ᠨᠢᠭᠡ᠂ ᠨᠡᠶᠢᠲᠡᠯᠡᠭᠰᠡᠨ ᠠᠬᠤᠶ ᠪᠠᠶᠢᠳᠠᠯ ᠬᠢᠭᠡᠳ ᠴᠢᠬᠤᠯᠠ ᠠᠴᠢ ᠬᠤᠯᠪᠣᠭᠳᠠᠯ | 2023 ᠣᠨ ᠤ 7 ᠰᠠᠷ᠎ᠠ ᠶᠢᠨ 31 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠪᠤᠳᠤᠭᠠᠷ ᠬᠤᠷᠠᠯᠳᠤᠭᠠᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ | ᠪᠠᠶᠢᠭᠤᠯᠬᠤ ᠶᠢ ᠠᠬᠢᠭᠤᠯᠬᠤ ᠲᠦᠷᠢᠮ︾ ᠢ ᠪᠠᠲᠤᠯᠠᠵᠤ᠂ ᠬᠠᠩᠭᠢᠨ ᠬᠤᠶᠢᠲᠤ ᠬᠤᠰᠢᠭᠤᠨ ᠤ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠳᠤ ᠴᠢᠬᠤᠯᠠ ᠠᠴᠢ | ᠬᠤᠯᠪᠣᠭᠳᠠᠯ ᠲᠠᠢ ᠶᠤᠮ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠠᠩᠭᠢᠨ ᠬᠤᠶᠢᠲᠤ ᠬᠤᠰᠢᠭᠤᠨ ᠤ ᠬᠢᠨ ︽ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ | ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ 2024 ᠣᠨ ᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ | ᠲᠠᠩᠰᠠ︾ ᠶᠢ ᠲᠣᠭᠲᠠᠭᠠᠵᠤ᠂ ᠬᠠᠩᠭᠢᠨ ᠬᠤᠶᠢᠲᠤ ᠬᠤᠰᠢᠭᠤᠨ ᠤ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ | ᠡᠯ᠎ᠡ ᠱᠠᠲᠤᠨ ᠤ ᠰᠠᠯᠠᠭ᠎ᠠ ᠮᠥᠴᠢᠷ᠂ ᠬᠠᠮᠢᠶ᠎ᠠ ᠪᠥᠬᠦᠶ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠤᠰᠤᠳᠴᠢ᠂ ᠭᠦᠨᠵᠡᠭᠡᠶ | ᠣᠶᠢᠯᠠᠭᠠᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠡᠳᠦᠭᠡ ᠬᠠᠮᠢᠶ᠎ᠠ ᠪᠥᠬᠦᠶ ᠠᠭᠤᠯᠭ᠎ᠠ ᠶᠢᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠪᠡ᠄ | ᠬᠤᠶᠠᠷ᠂ ᠭᠤᠣᠯ ᠪᠣᠯᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ | ᠥᠪᠡᠷᠲᠡᠭᠡᠨ ᠵᠠᠰᠠᠬᠤ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠠᠬᠢᠭᠤᠯᠬᠤ ᠰᠢᠨ᠎ᠡ ᠠᠷᠪᠠᠨ | ᠨᠢᠭᠡᠳᠦᠭᠡᠷ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠪᠦᠬᠦ ᠬᠤᠰᠢᠭᠤᠨ ᠤ ᠳᠦᠷᠢᠮ ᠢᠶᠠᠷ ︽ᠶᠡᠭᠡ ᠪᠠᠷ ᠡᠪᠳᠡᠵᠦ | ᠶᠡᠭᠡ ᠪᠠᠷ ᠪᠠᠶᠢᠭᠤᠯᠬᠤ︾ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ︽ᠨᠢᠭᠡ ᠡᠷᠦᠬᠡ ᠨᠢᠭᠡ ᠬᠡᠰᠡᠭ ᠲᠠᠷᠢᠶ᠎ᠠ᠂ | ᠨᠢᠭᠡ ᠲᠣᠰᠬᠤᠨ ᠨᠢᠭᠡ ᠬᠡᠰᠡᠭ ᠲᠠᠷᠢᠶ᠎ᠠ︾ ᠶᠢᠨ ᠵᠠᠭᠪᠤᠷ ᠢ ᠳᠡᠯᠭᠡᠷᠡᠭᠦᠯᠵᠦ᠂ 5.13 ᠲᠦᠮᠡᠨ ᠮᠦ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠶᠢᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠡᠶᠡᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠪᠠᠷ ᠲᠠᠪᠴᠠᠩ ᠪᠠᠶᠢᠭᠤᠯᠵᠤ᠂ ᠲᠠᠷᠢᠶᠠᠯᠠᠩ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠪᠡ᠃ ᠪᠠᠶᠢᠭᠤᠯᠤᠭᠳᠠᠭᠰᠠᠨ ᠤ ᠳᠠᠷᠠᠭᠠᠬᠢ ᠲᠠᠷᠢᠶᠠᠨ | ᠭᠠᠵᠠᠷ ᠢ ᠰᠢᠨ᠎ᠡ ᠪᠠᠷ ᠬᠤᠪᠢᠶᠠᠷᠢᠯᠠᠬᠤ ᠶᠢ ᠰᠠᠶᠢᠲᠤᠷ ᠠᠳᠬᠤᠵᠤ᠂ ᠬᠠᠮᠢᠶᠠᠷᠴᠤ ᠬᠠᠮᠠᠭᠠᠯᠠᠬᠤ ᠭᠤᠣᠯ ᠴᠣᠭᠴᠠ᠂ ᠡᠭᠦᠷᠭᠡ ᠬᠠᠷᠢᠭᠤᠴᠠᠯᠭ᠎ᠠ᠂ ᠵᠠᠷᠤᠳᠠᠯ ᠢ | ᠨᠠᠶᠢᠳᠠᠪᠤᠷᠢᠵᠢᠭᠤᠯᠤᠨ᠂ ︽ᠪᠠᠭ᠎ᠠ ᠲᠠᠷᠢᠶ᠎ᠠ︾ ᠶᠢ ︽ᠲᠤᠮᠤ ᠲᠠᠷᠢᠶ᠎ᠠ︾᠂ ︽ᠠᠮᠤ ᠪᠤᠳᠠᠭᠠᠨ ᠤ ᠲᠠᠷᠢᠶ᠎ᠠ︾ ᠶᠢ ︽ᠰᠠᠶᠢᠨ ᠲᠠᠷᠢᠶ᠎ᠠ︾ ᠪᠣᠯᠭᠠᠨ ᠬᠤᠪᠢᠷᠠᠭᠤᠯᠬᠤ ᠶᠢ | ᠦᠨᠡᠨ ᠬᠦ ᠪᠡᠶᠡᠯᠡᠭᠦᠯᠦᠨ᠎ᠡ᠃ | ︽ᠥᠪᠥᠷ ᠮᠣᠩᠭᠤᠯ ᠤᠨ ᠪᠠᠶᠠᠨᠨᠠᠭᠤᠷ ᠬᠤᠲᠠ ᠶᠢᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠲᠥᠰᠦᠯ︾ ᠢ ᠦᠨᠳᠦᠰᠦᠯᠡᠨ᠂ ᠮᠠᠨ ᠤ ᠬᠤᠰᠢᠭᠤ 2023 ᠣᠨ ᠤ 5 ᠰᠠᠷ᠎ᠠ ᠳᠤ ︽ | ᠬᠠᠩᠭᠢᠨ ᠬᠤᠶᠢᠲᠤ ᠬᠤᠰᠢᠭᠤᠨ ᠤ 2024 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠩᠬ᠎ᠠ | ᠰᠣᠩᠭᠤᠬᠤ ᠠᠵᠢᠯ ᠤᠨ ᠮᠡᠳᠡᠭᠳᠡᠯ︾ ᠢ ᠪᠠᠭᠤᠯᠭᠠᠵᠤ᠂ ᠲᠣᠰᠬᠤᠨ ᠤ ᠬᠦᠶ ᠨᠢᠭᠡᠳᠦᠯ ᠢ ᠵᠣᠬᠢᠶᠠᠨ ᠪᠠᠶᠢᠭᠤᠯᠵᠤ ᠭᠠᠵᠠᠷ ᠰᠣᠩᠭᠤᠬᠤ ᠪᠠᠷ ᠭᠤᠶᠤᠴᠢᠯᠠᠨ ᠮᠡᠳᠡᠭᠦᠯᠪᠡ᠃ | ᠰᠣᠩᠭᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤ ᠲᠥᠪᠯᠡᠷᠡᠨ ᠵᠠᠯᠭᠠᠯᠳᠤᠭᠰᠠᠨ᠂ ᠪᠥᠬᠦ ᠲᠣᠰᠬᠤᠨ ᠢᠶᠠᠷ ᠠᠬᠢᠭᠤᠯᠬᠤ᠂ ᠠᠵᠤ ᠦᠢᠯᠡᠰ ᠤᠨ | ᠬᠦᠷᠢᠶᠡᠯᠡᠩ ᠲᠣᠭᠤᠷᠢᠭ᠂ ᠭᠤᠤᠯ ᠵᠠᠮ ᠤᠨ ᠡᠷᠬᠢᠨ ᠲᠣᠭᠤᠷᠢᠨ ᠳᠤ ᠤᠷᠢᠳᠠᠪᠠᠷ ᠰᠣᠩᠭᠤᠬᠤ ᠵᠠᠷᠴᠢᠮ ᠢ ᠪᠠᠷᠢᠮᠲᠠᠯᠠᠵᠤ᠂ ᠡᠯ᠎ᠡ ᠰᠢᠶᠠᠩ ᠪᠠᠯᠭᠠᠰᠤ ᠶᠢ ᠵᠣᠬᠢᠶᠠᠨ | ᠪᠠᠶᠢᠭᠤᠯᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠦᠨ᠎ᠡ᠃ ᠡᠯ᠎ᠡ ᠪᠠᠯᠭᠠᠰᠤ ᠨᠢ ᠲᠥᠷᠥᠯ ᠵᠦᠢᠯ ᠢᠶᠠᠨ ᠳᠡᠭᠡᠭᠰᠢ ᠮᠡᠳᠡᠭᠦᠯᠦᠭᠰᠡᠨ ᠤ ᠳᠠᠷᠠᠭ᠎ᠠ᠂ ᠭᠤᠷᠪᠠᠨ | ᠲᠣᠬᠢᠷᠠᠭᠤᠯᠤᠯᠲᠠ ᠶᠢᠨ ᠲᠤᠭ᠎ᠠ ᠪᠠᠷᠢᠮᠲᠠ ᠲᠠᠢ ᠬᠠᠷᠢᠴᠠᠭᠤᠯᠤᠨ ᠡᠯ᠎ᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ ᠶᠢ ᠬᠢᠨᠠᠨ ᠬᠠᠷᠭᠤᠭᠤᠯᠪᠠ᠃ | ᠣᠳᠣᠬᠠᠨ ᠳᠤ᠂ ᠮᠠᠨ ᠤ ᠬᠤᠰᠢᠭᠤ 2024 ᠣᠨ ᠳᠤ ᠨᠢᠭᠡᠨᠲᠡ ᠤᠯᠤᠰ ᠤᠨ ᠵᠢᠭᠡᠯᠡᠯᠭᠡ ᠶᠢᠨ ᠪᠠᠯᠠ ᠮᠥᠩᠭᠦ ᠨᠡᠮᠡᠵᠦ ᠲᠠᠷᠬᠠᠭᠠᠬᠤ ᠲᠥᠷᠥᠯ ᠵᠦᠢᠯ 5.13 ᠲᠦᠮᠡᠨ | ᠮᠥ ︵ᠱᠤᠸᠠᠩ ᠮᠢᠶᠣᠣ ᠪᠠᠯᠭᠠᠰᠤ 0.62 ᠲᠦᠮᠡᠨ ᠮᠥ︔ ᠡᠯ ᠳ᠋ᠤᠤ ᠴᠢᠶᠣᠤ ᠪᠠᠯᠭᠠᠰᠤ 0.13 ᠲᠦᠮᠡᠨ ᠮᠥ︔ ᠪᠦᠯᠬᠦᠮᠳᠡᠯ ᠪᠠᠯᠭᠠᠰᠤ 0.38 ᠲᠦᠮᠡᠨ ᠮᠥ︔ | ᠮᠧᠩ ᠬᠠᠶ ᠪᠠᠯᠭᠠᠰᠤᠨ ᠤ ᠯᠢ ᠡᠯ ᠲᠣᠰᠬᠤᠨ 1.4 ᠲᠦᠮᠡᠨ ᠮᠥ︔ ᠮᠠᠢ ᠬᠦᠢ ᠪᠠᠯᠭᠠᠰᠤᠨ ᠤ 1.66 ᠲᠦᠮᠡᠨ ᠮᠥ︔ ᠱᠠᠮᠪᠠ ᠪᠠᠯᠭᠠᠰᠤᠨ ᠤ ᠤᠯᠠᠭᠠᠨᠬᠠᠳᠠ | ᠲᠣᠰᠬᠤᠨ 0.94 ᠲᠦᠮᠡᠨ ᠮᠥ︔ ᠣᠳᠣᠬᠠᠨ ᠳᠤ ᠨᠢᠭᠡᠨᠲᠡ ᠪᠦᠬᠦᠨ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠵᠢᠯ ᠤᠨ ᠡᠴᠦᠰ ᠠᠴᠠ ᠡᠮᠦᠨ᠎ᠡ ᠪᠥᠬᠦ | ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠪᠠᠨ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ |