᠤᠵᠢᠭᠤᠯᠵᠤ᠂ ᠲᠣᠰᠬᠤᠨ ᠤ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠪᠡ᠃︾       ᠡᠯ ᠳ᠋ᠤᠤ ᠴᠢᠶᠣᠤ ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠲᠢᠶᠠᠨ ᠶᠢᠦ ᠢ᠂ ︽ᠳᠠᠷᠠᠭᠠᠴᠢ ᠶᠢᠨ ᠠᠯᠬᠤᠮ ᠳᠤ᠂ ᠪᠢᠳᠡ ᠥᠪᠡᠷᠲᠡᠭᠡᠨ ᠵᠠᠰᠠᠬᠤ ᠣᠷᠣᠨ ᠤ ᠲᠡᠰ ᠤᠨ ᠤᠢ ᠰᠢᠭᠤᠢ ᠶᠢᠨ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠬᠥᠳᠡᠭᠡ ᠲᠣᠰᠬᠤᠨ ᠤ ᠠᠵᠤ ᠠᠬᠤᠢ ᠶᠢ ᠤᠯᠠᠮ ᠴᠢᠨᠠᠭᠰᠢᠳᠠ ᠨᠥᠯᠥᠭᠡᠯᠡᠵᠦ᠂ ᠲᠣᠰᠬᠤᠨ ᠤ ᠠᠷᠠᠳ ᠤᠨ ᠬᠥᠳᠡᠭᠡ ᠲᠣᠰᠬᠤᠨ ᠤ ᠵᠢᠭᠤᠯᠴᠢᠯᠠᠯ ᠪᠣᠯᠤᠨ ᠤᠨᠴᠠᠯᠢᠬᠳᠤ ᠠᠵᠤ ᠦᠢᠯᠡᠰ ᠤᠨ ᠲᠠᠷᠢᠮᠠᠯ ᠢ ᠬᠥᠭᠵᠢᠭᠦᠯᠬᠦ ᠶᠢ ᠵᠣᠷᠢᠭᠵᠢᠭᠤᠯᠵᠤ᠂ ᠲᠣᠰᠬᠤᠨ ᠤ ᠬᠠᠮᠲᠤ ᠶᠢᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠵᠤ᠂ ᠪᠦᠬᠦ ᠪᠠᠯᠭᠠᠰᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ︾ ᠭᠡᠵᠦ ᠬᠡᠯᠡᠪᠡ᠃
ᠢᠷᠡᠯᠲᠡ᠄ ᠲᠣᠲᠣᠷᠬᠠᠢ ᠦᠭᠡᠢ