︽ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠬᠤᠶᠢᠰᠢᠯᠠᠭᠤᠯᠬᠤ ᠲᠤᠬᠠᠢ ᠪᠣᠳᠣᠯᠭ᠎ᠠ ᠶᠢᠨ ᠠᠷᠭ᠎ᠠ︾ ᠶᠢ ᠰᠦᠯᠵᠢᠶᠡᠨ ᠳᠤ ᠭᠠᠷᠭᠠᠪᠠ
ᠨᠡᠶᠢᠲᠡᠯᠡᠭᠰᠡᠨ ᠴᠠᠭ᠄
2024/9/29
      ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯᠳᠤᠭᠠᠨ ᠠᠴᠠ ︽ᠬᠠᠤᠯᠢ ᠳᠤ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠠᠯᠬᠤᠮ ᠠᠯᠬᠤᠮ ᠢᠶᠠᠷ ᠬᠤᠶᠢᠰᠢᠯᠠᠭᠤᠯᠬᠤ ᠶᠢ ᠬᠡᠷᠡᠭᠵᠢᠭᠦᠯᠬᠦ ᠲᠤᠬᠠᠢ ᠲᠣᠭᠲᠠᠭᠠᠯ︾  ᠢ ᠪᠠᠲᠤᠯᠠᠪᠠ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠰᠦᠯᠵᠢᠶ᠎ᠡ᠂ ᠤᠯᠤᠰ ᠤᠨ ᠨᠡᠶᠢᠭᠡᠮ ᠤᠨ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ᠂ ᠪᠥᠬᠦ ᠤᠯᠤᠰ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠡᠯᠧᠺᠳ᠋ᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ᠂ ᠭᠠᠷ ᠤᠲᠠᠰᠤᠨ ᠤ 12333 App ᠵᠡᠷᠭᠡ ᠰᠦᠯᠵᠢᠶᠡᠨ ᠳᠡᠭᠡᠷᠡᠬᠢ ᠠᠰᠠᠭᠤᠨ ᠯᠠᠪᠯᠠᠬᠤ ᠦᠢᠯᠡᠴᠢᠯᠡᠭᠡᠨ ᠤ ᠠᠷᠭ᠎ᠠ ᠵᠠᠮ ᠢᠶᠠᠷ ᠳᠠᠮᠵᠢᠭᠤᠯᠤᠨ᠂ ︽ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠬᠤᠶᠢᠰᠢᠯᠠᠭᠤᠯᠬᠤ ᠲᠤᠬᠠᠢ ᠪᠣᠳᠣᠯᠭ᠎ᠠ ᠶᠢᠨ ᠠᠷᠭ᠎ᠠ︾ ᠶᠢᠨ ᠵᠢᠵᠢᠭ ᠫᠷᠣᠭ᠍ᠷᠠᠮ ᠳᠤ ᠣᠷᠣᠵᠤ᠂ ᠲᠣᠰ ᠬᠥᠮᠥᠨ ᠤ ᠮᠡᠳᠡᠭᠡ ᠵᠠᠩᠭᠢ ᠪᠠᠨ ᠪᠢᠴᠢᠵᠦ ᠣᠷᠣᠭᠤᠯᠪᠠᠯ ᠳᠠᠷᠤᠢ ᠠᠰᠠᠭᠤᠨ ᠯᠠᠪᠯᠠᠵᠤ ᠪᠣᠯᠣᠨ᠎ᠠ᠃ ᠪᠠᠰᠠ 12333 ᠠᠰᠠᠭᠤᠨ ᠯᠠᠪᠯᠠᠬᠤ ᠦᠢᠯᠡᠴᠢᠯᠡᠭᠡᠨ ᠤ ᠬᠠᠯᠠᠮᠰᠢᠯ ᠤᠲᠠᠰᠤ ᠶᠢ ᠤᠲᠠᠰᠤᠳᠠᠵᠤ᠂ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠶᠢᠨ ᠦᠢᠯᠡᠴᠢᠯᠡᠭᠡᠨ ᠤ ᠴᠣᠩᠬᠤᠪᠴᠢ ᠵᠡᠷᠭᠡ ᠰᠦᠯᠵᠢᠶᠡᠨ ᠭᠠᠳᠠᠨᠠᠬᠢ ᠠᠷᠭ᠎ᠠ ᠮᠠᠶ᠋ᠢᠭ ᠢᠶᠠᠷ ᠲᠣᠰ ᠬᠥᠮᠥᠨ ᠤ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠠᠰᠠᠭᠤᠨ ᠯᠠᠪᠯᠠᠵᠤ ᠪᠣᠯᠣᠨ᠎ᠠ᠃
ᠢᠷᠡᠯᠲᠡ᠄ ᠠᠷᠠᠳ ᠤᠨ ᠮᠤᠩᠭᠤᠯ ᠰᠦᠯᠵᠢᠶ᠎ᠡ