ᠪᠣᠷᠣ ᠲᠣᠬᠤᠶ ᠶᠢᠨ ᠵᠠᠩ ᠦᠢᠯᠡ ᠶᠢᠨ ᠰᠣᠶᠣᠯ
ᠨᠡᠶᠢᠲᠡᠯᠡᠭᠰᠡᠨ ᠴᠠᠭ᠄
2025/1/13
      ᠪᠠᠶᠠᠨᠨᠠᠭᠤᠷ ᠬᠤᠲᠠ ᠨᠢ ᠲᠠᠯ᠎ᠠ ᠨᠤᠲᠤᠭ ᠤᠨ ᠰᠤᠶᠤᠯ ᠪᠣᠯᠤᠨ ᠬᠠᠲᠤᠨ ᠭᠤᠣᠯ ᠤᠨ ᠰᠤᠶᠤᠯ ᠵᠢᠴᠢ ᠨᠡᠭᠦᠳᠡᠯ ᠠᠷᠠᠳ ᠤᠨ ᠰᠤᠶᠤᠯ ᠤᠨ ᠨᠡᠶᠢᠯᠡᠯᠭᠡ ᠲᠥᠪᠯᠡᠷᠡᠭᠰᠡᠨ ᠭᠠᠵᠠᠷ ᠣᠷᠣᠨ ᠪᠣᠯᠤᠨ᠎ᠠ᠃ ᠠᠳᠡᠬᠢ ᠶᠢᠨ ᠣᠷᠣᠰᠢᠨ ᠲᠣᠭᠲᠠᠨᠢᠬᠤ ᠳᠠᠪᠠᠭᠤᠯᠢᠭ ᠨᠢ ᠣᠷᠳᠣᠰ ᠤᠨ ᠠᠷᠠᠳ ᠢ ᠲᠦᠷᠪᠡᠨ ᠵᠦᠭ ᠨᠠᠢᠮᠠᠨ ᠵᠣᠪᠬᠢᠰ ᠲᠤ ᠴᠤᠭᠯᠠᠷᠠᠭᠤᠯᠵᠤ᠂ ᠮᠣᠩᠭᠤᠯ ᠬᠢᠲᠠᠳ ᠦᠨᠳᠦᠰᠦᠲᠡᠨ ᠪᠠ ᠪᠤᠰᠤᠳ ᠴᠥᠭᠡᠨ ᠲᠣᠭᠠᠲᠤ ᠦᠨᠳᠦᠰᠦᠲᠡᠨ ᠠᠳᠡ ᠡᠶ᠎ᠡ ᠨᠠᠶᠢᠷᠲᠠᠶ ᠲᠥᠪᠯᠡᠷᠡᠨ ᠰᠠᠭᠤᠷᠢᠰᠢᠵᠤ᠂ ᠤᠯᠠᠨ ᠦᠨᠳᠦᠰᠦᠲᠡᠨ᠂ ᠤᠯᠠᠨ ᠰᠣᠶᠣᠯ ᠶᠡᠭᠡ ᠪᠠᠷ ᠠᠭᠤᠰᠤᠯᠴᠠᠵᠤ᠂ ᠤᠯᠠᠨ ᠵᠦᠢᠯ ᠤᠨ ᠰᠣᠶᠣᠯ ᠢ ᠣᠷᠭᠠᠨᠢᠭ ᠢᠶᠠᠷ ᠠᠭᠤᠰᠤᠯᠴᠠᠭᠤᠯᠤᠭᠰᠠᠨ ᠪᠥᠭᠡᠳ ᠭᠠᠵᠠᠷ ᠣᠷᠣᠨ ᠤ ᠣᠨᠴᠠᠯᠢᠭ ᠲᠠᠢ ᠠᠷᠠᠳ ᠤᠨ ᠤᠷᠠᠯᠢᠭ ᠪᠠ ᠠᠷᠠᠳ ᠤᠨ ᠵᠠᠩ ᠳᠠᠳᠬᠠᠯ ᠢ ᠪᠤᠢ ᠪᠣᠯᠭᠠᠵᠤ᠂ ᠡᠭᠦᠨ ᠤ ᠳᠣᠲᠣᠷ᠎ᠠ ᠥᠷᠭᠡᠨ ᠢᠶᠠᠷ ᠤᠯᠠᠮᠵᠢᠯᠠᠭᠳᠠᠭᠰᠠᠨ ᠲᠤᠰ ᠤᠳᠠᠭᠠᠨ ᠤ ᠠᠭᠤᠯᠠ ᠠᠪᠠᠷᠢᠬᠤ ᠠᠶᠠᠰ ᠪᠠ ᠤᠷᠠᠳ ᠤᠨ ᠠᠷᠠᠳ ᠤᠨ ᠳᠠᠭᠤᠤ ᠶᠢ ᠳᠠᠭᠤᠯᠠᠪᠠ᠃
1.png    
2.png
      ᠪᠣᠷᠣᠲᠣᠬᠤᠶ ᠶᠢᠨ ᠠᠭᠤᠯᠠ ᠠᠪᠠᠷᠢᠬᠤ ᠠᠵᠢᠯ ᠱᠠᠨ ᠰᠢ᠂ ᠱᠠᠨᠰᠢ ᠮᠤᠵᠢ ᠠᠴᠠ ᠢᠷᠡᠯᠲᠡ ᠲᠠᠢ ᠪᠣᠯᠬᠤᠷ ︽ᠪᠠᠷᠠᠭᠤᠨ ᠡᠭᠦᠳᠡ ᠪᠠᠷ ᠶᠠᠪᠤᠬᠤ︾ ᠲᠣᠮᠣ ᠬᠡᠯᠪᠡᠷᠢ ᠶᠢᠨ ᠨᠡᠭᠦᠳᠡᠯ ᠠᠷᠠᠳ ᠤᠨ ᠬᠥᠳᠡᠯᠭᠡᠭᠡᠨ ᠢ ᠳᠠᠭᠠᠯᠳᠤᠨ ᠪᠣᠷᠣᠲᠣᠬᠤᠶ ᠶᠢᠨ ᠭᠠᠵᠠᠷ ᠣᠷᠣᠨ ᠳᠤ ᠣᠷᠣᠵᠤ ᠢᠷᠡᠨ᠂ ᠥᠪᠡᠷᠮᠢᠴᠡ ᠬᠡᠪ ᠨᠠᠮᠪᠠ ᠲᠠᠢ ᠪᠣᠷᠣᠲᠣᠬᠤᠶ ᠶᠢᠨ ᠠᠭᠤᠯᠠ ᠠᠪᠠᠷᠢᠬᠤ ᠠᠶᠠᠰ ᠠᠭᠠᠵᠢᠮ ᠢᠶᠠᠷ ᠪᠤᠶ ᠪᠣᠯᠤᠭᠰᠠᠨ ᠪᠠᠶᠢᠨ᠎ᠠ᠃ ᠪᠣᠷᠣᠲᠣᠬᠤᠢ ᠶᠢᠨ ᠠᠭᠤᠯᠠ ᠠᠪᠠᠷᠢᠬᠤ ᠠᠶᠠᠯᠭᠤ ᠨᠢ ᠭᠤᠣᠯᠳᠠᠭᠤ ᠠᠷᠠᠳ ᠤᠨ ᠳᠤᠮᠳᠠ ᠠᠴᠠ ᠤᠯᠠᠮᠵᠢᠯᠠᠨ ᠳᠠᠭᠤᠯᠠᠬᠤ ᠪᠠᠷ ᠭᠤᠣᠯ ᠪᠣᠯᠭᠠᠭᠰᠠᠨ ᠬᠡᠯᠪᠡᠷᠢ ᠪᠣᠯᠭᠠᠵᠤ᠂ ᠠᠵᠢᠯᠴᠢ ᠪᠣᠷᠣᠭᠵᠢᠭᠤᠨ ᠪᠣᠷᠣᠲᠣᠬᠤᠢ ᠶᠢᠨ ᠠᠷᠠᠳ ᠲᠦᠮᠡᠨ ᠤ ᠥᠷᠭᠡᠨ ᠠᠭᠤᠳᠠᠮ ᠪᠣᠷᠣᠲᠣᠬᠤᠢ ᠶᠢᠨ ᠭᠠᠵᠠᠷ ᠣᠷᠣᠨ ᠳᠤ ᠦᠷᠡᠵᠢᠨ ᠠᠮᠢᠳᠤᠷᠠᠵᠤ᠂ ᠲᠩᠷᠢ ᠭᠠᠵᠠᠷ ᠢ ᠥᠭᠡᠷᠡᠴᠢᠯᠡᠭᠰᠡᠨ ᠬᠥᠭᠵᠢᠯᠲᠡ ᠶᠢᠨ ᠲᠡᠦᠬᠡ ᠶᠢ ᠲᠡᠮᠳᠡᠭᠯᠡᠵᠡᠢ ᠃ ᠪᠤᠷᠤᠳᠤᠬᠤᠢ ᠶᠢᠨ ᠠᠭᠤᠯᠠ ᠠᠪᠠᠷᠢᠬᠤ ᠠᠶᠠᠯᠭᠤ ᠨᠢ ᠬᠦᠨ ᠵᠤᠵᠠᠭᠠᠨ ᠤᠷᠤᠨ ᠨᠤᠳᠤᠭ ᠤᠨ ᠶᠠᠷᠢᠶᠠᠨ ᠤ ᠬᠡᠯᠡᠯᠭᠡᠨ ᠳᠤ ᠲᠤᠭᠠᠴᠠᠭᠳᠠᠵᠤ᠂ ᠬᠠᠮᠤᠭ ᠡᠬᠢᠨ ᠳᠤ ᠪᠠᠨ ᠴᠡᠪᠡᠷ ᠲᠠᠭᠤᠯᠠᠬᠤ ᠪᠠᠷ ᠭᠤᠤᠯ ᠪᠤᠯᠭᠠᠵᠤ᠂ ᠴᠠᠭ ᠪᠠ ᠭᠠᠵᠠᠷ ᠲᠤ ᠬᠢᠵᠠᠭᠠᠷᠯᠠᠭᠳᠠᠬᠤ ᠦᠭᠡᠢ ᠪᠤᠯᠵᠤ᠂ ᠠᠭᠠᠵᠢᠮ ᠢᠶᠠᠷ ᠲᠦᠷᠪᠡᠨ ᠤᠲᠠᠰᠤᠳᠤ ᠬᠤᠭᠤᠷ᠂ ᠯᠢᠩᠬᠸ᠎ᠠ᠂ ᠯᠢᠩᠬᠸ᠎ᠠ ᠬᠤᠭᠤᠷ᠂ ᠪᠠᠩᠽᠢ ᠵᠡᠷᠭᠡ ᠬᠦᠭᠵᠢᠮ ᠳᠤ ᠲᠠᠭᠠᠯᠳᠤᠨ ᠬᠦᠭᠵᠢᠮᠳᠡᠵᠦ ᠪᠠᠶᠢᠪᠠ᠃ 2005 ᠣᠨ ᠳᠤ ᠪᠣᠷᠣᠲᠣᠬᠤᠶ ᠶᠢᠨ ᠠᠭᠤᠯᠠ ᠠᠪᠠᠷᠢᠬᠤ ᠠᠵᠢᠯ ᠨᠢ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ ᠭᠠᠷᠴᠠᠭ ᠲᠤ ᠠᠮᠵᠢᠯᠲᠠ ᠲᠠᠢ ᠪᠠᠷ ᠰᠣᠩᠭᠤᠭᠳᠠᠭᠰᠠᠨ ᠤ ᠳᠠᠷᠠᠭ᠎ᠠ᠂ 2008 ᠣᠨ ᠳᠤ ᠪᠠᠰᠠ ᠬᠤᠶᠠᠳᠤᠭᠠᠷ ᠪᠦᠯᠦᠭ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠤᠨ ᠵᠢᠭᠰᠠᠭᠠᠯᠲᠠ ᠳᠤ ᠣᠷᠣᠪᠠ᠃
3.png
      ᠤᠷᠠᠳ ᠤᠨ ᠠᠷᠠᠳ ᠤᠨ ᠳᠠᠭᠤᠤ ᠶᠢᠨ ᠶᠡᠬᠡᠩᠬᠢ ᠨᠢ ᠵᠡᠭᠦᠨ ᠬᠤᠢᠲᠤ ᠣᠷᠣᠨ ᠠᠴᠠ ᠤᠯᠠᠮᠵᠢᠯᠠᠭᠳᠠᠭᠰᠠᠨ ᠪᠥᠭᠡᠳ ᠭᠤᠣᠯ ᠠᠯᠤᠰᠯᠠᠨ ᠠᠮᠢᠳᠤᠷᠠᠵᠤ ᠪᠠᠢᠭ᠎ᠠ ᠣᠷᠳᠣᠰ ᠤᠨ ᠠᠷᠠᠳ ᠤᠨ ᠳᠠᠭᠤᠤ ᠶᠢᠨ ᠰᠣᠶᠣᠯ ᠲᠠᠢ ᠤᠷᠲᠤ ᠬᠤᠭᠤᠴᠠᠭ᠎ᠠ ᠪᠠᠷ ᠰᠣᠯᠢᠯᠴᠠᠭᠠᠳ ᠮᠠᠰᠢ ᠣᠯᠠᠨ ᠠᠳᠠᠯᠢᠪᠲᠤᠷ ᠳᠠᠭᠤᠤ ᠪᠣᠯᠪᠠ᠃ ᠠᠷᠠ ᠱᠢᠳ ᠣᠷᠣᠨ ᠤ ᠱᠠᠱᠢᠨ ᠱᠢᠲᠦᠯᠭᠡ ᠥᠷᠨᠢᠨ ᠬᠥᠭᠵᠢᠬᠦ ᠶᠢ ᠳᠠᠭᠠᠯᠳᠤᠨ᠂ ᠡᠯ᠎ᠡ ᠶᠡᠭᠡ ᠰᠦᠮ᠎ᠡ᠂ ᠣᠷᠴᠢᠯᠠᠩ ᠤᠨ ᠰᠣᠶᠣᠯ ᠨᠢ ᠱᠠᠱᠢᠨ ᠰᠤᠷᠲᠠᠬᠤᠨ ᠤ ᠰᠣᠶᠣᠯ ᠤᠨ ᠨᠥᠯᠥᠭᠡ ᠶᠢ ᠬᠦᠷᠲᠡᠵᠦ᠂ ᠠᠷᠠᠳ ᠣᠯᠠᠨ ᠤ ᠦᠵᠡᠯ ᠰᠠᠨᠠᠭ᠎ᠠ ᠶᠣᠰᠣ ᠰᠤᠷᠲᠠᠬᠤᠨ᠂ ᠦᠢᠯᠡ ᠠᠵᠢᠯᠯᠠᠭᠠᠨ ᠤ ᠳᠦᠷᠢᠮᠵᠢᠯ ᠪᠣᠯᠤᠨ ᠠᠮᠢᠳᠤᠷᠠᠯ ᠳᠤᠮᠳᠠ ᠪᠠᠨ ᠭᠦᠨ ᠭᠦᠨᠵᠡᠭᠡᠢ ᠲᠥᠪᠡᠳ ᠤᠨ ᠪᠤᠳ᠋ᠳ᠋ᠾ ᠱᠠᠰᠢᠨ ᠤ ᠱᠠᠰᠢᠨ ᠢ ᠪᠢᠱᠢᠷᠡᠨ᠂ ᠰᠦᠮ᠎ᠡ᠂ ᠢᠦᠢ ᠭᠤᠣ ᠯᠠᠮᠠ ᠨᠠᠷ ᠰᠡᠳᠭᠢᠯ ᠢᠶᠠᠷ ᠢᠶᠠᠨ ᠰᠠᠬᠢᠭᠤᠯᠰᠤᠨ ᠢ ᠢᠳᠭᠠᠬᠤ ᠬᠤᠷᠠᠯ ᠤᠨ ᠠᠷᠠᠳ ᠤᠨ ᠳᠠᠭᠤᠤ ᠭᠡᠬᠦ ᠡᠨᠡᠬᠦ ᠣᠨᠴᠠᠭᠠᠢ ᠨᠥᠯᠥᠭᠡ ᠪᠣᠯᠤᠨ ᠨᠥᠯᠥᠭᠡᠯᠡᠬᠦ ᠬᠦᠴᠦᠨ᠂ ᠨᠡᠪᠴᠢᠬᠦ ᠬᠦᠴᠦᠨ ᠢᠶᠠᠨ ᠠᠱᠢᠭᠯᠠᠵᠤ᠂ ᠱᠠᠰᠢᠨ ᠰᠤᠷᠲᠠᠬᠤᠨ ᠤ ᠣᠢᠯᠠᠭᠠᠭᠳᠠᠬᠤᠨ ᠤ ᠱᠠᠰᠢᠨ ᠱᠢᠯ ᠢ ᠠᠷᠠᠳ ᠢᠷᠭᠡᠳ ᠤᠨ ᠣᠶᠤᠨ ᠰᠠᠨᠠᠭᠠᠨ ᠤ ᠬᠦᠷᠢᠶ᠎ᠡ ᠬᠡᠪᠴᠢᠶ᠎ᠡ ᠪᠣᠯᠭᠠᠨ ᠬᠤᠪᠢᠷᠠᠭᠤᠯᠵᠤ᠂ ᠡᠭᠦᠨ ᠠᠴᠠ ᠬᠤᠢᠱᠢ ᠤᠷᠠᠳ ᠤᠨ ᠠᠷᠠᠳ ᠤᠨ ᠳᠠᠭᠤᠤ ᠨᠢ ᠲᠡᠭᠦᠨ ᠤ ᠡᠭᠦᠰᠦᠯ᠂ ᠠᠭᠤᠯᠭ᠎ᠠ᠂ ᠳᠠᠭᠤᠤ᠂ ᠨᠥᠯᠥᠭᠡᠯᠡᠬᠦ ᠬᠦᠴᠦᠨ ᠵᠡᠷᠭᠡ ᠳᠥᠷᠪᠡᠨ ᠵᠦᠢᠯ ᠤᠨ ᠣᠨᠴᠠᠭᠠᠢ ᠬᠡᠪ ᠨᠠᠮᠪᠠ ᠶᠢ ᠪᠤᠰᠤᠳ ᠣᠩᠭᠤᠯ ᠦᠨᠳᠦᠰᠦᠲᠡᠨ ᠤ ᠣᠪᠣᠭ ᠠᠢᠮᠠᠭ ᠤᠨ ᠠᠷᠠᠳ ᠤᠨ ᠳᠠᠭᠤᠤ ᠲᠠᠢ ᠠᠳᠠᠯᠢ ᠪᠤᠰᠤ ᠱᠢᠨᠵᠢ ᠴᠢᠨᠠᠷ ᠢᠶᠠᠷ ᠣᠳᠣ ᠬᠦᠷᠲᠡᠯ᠎ᠡ ᠤᠯᠠᠮᠵᠢᠯᠠᠭᠳᠠᠭᠰᠠᠨ ᠪᠠᠢᠨ᠎ᠠ᠃ 2009 ᠣᠨ ᠳᠤ ᠠᠮᠧᠷᠢᠺᠠ ᠶᠢᠨ ᠶᠡᠷᠦᠩᠬᠡᠶᠢᠯᠡᠭᠴᠢ ᠣᠪᠠᠮ᠎ᠠ ᠳᠤᠮᠳᠠᠳᠤ ᠤᠯᠤᠰ ᠲᠤ ᠠᠶᠢᠯᠴᠢᠯᠠᠭᠰᠠᠨ ᠤᠷᠤᠢ ᠶᠢᠨ ᠳᠠᠶᠢᠯᠠᠯᠭ᠎ᠠ ᠳᠡᠭᠡᠷ᠎ᠡ᠂ ᠤᠷᠠᠳ ᠤᠨ ᠡᠮᠦᠨᠡᠲᠦ ᠬᠤᠰᠢᠭᠤᠨ ᠤ ᠮᠣᠩᠭᠤᠯ ᠦᠨᠳᠦᠰᠦᠲᠡᠨ ᠤ ᠳᠠᠭᠤᠴᠢᠨ ᠬᠦᠰᠡᠯᠡᠩ ᠤᠨ ᠦᠶ᠎ᠡ ᠶᠢᠨ ︽ᠬᠤᠨ ᠭᠠᠯᠠᠭᠤ︾ ᠶᠢ ᠤᠷᠠᠳ ᠤᠨ ᠠᠷᠠᠳ ᠤᠨ ᠳᠠᠭᠤᠤ ᠶᠢ ᠥᠭᠡᠷᠡᠴᠢᠯᠡᠨ ᠨᠠᠶᠢᠷᠠᠭᠤᠯᠵᠤ ᠪᠦᠲᠦᠭᠡᠭᠰᠡᠨ ᠶᠤᠮ᠃ 2009 ᠣᠨ ᠳᠤ ᠤᠷᠠᠳ ᠤᠨ ᠠᠷᠠᠳ ᠤᠨ ᠳᠠᠭᠤᠤ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠭᠠᠷᠴᠠᠭ ᠲᠤ ᠣᠷᠣᠵᠤ᠂ 2010 ᠣᠨ ᠳᠤ ᠭᠤᠷᠪᠠᠳᠤᠭᠠᠷ ᠪᠦᠯᠦᠭ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠭᠠᠷᠴᠠᠭ ᠲᠤ ᠰᠣᠩᠭᠤᠭᠳᠠᠪᠠ᠃
4.png
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ