ᠬᠠᠩᠭᠢᠨ ᠬᠤᠶᠢᠲᠤ ᠬᠤᠰᠢᠭᠤ᠄ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠰᠠᠶᠢᠵᠢᠷᠠᠭᠤᠯᠤᠨ᠎ᠠ
ᠨᠡᠶᠢᠲᠡᠯᠡᠭᠰᠡᠨ ᠴᠠᠭ᠄
2024/9/27
      ᠨᠠᠮᠤᠷ ᠤᠨ ᠴᠠᠭ ᠪᠣᠯᠲᠠᠯ᠎ᠠ ᠲᠦᠮᠡᠨ ᠪᠣᠳᠠᠰ ᠡᠯᠪᠡᠭ᠃ ᠬᠠᠩᠭᠢᠨ ᠬᠤᠶᠢᠲᠤ ᠬᠤᠰᠢᠭᠤᠨ ᠤ ᠡᠯ᠎ᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠶᠢ ᠠᠵᠢᠭᠯᠠᠵᠤ᠂ ᠭᠠᠵᠠᠷ ᠪᠣᠯᠭᠠᠨ ᠳᠤ ᠶᠡᠬᠡᠪᠡᠷ ᠠᠵᠢᠯᠯᠠᠵᠤ ᠲᠦᠷᠭᠡᠨ ᠬᠥᠭᠵᠢᠭᠦᠯᠬᠦ ᠡᠷᠴᠢ ᠵᠣᠷᠢᠭ ᠢᠯᠡᠷᠡᠪᠡ᠃      ᠤᠢᠢᠷ᠎ᠠ ᠶᠢᠨ ᠵᠢᠯ ᠠᠴᠠ᠂ ᠬᠠᠩᠭᠢᠨ ᠬᠤᠶᠢᠲᠤ ᠬᠤᠰᠢᠭᠤᠨ ᠤ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠴᠢᠬᠤᠯᠠ ᠶᠡᠭᠡ ᠠᠵᠤ ᠦᠢᠯᠡᠰ᠂ ᠤᠯᠠᠨ ᠨᠡᠶᠢᠲᠡ ᠶᠢᠨ ᠦᠢᠯᠡᠴᠢᠯᠡᠭᠡ᠂ ᠠᠮᠢ ᠠᠬᠤᠢ ᠶᠢᠨ ᠵᠠᠰᠠᠯᠲᠠ᠂ ᠰᠠᠭᠤᠷᠢ ᠲᠥᠬᠦᠭᠡᠷᠦᠮᠵᠢ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠪᠥᠭᠡᠳ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠢ ᠨᠡᠩ ᠭᠦᠢᠴᠡᠳ ᠪᠣᠯᠭᠠᠵᠤ᠂ ᠵᠣᠯ ᠵᠢᠷᠭᠠᠯᠲᠤ ᠲᠦᠷᠦᠭᠳᠡᠯ ᠢ ᠨᠡᠩ ᠦᠷᠭᠦᠯᠵᠢᠯᠡᠭᠦᠯᠵᠦ᠂ ᠠᠮᠤᠷ ᠲᠦᠪᠰᠢᠨ ᠤ ᠲᠦᠷᠦᠭᠳᠡᠯ ᠢ ᠨᠡᠩ ᠪᠠᠲᠤᠯᠠᠭ᠎ᠠ ᠲᠠᠢ ᠪᠣᠯᠭᠠᠭᠰᠠᠨ ᠪᠠᠶᠢᠨ᠎ᠠ᠃      ︽ᠰᠢᠨ᠎ᠡ︾ ᠲᠡᠰᠢ ᠶᠠᠪᠤᠵᠤ᠂ ᠰᠢᠨ᠎ᠡ ᠬᠥᠳᠡᠯᠭᠡᠬᠦ ᠬᠦᠴᠦᠨ ᠢ ᠬᠤᠷᠠᠮᠳᠤᠭᠤᠯᠪᠠ      ᠬᠤᠸᠠ ᠾᠧᠩ ᠠᠮᠢᠳᠤ ᠪᠣᠳᠠᠰ ᠤᠨ ᠰᠣᠯᠢᠭᠳᠠᠯ ᠨᠢ ᠵᠢᠯ ᠳᠤ 6 ᠲᠦᠮᠡᠨ ᠲᠣᠨ ᠭᠤᠷᠪᠠᠨ ᠰᠠᠯᠠᠭ᠎ᠠ ᠭᠢᠨᠵᠢᠨ ᠰᠢᠪᠲᠦᠷᠲᠦ ᠬᠦᠴᠢᠯ᠂ ᠥᠩᠭᠡᠲᠦ ᠰᠢᠪᠲᠦᠷᠲᠦ ᠬᠦᠴᠢᠯ ᠪᠣᠯᠤᠨ 1 ᠲᠦᠮᠡᠨ ᠲᠣᠨ ᠨᠠᠷᠢᠯᠢᠭ ᠰᠢᠪᠲᠦᠷᠲᠦ ᠬᠦᠴᠢᠯ ᠤᠨ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ ᠬᠦᠷᠴᠦ᠂ ᠰᠤᠪᠤᠷᠭᠠᠨ ᠳᠡᠭᠦᠵᠢᠩ ᠣᠢ ᠰᠢᠭᠤᠶ᠂ ᠮᠠᠰᠢᠨ ᠮᠧᠬᠠᠨᠢᠭ ᠤᠨ ᠳᠠᠭᠤᠨ ᠨᠢᠵᠢᠭᠢᠨᠡᠵᠦ᠂ ᠠᠵᠢᠯᠴᠢᠨ ᠶᠠᠭᠠᠷᠠᠯᠲᠠᠶ ᠪᠠᠶᠢᠵᠤ᠂ ᠡᠨᠡ ᠵᠢᠯ ᠤᠨ 5 ᠰᠠᠷ᠎ᠠ ᠳᠤ ᠪᠠᠷᠢᠯᠭ᠎ᠠ ᠡᠬᠢᠯᠡᠭᠰᠡᠨ ᠠᠴᠠ ᠨᠠᠰᠢ᠂ ᠣᠳᠣᠬᠠᠨ ᠳᠤ ᠭᠤᠷᠪᠠᠨ ᠦᠢᠯᠡᠳᠪᠦᠷᠢ ᠶᠢᠨ ᠲᠠᠰᠤᠭ ᠤᠨ ᠭᠤᠤᠯ ᠴᠣᠭᠴᠠ ᠶᠢᠨ ᠪᠠᠷᠢᠯᠭ᠎ᠠ ᠪᠦᠬᠦᠨ ᠢᠶᠠᠷ ᠢᠶᠠᠨ ᠣᠷᠣᠶ ᠶᠢ ᠪᠢᠳᠡᠭᠦᠮᠵᠢᠯᠡᠵᠦ᠂ ᠶᠠᠭ ᠬᠤᠶᠠᠳᠤᠭᠠᠷ ᠤᠳᠠᠭᠠᠨ ᠤ ᠪᠦᠲᠦᠴᠡ ᠪᠣᠯᠤᠨ ᠬᠤᠭᠤᠯᠠᠶ ᠶᠢᠨ ᠲᠣᠤᠷ ᠤᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠬᠢᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ︽ᠠᠬᠢᠴᠠ ᠶᠢᠨ ᠵᠤᠷᠪᠤᠰ︾ ᠢ ᠲᠠᠰᠤᠷᠠᠯᠲᠠ ᠥᠬᠡᠶ ᠰᠢᠨᠡᠳᠬᠡᠪᠡ᠃
1.png
      ᠬᠤᠸᠠ ᠾᠧᠩ ᠠᠮᠢᠳᠤ ᠪᠣᠳᠠᠰ ᠪᠣᠯ ᠬᠠᠩᠭᠢᠨ ᠬᠤᠶᠢᠲᠤ ᠬᠤᠰᠢᠭᠤᠨ ᠤ ᠠᠮᠵᠢᠯᠲᠠ ᠲᠠᠢ ᠪᠠᠷ ᠣᠷᠣᠭᠤᠯᠤᠨ ᠠᠪᠴᠢᠷᠠᠭᠰᠠᠨ ᠪᠥᠬᠦ ᠳᠡᠯᠡᠬᠡᠶ ᠶᠢᠨ ᠨᠡᠶᠢᠯᠡᠮᠡᠯ ᠠᠮᠢᠳᠤ ᠪᠣᠳᠠᠰ ᠤᠨ ᠳᠠᠭᠠᠭᠤᠯᠤᠭᠴᠢ ᠠᠵᠤ ᠠᠬᠤᠶᠢᠯᠠᠯ ᠪᠣᠯᠤᠨ᠎ᠠ᠂ ᠡᠷᠳᠡᠨᠢ ᠰᠢᠰᠢ ᠶᠢᠨ ᠴᠠᠷᠳᠠᠭᠤᠯ ᠢᠶᠠᠷ ᠲᠦᠭᠦᠬᠡᠶ ᠮᠠᠲ᠋ᠧᠷᠢᠶᠠᠯ ᠪᠣᠯᠭᠠᠨ ᠰᠢᠪᠲᠦᠷᠲᠦ ᠬᠦᠴᠢᠯ ᠤᠨ ᠨᠡᠶᠢᠯᠡᠮᠡᠯ ᠡᠳ᠋ᠰᠢᠭᠦᠯᠦᠯᠲᠡ ᠬᠢᠵᠦ᠂ ᠪᠦᠲᠦᠭᠡᠭᠳᠡᠬᠦᠨ ᠨᠢ ᠡᠮ ᠡᠮᠨᠡᠯᠭᠡ᠂ ᠡᠷᠡᠭᠦᠯᠵᠢᠯ ᠤᠨ ᠡᠳ᠋᠂ ᠢᠳᠡᠭᠡᠨ ᠤ ᠨᠡᠮᠡᠯᠲᠡ ᠡᠳ᠋ ᠪᠠ ᠲᠡᠵᠢᠭᠡᠯ ᠪᠣᠷᠳᠤᠭ᠎ᠠ ᠵᠡᠷᠭᠡ ᠣᠯᠠᠨ ᠬᠦᠷᠢᠶᠡᠨ ᠳᠤ ᠥᠷᠭᠡᠨ ᠢᠶᠠᠷ ᠬᠡᠷᠡᠭᠯᠡᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠠᠯ᠎ᠠ ᠪᠠᠷ ᠬᠤᠰᠢᠭᠤᠴᠢ ᠪᠣᠯᠵᠣ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ ᠪᠠᠶᠠᠨᠨᠠᠭᠤᠷ ᠤᠨ ᠬᠤᠸᠠ ᠾᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢᠦ ᠸᠧᠢ ᠢᠦᠢ᠄ ︽ᠬᠤᠸᠠ ᠾᠧᠩ ᠠᠮᠢᠳᠤ ᠪᠣᠳᠠᠰ ᠤᠨ ᠭᠤᠷᠪᠠᠳᠤᠭᠠᠷ ᠬᠤᠭᠤᠴᠠᠭᠠᠨ ᠤ ᠲᠦᠷᠦᠯ ᠵᠦᠢᠯ ᠳᠤ 7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ 2025 ᠣᠨ ᠤ 6 ᠰᠠᠷ᠎ᠠ ᠳᠤ ᠦᠢᠯᠡᠳᠪᠦᠷᠢᠯᠡᠯ ᠢᠶᠠᠨ ᠲᠣᠭᠲᠠᠪᠤᠷᠢᠵᠢᠭᠤᠯᠵᠤ ᠦᠢᠯᠡᠳᠪᠦᠷᠢᠯᠡᠯ ᠳᠤ ᠬᠦᠷᠭᠡᠬᠦ ᠪᠠᠷ ᠲᠥᠯᠥᠪᠯᠡᠵᠦ ᠪᠤᠢ᠃ ᠲᠥᠷᠥᠯ ᠵᠦᠢᠯ ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠦᠢᠯᠡᠳᠬᠦᠨ ᠤ ᠥᠷᠲᠡᠭ ᠢ 15 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠵᠦ᠂ ᠭᠠᠶᠢᠯᠢ ᠲᠠᠲᠠᠪᠤᠷᠢ ᠶᠢ 1 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠵᠦ᠂ 300 ᠭᠠᠷᠤᠶ ᠬᠥᠮᠦᠨ ᠳᠤ ᠰᠢᠨ᠎ᠡ ᠪᠠᠷ ᠠᠵᠢᠯ ᠣᠯᠭᠤᠬᠤ ᠪᠠᠷ ᠵᠢᠱᠢᠵᠦ ᠪᠠᠶᠢᠨ᠎ᠠ᠃ ᠡᠭᠦᠨ ᠤ ᠬᠠᠮᠲᠤ᠂ ᠠᠵᠤ ᠦᠶ᠋ᠯᠡᠰ ᠤᠨ ᠬᠡᠯᠬᠢᠶ᠎ᠡ ᠶᠢ ᠤᠷᠲᠤᠳᠬᠠᠵᠤ᠂ 40 ᠲᠦᠮᠡᠨ ᠮᠥ ᠡᠷᠳᠡᠨᠢ ᠰᠢᠰᠢ ᠳᠠᠷᠢᠬᠤ ᠲᠠᠷᠢᠶᠠᠴᠢᠨ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠪᠠᠷ ᠪᠠᠷᠠᠬᠤ ᠥᠬᠡᠶ᠂ ᠡᠷᠳᠡᠨᠢ ᠰᠢᠰᠢ ᠶᠢᠨ ᠴᠠᠷᠳᠠᠭᠤᠯ ᠤᠨ ᠠᠵᠤ ᠦᠶ᠋ᠯᠡᠰ ᠤᠨ ᠬᠥᠭᠵᠢᠯᠲᠡ ᠶᠢ ᠴᠤ ᠳᠠᠶᠢᠴᠢᠯᠠᠬᠤ ᠪᠣᠯᠤᠨ᠎ᠠ︾ ᠭᠡᠵᠡᠶ᠃      ᠥᠨᠳᠥᠷ ᠵᠦᠭ ᠠᠪᠠᠷᠢᠬᠤ᠂ ᠰᠢᠨ᠎ᠡ ᠵᠦᠭ ᠤᠷᠤᠭᠰᠢᠯᠠᠬᠤ᠃ ᠬᠠᠩᠭᠢᠨ ᠬᠤᠶᠢᠲᠤ ᠬᠤᠰᠢᠭᠤᠨ ᠤ ᠬᠢᠨ ᠲᠣᠰ ᠪᠡᠶ᠎ᠡ ᠶᠢᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠬᠤ ᠪᠠ ᠬᠥᠭᠵᠢᠭᠦᠯᠬᠦ ᠲᠠᠢ ᠨᠢᠭᠲᠠ ᠤᠶᠠᠯᠳᠤᠭᠤᠯᠤᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠᠷ ᠳᠠᠮᠵᠢᠭᠤᠯᠤᠨ᠂ ᠲᠣᠮᠣ ᠪᠥᠭᠡᠳ ᠬᠦᠴᠦᠷᠬᠡᠭ ᠲᠥᠷᠥᠯ ᠵᠦᠢᠯ ᠤᠳ ᠨᠢ ᠬᠠᠩᠭᠢᠨ ᠬᠤᠶᠢᠲᠤ ᠬᠤᠰᠢᠭᠤᠨ ᠳᠤ ᠦᠢᠯᠡᠳᠪᠦᠷᠢᠯᠡᠯ ᠤᠨ ᠦᠷ᠎ᠡ ᠪᠦᠲᠦᠮᠵᠢ ᠣᠯᠵᠤ᠂ ᠰᠢᠨ᠎ᠡ ᠮᠡᠷᠭᠡᠵᠢᠯ᠂ ᠰᠢᠨ᠎ᠡ ᠰᠡᠳᠬᠢᠬᠦᠶ ᠶᠢ ᠬᠡᠷᠡᠭᠯᠡᠨ᠂ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠬᠤ ᠪᠠ ᠴᠢᠨᠠᠷ ᠰᠠᠶᠢᠲᠠᠶ ᠬᠥᠭᠵᠢᠯᠲᠡ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠢ ᠨᠢᠭᠲᠠᠷᠠᠭᠤᠯᠪᠠ᠃      ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠳᠦᠷᠰᠦ ᠪᠠᠶᠢᠳᠠᠯ ᠢ ᠪᠣᠶ ᠪᠣᠯᠭᠠᠪᠠ      ᠱᠠᠮᠪᠠ ᠪᠠᠯᠭᠠᠰᠤᠨ ᠤ ᠵᠠᠩ ᠹᠠᠩ ᠲᠣᠰᠬᠤᠨ ᠤ ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠵᠢᠱᠢᠶ᠎ᠡ ᠦᠵᠡᠭᠦᠯᠬᠦ ᠣᠷᠣᠨ ᠳᠤ᠂ ᠵᠠᠯᠭᠠᠯᠳᠤᠭᠤᠯᠤᠨ ᠲᠠᠷᠢᠭᠰᠠᠨ ᠡᠷᠳᠡᠨᠢ ᠰᠢᠰᠢ ᠡᠯᠪᠡᠭ ᠬᠤᠷᠢᠶᠠᠯᠲᠠ ᠣᠯᠵᠤ᠂ ᠬᠥᠮᠦᠰ ᠡᠷᠳᠡᠨᠢ ᠰᠢᠰᠢ ᠶᠢ ᠬᠠᠳᠤᠵᠤ ᠬᠤᠷᠢᠶᠠᠬᠤ ᠪᠠᠷ ᠶᠠᠭᠠᠷᠠᠯᠳᠤᠵᠤ᠂ ᠬᠠᠮᠤᠭ ᠤᠨ ᠭᠤᠶᠤ ᠡᠯᠪᠡᠭ ᠬᠤᠷᠢᠶᠠᠯᠲᠠ ᠶᠢᠨ ᠵᠢᠷᠤᠭ ᠢ ᠪᠦᠷᠢᠯᠳᠦᠭᠦᠯᠵᠡᠶ᠃
2.png
      ᠬᠦᠷᠢᠶᠡᠯᠡᠩ ᠲᠣᠭᠤᠷᠢᠭ ᠪᠠᠶᠢᠭᠤᠯᠤᠭᠳᠠᠭᠰᠠᠨ ᠠᠴᠠ ᠰᠡᠭᠦᠯᠡᠷ᠂ ᠲᠠᠷᠢᠶᠠᠨ ᠭᠠᠵᠠᠷ ᠨᠢ ᠳᠥᠷᠪᠡᠯᠵᠢᠨ᠂ ᠣᠢ ᠰᠢᠭᠤᠢ ᠨᠢ ᠲᠣᠣᠷᠵᠢᠵᠤ᠂ ᠵᠠᠮ ᠨᠢ ᠵᠠᠯᠭᠠᠯᠳᠤᠨ ᠂ ᠰᠤᠪᠠᠭ ᠨᠢ ᠵᠠᠯᠭᠠᠯᠳᠤᠵᠤ᠂ ᠪᠠᠭ᠎ᠠ ᠲᠠᠷᠢᠶ᠎ᠠ ᠶᠢ ᠲᠣᠮᠣ ᠲᠠᠷᠢᠶ᠎ᠠ᠂ ᠠᠲᠠᠷ ᠲᠠᠷᠢᠶ᠎ᠠ ᠶᠢ ᠰᠠᠶᠢᠨ ᠲᠠᠷᠢᠶ᠎ᠠ ᠪᠣᠯᠭᠠᠨ ᠬᠤᠪᠢᠷᠠᠭᠤᠯᠬᠤ ᠶᠢ ᠪᠡᠶᠡᠯᠡᠭᠦᠯᠪᠡ᠃ ᠡᠭᠦᠨ ᠤ ᠬᠠᠮᠲᠤ᠂ ᠡᠷᠳᠡᠨᠢ ᠰᠢᠰᠢ ᠶᠢ ᠨᠢᠭᠲᠠ ᠳᠠᠷᠢᠵᠤ ᠨᠠᠷᠢᠯᠢᠭ ᠣᠨᠣᠴᠠᠲᠠᠶ ᠪᠠᠷ ᠲᠣᠬᠢᠷᠠᠭᠤᠯᠤᠨ ᠡᠵᠡᠮᠳᠡᠵᠦ᠂ ᠬᠠᠲᠤᠨ ᠭᠤᠤᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ ᠥᠨᠳᠥᠷ ᠪᠦᠲᠦᠮᠵᠢᠲᠡᠶ ᠤᠰᠤ ᠠᠷᠪᠢᠯᠠᠬᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠲᠣᠭᠠᠴᠢᠯᠠᠭᠰᠠᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠪᠠ ᠁ ᠰᠢᠨ᠎ᠡ ᠮᠡᠷᠭᠡᠵᠢᠯ ᠨᠢ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠵᠦ ᠣᠷᠣᠯᠭ᠎ᠠ ᠶᠢ ᠨᠡᠮᠡᠭᠳᠡᠭᠦᠯᠬᠦ ᠳᠤ ᠪᠠᠲᠤ ᠪᠠᠬᠢ ᠪᠠᠲᠤᠯᠠᠭ᠎ᠠ ᠬᠠᠩᠭᠠᠭᠰᠠᠨ ᠪᠠᠶᠢᠨ᠎ᠠ᠃ ᠲᠣᠰᠬᠤᠨ ᠤ ᠠᠷᠠᠳ ᠯᠢᠦ ᠹᠦ᠋ ᠴᠢᠤᠸᠠᠨ ᠤ ᠰᠡᠳᠬᠢᠯ ᠳᠤ ᠨᠢᠭᠡ ᠲᠣᠳᠣᠷᠬᠠᠶ ᠳᠠᠩᠰᠠ ᠲᠠᠢ᠂ ︽ᠬᠦᠷᠢᠶᠡᠯᠡᠩ ᠲᠣᠭᠤᠷᠢᠭ ᠪᠠᠶᠢᠭᠤᠯᠤᠭᠳᠠᠭᠰᠠᠨ ᠤ ᠳᠠᠷᠠᠭ᠎ᠠ᠂ ᠤᠰᠤ ᠠᠷᠪᠢᠯᠠᠵᠤ ᠪᠤᠷᠳᠤᠭᠤᠷ ᠢ ᠠᠷᠪᠢᠯᠠᠨ ᠬᠥᠮᠦᠨ ᠤ ᠬᠦᠴᠦᠨ ᠢ ᠠᠷᠪᠢᠯᠠᠵᠤ᠂ ᠡᠷᠳᠡᠨᠢ ᠰᠢᠰᠢ ᠵᠢᠱᠢᠯᠲᠡ ᠪᠠᠷ ᠮᠦ ᠪᠦᠷᠢ 20%-30% ᠨᠡᠮᠡᠭᠳᠡᠨ᠎ᠡ᠂ ᠲᠡᠷᠡᠴᠢᠯᠡᠨ ᠭᠠᠵᠠᠷ ᠰᠢᠷᠣᠶ ᠶᠢ ᠪᠠᠰᠠ ᠡᠷᠭᠢᠯᠳᠦᠭᠦᠯᠦᠨ ᠭᠠᠷᠭᠠᠵᠤ ᠪᠣᠯᠤᠨ᠎ᠠ᠂ ᠤᠤᠯ ᠨᠢ ᠬᠤᠶᠠᠷ ᠭᠤᠷᠪᠠᠨ ᠵᠠᠭᠤᠨ ᠲᠥᠭᠦᠷᠢᠭ ᠤᠨ ᠭᠠᠳᠠᠭᠰᠢ ᠭᠠᠷᠤᠭᠰᠠᠨ ᠭᠠᠵᠠᠷ ᠪᠠᠶᠢᠵᠤ᠂ ᠤᠳᠤ ᠡᠷᠭᠢᠯᠲᠡ ᠶᠢᠨ ᠵᠠᠷᠤᠳᠠᠯ 950 ᠲᠥᠭᠦᠷᠢᠭ᠂ ᠪᠠᠰᠠ ᠬᠥᠯᠥᠰᠥᠨ ᠠᠵᠢᠯ ᠢ ᠰᠠᠭᠠᠲᠠᠭᠠᠬᠤ ᠦᠭᠡᠢ᠂ ᠪᠠᠰᠠ ᠨᠢᠭᠡ ᠬᠤᠪᠢ ᠠᠰᠢᠭ ᠣᠯᠵᠠᠪᠤᠷᠢ ᠪᠣᠯᠤᠨ᠎ᠠ︾ ᠬᠡᠵᠡᠢ᠃      ᠬᠠᠩᠭᠢᠨ ᠬᠤᠶᠢᠲᠤ ᠬᠤᠰᠢᠭᠤᠨ ᠤ ᠬᠢᠨ ᠡᠯᠪᠡᠭ ᠪᠠᠶᠠᠯᠢᠭ ᠲᠠᠷᠢᠶᠠᠯᠠᠩ ᠤᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠲᠦᠰᠢᠭᠯᠡᠨ᠂ ︽ᠨᠢᠭᠡ ᠪᠠᠯᠭᠠᠰᠤ ᠨᠢᠭᠡ ᠬᠦᠷᠢᠶᠡᠯᠡᠩ ᠲᠣᠭᠤᠷᠢᠭ᠂ ᠨᠢᠭᠡ ᠬᠦᠷᠢᠶᠡᠯᠡᠩ ᠨᠢᠭᠡ ᠣᠨᠴᠠᠯᠢᠭ︾ ᠤᠨ ᠲᠣᠭᠤᠷᠢᠨ ᠳᠤ᠂ ᠲᠠᠷᠢᠶᠠᠨ ᠭᠠᠵᠠᠷ ᠢ ᠰᠠᠶᠢᠵᠢᠷᠠᠭᠤᠯᠬᠤ᠂ ᠳᠠᠷᠢᠵᠤ ᠴᠢᠬᠢ ᠪᠤᠶᠢᠵᠢᠭᠤᠯᠬᠤ᠂ ᠲᠦᠬᠦᠭᠡᠷᠦᠮᠵᠢᠲᠦ ᠲᠠᠷᠢᠶᠠᠯᠠᠩ᠂ ᠣᠲᠣ ᠦᠶ᠎ᠡ ᠶᠢᠨ ᠣᠶ ᠵᠢᠮᠢᠰ᠂ ᠤᠰᠤ ᠠᠷᠪᠢᠯᠠᠬᠤ ᠤᠰᠤᠯᠠᠯᠲᠠ᠂ ᠬᠥᠮᠥᠷᠭᠡᠯᠡᠨ ᠪᠣᠯᠪᠠᠰᠤᠷᠠᠭᠤᠯᠬᠤ ᠵᠡᠷᠭᠡ ᠬᠦᠴᠦᠨ ᠵᠦᠢᠯ ᠤᠨ ᠲᠣᠭᠤᠷᠢᠨ ᠳᠤ᠂ ᠱᠠᠮᠪᠠ ᠪᠠᠯᠭᠠᠰᠤᠨ ᠤ ᠪᠸᠢ ᠪᠸᠢ ᠯᠠᠩᠭᠤᠸᠠ ᠶᠢᠨ ᠠᠵᠤ ᠦᠢᠯᠡᠰ ᠤᠨ ᠬᠦᠷᠢᠶᠡᠯᠡᠩ᠂ ᠱᠤᠸᠠᠩ ᠮᠢᠶᠣᠣ ᠪᠠᠯᠭᠠᠰᠤᠨ ᠤ ᠱᠧᠩ ᠨᠢᠦᠢ ᠵᠢᠮᠢᠰ ᠤᠨ ᠠᠵᠤ ᠦᠢᠯᠡᠰ ᠤᠨ ᠬᠦᠷᠢᠶᠡᠯᠡᠩ᠂ ᠡᠯ ᠳ᠋ᠤᠤ ᠴᠢᠶᠣᠤ ᠪᠠᠯᠭᠠᠰᠤᠨ ᠤ ᠰᠦᠯᠵᠢᠶᠡᠨ ᠤ ᠰᠤᠪᠤᠳ ᠤᠨ ᠪᠠᠯᠲᠤ ᠬᠡᠮᠬᠡ ᠶᠢᠨ ᠠᠵᠤ ᠦᠢᠯᠡᠰ ᠤᠨ ᠬᠦᠷᠢᠶᠡᠯᠡᠩ ᠵᠡᠷᠭᠡ ᠨᠢᠭᠡ ᠪᠦᠯᠦᠭ ᠤᠨᠴᠠᠯᠢᠭᠳᠤ ᠲᠠᠷᠢᠶᠠᠯᠠᠩ ᠤᠨ ᠬᠦᠷᠢᠶᠡᠯᠡᠩ ᠲᠣᠭᠤᠷᠢᠭ ᠢ ᠪᠠᠶᠢᠭᠤᠯᠵᠤ᠂ ᠤᠯᠠᠮᠵᠢᠯᠠᠯᠲᠤ ᠲᠠᠷᠢᠶᠠᠯᠠᠩ ᠤᠨ ᠣᠲᠣ ᠦᠶ᠎ᠡ ᠶᠢᠨ ᠲᠠᠷᠢᠶᠠᠯᠠᠩ ᠤᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠪᠡ᠃      ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠵᠣᠯ ᠵᠢᠷᠭᠠᠯ ᠤᠨ ︽ᠰᠢᠨ᠎ᠡ ᠬᠠᠷᠢᠭᠤᠯᠲᠠ ᠶᠢᠨ ᠬᠠᠭᠤᠳᠠᠰᠤ︾ ᠶᠢ ᠪᠢᠴᠢᠭᠯᠡᠪᠡ      ᠬᠠᠩᠭᠢᠨ ᠬᠤᠶᠢᠲᠤ ᠬᠤᠰᠢᠭᠤᠨ ᠤ ᠴᠧᠨ ᠹᠧᠩ ᠳᠤᠮᠳᠠᠳᠤ ᠰᠤᠷᠭᠠᠭᠤᠯᠢ ᠳᠤ ᠣᠷᠣᠬᠤ ᠳᠤ᠂ ᠰᠤᠷᠭᠠᠭᠤᠯᠢ ᠶᠢᠨ ᠬᠦᠷᠢᠶᠡᠨ ᠤ ᠥᠷᠭᠡᠨ ᠠᠭᠤᠳᠠᠮ ᠭᠤᠶᠤ ᠰᠠᠶᠢᠬᠠᠨ ᠣᠷᠴᠢᠨ ᠲᠣᠭᠤᠷᠢᠨ᠂ ᠲᠡᠷᠢᠭᠦᠨ ᠤ ᠵᠢᠭᠠᠨ ᠰᠤᠷᠭᠠᠯᠲᠠ ᠶᠢᠨ ᠲᠥᠬᠦᠭᠡᠷᠦᠮᠵᠢ᠂ ᠰᠢᠯᠢᠳᠡᠭ ᠠᠵᠢᠯ ᠦᠢᠯᠡᠰ ᠢᠶᠠᠨ ᠳᠡᠭᠡᠳᠦᠯᠡᠭᠰᠡᠨ ᠪᠠᠭᠰᠢ ᠶᠢᠨ ᠪᠦᠯᠬᠦᠮ᠂ ᠴᠤᠭ ᠵᠢᠪᠬᠤᠭ᠎ᠠ ᠲᠠᠢ ᠦᠶ ᠲᠦᠮᠡᠨ ᠰᠤᠷᠤᠭᠴᠢᠳ ᠁ ᠡᠨᠡ ᠬᠦ ᠰᠢᠨ᠎ᠡ ᠪᠠᠷ ᠪᠠᠶᠢᠭᠤᠯᠤᠭᠰᠠᠨ ᠰᠤᠷᠭᠠᠭᠤᠯᠢ ᠶᠢᠨ ᠭᠠᠵᠠᠷ ᠪᠣᠯᠭᠠᠨ ᠳᠤ ᠰᠢᠯᠭᠠᠷᠠᠭᠤᠯᠤᠯᠲᠠ ᠶᠢ ᠬᠥᠭᠡᠭᠡᠴᠡᠯᠳᠦᠬᠦ᠂ ᠪᠦᠯᠬᠦᠮᠳᠡᠨ ᠲᠡᠮᠡᠴᠡᠬᠦ ᠰᠤᠷᠭᠠᠨ ᠬᠥᠮᠦᠵᠢᠯ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠢᠯᠡᠷᠡᠭᠦᠯᠵᠦ ᠪᠤᠢ᠃
3.png
      ᠬᠢᠴᠢᠶᠡᠯ ᠤᠨ ᠭᠡᠷ ᠪᠣᠯᠭᠠᠨ ᠳᠤ ᠣᠳᠣᠬᠢᠴᠢᠯᠠᠭᠰᠠᠨ ᠵᠢᠭᠠᠨ ᠰᠤᠷᠭᠠᠯᠲᠠ ᠶᠢᠨ ᠰᠢᠰᠲ᠋ᠧᠮ᠂ ᠣᠶᠤᠨᠴᠢ ᠰᠠᠮᠪᠠᠷ᠎ᠠ ᠲᠠᠢ ᠪᠠᠶᠢᠵᠤ᠂ ᠰᠤᠷᠭᠠᠭᠤᠯᠢ ᠳᠤ ᠪᠠᠰᠠ ᠲᠡᠷᠢᠭᠦᠨ ᠤ ᠠᠦ᠋ᠲ᠋ᠣᠴᠢᠯᠠᠭᠰᠠᠨ ᠲᠤᠷᠰᠢᠯᠲᠠ ᠶᠢᠨ ᠲᠠᠰᠤᠭ᠂ ᠪᠦᠷᠢᠨ ᠲᠡᠭᠦᠯᠳᠡᠷ ᠰᠢᠯᠭᠠᠯᠲᠠ ᠶᠢᠨ ᠶᠠᠪᠤᠳᠠᠯ ᠤᠨ ᠰᠢᠰᠲ᠋ᠧᠮ ᠢ ᠲᠤᠬᠢᠷᠠᠭᠤᠯᠵᠤ᠂ ᠪᠠᠰᠠ ᠳᠠᠭᠤᠤ ᠬᠥᠭᠵᠢᠮ ᠪᠥᠵᠢᠭ ᠺᠣᠮᠫᠢᠦ᠋ᠲ᠋ᠧᠷ ᠵᠡᠷᠭᠡ ᠡᠯ᠎ᠡ ᠲᠦᠷᠦᠯ ᠤᠨ ᠴᠢᠳᠠᠮᠵᠢ ᠪᠠᠷ ᠪᠦᠷᠢᠨ ᠲᠡᠭᠦᠯᠳᠡᠷ ᠬᠥᠳᠡᠯᠭᠡᠭᠡᠨ ᠤ ᠲᠠᠰᠤᠭ ᠢ ᠲᠤᠬᠢᠷᠠᠭᠤᠯᠵᠤ᠂ ᠰᠤᠷᠤᠭᠴᠢᠳ ᠤᠨ ᠰᠤᠷᠤᠯᠭ᠎ᠠ ᠠᠮᠢᠳᠤᠷᠠᠯ ᠤᠨ ᠬᠡᠷᠡᠭᠴᠡᠭᠡ ᠶᠢ ᠲᠦᠢᠯ ᠤᠨ ᠶᠡᠭᠡ ᠪᠠᠷ ᠬᠠᠩᠭᠠᠭᠰᠠᠨ ᠪᠠᠶᠢᠨ᠎ᠠ᠃ ᠰᠤᠷᠤᠭᠴᠢ ᠯᠦ ᡁᠢ ᠵᠢᠶᠠ ᠰᠤᠷᠪᠤᠯᠵᠢᠯᠠᠭᠴᠢ ᠳᠤ ᠬᠡᠯᠡᠬᠦ ᠳᠡᠭᠡᠨ᠂ ︽ᠰᠤᠷᠭᠠᠭᠤᠯᠢ ᠶᠢᠨ ᠲᠥᠬᠦᠭᠡᠷᠦᠮᠵᠢ ᠮᠠᠰᠢ ᠪᠦᠷᠢᠨ ᠭᠦᠢᠴᠡᠳ᠂ ᠭᠠᠵᠠᠷ ᠵᠦᠢ᠂ ᠠᠮᠢᠳᠤ ᠪᠣᠳᠠᠰ᠂ ᠲᠡᠦᠬᠡ VR ᠬᠢᠴᠢᠶᠡᠯ ᠤᠨ ᠭᠡᠷ ᠲᠠᠢ᠂ ᠪᠢᠳᠡ ᠡᠩ ᠤᠨ ᠦᠶ᠎ᠡ ᠳᠤ ᠡᠳᠡᠭᠡᠷ ᠬᠢᠴᠢᠶᠡᠯ ᠤᠨ ᠭᠡᠷ ᠲᠤ ᠬᠢᠴᠢᠶᠡᠯ ᠣᠷᠣᠬᠤ ᠪᠠᠷ ᠣᠴᠢᠵᠤ᠂ ᠠᠮᠢᠳᠤ ᠪᠣᠳᠠᠰ ᠤᠨ ᠨᠢᠭᠤᠴᠠ ᠪᠠ ᠲᠡᠦᠬᠡ ᠶᠢᠨ ᠭᠠᠶᠢᠬᠠᠮᠰᠢᠭ ᠢ ᠨᠡᠩ ᠰᠠᠶᠢᠨ ᠬᠠᠶᠢᠨ ᠰᠦᠪᠡᠭᠴᠢᠯᠡᠵᠦ᠂ ᠡᠶᠢᠮᠦ ᠰᠠᠶᠢᠨ ᠰᠠᠶᠢᠬᠠᠨ ᠣᠷᠴᠢᠨ ᠲᠣᠭᠤᠷᠢᠨ ᠳᠤ ᠪᠢ ᠯᠠᠪᠲᠠᠶ ᠴᠢᠷᠮᠠᠶᠢᠨ ᠰᠤᠷᠤᠯᠴᠠᠵᠤ᠂ ᠡᠷᠲᠡᠬᠡᠨ ᠤᠯᠤᠰ ᠤᠨ ᠲᠤᠯᠭᠠᠭᠤᠷᠢ ᠪᠣᠯᠤᠨ᠎ᠠ ︾ ᠭᠡᠵᠡᠶ᠃      ᠠᠷᠠᠳ ᠤᠨ ᠠᠮᠢᠳᠤᠷᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠣᠯ ᠬᠤᠲᠠ ᠶᠢᠨ ᠴᠢᠳᠠᠮᠵᠢ ᠶᠢᠨ ᠴᠢᠨᠠᠷ ᠴᠢᠨᠰᠠᠭ᠎ᠠ ᠶᠢ ᠲᠡᠭᠦᠯᠳᠡᠷᠵᠢᠭᠦᠯᠬᠦ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠬᠠᠩᠭᠢᠨ ᠬᠤᠶᠢᠲᠤ ᠬᠤᠰᠢᠭᠤᠨ ᠤ ᠬᠢᠨ ᠠᠷᠠᠳ ᠤᠨ ᠠᠮᠢᠳᠤᠷᠠᠯ ᠪᠣᠯᠤᠨ ᠬᠤᠳᠠ ᠬᠥᠳᠡᠭᠡ ᠶᠢᠨ ᠬᠥᠭᠵᠢᠯᠲᠡ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ᠂ ᠴᠡᠴᠡᠷᠯᠢᠭ ᠤᠨ ᠨᠣᠭᠤᠭᠠᠷᠠᠭᠤᠯᠤᠯᠲᠠ ᠵᠡᠷᠭᠡ ᠠᠷᠠᠳ ᠤᠨ ᠠᠮᠢᠳᠤᠷᠠᠯ ᠲᠠᠢ ᠬᠤᠯᠪᠣᠭᠳᠠᠬᠤ ᠲᠦᠷᠦᠯ ᠵᠦᠢᠯ ᠢ ᠴᠢᠩᠭ᠎ᠠ ᠠᠩᠬᠠᠷᠴᠤ᠂ ᠤᠯᠠᠨ ᠨᠡᠶᠢᠲᠡ ᠶᠢᠨ ᠦᠢᠯᠡᠴᠢᠯᠡᠭᠡ ᠪᠣᠯᠤᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠬᠦᠴᠦᠯᠡᠨ ᠨᠥᠬᠦᠪᠥᠷᠢᠯᠡᠵᠦ᠂ ᠠᠷᠠᠳ ᠤᠯᠠᠨ ᠤ ᠠᠮᠢᠳᠤᠷᠠᠯ ᠤᠨ ᠵᠣᠯ ᠵᠢᠷᠭᠠᠯ ᠤᠨ ᠰᠠᠭᠤᠷᠢ ᠦᠩᠭᠡ ᠶᠢ ᠵᠢᠷᠤᠭᠯᠠᠪᠠ᠃      ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠨᠠᠶᠢᠳᠠᠪᠤᠷᠢᠵᠢᠭᠤᠯᠬᠤ ᠭᠡᠰᠡᠨ ᠦᠭᠡᠢ᠂ ᠪᠠᠶᠢᠭᠤᠯᠵᠤ ᠪᠠᠶᠢᠭ᠎ᠠ ᠲᠦᠷᠦᠯ ᠵᠦᠢᠯ ᠢ ᠲᠦᠷᠭᠡᠨ ᠠᠬᠢᠭᠤᠯᠬᠤ ᠭᠡᠰᠡᠨ ᠦᠭᠡᠢ᠂ ᠠᠰᠢᠭᠯᠠᠯᠲᠠ ᠳᠤ ᠣᠷᠣᠭᠤᠯᠤᠭᠰᠠᠨ ᠲᠦᠷᠦᠯ ᠵᠦᠢᠯ ᠢ ᠢᠳᠡᠪᠬᠢᠲᠡᠢ ᠰᠠᠶᠢᠵᠢᠷᠠᠭᠤᠯᠬᠤ ᠭᠡᠰᠡᠨ ᠦᠭᠡᠢ᠂ ᠬᠠᠩᠭᠢᠨ ᠬᠤᠶᠢᠲᠤ ᠬᠤᠰᠢᠭᠤᠨ ᠤ ᠬᠢᠨ ︽ᠲᠦᠷᠦᠯ ᠵᠦᠢᠯ ᠢᠶᠠᠷ ᠭᠤᠣᠯ ᠪᠣᠯᠭᠠᠬᠤ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠦᠴᠦ ᠪᠠᠨ ᠲᠥᠪᠯᠡᠷᠡᠭᠦᠯᠦᠨ ᠤᠨᠢᠨ ᠳᠡᠭᠡᠷ᠎ᠡ ᠨᠢ ᠠᠷᠠᠯᠵᠢᠶᠠᠴᠢᠨ ᠤᠷᠢᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠶᠢ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠠᠴᠠ ᠬᠥᠭᠵᠢᠯᠲᠡ ᠶᠢ ᠠᠳᠬᠤᠵᠤ᠂ ᠰᠢᠨ᠎ᠡ ᠶᠢ ᠡᠭᠦᠳᠬᠦ ᠠᠴᠠ ᠬᠥᠳᠡᠯᠭᠡᠬᠦ ᠬᠦᠴᠦᠨ ᠣᠯᠵᠤ᠂ ᠦᠷᠭᠦᠯᠵᠢᠯᠡᠨ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ ᠂ ᠥᠭᠡᠷᠡᠴᠢᠯᠡᠯᠲᠡ ᠶᠢᠨ ᠲᠠᠰᠤᠷᠠᠯᠲᠠ ᠦᠭᠡᠢ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ︽ᠰᠢᠨ᠎ᠡ ᠬᠥᠳᠡᠯᠭᠡᠬᠦ ᠬᠦᠴᠦᠨ︾ ᠢ ᠦᠷᠭᠦᠯᠵᠢᠯᠡᠨ ᠬᠤᠷᠠᠮᠳᠤᠭᠤᠯᠤᠨ᠎ᠠ᠃
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ