1 ᠰᠠᠷ᠎ᠠ ᠶᠢᠨ 13 ᠤ ᠡᠳᠦᠷ᠂ ᠬᠠᠨ ᡁᠢ ᠶᠧ᠂ ᠰᠦᠨ ᡁᠢ ᠭᠠᠩ᠂ ᠵᠠᠩ ᠱᠦᠨ ᠴᠠᠩ᠂ ᠵᠠᠩ ᠸᠧᠨ ᠮᠢᠨ᠂ ᠸᠠᠩ ᠺᠠᠶ ᠵᠢᠶᠦ᠋ᠨ ᠵᠡᠷᠭᠡ ᠬᠤᠰᠢᠭᠤᠨ ᠤ | ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠲᠥᠯᠥᠭᠡᠯᠡᠭᠴᠢ᠂ ᠭᠡᠰᠢᠭᠦᠳ ᠤᠨ ᠰᠠᠭᠤᠭ᠎ᠠ ᠭᠠᠵᠠᠷ ᠲᠤ ᠬᠦᠷᠴᠦ᠂ ᠬᠤᠰᠢᠭᠤᠨ ᠤ ᠬᠤᠶᠠᠷ ᠬᠤᠷᠠᠯ ᠳᠤ | ᠣᠷᠣᠯᠴᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠳᠣᠲᠣᠨᠣ ᠪᠠᠷ | ᠪᠣᠯᠭᠤᠭᠠᠨ ᠦᠵᠡᠵᠦ᠂ ᠣᠯᠠᠨ ᠢᠶᠠᠷ ᠢᠶᠠᠨ ᠲᠥᠯᠥᠭᠡᠯᠡᠭᠴᠢ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠶ᠋ᠴᠡᠳᠬᠡᠵᠦ᠂ ᠳᠡᠭᠡᠳᠦ | ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠶᠡᠭᠡ ᠬᠤᠷᠠᠯ ᠢ ᠰᠠᠶᠢᠲᠤᠷ | ᠬᠤᠷᠠᠯᠳᠤᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠬᠠᠮᠲᠤ ᠪᠠᠷ ᠰᠦᠪᠡᠭᠴᠢᠯᠡᠬᠦ ᠬᠡᠷᠡᠭᠲᠡᠶ ᠭᠡᠵᠦ ᠬᠡᠯᠡᠪᠡ᠃ | | | | ᠲᠥᠯᠥᠭᠡᠯᠡᠭᠴᠢᠳ᠂ ᠭᠡᠰᠢᠭᠦᠳ ᠤᠨ ᠰᠠᠭᠤᠭ᠎ᠠ ᠭᠠᠵᠠᠷ ᠲᠤ᠂ ᠬᠠᠨ ᡁᠢ ᠶᠧ ᠬᠤᠷᠠᠯ ᠳᠤ ᠣᠷᠣᠯᠴᠠᠭᠰᠠᠨ ᠬᠤᠭᠤᠴᠠᠭᠠᠨ ᠳᠠᠬᠢ ᠣᠷᠣᠨ ᠰᠠᠭᠤᠴᠠ ᠶᠢᠨ | ᠣᠷᠴᠢᠨ ᠲᠣᠭᠤᠷᠢᠨ᠂ ᠢᠳᠡᠭᠡᠨ ᠤᠮᠳᠠᠭᠠᠨ ᠤ ᠠᠮᠤᠷ ᠲᠦᠪᠰᠢᠨ᠂ ᠠᠵᠢᠯᠯᠠᠬᠤ ᠨᠥᠬᠦᠴᠡᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠥᠯᠥᠭᠡᠯᠡᠭᠴᠢᠳ᠂ | ᠭᠡᠰᠢᠭᠦᠳ ᠲᠠᠢ ᠳᠣᠲᠣᠨᠣ ᠪᠠᠷ ᠶᠠᠷᠢᠯᠴᠠᠵᠤ᠂ ᠬᠤᠷᠠᠯ ᠳᠤ ᠣᠷᠣᠯᠴᠠᠬᠤ ᠪᠡᠯᠡᠳᠬᠡᠯ ᠤᠨ ᠪᠠᠶᠢᠳᠠᠯ ᠵᠢᠴᠢ ᠰᠠᠨᠠᠯ ᠳᠤᠷᠠᠳᠤᠯᠭ᠎ᠠ᠂ ᠰᠠᠨᠠᠯ ᠰᠠᠨᠠᠭᠤᠯᠭ᠎ᠠ ᠶᠢᠨ ᠪᠠᠶᠢᠳᠠᠯ ᠢ | ᠯᠠᠪᠯᠠᠨ ᠠᠰᠠᠭᠤᠭᠰᠠᠨ ᠪᠥᠭᠡᠳ ᠣᠯᠠᠨ ᠤ ᠥᠩᠭᠡᠷᠡᠭᠰᠡᠨ ᠨᠢᠭᠡ ᠵᠢᠯ ᠳᠤ ᠪᠥᠬᠦ ᠬᠤᠰᠢᠭᠤᠨ ᠤ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠴᠢᠩ | ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ | ᠬᠠᠨ ᡁᠢ ᠶᠧ ᠵᠢᠭᠠᠵᠤ ᠭᠠᠷᠭᠠᠭᠰᠠᠨ ᠨᠢ᠂ 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰᠬᠦ ᠵᠢᠯ ᠮᠥᠨ᠂ | ᠪᠠᠰᠠ ᠴᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠵᠢᠯ ᠮᠥᠨ᠃ ᠲᠥᠯᠥᠭᠡᠯᠡᠭᠴᠢᠳ᠂ ᠭᠡᠰᠢᠭᠦᠳ ᠪᠦᠯᠬᠦᠮᠳᠡᠨ | ᠨᠢᠭᠡᠳᠴᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠪᠠ ᠴᠢᠨᠠᠷ ᠰᠠᠶᠢᠲᠠᠶ ᠬᠥᠭᠵᠢᠯᠲᠡ ᠶᠢᠨ | ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠷᠢᠮ ᠦᠨᠡᠨ ᠮᠡᠳᠡᠯᠭᠡ ᠨᠡᠪᠲᠡᠷᠬᠡᠶ ᠰᠠᠨᠠᠯ ᠵᠥᠪᠯᠡᠯᠭᠡ ᠪᠠ ᠰᠠᠨᠠᠯ ᠳᠤᠷᠠᠳᠤᠯᠭ᠎ᠠ ᠶᠢ ᠳᠤᠷᠠᠳᠴᠤ᠂ ᠬᠤᠰᠢᠭᠤᠨ ᠤ | ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠢ ᠬᠠᠪᠰᠤᠷᠤᠨ ᠠᠵᠢᠯ ᠢᠶᠠᠨ ᠨᠠᠩ ᠰᠠᠶᠢᠲᠤᠷ ᠥᠷᠨᠢᠭᠦᠯᠵᠦ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠨ᠂ ᠠᠷᠠᠳ | ᠲᠦᠮᠡᠨ ᠤ ᠵᠣᠭᠰᠣᠯᠲᠠ ᠳᠤ ᠵᠣᠭᠰᠣᠵᠤ᠂ ᠪᠥᠬᠦ ᠬᠤᠰᠢᠭᠤᠨ ᠤ ᠡᠯ᠎ᠡ ᠦᠨᠳᠦᠰᠦᠲᠡᠨ ᠡᠯ᠎ᠡ ᠡᠲᠡᠭᠡᠳ ᠤᠨ ᠺᠠᠳ᠋ᠷ ᠣᠯᠠᠨ ᠲᠦᠮᠡᠨ ᠳᠤ ᠪᠣᠳᠠᠲᠠᠶ ᠶᠠᠪᠤᠳᠠᠯ ᠢ | ᠢᠯᠡᠭᠦᠬᠡᠨ ᠬᠢᠵᠦ᠂ ᠰᠠᠶᠢᠨ ᠶᠠᠪᠤᠳᠠᠯ ᠢ ᠢᠯᠡᠭᠦᠬᠡᠨ ᠬᠢᠵᠦ᠂ ᠶᠡᠭᠡ ᠬᠤᠷᠠᠯ ᠤᠨ ᠡᠯ᠎ᠡ ᠵᠥᠪᠯᠡᠬᠦ ᠵᠦᠶ᠋ᠯ ᠪᠠ ᠰᠣᠩᠭᠤᠭᠤᠯᠢ ᠶᠢᠨ ᠡᠭᠦᠷᠭᠡ ᠶᠢ ᠲᠡᠭᠦᠰ ᠠᠮᠵᠢᠯᠲᠠ ᠲᠠᠢ | ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠶ᠃ | ᠲᠥᠯᠥᠭᠡᠯᠡᠭᠴᠢ᠂ ᠭᠡᠰᠢᠭᠦᠳ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠮ ᠪᠣᠯᠤᠨ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ | ᠬᠥᠰᠡᠷᠳᠡᠭᠦᠯᠬᠦ ᠦᠭᠡᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ | ᠡᠭᠦᠷᠭᠡ ᠴᠢᠳᠠᠪᠬᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠯᠢ ᠴᠢᠳᠠᠬᠤ ᠪᠠᠷ ᠰᠠᠶᠢᠨ ᠠᠷᠭ᠎ᠠ ᠪᠤᠳᠤᠯᠭ᠎ᠠ ᠳᠡᠪᠰᠢᠭᠦᠯᠵᠦ᠂ ᠬᠠᠮᠲᠤ ᠶᠢᠨ ᠲᠠᠨᠢᠯᠲᠠ ᠪᠠᠨ | ᠨᠢᠭᠲᠠᠷᠠᠭᠤᠯᠵᠤ᠂ ᠬᠠᠮᠲᠤᠷᠠᠯ ᠤᠨ ᠬᠦᠴᠦᠨ ᠢᠶᠠᠨ ᠨᠢᠭᠲᠠᠷᠠᠭᠤᠯᠵᠤ᠂ ᠶᠡᠭᠡ ᠬᠤᠷᠠᠯ ᠤᠨ ᠡᠯ᠎ᠡ ᠵᠦᠢᠯ ᠤᠨ ᠡᠭᠦᠷᠭᠡ ᠶᠢ ᠰᠠᠶᠢᠲᠤᠷ ᠪᠡᠶᠡᠯᠡᠭᠦᠯᠵᠦ᠂ ᠰᠢᠨ᠎ᠡ | ᠬᠠᠩᠵᠧᠦ ᠶᠢ ᠬᠠᠮᠲᠤ ᠪᠠᠷ ᠴᠢᠨᠡᠭᠡᠯᠢᠭᠵᠢᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠨ᠎ᠡ ᠭᠡᠵᠦ ᠢᠯᠡᠳᠬᠡᠵᠡᠭᠡᠪᠡ᠃ |