ᠱᠠᠮᠪᠡ ᠨᠢ ᠡᠬᠡ ᠤᠯᠤᠰ ᠤᠨ ᠤᠮᠠᠷᠠᠲᠤ ᠬᠢᠯᠢ᠂ ᠮᠤᠨᠢ ᠠᠭᠤᠯᠠ ᠶᠢᠨ ᠬᠤᠷᠮᠣᠶ᠂ ᠬᠠᠲᠤᠨ ᠭᠤᠤᠯ ᠤᠨ ᠲᠣᠬᠤᠢ ᠶᠢᠨ ᠰᠢᠶᠠᠨ ᠤ ᠲᠠᠰ ᠤᠨ ᠵᠢᠵᠢᠭ ᠬᠤᠲᠠ | ᠪᠠᠯᠭᠠᠰᠤ ᠪᠠᠶᠢᠵᠤ᠂ ᠠᠳᠡ ᠬᠡᠳᠦ᠋ᠢᠪᠡᠷ ᠪᠠᠷᠠᠭᠤᠨ ᠡᠭᠦᠳᠡ ᠪᠠᠷ ᠶᠠᠪᠤᠵᠤ ᠪᠠᠶᠢᠭ᠎ᠠ ᠨᠡᠭᠦᠳᠡᠯ ᠠᠷᠠᠳ ᠭᠡᠰᠡᠨ ᠪᠣᠯᠪᠠᠴᠤ ᠬᠥᠮᠦᠰ ᠴᠢᠩ ᠤᠯᠤᠰ ᠤᠨ ᠦᠶ᠎ᠡ ᠳᠤ | ᠬᠤᠶᠢᠨ᠎ᠠ ᠬᠤᠶᠢᠨ᠎ᠠ ᠠᠴᠠ ᠪᠠᠨ ᠠᠳᠡ ᠨᠡᠭᠦᠵᠦ ᠢᠷᠡᠭᠡᠳ ᠢᠳᠡᠭ ᠢᠳᠡᠭ ᠢᠶᠠᠷ ᠤᠮᠠᠷᠠᠲᠤ ᠣᠷᠣᠨ ᠤ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠢ ᠲᠥᠪᠯᠡᠷᠡᠭᠦᠯᠦᠨ | ᠲᠠᠷᠬᠠᠭᠠᠬᠤ ᠭᠠᠵᠠᠷ ᠪᠣᠯᠤᠭᠰᠠᠨ ᠪᠣᠯᠪᠠᠴᠤ ᠱᠠᠮᠪᠠ ᠨᠢ ᠬᠠᠷᠢᠨ ᠶᠠᠫᠣᠨ ᠢ ᠡᠰᠡᠷᠭᠦᠴᠡᠬᠦ ᠳᠠᠶᠢᠨ ᠠᠴᠠ ᠪᠣᠯᠵᠣ ᠬᠥᠭᠵᠢᠨ ᠮᠠᠨᠳᠤᠵᠤ᠂ ᠶᠠᠫᠣᠨ ᠢ ᠡᠰᠡᠷᠭᠦᠴᠡᠬᠦ ᠳᠠᠶᠢᠨ ᠤ | ᠤᠴᠢᠷ ᠠᠴᠠ ᠰᠦᠢᠶᠤᠸᠠᠨ ᠣᠷᠣᠨ ᠳᠤ ᠠᠯᠳᠠᠷᠰᠢᠭᠰᠠᠨ ᠪᠠᠶᠢᠨ᠎ᠠ᠃ | ᠱᠠᠮᠪᠠ ᠪᠣᠷᠣᠲᠣᠬᠤᠶ ᠶᠢᠨ ᠲᠠᠯ᠎ᠠ ᠭᠠᠵᠠᠷ ᠲᠤ ᠪᠠᠶᠢᠷᠢᠯᠠᠵᠤ᠂ ᠬᠠᠲᠤᠨ ᠭᠤᠤᠯ ᠤᠨ ᠤᠰᠤ ᠶᠢ ᠰᠢᠮᠡᠵᠢᠭᠦᠯᠬᠦ ᠠᠴᠠ ᠪᠣᠯᠤᠭᠰᠠᠨ ᠶᠤᠮ᠂ ᠡᠷᠲᠡᠨ ᠠᠴᠠ | ᠠᠪᠤᠭᠠᠳ ᠮᠠᠯ ᠮᠠᠯᠵᠢᠬᠤ ᠳᠤ ᠲᠣᠬᠢᠷᠠᠮᠵᠢᠲᠠᠶ ᠰᠠᠶᠢᠨ ᠭᠠᠵᠠᠷ ᠪᠠᠶᠢᠵᠤ᠂ ᠡᠨᠡ ᠬᠦ ᠥᠩ ᠰᠢᠮᠡᠯᠢᠭ ᠢᠶᠠᠷ ᠴᠢᠨᠠᠷ ᠰᠠᠶᠢᠲᠠᠶ ᠠᠮᠤ ᠪᠤᠳᠠᠭ᠎ᠠ ᠪᠠ ᠲᠠᠷᠢᠶᠠᠯᠠᠩ ᠤᠨ | ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠭᠠᠷᠭᠠᠭᠰᠠᠨ ᠪᠠᠶᠢᠨ᠎ᠠ᠃ ᠡᠶᠢᠮᠦ ᠠᠴᠠ ᠱᠠᠮᠪᠠ ᠶᠢᠨ ᠪᠠᠶᠠᠨ ᠲᠠᠩᠰᠤᠭ ᠭᠠᠵᠠᠷ ᠨᠢ ᠥᠷᠭᠡᠨ | ᠠᠭᠤᠳᠠᠮ ᠬᠡᠬᠦᠳᠡᠭ ᠴᠡᠭᠡᠵᠢ ᠪᠠᠷ ᠲᠠᠪᠤᠨ ᠨᠠᠭᠤᠷ ᠲᠦᠷᠪᠡᠨ ᠳᠠᠯᠠᠢ ᠶᠢᠨ ᠨᠡᠭᠦᠳᠡᠯ ᠠᠷᠠᠳ ᠢ ᠬᠦᠯᠢᠶᠡᠨ ᠠᠪᠴᠤ᠂ ᠲᠡᠳᠡ ᠠᠳᠡ ᠰᠠᠭᠤᠷᠢᠰᠢᠨ ᠨᠤᠲᠤᠭᠰᠢᠵᠦ᠂ | ᠠᠮᠤᠷ ᠲᠠᠶᠢᠪᠤᠩ ᠠᠵᠤ ᠲᠦᠷᠦᠭᠦ ᠨᠢ ᠮᠡᠳᠡᠭᠡᠵᠢ ᠶᠢᠨ ᠬᠡᠷᠡᠭ ᠪᠢᠯᠡ᠃ ᠤᠯᠠᠨ ᠵᠢᠯ ᠤᠨ ᠲᠤᠷᠰᠢ᠂ ᠠᠳᠡ ᠠᠴᠠ ᠡᠮᠦᠨᠡᠰᠢ ᠪᠠᠨ ᠨᠠᠭᠠᠰᠢ ᠴᠠᠭᠠᠰᠢ ᠶᠠᠪᠤᠯᠴᠠᠵᠤ᠂ | ᠡᠮᠦᠨᠡᠳᠦ ᠶᠢᠨ ᠬᠦᠮᠦᠨ ᠬᠤᠷᠠᠨ ᠴᠤᠭᠯᠠᠷᠠᠵᠤ᠂ ᠲᠡᠳᠡ ᠱᠠᠨ ᠰᠢ᠂ ᠱᠠᠨᠰᠢ᠂ ᠭᠠᠨᠰᠦ᠂ ᠨᠢᠩᠰᠢᠶᠠ ᠵᠡᠷᠭᠡ ᠭᠠᠵᠠᠷ ᠤᠨ ᠰᠣᠶᠣᠯ ᠵᠠᠩ ᠳᠠᠳᠬᠠᠯ ᠪᠣᠯᠤᠨ ᠢᠳᠡᠭᠡᠨ | ᠤᠮᠳᠠᠭᠠᠨ ᠤ ᠵᠠᠩ ᠳᠠᠳᠬᠠᠯ ᠢ ᠠᠪᠴᠢᠷᠠᠵᠤ᠂ ᠪᠣᠭᠤᠮᠲᠠ ᠶᠢᠨ ᠭᠠᠳᠠᠨᠠᠬᠢ ᠵᠠᠩ ᠳᠠᠳᠬᠠᠯ ᠢ ᠪᠤᠢ ᠪᠣᠯᠭᠠᠵᠤ᠂ ᠥᠪᠡᠷᠮᠢᠴᠡ ᠣᠨᠴᠠᠯᠢᠭ ᠲᠠᠢ ᠱᠠᠮᠪᠠ ᠶᠢᠨ ᠦᠨᠦᠷ | ᠠᠮᠲᠠ ᠶᠢ ᠪᠤᠢ ᠪᠣᠯᠭᠠᠭᠰᠠᠨ ᠪᠠᠶᠢᠨ᠎ᠠ᠃ | | | | ᠱᠠᠮᠪᠡ ᠶᠢᠨ ᠦᠨᠦᠷ ᠠᠮᠲᠠ ᠶᠢ ᠬᠠᠮᠤᠭ ᠡᠷᠲᠡ ᠳᠤᠮᠳᠠᠳᠤ ᠢᠷᠭᠡᠨ ᠤᠯᠤᠰ ᠤᠨ ᠦᠶ᠎ᠡ ᠬᠦᠷᠲᠡᠯ᠎ᠡ ᠮᠥᠷᠳᠡᠵᠦ᠂ ᠠᠯᠢ ᠡᠷᠲᠡ ᠳᠡᠭᠡᠷ᠎ᠡ ᠵᠠᠭᠤᠨ ᠤ | ᠬᠤᠷᠢᠭᠠᠳ ᠣᠨ ᠤ ᠦᠶ᠎ᠡ ᠪᠠᠷ ᠱᠠᠮᠪᠠ ᠭᠡᠵᠦ ᠨᠡᠷᠡᠯᠡᠵᠦ᠂ ᠬᠤᠯᠢᠰᠢᠨ ᠢᠳᠡᠭᠡᠨ ᠤ ᠦᠢᠯᠡᠰ ᠤᠨ ᠬᠤᠳᠠᠯᠳᠤᠭᠠᠴᠢᠨ - ᠹᠦ᠋ ᠯᠠᠢ ᠨᠣᠮᠧᠷ ᠲᠠᠢ᠂ ᠲᠡᠷᠡ ᠨᠢ ᠱᠠᠨ | ᠰᠢ ᠶᠢᠨ ᠲᠠᠶᠢᠶᠤᠸᠠᠨ ᠤ ᠪᠣᠭᠤᠷᠰᠤᠭ ᠬᠢᠬᠦ ᠨᠡᠷᠡᠲᠦ ᠪᠠᠭᠰᠢ ᠸᠠᠩ ᠰᠢᠤᠸᠠᠢ ᠯᠢ ᠶᠢ ᠬᠥᠯᠥᠰᠥᠯᠡᠨ ᠬᠡᠷᠡᠭᠯᠡᠵᠦ᠂ ᠾᠧᠪᠧᠢ ᠶᠢᠨ ᠪᠦᠦ ᠳ᠋ᠢᠩ ᠬᠤᠸᠠᠢ ᠮᠤᠤ ᠵᠢᠶᠠᠩ | ᠬᠦᠷᠢᠶᠡᠯᠡᠩ ᠤᠨ ᠮᠡᠷᠭᠡᠵᠢᠯᠲᠡᠨ ᠶᠤᠸᠠᠨ ᠮᠦ ᠠᠨ ᠮᠡᠷᠭᠡᠵᠢᠯ ᠢ ᠬᠠᠮᠢᠶᠠᠷᠴᠤ᠂ ᠥᠪᠡᠷ ᠢᠶᠠᠨ ᠪᠣᠭᠤᠷᠰᠤᠭ᠂ ᠵᠢᠶᠠᠩᠶ᠋ᠢᠥ ᠨᠢ ᠬᠤᠯᠠ ᠣᠶᠢᠷ᠎ᠠ ᠳᠤ ᠠᠯᠳᠠᠷᠰᠢᠵᠠᠢ᠃ | ᠬᠠᠩᠭᠢᠨ ᠬᠤᠶᠢᠲᠤ ᠬᠤᠰᠢᠭᠤᠨ ᠤ ᠣᠶᠢᠯᠠᠯᠭ᠎ᠠ ᠶᠢᠨ ᠲᠡᠮᠳᠡᠭᠯᠡᠯ ᠢ ᠦᠨᠳᠦᠰᠦᠯᠡᠪᠡᠯ᠂ ᠹᠦ᠋ ᠯᠠᠢ ᠨᠣᠮᠧᠷ ᠢ ᠨᠢ ᠬᠤᠷᠢᠭᠠᠳ ᠣᠨ ᠤ ᠰᠡᠭᠦᠯᠴᠢ ᠪᠠᠷ ᠪᠠᠶᠢᠭᠤᠯᠵᠤ᠂ | ᠳᠡᠯᠭᠡᠭᠦᠷ ᠤᠨ ᠪᠠᠭᠤᠷᠢ ᠶᠢ ᠱᠠᠮᠪᠠ ᠶᠢᠨ ᠵᠢᠵᠢᠭ ᠡᠷᠭᠢᠯᠲᠡ ᠶᠢᠨ ᠵᠡᠭᠦᠨ ᠡᠮᠦᠨ᠎ᠡ ᠲᠠᠯ᠎ᠠ ᠳᠤ ᠪᠠᠶᠢᠷᠢᠯᠠᠭᠤᠯᠵᠤ᠂ ᠪᠡᠯᠡ ᠮᠥᠩᠭᠦ ᠨᠢ ᠪᠠᠷᠤᠭ 2500 ᠮᠥᠩᠭᠦᠨ | ᠲᠥᠭᠦᠷᠢᠭ᠂ 15 ᠬᠥᠮᠦᠨ ᠬᠤᠷᠰᠢᠵᠤ᠂ ᠥᠪᠡᠷ ᠢᠶᠠᠨ ᠪᠣᠭᠤᠷᠰᠤᠭ᠂ ᠵᠢᠶᠠᠩᠶ᠋ᠢᠤ ᠨᠣᠭᠤᠭ᠎ᠠ ᠵᠡᠷᠭᠡ ᠶᠢ ᠦᠢᠯᠡᠳᠴᠦ᠂ ᠡᠮᠦᠨ᠎ᠡ ᠳᠡᠯᠭᠡᠭᠦᠷ ᠨᠢ ᠪᠠᠰᠠ ᠳᠠᠯᠠᠢ ᠶᠢᠨ | ᠢᠳᠡᠭᠡᠨ ᠤ ᠡᠯᠳᠡᠪ ᠪᠠᠷᠠᠭ᠎ᠠ ᠶᠢ ᠬᠠᠪᠰᠤᠷᠭᠠᠨ ᠡᠵᠡᠩᠨᠡᠵᠦ ᠪᠠᠶᠢᠵᠠᠢ᠃ ᠣᠨᠴᠠᠭᠠᠶᠢᠯᠠᠨ ᠥᠪᠡᠷᠲᠡᠭᠡᠨ ᠦᠢᠯᠡᠳᠦᠭᠰᠡᠨ ᠨᠠᠢᠮᠠᠨ ᠡᠷᠳᠡᠨᠢ ᠶᠢᠨ ᠨᠤᠭᠤᠭ᠎ᠠ ᠨᠢ ᠥᠩᠭᠡ ᠨᠢ | ᠵᠢᠶᠠᠩ ᠤᠯᠠᠭᠠᠨ ᠲᠤᠩᠭᠠᠯᠠᠭ᠂ ᠦᠨᠦᠷ ᠠᠮᠲᠠ ᠨᠢ ᠬᠠᠩᠭᠠᠯᠲᠠᠲᠠᠢ᠂ ᠪᠦᠲᠦᠭᠡᠭᠳᠡᠬᠦᠨ ᠨᠢ 0.5-1.5 ᠺᠢᠯᠦᠭᠷᠡᠮ ᠤᠨ ᠪᠠᠭᠲᠠᠭᠠᠮᠵᠢ ᠨᠢ ᠤᠯᠠᠭᠠᠨ ᠪᠤᠷᠭᠠᠰᠤ ᠪᠠᠷ | ᠭᠦᠷᠦᠭᠰᠡᠨ ᠵᠢᠵᠢᠭ ᠰᠠᠭᠰᠤ ᠲᠠᠢ᠂ ᠳᠣᠲᠣᠷ᠎ᠠ ᠨᠢ ᠦᠬᠡᠷ ᠤᠨ ᠠᠷᠠᠰᠤ ᠪᠠᠷ ᠴᠠᠭᠠᠰᠤ ᠨᠠᠭᠠᠵᠤ᠂ ᠭᠠᠳᠠᠷ ᠲᠡᠮᠳᠡᠭ ᠨᠢ ᠱᠣᠰᠢᠭ᠎ᠠ ᠨᠠᠭᠠᠵᠤ᠂ ᠲᠥᠷᠥᠯ ᠰᠠᠳᠤᠨ | ᠨᠠᠶᠢᠵᠠ ᠨᠥᠬᠦᠳ ᠢᠶᠠᠨ ᠵᠢᠭᠤᠯᠴᠢᠯᠠᠵᠤ ᠪᠠᠶᠢᠭ᠎ᠠ ᠰᠠᠶᠢᠨ ᠪᠦᠲᠦᠭᠡᠭᠳᠡᠬᠦᠨ ᠪᠣᠯᠵᠤ᠂ ᠵᠢᠯ ᠤᠨ ᠪᠣᠷᠣᠯᠠᠭᠤᠯᠤᠯᠲᠠ ᠶᠢᠨ ᠬᠡᠮᠵᠢᠶ᠎ᠡ ᠨᠢ ᠲᠦᠮᠡ ᠭᠠᠷᠤᠶ ᠺᠢᠯᠣᠭ᠍ᠷᠠᠮ | ᠬᠦᠷᠦᠭᠰᠡᠨ ᠪᠠᠶᠢᠨ᠎ᠠ᠃ | | | | ᠰᠡᠭᠦᠯᠡᠷ ᠨᠢ ᠱᠠᠮᠪᠠ ᠶᠢᠨ ᠬᠥᠮᠦᠨ ᠠᠮᠠ ᠶᠢᠨ ᠨᠡᠭᠦᠬᠦ ᠣᠯᠠᠰᠢᠷᠠᠬᠤ ᠶᠢ ᠳᠠᠭᠠᠯᠳᠤᠨ᠂ ᠬᠤᠯᠢᠰᠢᠨ ᠢᠳᠡᠭᠡᠨ ᠤ ᠳᠡᠯᠭᠡᠭᠦᠷ ᠲᠤ ᠸᠠᠨ ᠢ ᠳ᠋ᠢ᠂ ᠶᠤᠸᠠᠨ ᠰᠢᠶᠠᠩ | ᠲᠡᠮᠳᠡᠭᠲᠦ᠂ ᠾᠧᠩ ᠢᠦᠢ ᠰᠢᠩ᠂ ᠢᠦᠶ ᠵᠢᠢ ᠵᠡᠷᠭᠡ ᠬᠤᠳᠠᠯᠳᠤᠭ᠎ᠠ ᠪᠣᠢ ᠪᠣᠯᠵᠤ᠂ ᠪᠣᠭᠤᠷᠰᠤᠭ ᠨᠡᠷᠡᠬᠦ ᠦᠢᠯᠡᠰ ᠨᠢ ᠰᠢᠨ ᠢ ᠱᠧᠩ᠂ ᠰᠢᠨ ᠢ ᠵᠢᠦ᠂ ᠴᠧᠩ | ᠴᠧᠩ ᠳᠡᠯᠭᠡᠭᠦᠷ᠂ ᠸᠠᠨ ᠾᠧᠩᠯᠢ᠂ ᠢ ᠱᠧᠩ ᠴᠢᠤᠸᠠᠨ ᠵᠡᠷᠭᠡ ᠬᠤᠳᠠᠯᠳᠤᠭ᠎ᠠ ᠪᠠᠶᠢᠵᠠᠢ᠃ ᠹᠦ᠋ ᠯᠠᠢ ᠲᠡᠮᠳᠡᠭ ᠨᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠪᠠᠶᠢᠭᠤᠯᠤᠭᠳᠠᠬᠤ ᠠᠴᠠ ᠡᠮᠦᠨ᠎ᠡ ᠡᠭᠦᠳᠡ ᠪᠠᠨ ᠬᠠᠭᠠᠵᠤ᠂ 30 ᠰᠢᠬᠠᠮ ᠵᠢᠯ ᠡᠵᠡᠩᠨᠡᠵᠦ᠂ ᠡᠳᠡᠭᠡᠷ ᠬᠤᠯᠢᠰᠢᠨ ᠢᠳᠡᠭᠡᠨ ᠤ ᠳᠡᠯᠭᠡᠭᠦᠷ ᠤᠨ ᠭᠤᠯᠢᠷ ᠢᠶᠠᠷ | ᠪᠣᠭᠤᠷᠰᠤᠭ᠂ ᠵᠢᠶᠠᠩᠶ᠋ᠢᠤ ᠨᠣᠭᠤᠭ᠎ᠠ ᠬᠢᠬᠦ ᠵᠡᠷᠭᠡ ᠮᠡᠷᠭᠡᠵᠢᠯ ᠨᠢ ᠴᠦ ᠠᠷᠠᠳ ᠤᠨ ᠳᠤᠮᠳᠠ ᠤᠯᠠᠮᠵᠢᠯᠠᠭᠳᠠᠵᠤ᠂ ᠱᠠᠮᠪᠠ ᠶᠢᠨ ᠬᠤᠯᠢᠰᠢᠨ ᠢᠳᠡᠭᠡᠨ ᠤ ᠦᠢᠯᠡᠰ ᠤᠨ | ᠬᠥᠭᠵᠢᠯᠲᠡ ᠳᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ | | | | 1930 ᠣᠨ ᠠᠴᠠ 1945 ᠤᠨ ᠪᠣᠯᠲᠠᠯᠠᠬᠢ ᠬᠤᠭᠤᠴᠠᠭᠠᠨ ᠳᠤ ᠱᠠᠮᠪᠠ ᠶᠢᠨ ᠢᠳᠡᠭᠡᠨ ᠤᠮᠳᠠᠭᠠᠨ ᠤ ᠲᠥᠷᠥᠯ ᠵᠦᠢᠯ ᠨᠡᠯᠢᠶᠡᠳ ᠣᠯᠠᠨ ᠪᠠᠶᠢᠵᠤ᠂ | ᠨᠡᠯᠢᠶᠡᠳ ᠨᠡᠷᠡᠲᠡᠢ ᠬᠤᠳᠠᠯᠳᠤᠭ᠎ᠠ ᠪᠠ ᠪᠦᠲᠦᠭᠡᠭᠳᠡᠬᠦᠨ ᠨᠢ ︽ᠹᠦ᠋ ᠯᠠᠢ ᠲᠡᠮᠳᠡᠭᠲᠦ︾ ᠨᠣᠭᠤᠭ᠎ᠠ᠂ ᠭᠤᠷᠢᠮ᠂ ︽ᠰᠢᠩ ᠭᠤᠸᠠᠩ ᠳ᠋ᠧ︾ ᠼᠤᠤ᠂ ︽ᠴᠢᠩ ᠾᠧ | ᠿᠦᠢ︾ ᠶᠢᠨ ᠵᠢᠶᠠᠩᠶ᠋ᠢᠤ᠂ ︽ᠾᠧᠩ ᠢᠦᠢ ᠶᠦᠩ︾ ᠱᠣᠣᠮᠠᠢ᠂ ︽ᠰᠠᠨ ᠾᠧ ᠶᠤᠸᠠᠨ︾ ᠬᠠᠭᠤᠷᠤᠭᠰᠠᠨ ᠮᠢᠬ᠎ᠠ᠂ ︽ᠶᠤᠸᠠᠨ ᠰᠢᠶᠠᠩ ᠲᠡᠮᠳᠡᠭᠲᠦ︾ | ᠵᠢᠶᠠᠩᠼᠠᠢ ᠨᠣᠭᠤᠭ᠎ᠠ᠂ ︽ᠱᠠᠩ ᠰᠢᠶᠠᠩ ᠲᠡᠮᠳᠡᠭᠲᠦ︾ ᠵᠢᠶᠠᠩᠨᠠᠭᠰᠠᠨ ᠨᠣᠭᠤᠭ᠎ᠠ᠂ ︽ᠱᠠᠩ ᠵᠧᠨ ᠬᠤᠳᠠᠯᠳᠤᠭ᠎ᠠ︾ ᠶᠢᠨ ᠰᠢᠷᠠᠮᠠᠯ ᠮᠢᠬ᠎ᠠ᠂ ᠯᠣᠣ ᠹᠠᠨ | ᠭᠤᠸᠠᠢ ᠶᠢᠨ ᠱᠣᠣᠪᠢᠩ ᠵᠡᠷᠭᠡ ᠨᠢ ᠴᠢᠨᠠᠷ ᠰᠠᠶᠢᠲᠠᠢ᠂ ᠤᠷ᠎ᠠ ᠮᠡᠷᠭᠡᠵᠢᠯ ᠨᠢ ᠨᠠᠷᠢᠯᠢᠭ᠂ ᠡᠳ᠋ ᠪᠦᠲᠦᠭᠡᠭᠳᠡᠬᠦᠨ ᠨᠢ ᠦᠨ᠎ᠡ ᠨᠢ ᠬᠢᠮᠳᠠ᠂ ᠱᠠᠮᠪᠡ ᠪᠠ ᠪᠣᠷᠣᠲᠣᠬᠤᠢ ᠶᠢ | ᠬᠠᠩᠭᠠᠭᠰᠠᠨ ᠠᠴᠠ ᠭᠠᠳᠠᠨ᠎ᠠ᠂ ᠨᠢᠭᠡ ᠪᠦᠯᠦᠭ ᠪᠦᠲᠦᠭᠡᠭᠳᠡᠬᠦᠨ ᠨᠢ ᠶᠢᠨᠴᠤᠸᠠᠨ᠂ ᠯᠠᠨᠵᠧᠨ᠂ ᠪᠣᠣ ᠳ᠋ᠢᠩ ᠵᠡᠷᠭᠡ ᠭᠠᠵᠠᠷ ᠣᠷᠣᠨ ᠳᠤ ᠪᠣᠷᠣᠯᠠᠭᠤᠯᠤᠭᠳᠠᠵᠤ ᠪᠠᠶᠢᠨ᠎ᠠ᠃ | | | | | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠱᠠᠮᠪᠡ ᠨᠢ ᠪᠣᠷᠣᠳᠣᠬᠤᠢ ᠣᠷᠣᠨ ᠤ ᠬᠤᠳᠠᠯᠳᠤᠭᠠᠨ ᠤ ᠲᠥᠪ ᠪᠣᠯᠵᠤ | ᠂ ᠢᠳᠡᠭᠡᠨ ᠤ ᠠᠵᠢᠯ ᠲᠥᠷᠥᠯ ᠤᠨ ᠡᠵᠡᠩᠨᠡᠯᠲᠡ ᠶᠢᠨ ᠪᠠᠶᠢᠭᠤᠯᠤᠮᠵᠢ ᠨᠢ ᠤᠯᠤᠰ ᠤᠨ ᠡᠵᠡᠩᠨᠡᠯᠳᠡᠳᠦ ᠬᠤᠳᠠᠯᠳᠤᠭ᠎ᠠ ᠪᠠᠷ ᠭᠤᠣᠯ ᠪᠣᠯᠭᠠᠵᠤ ᠪᠠᠶᠢᠪᠠ᠃ 1951 | ᠣᠨ ᠳᠤ ᠱᠠᠮᠪᠠ ᠳᠤ ᠪᠣᠷᠣᠲᠣᠬᠤᠢ ᠶᠢᠨ ᠪᠦᠷᠢᠨ ᠪᠠᠷᠠᠭᠠᠲᠣ ᠺᠣᠮᠫᠠᠨᠢ᠂ ᠢᠳᠡᠭᠡᠨ ᠤ ᠬᠤᠪᠢᠶᠠᠷᠢ ᠺᠣᠮᠫᠠᠨᠢ ᠵᠡᠷᠭᠡ ᠶᠢ ᠪᠠᠶᠢᠭᠤᠯᠵᠤ᠂ 1957 ᠣᠨ ᠳᠤ ᠱᠠᠮᠪᠠ ᠳᠤ | ᠢᠳᠡᠭᠡᠨ ᠤ ᠺᠣᠮᠫᠠᠨᠢ ᠶᠢᠨ ᠳᠡᠯᠭᠡᠭᠦᠷ ᠪᠠ ᠰᠢᠬᠢᠷ ᠤᠨ ᠦᠢᠯᠡᠰ ᠤᠨ ᠺᠣᠮᠫᠠᠨᠢ ᠶᠢᠨ ᠰᠡᠬᠡᠭᠡᠲᠡᠨ ᠵᠠᠯᠠᠭᠤᠴᠤᠳ ᠤᠨ ᠨᠢᠭᠡᠳᠦᠭᠡᠷ ᠳᠡᠯᠭᠡᠭᠦᠷ᠂ ᠬᠦᠢᠲᠡᠨ ᠢᠳᠡᠭᠡᠨ ᠤ | ᠳᠡᠯᠭᠡᠭᠦᠷ ᠭᠠᠷᠭᠠᠵᠤ᠂ ᠡᠳᠡᠭᠡᠷ ᠲᠤᠰᠬᠠᠢ ᠺᠣᠮᠫᠠᠨᠢ ᠪᠠ ᠲᠣᠣᠷ ᠴᠡᠭ ᠪᠠᠶᠢᠭᠤᠯᠤᠭᠳᠠᠵᠤ᠂ ᠬᠠᠮᠢᠶᠠᠷᠤᠯᠲᠠ ᠠᠴᠠ ᠡᠵᠡᠩᠨᠡᠬᠦ᠂ ᠪᠥᠭᠡᠮ ᠢᠶᠠᠷ ᠬᠤᠳᠠᠯᠳᠤᠬᠤ ᠪᠠ | ᠵᠢᠵᠢᠭᠯᠡᠨ ᠬᠤᠳᠠᠯᠳᠤᠬᠤ ᠬᠦᠷᠲᠡᠯᠡᠬᠢ ᠨᠢᠭᠡᠨ ᠢᠵᠢ ᠤᠯᠤᠰ ᠤᠨ ᠦᠮᠴᠢᠯᠡᠯᠲᠦ ᠬᠤᠳᠠᠯᠳᠤᠭᠠᠨ ᠤ ᠳᠦᠷᠢᠮ ᠢ ᠬᠡᠷᠡᠭᠵᠢᠭᠦᠯᠵᠦ᠂ ᠬᠤᠯᠢᠰᠢᠨ ᠢᠳᠡᠭᠡᠨ ᠢ ᠭᠤᠣᠯᠳᠠᠭᠤ | ᠢᠳᠡᠭᠡᠨ ᠤ ᠺᠣᠮᠫᠠᠨᠢ᠂ ᠰᠢᠬᠢᠷ ᠤᠨ ᠦᠢᠯᠡᠰ ᠤᠨ ᠺᠣᠮᠫᠠᠨᠢ ᠨᠢᠭᠡᠳᠦᠯᠲᠡᠢ ᠬᠤᠳᠠᠯᠳᠤᠨ ᠠᠪᠴᠤ ᠪᠣᠷᠣᠯᠠᠭᠤᠯᠪᠠ᠃ 1973 ᠣᠨ ᠳᠤ ᠰᠢᠬᠢᠷ ᠤᠨ ᠦᠢᠯᠡᠰ ᠤᠨ | ᠺᠣᠮᠫᠠᠨᠢ ᠠᠴᠠ ᠪᠣᠭᠤᠷᠰᠤᠭ ᠪᠣᠯᠪᠠᠰᠤᠷᠠᠭᠤᠯᠬᠤ ᠠᠵᠤ ᠠᠬᠤᠶᠢᠯᠠᠯ ᠬᠤᠪᠢᠶᠠᠨ ᠭᠠᠷᠭᠠᠵᠤ᠂ ᠲᠣᠰᠠᠭᠠᠷ ᠬᠤᠯᠢᠰᠢᠨ ᠢᠳᠡᠭᠡᠨ ᠪᠣᠯᠪᠠᠰᠤᠷᠠᠭᠤᠯᠬᠤ ᠦᠢᠯᠡᠳᠪᠦᠷᠢ | ᠪᠠᠶᠢᠭᠤᠯᠪᠠ᠃ 1979 ᠣᠨ ᠳᠤ ᠰᠢᠬᠢᠷ ᠲᠠᠮᠠᠬᠢ ᠠᠷᠢᠬᠢ ᠶᠢᠨ ᠺᠣᠮᠫᠠᠨᠢ ᠶᠢᠨ ᠨᠢᠭᠡ ᠬᠡᠰᠡᠭ ᠢ ᠬᠤᠪᠢᠶᠠᠷᠢᠯᠠᠨ ᠭᠠᠷᠭᠠᠵᠤ᠂ ᠬᠤᠯᠢᠰᠢᠨ ᠢᠳᠡᠭᠡᠨ ᠤ ᠺᠣᠮᠫᠠᠨᠢ | ᠪᠠᠶᠢᠭᠤᠯᠵᠤ᠂ ᠬᠠᠩᠭᠠᠨ ᠪᠣᠷᠣᠯᠠᠭᠤᠯᠬᠤ ᠰᠢᠰᠲ᠋ᠧᠮ ᠳᠤ ᠬᠠᠷᠢᠶᠠᠯᠠᠭᠤᠯᠪᠠ᠃ ᠬᠤᠯᠢᠰᠢᠨ ᠢᠳᠡᠭᠡᠨ ᠤ ᠲᠦᠭᠦᠬᠡᠢ ᠮᠠᠲ᠋ᠧᠷᠢᠶᠠᠯ ᠢ ᠲᠤᠰ ᠭᠠᠵᠠᠷ ᠣᠷᠣᠨ ᠤ | ᠬᠤᠳᠠᠯᠳᠤᠨ ᠠᠪᠬᠤ ᠪᠠᠷ ᠭᠤᠣᠯ ᠪᠣᠯᠭᠠᠵᠤ᠂ ᠬᠤᠯᠢᠰᠢᠨ ᠢᠳᠡᠭᠡᠨ ᠪᠣᠯᠪᠠᠰᠤᠷᠠᠭᠤᠯᠬᠤ ᠦᠢᠯᠡᠳᠪᠦᠷᠢ ᠪᠠ ᠢᠳᠡᠭᠡᠨ ᠪᠣᠯᠪᠠᠰᠤᠷᠠᠭᠤᠯᠬᠤ ᠦᠢᠯᠡᠳᠪᠦᠷᠢ ᠪᠠᠷ ᠳᠠᠮᠵᠢᠨ | ᠶᠡᠬᠡᠩᠬᠢ ᠬᠡᠰᠡᠭ ᠢ ᠨᠢ ᠲᠤᠰ ᠭᠠᠵᠠᠷ ᠣᠷᠣᠨ ᠳᠤ ᠪᠣᠷᠣᠯᠠᠭᠤᠯᠵᠤ᠂ ᠭᠤᠣᠯ ᠪᠣᠯᠬᠤ ᠬᠤᠯᠢᠰᠢᠨ ᠢᠳᠡᠭᠡᠨ ᠢ ᠪᠢᠯᠧᠲ ᠢᠶᠠᠷ ᠬᠠᠩᠭᠠᠵᠤ᠂ ᠲᠣᠭᠲᠠᠭᠰᠠᠨ ᠦᠨ᠎ᠡ ᠪᠠᠷ | ᠬᠠᠩᠭᠠᠵᠤ ᠪᠠᠶᠢᠵᠠᠢ᠃ ᠰᠡᠭᠦᠯᠡᠷ ᠨᠢ ᠢᠳᠡᠭᠡᠨ ᠤ ᠺᠣᠮᠫᠠᠨᠢ ᠨᠢ ᠭᠠᠶᠢᠯᠢ ᠲᠤᠰᠢᠶᠠᠭᠰᠠᠨ ᠤ ᠳᠠᠷᠠᠭᠠᠬᠢ ᠠᠰᠢᠭ ᠬᠤᠨᠵᠢᠪᠣᠷᠢ ᠶᠢ ᠦᠯᠡᠳᠡᠭᠡᠬᠦ ᠬᠠᠮᠢᠶᠠᠷᠤᠯᠲᠠ ᠶᠢᠨ | ᠠᠷᠭ᠎ᠠ ᠶᠢ ᠬᠡᠷᠡᠭᠵᠢᠭᠦᠯᠵᠦ᠂ ᠠᠵᠢᠯᠲᠠᠨ ᠠᠵᠢᠯᠴᠢᠨ ᠤ ᠠᠵᠢᠯ ᠤᠨ ᠢᠳᠡᠪᠬᠢᠵᠢᠯ ᠢ ᠳᠠᠶᠢᠴᠢᠯᠠᠨ᠂ ᠢᠳᠡᠭᠡᠨ ᠤ ᠵᠦᠢᠯ ᠢ ᠬᠤᠳᠠᠯᠳᠤᠨ ᠠᠪᠬᠤ ᠪᠠ ᠪᠣᠷᠣᠯᠠᠭᠤᠯᠬᠤ | ᠠᠵᠢᠯᠯᠠᠭ᠎ᠠ ᠶᠢ ᠠᠬᠢᠭᠤᠯᠪᠠ᠃ | | | ᠳᠡᠭᠡᠷ᠎ᠡ ᠵᠠᠭᠤᠨ ᠤ ᠨᠠᠶᠠᠭᠠᠳ ᠣᠨ ᠳᠤ ᠬᠦᠷᠦᠭᠡᠳ ︽ᠥᠭᠡᠷᠡᠴᠢᠯᠡᠯᠲᠡ ᠬᠢᠵᠦ᠂ ᠴᠢᠯᠥᠭᠡᠲᠡᠶ ᠲᠠᠯᠪᠢᠵᠤ᠂ ᠠᠮᠢᠳᠤᠯᠢᠭ ᠪᠣᠯᠭᠠᠬᠤ︾ ᠴᠢᠭᠯᠡᠯᠲᠡ ᠶᠢᠨ | ᠵᠢᠯᠣᠭᠤᠳᠣᠯᠭ᠎ᠠ ᠳᠣᠤᠷ᠎ᠠ᠂ ᠬᠤᠰᠢᠭᠤᠨ ᠤ ᠳᠣᠲᠣᠷ᠎ᠠ ᠬᠤᠪᠢ ᠶᠢᠨ ᠢᠳᠡᠭᠡᠨ ᠤᠮᠳᠠᠭᠠᠨ ᠤ ᠦᠢᠯᠡᠰ ᠪᠣᠷᠣᠭᠠᠨ ᠤ ᠳᠠᠷᠠᠭᠠᠬᠢ ᠬᠤᠯᠤᠰᠤᠨ ᠤ ᠰᠦᠶ᠎ᠡ᠂ ᠵᠠᠬ᠎ᠠ | ᠳᠡᠯᠭᠡᠭᠦᠷ ᠳᠡᠭᠡᠷ᠎ᠡ ᠬᠤᠭᠤᠯᠠ ᠨᠡᠭᠡᠭᠡᠬᠦ ᠰᠢᠨ᠎ᠡ ᠠᠭᠤᠷ ᠠᠮᠢᠰᠬᠤᠯ ᠢᠯᠡᠷᠡᠪᠡ᠂ ᠵᠥᠪᠬᠡᠨ ᠱᠠᠮᠪᠠ ᠶᠢᠨ ᠨᠢᠭᠡᠳᠦᠭᠡᠷ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ 40 | ᠭᠠᠷᠤᠶ ᠪᠠᠶᠢᠵᠤ᠂ ᠵᠡᠭᠡᠯᠢ ᠭᠤᠳᠤᠮᠵᠢ ᠶᠢᠨ ᠰᠡᠭᠦᠯ ᠲᠠᠢ᠂ ᠲᠡᠷᠭᠡ ᠪᠠᠷ ᠳᠡᠯᠭᠡᠵᠦ ᠪᠠᠶᠢᠭ᠎ᠠ ᠲᠠᠬᠢᠶ᠎ᠠ᠂ ᠬᠦᠢᠲᠡᠨ ᠮᠢᠬ᠎ᠠ᠂ ᠨᠡᠷᠡᠭᠰᠡᠨ ᠱᠠᠪᠠ᠂ ᠬᠦᠢᠲᠡᠨ ᠭᠤᠯᠢᠷ ᠵᠡᠷᠭᠡ | ᠵᠢᠵᠢᠭ ᠢᠳᠡᠭᠡᠨ ᠴᠥᠮ ᠣᠯᠠᠰᠢᠷᠠᠵᠤ᠂ ᠱᠠᠮᠪᠠ ᠶᠢᠨ ᠦᠨᠦᠷ ᠠᠮᠲᠠ ᠳᠤ ᠭᠦᠨ ᠵᠤᠵᠠᠭᠠᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ | | | |