1 ᠰᠠᠷ᠎ᠠ ᠶᠢᠨ 13 ᠤ ᠡᠳᠦᠷ᠂ ᠬᠠᠩᠭᠢᠨ ᠬᠤᠶᠢᠲᠤ ᠬᠤᠰᠢᠭᠤᠨ ᠤ ᠬᠤᠶᠠᠷ ᠬᠤᠷᠠᠯ ᠤᠨ ᠨᠠᠮ ᠤᠨ ᠭᠡᠰᠢᠭᠦᠨ ᠤ ᠲᠥᠯᠥᠭᠡᠯᠡᠭᠴᠢ᠂ ᠨᠠᠮ ᠤᠨ ᠭᠡᠰᠢᠭᠦᠨ ᠤ | ᠭᠡᠰᠢᠭᠦᠳ ᠤᠨ ᠬᠤᠷᠠᠯ ᠬᠤᠷᠠᠯᠳᠤᠪᠠ᠃ | | | | ᠶᠡᠭᠡ ᠬᠤᠷᠠᠯ ᠤᠨ ᠲᠦᠷ ᠴᠠᠭ ᠤᠨ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠠᠨ ᡁᠢ ᠶᠧ ᠬᠤᠷᠠᠯ ᠡᠷᠭᠢᠯᠡᠭᠰᠡᠨ | ᠪᠥᠭᠡᠳ ᠶᠠᠷᠢᠶ᠎ᠠ ᠲᠠᠯᠪᠢᠵᠠᠶ᠃ ᠬᠤᠰᠢᠭᠤᠨ ᠤ ᠤᠳᠤᠷᠢᠳᠤᠯᠭ᠎ᠠ ᠰᠦᠨ ᡁᠢ ᠭᠠᠩ᠂ ᠵᠠᠩ ᠱᠦᠨ ᠴᠠᠩ᠂ ᠵᠠᠩ ᠸᠧᠨ ᠮᠢᠨ᠂ ᠸᠠᠩ ᠺᠠᠶ ᠵᠢᠶᠦ᠋ᠨ ᠨᠡᠷ ᠵᠢᠴᠢ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠣᠲᠣᠷᠠᠬᠢ ᠪᠥᠬᠦ ᠨᠠᠮ ᠤᠨ ᠭᠡᠰᠢᠭᠦᠨ | ᠬᠤᠷᠠᠯ ᠳᠤ ᠣᠷᠣᠯᠴᠠᠵᠠᠶ᠃ | | ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠰᠦᠨ ᡁᠢ ᠭᠠᠩ ᠬᠤᠰᠢᠭᠤᠨ ᠤ | ᠨᠠᠮ ᠤᠨ ᠬᠤᠷᠢᠶᠠᠨ ᠤ ᠶᠡᠭᠡ ᠬᠤᠷᠠᠯ ᠤᠨ ᠲᠦᠷ ᠴᠠᠭ ᠤᠨ ᠨᠠᠮ ᠤᠨ ᠬᠤᠷᠢᠶ᠎ᠠ ᠪᠠᠶᠢᠭᠤᠯᠬᠤ ᠲᠤᠬᠠᠶ ᠲᠣᠭᠲᠠᠭᠠᠯ ᠢ ᠤᠩᠰᠢᠨ ᠨᠡᠶᠢᠲᠡᠯᠡᠪᠡ᠃ | | | | ᠬᠠᠨ ᡁᠢ ᠶᠧ ᠵᠢᠭᠠᠵᠤ ᠭᠠᠷᠭᠠᠭᠰᠠᠨ ᠨᠢ᠂ ᠵᠢᠯ ᠳᠤ ᠨᠢᠭᠡ ᠤᠳᠠᠭ᠎ᠠ ᠶᠠᠪᠤᠭᠳᠠᠬᠤ ᠬᠤᠶᠠᠷ ᠬᠤᠷᠠᠯ ᠪᠣᠯ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ | ᠠᠷᠠᠳ ᠲᠦᠮᠡᠨ ᠤ ᠤᠯᠤᠰ ᠲᠥᠷᠥ ᠶᠢᠨ ᠠᠮᠢᠳᠤᠷᠠᠯ ᠳᠠᠬᠢ ᠨᠢᠭᠡᠨ ᠲᠣᠮᠣ ᠶᠠᠪᠤᠳᠠᠯ ᠮᠥᠨ᠂ ᠬᠢᠨᠠᠨ ᠵᠥᠪᠯᠡᠭᠦᠯᠬᠦ ᠪᠠᠷ ᠲᠤᠰᠢᠶᠠᠭᠰᠠᠨ ᠮᠡᠳᠡᠭᠦᠯᠦᠯᠲᠡ᠂ ᠵᠥᠪᠯᠡᠨ | ᠲᠣᠭᠲᠠᠭᠠᠭᠰᠠᠨ ᠤᠴᠢᠷ ᠶᠠᠪᠤᠳᠠᠯ ᠢ ᠨᠡᠶᠢᠭᠡᠮ ᠤᠨ ᠠᠩᠬᠠᠷᠤᠯ ᠤᠨ ᠬᠡᠮᠵᠢᠶ᠎ᠡ ᠲᠦᠢᠯ ᠤᠨ ᠥᠨᠳᠥᠷ ᠪᠠᠶᠢᠵᠤ᠂ ᠡᠨᠡ ᠵᠢᠯ ᠴᠢᠨᠠᠭᠰᠢᠯᠠᠪᠠᠯ ᠬᠤᠶᠢᠰᠢᠳᠠ ᠶᠢᠨ ᠨᠢᠭᠡ | ᠬᠤᠭᠤᠴᠠᠭᠠᠨ ᠳᠤ ᠴᠥᠮ ᠭᠦᠨᠵᠡᠭᠡᠶ ᠨᠥᠯᠥᠭᠡ ᠦᠵᠡᠭᠦᠯᠵᠦ᠂ ᠬᠤᠶᠠᠷ ᠬᠤᠷᠠᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠬᠤᠷᠠᠯᠳᠤᠭᠤᠯᠬᠤ ᠳᠤ ᠬᠠᠷᠢᠭᠤᠴᠠᠯᠭ᠎ᠠ | ᠬᠦᠨᠳᠦ ᠶᠡᠭᠡ ᠶᠤᠮ᠃ ᠬᠤᠰᠢᠭᠤᠨ ᠤ ᠬᠤᠶᠠᠷ ᠬᠤᠷᠠᠯ ᠤᠨ ᠨᠠᠮ ᠤᠨ ᠭᠡᠰᠢᠭᠦᠳ ᠤᠨ ᠶᠡᠭᠡ ᠬᠤᠷᠠᠯ ᠢ ᠬᠤᠷᠠᠯᠳᠤᠭᠤᠯᠬᠤ ᠶᠢᠨ ᠵᠣᠷᠢᠯᠭ᠎ᠠ ᠪᠣᠯ ᠳᠠᠷᠤᠶ ᠨᠠᠮ ᠤᠨ | ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠦᠶ᠋ᠯᠡᠳᠦᠯ ᠪᠠ ᠨᠠᠮ ᠤᠨ ᠭᠡᠰᠢᠭᠦᠨ ᠺᠠᠳ᠋ᠷ ᠤᠨ ᠬᠤᠰᠢᠭᠤᠴᠢ ᠵᠢᠱᠢᠶᠡᠴᠢ ᠦᠶ᠋ᠯᠡᠳᠦᠯ ᠢ ᠭᠦᠶ᠋ᠴᠡᠳ ᠪᠠᠳᠠᠷᠠᠭᠤᠯᠵᠤ᠂ | ᠤᠯᠠᠮ ᠨᠢᠭᠡ ᠠᠯᠬᠤᠮ ᠦᠵᠡᠯ ᠰᠠᠨᠠᠭ᠎ᠠ ᠪᠠᠨ ᠨᠢᠭᠡᠳᠬᠡᠨ᠂ ᠡᠭᠦᠷᠭᠡ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠴᠢᠩᠭᠠᠳᠬᠠᠨ᠂ ᠰᠠᠬᠢᠯᠭ᠎ᠠ ᠪᠠᠲᠤ ᠶᠢ | ᠴᠢᠩᠳᠠᠯᠠᠵᠤ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢ ᠭᠡᠰᠢᠭᠦᠳ ᠢ ᠪᠦᠯᠬᠦᠮᠳᠡᠭᠦᠯᠦᠨ ᠳᠠᠭᠠᠭᠤᠯᠵᠤ ᠣᠷᠭᠢᠯᠤᠮ᠎ᠠ ᠬᠠᠯᠠᠭᠤᠨ ᠤᠯᠤᠰ ᠲᠥᠷᠥ ᠶᠢᠨ ᠬᠠᠯᠠᠭᠤᠨ | ᠰᠡᠳᠬᠢᠯᠭᠡ᠂ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠬᠤᠷᠠᠯ ᠢ ᠰᠠᠶᠢᠲᠤᠷ ᠬᠤᠷᠠᠯᠳᠤᠭᠤᠯᠵᠤ᠂ ᠬᠤᠶᠠᠷ ᠬᠤᠷᠠᠯ ᠤᠨ ᠲᠡᠭᠦᠰ ᠠᠮᠵᠢᠯᠲᠠ | ᠤᠯᠬᠤ ᠶᠢ ᠪᠠᠲᠤᠯᠠᠬᠤ ᠶᠢᠨ ᠲᠥᠯᠥᠭᠡ ᠶᠤᠮ᠃ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠨᠠᠮ ᠤᠨ ᠤᠬᠠᠮᠰᠠᠷ ᠪᠣᠯᠤᠨ ᠵᠣᠬᠢᠶᠠᠨ ᠪᠠᠶᠢᠭᠤᠯᠤᠯᠲᠠ ᠶᠢᠨ | ᠦᠵᠡᠯᠲᠡ ᠪᠠᠨ ᠤᠬᠠᠮᠰᠠᠷ ᠠᠴᠠ ᠪᠠᠨ ᠴᠢᠩᠭᠠᠳᠬᠠᠵᠤ᠂ ᠵᠢᠱᠢᠶᠡᠴᠢ ᠳᠠᠭᠠᠭᠤᠯᠬᠤ ᠦᠶ᠋ᠯᠡᠳᠦᠯ ᠢᠶᠠᠨ ᠰᠠᠶᠢᠲᠤᠷ ᠪᠠᠳᠠᠷᠠᠭᠤᠯᠵᠤ᠂ ᠪᠤᠰᠤᠳ ᠲᠥᠯᠥᠭᠡᠯᠡᠭᠴᠢ | ᠭᠡᠰᠢᠭᠦᠨ ᠢ ᠬᠥᠲᠥᠯᠥᠨ ᠳᠠᠭᠠᠭᠤᠯᠵᠤ ᠶᠡᠭᠡ ᠲᠠᠯ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠬᠠᠮᠲᠤ ᠪᠠᠷ ᠰᠠᠶᠢᠲᠤᠷ ᠭᠦᠶ᠋ᠴᠡᠳᠬᠡᠵᠦ᠂ | ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠪᠡᠶᠡᠯᠡᠭᠦᠯᠵᠦ᠂ ᠬᠤᠰᠢᠭᠤᠨ ᠤ ᠨᠠᠮ ᠤᠨ ᠬᠤᠷᠢᠶ᠎ᠠ ᠶᠢ ᠰᠠᠨᠠᠭ᠎ᠠ ᠠᠮᠤᠷ᠂ ᠣᠯᠠᠨ ᠲᠦᠮᠡᠨ ᠢ ᠰᠡᠳᠬᠢᠯ ᠬᠠᠨᠤᠮᠵᠢᠲᠠᠶ | ᠪᠣᠯᠭᠠᠬᠤ ᠬᠡᠷᠡᠭᠲᠡᠶ᠃ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠪᠤᠰᠤᠳ ᠲᠥᠯᠥᠭᠡᠯᠡᠭᠴᠢ ᠭᠡᠰᠢᠭᠦᠳ ᠢ ᠬᠥᠲᠥᠯᠥᠨ ᠵᠢᠯᠣᠭᠤᠳᠴᠤ ᠪᠠᠶᠢᠭᠠᠳ | ᠭᠤᠤᠯᠳᠠᠯᠭ᠎ᠠ ᠲᠠᠢ ᠡᠭᠦᠷᠭᠡ ᠶᠢ ᠣᠨᠣᠪᠴᠢᠲᠠᠶ ᠡᠵᠡᠮᠰᠢᠭᠦᠯᠵᠦ᠂ ᠬᠥᠭᠵᠢᠯᠲᠡ ᠶᠢᠨ ᠢᠲᠡᠭᠡᠯ ᠵᠣᠷᠢᠭ ᠢ ᠨᠢ ᠲᠠᠰᠤᠷᠠᠯᠲᠠ ᠥᠬᠡᠶ ᠨᠡᠮᠡᠭᠳᠡᠭᠦᠯᠦᠨ᠂ ᠪᠥᠬᠦ ᠬᠤᠰᠢᠭᠤᠨ ᠤ | ᠳᠡᠭᠡᠳᠦ ᠳᠣᠤᠷᠠᠳᠤ ᠱᠠᠲᠤ ᠪᠠᠷ ᠢᠶᠠᠨ ᠨᠢᠭᠲᠠᠷᠠᠨ ᠪᠦᠯᠬᠦᠮᠳᠡᠵᠦ᠂ ᠬᠦᠴᠦ ᠪᠠᠨ ᠬᠠᠮᠲᠤᠳᠬᠠᠨ᠂ ᠠᠯᠬᠤᠮ ᠨᠢᠭᠡᠲᠡᠶ ᠤᠷᠤᠭᠰᠢᠯᠠᠬᠤ ᠶᠢ ᠠᠬᠢᠭᠤᠯᠬᠤ ᠬᠡᠷᠡᠭᠲᠡᠶ᠃ | ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠲᠤᠰ ᠲᠤᠰ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ | ᠢᠳᠡᠪᠬᠢᠲᠡᠢ ᠪᠠᠷ ᠶᠠᠷᠢᠶ᠎ᠠ ᠲᠠᠯᠪᠢᠵᠤ᠂ ᠠᠷᠭ᠎ᠠ ᠤᠬᠠᠭᠠᠨ ᠭᠠᠷᠭᠠᠵᠤ᠂ ᠤᠯᠠᠨ ᠲᠦᠮᠡᠨ ᠤ ᠬᠦᠰᠡᠯ ᠰᠠᠨᠠᠭ᠎ᠠ ᠬᠦᠰᠡᠯ ᠰᠠᠨᠠᠭ᠎ᠠ ᠶᠢ ᠦᠨᠡᠨ ᠬᠦ ᠲᠤᠰᠬᠠᠵᠤ᠂ ᠡᠯ᠎ᠡ | ᠲᠠᠯ᠎ᠠ ᠶᠢᠨ ᠤᠶᠤᠨ ᠤᠬᠠᠭᠠᠨ ᠢ ᠲᠥᠪᠯᠡᠷᠡᠭᠦᠯᠵᠦ᠂ ᠥᠨᠳᠥᠷ ᠲᠦᠪᠰᠢᠨ ᠪᠦᠬᠦᠢ ᠰᠠᠨᠠᠯ ᠵᠥᠪᠯᠡᠯᠭᠡ᠂ ᠰᠠᠨᠠᠯ ᠰᠠᠨᠠᠭᠤᠯᠭ᠎ᠠ ᠳᠤᠷᠠᠳᠬᠤ ᠬᠡᠷᠡᠭᠲᠡᠢ᠃ | ᠬᠠᠨ ᡁᠢ ᠶᠧ ᠴᠢᠬᠤᠯᠠᠴᠢᠯᠠᠭᠰᠠᠨ ᠨᠢ᠂ ᠶᠡᠭᠡ ᠬᠤᠷᠠᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠲᠣᠰ ᠤᠳᠠᠭᠠᠨ ᠤ ᠬᠤᠶᠠᠷ ᠬᠤᠷᠠᠯ ᠢ ᠰᠠᠶᠢᠲᠤᠷ | ᠬᠤᠷᠠᠯᠳᠤᠭᠤᠯᠬᠤ ᠪᠣᠯ ᠪᠥᠬᠦ ᠲᠥᠯᠥᠭᠡᠯᠡᠭᠴᠢ ᠭᠡᠰᠢᠭᠦᠳ ᠤᠨ ᠬᠠᠮᠲᠤ ᠶᠢᠨ ᠬᠦᠰᠡᠯ ᠡᠷᠡᠮᠡᠯᠵᠡᠯ ᠪᠣᠯᠬᠤ ᠪᠠᠷ ᠪᠠᠷᠠᠬᠤ ᠥᠬᠡᠶ᠂ ᠪᠠᠰᠠ ᠴᠤ ᠪᠥᠬᠦ ᠬᠤᠰᠢᠭᠤᠨ ᠤ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠬᠠᠯᠠᠭᠤᠨ ᠬᠦᠰᠡᠯ ᠮᠥᠨ᠃ ᠬᠤᠶᠠᠷ ᠬᠤᠷᠠᠯ ᠤᠨ ᠲᠦᠷ ᠴᠠᠭ ᠤᠨ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠤᠯᠠᠨ ᠤ ᠵᠣᠬᠢᠶᠠᠨ ᠪᠠᠶᠢᠭᠤᠯᠤᠯᠲᠠ ᠶᠢᠨ ᠲᠠᠶᠢᠴᠢᠯᠠᠯᠳᠠ ᠳᠣᠣᠷ᠎ᠠ᠂ ᠪᠦᠬᠦ ᠲᠥᠯᠥᠭᠡᠯᠡᠭᠴᠢ ᠭᠡᠰᠢᠭᠦᠳ ᠤᠨ ᠬᠠᠮᠲᠤ ᠶᠢᠨ | ᠴᠢᠷᠮᠠᠶᠢᠯᠭ᠎ᠠ ᠪᠠᠷ᠂ ᠬᠤᠶᠠᠷ ᠬᠤᠷᠠᠯ ᠢ ᠦᠨᠡᠨᠬᠦ ᠠᠷᠠᠳᠴᠢᠯᠠᠯ ᠢ ᠪᠠᠳᠠᠷᠠᠭᠤᠯᠤᠭᠰᠠᠨ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠦᠭᠰᠡᠨ᠂ ᠬᠦᠴᠦᠨ ᠴᠢᠳᠠᠯ ᠢ | ᠨᠢᠭᠲᠠᠷᠠᠭᠤᠯᠤᠭᠰᠠᠨ ᠶᠡᠭᠡ ᠬᠤᠷᠠᠯ ᠪᠣᠯᠭᠠᠨ ᠬᠤᠷᠠᠯᠳᠤᠭᠤᠯᠵᠤ᠂ ᠦᠵᠡᠯ ᠰᠠᠨᠠᠭ᠎ᠠ ᠪᠠᠨ ᠨᠢᠭᠡᠳᠬᠡᠨ ᠬᠥᠮᠦᠰ ᠤᠨ ᠰᠡᠳᠬᠢᠯ ᠢ ᠵᠣᠷᠢᠭᠵᠢᠭᠤᠯᠤᠭᠰᠠᠨ᠂ ᠪᠦᠯᠬᠦᠮᠳᠡᠨ | ᠲᠡᠮᠡᠴᠡᠭᠰᠡᠨ ᠶᠡᠭᠡ ᠬᠤᠷᠠᠯ ᠪᠣᠯᠭᠠᠨ ᠬᠤᠷᠠᠯᠳᠤᠭᠤᠯᠪᠠ︕ | |