ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠬᠠᠩᠭᠢᠨ ᠬᠤᠶᠢᠲᠤ ᠬᠤᠰᠢᠭᠤᠨ ᠤ ᠪᠦᠯᠬᠦᠮᠳᠡᠯ ᠲᠠᠷᠢᠶᠠᠯᠠᠩ ᠤᠨ ᠰᠣᠶᠣᠯ ᠤᠨ ᠦᠵᠡᠰᠬᠦᠯᠡᠩ ᠤᠨ ᠣᠷᠳᠣᠨ ᠳᠤ ᠬᠦᠷᠴᠦ ᠰᠤᠷᠪᠤᠯᠵᠢᠯᠠᠪᠠ
ᠨᠡᠶᠢᠲᠡᠯᠡᠭᠰᠡᠨ ᠴᠠᠭ᠄
2024/9/29
      ᠶᠡᠷᠦᠩᠬᠡᠶ ᠱᠦᠵᠢ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠷᠣᠲᠣᠬᠤᠶ ᠶᠢᠨ ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠬᠤ ᠶᠢᠨ ᠲᠥᠯᠥᠭᠡ᠂ 9 ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠰᠤᠷᠪᠤᠯᠵᠢᠯᠠᠭᠴᠢ ᠪᠦᠯᠬᠦᠮᠳᠡᠯ ᠲᠠᠷᠢᠶᠠᠯᠠᠩ ᠤᠨ ᠰᠣᠶᠣᠯ ᠤᠨ ᠦᠵᠡᠭᠦᠯᠦᠯᠭᠡ ᠶᠢᠨ ᠣᠷᠳᠣᠨ ᠳᠤ ᠬᠦᠷᠴᠦ ᠰᠤᠷᠪᠤᠯᠵᠢᠯᠠᠪᠠ᠃ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ  ᠦᠢᠯᠡᠳᠦᠯᠭᠡ ᠶᠢᠨ ᠲᠥᠪ ᠤᠨ ᠳᠡᠳ᠋ ᠡᠷᠬᠢᠯᠡᠭᠴᠢ ᠸᠠᠩ ᠴᠢᠶᠣᠤ ᡁᠢ᠂ ᠲᠤᠸᠠᠨ ᠵᠢᠶᠧ ᠪᠠᠯᠭᠠᠰᠤᠨ ᠤ ᠳᠠᠷᠤᠭ᠎ᠠ ᠮᠠ ᠷᠦᠩ ᠪᠠᠷ᠎ᠠ ᠪᠣᠯᠪᠠ᠃
1.png
      ᠰᠤᠷᠪᠤᠯᠵᠢᠯᠠᠬᠤ ᠳᠤᠮᠳᠠ᠂ ᠲᠠᠷᠢᠶᠠᠯᠠᠬᠤ ᠰᠣᠶᠣᠯ ᠤᠨ ᠦᠵᠡᠭᠦᠯᠦᠯᠭᠡ ᠶᠢᠨ ᠣᠷᠳᠣᠨ ᠤ ᠳᠠᠷᠤᠭ᠎ᠠ ᠭᠤᠤ ᡁᠢ ᠯᠢᠶᠠᠩ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠲᠠᠷᠢᠶᠠᠯᠠᠩ ᠤᠨ ᠪᠣᠯᠪᠠᠰᠤᠨ ᠤ ᠰᠤᠳᠠᠰᠤ ᠶᠢ ᠳᠠᠭᠠᠵᠤ᠂ ᠰᠤᠷᠪᠤᠯᠵᠢᠯᠠᠭᠴᠢ ᠳᠤ ᠲᠤᠰ ᠣᠷᠳᠣᠨ ᠤ ᠦᠨᠳᠦᠰᠦᠨ ᠪᠠᠶᠢᠳᠠᠯ ᠢ ᠲᠠᠨᠢᠯᠴᠠᠭᠤᠯᠪᠠ᠃ ᠡᠳ᠋ ᠪᠣᠳᠠᠰ ᠨᠢᠭᠡᠪᠦᠷᠢ ᠴᠥᠮ ᠳᠤᠮᠳᠠᠳᠤ ᠶᠢᠨ ᠦᠨᠳᠦᠰᠦᠲᠡᠨ ᠤ ᠠᠷᠠᠳ ᠲᠦᠮᠡᠨ ᠤ ᠬᠠᠮᠲᠤ ᠶᠢᠨ ᠲᠡᠮᠡᠴᠡᠯ ᠤᠨ ᠥᠩᠭᠡᠷᠡᠯᠲᠡ ᠶᠢ ᠲᠣᠭᠠᠴᠢᠨ ᠶᠠᠷᠢᠵᠤ᠂ ᠲᠠᠷᠢᠶᠠᠯᠠᠬᠤ ᠰᠣᠶᠣᠯ ᠤᠨ ᠴᠠᠭ ᠦᠶ᠎ᠡ ᠶᠢᠨ ᠬᠤᠪᠢᠷᠠᠯᠲᠠ ᠶᠢ ᠢᠯᠡᠷᠡᠭᠦᠯᠵᠦ ᠪᠠᠶᠢᠭ᠎ᠠ ᠰᠢᠭ᠃ ᠰᠤᠷᠪᠤᠯᠵᠢᠯᠠᠭᠴᠢ ᠲᠠᠶᠢᠯᠤᠮᠵᠢ ᠶᠢ ᠰᠣᠨᠣᠰᠬᠤ ᠶᠢᠨ ᠳᠠᠭᠠᠤ ᠲᠡᠮᠳᠡᠭᠯᠡᠯ ᠬᠢᠵᠦ᠂ ᠪᠠᠰᠠ ᠭᠤᠤ ᡁᠢ ᠯᠢᠶᠠᠩ ᠠᠴᠠ ᠪᠦᠯᠬᠦᠮᠳᠡᠯ ᠲᠠᠷᠢᠶᠠᠯᠠᠩ ᠤᠨ ᠰᠣᠶᠣᠯ ᠤᠨ ᠦᠵᠡᠭᠦᠯᠦᠯᠭᠡ ᠶᠢᠨ ᠣᠷᠳᠣᠨ ᠪᠠᠶᠢᠭᠤᠯᠤᠭᠳᠠᠭᠰᠠᠨ ᠴᠠᠭ᠂ ᠮᠦᠽᠧᠶ ᠶᠢᠨ ᠬᠠᠳᠠᠭᠠᠯᠠᠵᠤ ᠪᠠᠶᠢᠭ᠎ᠠ ᠪᠣᠳᠠᠰ ᠤᠨ ᠲᠤᠭ᠎ᠠ ᠵᠢᠴᠢ ᠬᠠᠳᠠᠭᠠᠯᠠᠵᠤ ᠪᠠᠶᠢᠭ᠎ᠠ ᠪᠣᠳᠠᠰ ᠤᠨ ᠭᠠᠵᠠᠷ ᠢ ᠯᠠᠪᠯᠠᠨ ᠠᠰᠠᠭᠤᠪᠠ᠃ ᠲᠡᠳᠡ ᠪᠠᠶᠢᠨ ᠪᠠᠶᠢᠨ ᠰᠠᠨᠠᠯ ᠢᠶᠠᠨ ᠰᠣᠯᠢᠯᠴᠠᠵᠤ᠂ ᠬᠦᠷᠦᠭᠰᠡᠨ ᠭᠠᠵᠠᠷ ᠪᠣᠯᠭᠠᠨ ᠳᠤ ᠨᠠᠷᠢᠨ ᠬᠢᠨᠠᠮᠠᠭᠠᠢ ᠦᠵᠡᠵᠦ᠂ ᠨᠠᠷᠢᠨ ᠬᠢᠨᠠᠮᠠᠭᠠᠢ ᠠᠵᠢᠭᠯᠠᠵᠤ᠂ ᠲᠤᠰ ᠣᠷᠳᠣᠨ ᠤ ᠳᠡᠯᠭᠡᠨ ᠦᠵᠡᠭᠦᠯᠬᠦ ᠭᠤᠣᠯ ᠰᠡᠳᠦᠪ ᠨᠢ ᠢᠯᠡ ᠲᠣᠳᠣ᠂ ᠦᠵᠡᠭᠦᠯᠦᠯᠭᠡ ᠶᠢᠨ ᠵᠦᠢᠯᠡᠰ ᠨᠢ ᠲᠥᠯᠥᠭᠡᠯᠡᠬᠦ ᠴᠢᠨᠠᠷᠲᠠᠢ ᠪᠠᠶᠢᠬᠤ ᠶᠢ ᠮᠠᠭᠲᠠᠨ ᠰᠠᠶᠢᠰᠢᠶᠠᠵᠤ᠂ ᠮᠠᠰᠢ ᠣᠨᠴᠠᠯᠢᠭ ᠲᠠᠢ ᠪᠣᠯᠵᠠᠢ᠃
微信截图_20240929102312.png
       ᠲᠤᠸᠠᠨ ᠵᠢᠶᠧ ᠪᠠᠯᠭᠠᠰᠤᠨ ᠤ ᠲᠠᠷᠢᠶᠠᠯᠠᠬᠤ ᠰᠣᠶᠣᠯ ᠤᠨ ᠦᠵᠡᠭᠦᠯᠦᠯᠭᠡ ᠶᠢᠨ ᠣᠷᠳᠣᠨ ᠨᠢ ᠪᠦᠯᠬᠦᠮᠳᠡᠯ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷ ᠲᠤ ᠪᠠᠶᠢᠷᠢᠯᠠᠵᠤ᠂ 848 ᠲᠡᠭᠰᠢ ᠳᠥᠷᠪᠡᠯᠵᠢᠨ ᠮᠧᠳ᠋ᠷ ᠭᠠᠵᠠᠷ ᠡᠵᠡᠯᠡᠵᠦ᠂ 1000 ᠭᠠᠷᠤᠶ ᠦᠵᠡᠭᠦᠯᠭᠡ ᠶᠢᠨ ᠡᠳ᠋ ᠳᠡᠯᠭᠡᠨ ᠦᠵᠡᠭᠦᠯᠪᠡ᠃ 2024 ᠣᠨ ᠤ 6 ᠰᠠᠷ᠎ᠠ ᠳᠤ ᠵᠢᠩᠬᠢᠨᠢ ᠪᠠᠷ ᠡᠭᠦᠳᠡ ᠪᠠᠨ ᠨᠡᠭᠡᠭᠡᠵᠦ᠂ ᠲᠤᠰ ᠮᠦᠽᠧᠢ ᠨᠢ ᠦᠰᠦᠭ ᠪᠢᠴᠢᠭ ᠤᠨ ᠦᠵᠡᠭᠦᠯᠭᠡ ᠶᠢᠨ ᠰᠠᠮᠪᠠᠷ᠎ᠠ᠂ ᠭᠡᠷᠡᠯ ᠵᠢᠷᠤᠭ᠂ ᠪᠣᠳᠠᠲᠤ ᠪᠣᠳᠠᠰ ᠤᠨ ᠬᠡᠯᠪᠡᠷᠢ ᠪᠠᠷ ᠲᠠᠪᠤᠨ ᠲᠢᠩᠬᠢᠮ ᠤᠨ ᠲᠤᠰᠬᠠᠢ ᠰᠡᠳᠦᠪᠲᠦ ᠳᠡᠯᠭᠡᠨ ᠦᠵᠡᠭᠦᠯᠬᠦ ᠪᠠᠷ ᠳᠠᠮᠵᠢᠭᠤᠯᠵᠤ᠂ ᠪᠣᠷᠣᠲᠣᠬᠤᠢ ᠶᠢᠨ ᠲᠠᠷᠢᠶᠠᠯᠠᠩ ᠤᠨ ᠪᠣᠯᠪᠠᠰᠤᠨ᠂ ᠲᠠᠷᠢᠶᠠᠯᠠᠩ ᠤᠨ ᠬᠥᠭᠵᠢᠯᠲᠡ ᠶᠢᠨ ᠲᠡᠦᠬᠡ᠂ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠶᠢᠨ ᠲᠡᠦᠬᠡ᠂ ᠬᠥᠳᠡᠭᠡ ᠲᠣᠰᠬᠤᠨ ᠤ ᠭᠠᠷ ᠦᠢᠯᠡᠳᠪᠦᠷᠢ ᠶᠢᠨ ᠬᠥᠭᠵᠢᠯᠲᠡ ᠶᠢᠨ ᠲᠡᠦᠬᠡ᠂ ᠬᠥᠳᠡᠭᠡ ᠲᠣᠰᠬᠤᠨ ᠤ ᠵᠠᠩ ᠵᠠᠩᠰᠢᠯ ᠵᠡᠷᠭᠡ ᠶᠢ ᠨᠠᠷᠢᠨ ᠲᠠᠨᠢᠯᠴᠠᠭᠤᠯᠵᠤ᠂ ᠪᠣᠷᠣᠲᠣᠬᠤᠢ ᠶᠢᠨ ᠭᠠᠵᠠᠷ ᠣᠷᠣᠨ ᠤ ᠲᠠᠷᠢᠶᠠᠴᠢᠳ ᠤᠨ ᠡᠯ᠎ᠡ ᠲᠡᠦᠬᠡᠨ ᠴᠠᠭ ᠦᠶ᠎ᠡ ᠶᠢᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠪᠣᠯᠣᠨ ᠤᠶᠤᠨ ᠰᠠᠨᠠᠭᠠᠨ ᠤ ᠳᠦᠷᠰᠦ ᠪᠠᠶᠢᠳᠠᠯ ᠢ ᠲᠤᠰᠬᠠᠵᠠᠢ᠃
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ