ᠬᠠᠩᠭᠢᠨ ᠬᠤᠶᠢᠲᠤ ᠬᠤᠰᠢᠭᠤᠨ ᠤ ᠷᠦᠨ ᠱᠧᠩ ᠨᠠᠭᠤᠷ ᠤᠨ ᠦᠵᠡᠮᠵᠢ
ᠨᠡᠶᠢᠲᠡᠯᠡᠭᠰᠡᠨ ᠴᠠᠭ᠄
2025/1/14
    ᠷᠦᠨ ᠱᠧᠩ ᠨᠠᠭᠤᠷ ᠨᠢ ᠱᠠᠮᠪᠠ ᠪᠠᠯᠭᠠᠰᠤᠨ ᠤ ᠵᠡᠭᠦᠨᠳᠡᠬᠢ ᠶᠢᠩ ᠪᠢᠨ ᠵᠡᠭᠡᠯᠢ ᠶᠢᠨ ᠬᠤᠶᠠᠷ ᠲᠠᠯ᠎ᠠ ᠳᠤ ᠪᠠᠶᠢᠷᠢᠯᠠᠵᠤ᠂ ᠱᠠᠮᠪᠠ ᠪᠠᠯᠭᠠᠰᠤ ᠠᠴᠠ 2.5 ᠺᠢᠯᠣᠮᠧᠳ᠋ᠷ ᠂ ᠯᠢᠨ ᠾᠧ ᠲᠣᠭᠤᠷᠢᠭ ᠠᠴᠠ 15 ᠺᠢᠯᠣᠮᠧᠳ᠋ᠷ᠂ 3000 ᠮᠦ ᠭᠠᠵᠠᠷ ᠡᠵᠡᠯᠡᠨ᠎ᠡ᠂ ᠡᠭᠦᠨ ᠳᠤ ᠨᠠᠭᠤᠷ ᠤᠨ ᠣᠷᠣᠨ ᠤ ᠲᠠᠯᠠᠪᠠᠢ 2600 ᠮᠦ᠂ ᠨᠣᠭᠤᠭᠠᠷᠠᠭᠤᠯᠤᠯᠲᠠ᠂ ᠵᠢᠩ ᠱᠠᠨ᠂ ᠵᠢᠵᠢᠭ ᠢᠳᠡᠭᠡᠨ᠂ ᠵᠠᠮ ᠤᠨ ᠠᠭᠤᠳᠠᠮ ᠲᠠᠯᠠᠪᠠᠢ ᠵᠡᠷᠭᠡ 400 ᠮᠦ ᠭᠠᠵᠠᠷ ᠡᠵᠡᠯᠡᠵᠦ᠂ ᠷᠦᠨ ᠱᠧᠩ ᠨᠠᠭᠤᠷ ᠢ ᠡᠮᠦᠨ᠎ᠡ ᠬᠤᠶᠢᠨ᠎ᠠ ᠬᠤᠶᠠᠷ ᠨᠠᠭᠤᠷ ᠬᠤᠪᠢᠶᠠᠵᠤ᠂ ᠡᠮᠦᠨ᠎ᠡ ᠨᠠᠭᠤᠷ ᠤᠨ ᠤᠰᠤᠨ ᠤ ᠲᠠᠯᠠᠪᠠᠢ 1400 ᠮᠦ᠂ ᠬᠤᠶᠢᠲᠤ ᠨᠠᠭᠤᠷ ᠤᠨ ᠤᠰᠤᠨ ᠤ ᠲᠠᠯᠠᠪᠠᠢ 1200 ᠮᠦ ᠪᠠᠶᠢᠳᠠᠭ᠃
1.png
    ᠷᠦᠨ ᠱᠧᠩ ᠨᠠᠭᠤᠷ ᠤᠨ ᠴᠢᠭᠢᠭᠯᠢᠭ ᠭᠠᠵᠠᠷ ᠢ ᠰᠡᠷᠭᠦᠭᠡᠬᠦ ᠪᠠ ᠠᠮᠢ ᠠᠬᠤᠢ ᠶᠢ ᠬᠠᠮᠠᠭᠠᠯᠠᠬᠤ ᠢᠨᠵᠧᠨᠧᠷᠢᠩ ᠪᠣᠯ ᠲᠤᠰ ᠲᠦᠷᠦᠯ ᠵᠦᠢᠯ ᠢ ᠪᠠᠶᠢᠭᠤᠯᠤᠭᠰᠠᠨ ᠤ ᠳᠠᠷᠠᠭᠠᠬᠢ ᠱᠠᠮᠪᠠ ᠪᠠᠯᠭᠠᠰᠤᠨ ᠤ ᠬᠤᠳᠠ ᠶᠢᠨ ᠤᠰᠤᠨ ᠤ ᠡᠬᠢ ᠭᠠᠵᠠᠷ ᠲᠤ ᠤᠰᠤ ᠨᠥᠬᠦᠪᠥᠷᠢᠯᠡᠵᠦ᠂ ᠤᠰᠤ ᠬᠠᠩᠭᠠᠬᠤ ᠠᠮᠤᠷ ᠲᠦᠪᠰᠢᠨ ᠢ ᠪᠠᠲᠤᠯᠠᠵᠤ᠂ ᠨᠤᠭᠤ ᠭᠠᠵᠠᠷ ᠪᠣᠯᠤᠨ ᠠᠮᠢ ᠠᠬᠤᠢ ᠶᠢᠨ ᠬᠠᠮᠠᠭᠠᠯᠠᠯᠲᠠ ᠶᠢ ᠰᠡᠷᠭᠦᠭᠡᠬᠦ ᠳᠤ ᠲᠦᠢᠯ ᠤᠨ ᠴᠢᠬᠤᠯᠠ ᠦᠢᠯᠡᠳᠦᠯ ᠲᠠᠢ ᠶᠤᠮ᠃ 2011 ᠣᠨ ᠳᠤ ᠪᠠᠶᠢᠭᠤᠯᠤᠭᠳᠠᠭᠰᠠᠨ᠃
2.png   
      ᠷᠦᠨ ᠱᠧᠩ ᠨᠠᠭᠤᠷ ᠤᠨ ᠴᠢᠭᠢᠭᠯᠢᠭ ᠭᠠᠵᠠᠷ ᠤᠨ ᠰᠡᠷᠭᠦᠭᠡᠯᠲᠡ ᠪᠠ ᠬᠠᠮᠠᠭᠠᠯᠠᠯᠲᠠ ᠶᠢᠨ ᠢᠨᠵᠧᠨᠧᠷᠢᠩ ᠨᠢ ᠱᠠᠮᠪᠠ ᠪᠠᠯᠭᠠᠰᠤᠨ ᠤ ᠶᠢᠩ ᠪᠢᠨ ᠵᠡᠭᠡᠯᠢ ᠶᠢᠨ ᠬᠤᠶᠠᠷ ᠲᠠᠯ᠎ᠠ ᠳᠤ ᠪᠠᠶᠢᠷᠢᠯᠠᠵᠤ᠂ ᠮᠠᠨ ᠤ ᠬᠤᠰᠢᠭᠤᠨ ᠤ ︽ᠲᠦᠮᠡᠨ ᠮᠦ ᠠᠮᠢᠳᠤᠯᠢᠭ ᠤᠰᠤ · ᠨᠣᠭᠤᠭᠠᠨ ᠬᠤᠩᠭᠢᠯ ᠤᠨ ᠬᠠᠮᠠᠭᠠᠯᠠᠯᠲᠠ︾ ᠶᠢᠨ ᠨᠤᠭᠤ ᠭᠠᠵᠠᠷ ᠢ ᠬᠠᠮᠠᠭᠠᠯᠠᠬᠤ ᠪᠠ ᠰᠡᠷᠭᠦᠭᠡᠬᠦ ᠢᠨᠵᠧᠨᠧᠷᠢᠩ ᠤᠨ ᠳᠤᠮᠳᠠᠬᠢ ᠬᠠᠮᠤᠭ ᠤᠨ ᠴᠢᠬᠤᠯᠠ ᠦᠵᠡᠮᠵᠢ ᠶᠢᠨ ᠤᠰᠤᠨ ᠰᠢᠰᠲ᠋ᠧᠮ ᠪᠣᠯᠬᠤ ᠪᠥᠭᠡᠳ ᠮᠠᠨ ᠤ ᠬᠤᠰᠢᠭᠤᠨ ᠤ ᠯᠢᠨ ᠾᠧ ᠶᠢᠨ ᠭᠤᠤᠯ ᠬᠤᠲᠠ ᠶᠢᠨ ᠲᠣᠭᠤᠷᠢᠭ ᠲᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠪᠥᠬᠦ ᠬᠤᠲᠠ ᠶᠢᠨ ︽ᠨᠢᠭᠡ ᠣᠷᠣᠨ ᠭᠤᠷᠪᠠᠨ ᠲᠣᠭᠤᠷᠢᠭ ᠨᠢᠭᠡ ᠪᠦᠯᠬᠦᠮ︾ ᠤᠨ ᠲᠥᠯᠥᠪᠵᠢᠭᠦᠯᠭᠡ ᠲᠠᠢ ᠵᠣᠯᠭᠠᠭᠤᠯᠬᠤ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠬᠤᠲᠠ ᠶᠢᠨ ᠴᠢᠨᠠᠷ ᠳᠡᠰ ᠢ ᠳᠡᠭᠡᠭᠰᠢᠯᠡᠭᠦᠯᠬᠦ᠂ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂ ︽ᠪᠣᠬᠢᠷᠲᠤᠯ ᠥᠬᠡᠶ ᠪᠣᠯᠪᠠᠰᠤᠨ ᠰᠢᠨ᠎ᠡ ᠬᠠᠩᠭᠢᠨ ᠬᠤᠶᠢᠲᠤ ᠬᠤᠰᠢᠭᠤ᠂ ᠠᠷᠤ ᠭᠠᠵᠠᠷ ᠤᠨ ᠴᠡᠴᠡᠷᠯᠢᠭ ᠤᠨ ᠰᠢᠨ᠎ᠡ ᠱᠠᠮᠪᠠ︾ ᠶᠢ ᠪᠠᠶᠢᠭᠤᠯᠬᠤ ᠳᠤ ᠴᠢᠬᠤᠯᠠ ᠪᠣᠳᠠᠲᠤ ᠠᠴᠢ ᠬᠤᠯᠪᠣᠭᠳᠠᠯ ᠲᠠᠢ ᠶᠤᠮ᠃    ᠷᠦᠨ ᠱᠧᠩ ᠨᠠᠭᠤᠷ ᠤᠨ ᠲᠥᠷᠥᠯ ᠵᠦᠢᠯ ᠢ 2011 ᠣᠨ ᠤ 5 ᠰᠠᠷ᠎ᠠ ᠳᠤ ᠡᠬᠢᠯᠡᠨ ᠪᠠᠶᠢᠭᠤᠯᠵᠤ᠂ ᠨᠠᠭᠤᠷ ᠤᠨ ᠣᠷᠣᠨ ᠤ ᠲᠠᠯᠠᠪᠠᠢ 3000 ᠮᠦ ᠪᠣᠯᠤᠨ᠎ᠠ᠃ ᠡᠭᠦᠨ ᠳᠤ ᠤᠰᠤᠨ ᠣᠷᠣᠨ ᠤ ᠲᠠᠯᠠᠪᠠᠢ 2600 ᠮᠦ᠂ ᠨᠣᠭᠤᠭᠠᠷᠠᠭᠤᠯᠤᠯᠲᠠ᠂ ᠵᠢᠩ ᠱᠠᠨ᠂ ᠵᠢᠵᠢᠭ ᠪᠦᠲᠦᠭᠡᠭᠳᠡᠬᠦᠨ᠂ ᠵᠠᠮ᠂ ᠠᠭᠤᠳᠠᠮ ᠲᠠᠯᠠᠪᠠᠢ ᠵᠡᠷᠭᠡ 400 ᠮᠦ ᠭᠠᠵᠠᠷ ᠡᠵᠡᠯᠡᠵᠦ ᠪᠤᠢ᠃ ᠷᠦᠨ ᠱᠧᠩ ᠨᠠᠭᠤᠷ ᠨᠢ ᠡᠮᠦᠨ᠎ᠡ ᠬᠤᠶᠢᠨ᠎ᠠ ᠬᠤᠶᠠᠷ ᠨᠠᠭᠤᠷ ᠬᠤᠪᠢᠶᠠᠵᠤ᠂ ᠡᠮᠦᠨ᠎ᠡ ᠨᠠᠭᠤᠷ ᠤᠨ ᠲᠠᠯᠠᠪᠠᠢ ᠨᠢ 1 600 ᠮᠦ᠂ ᠤᠰᠤᠨ ᠣᠷᠣᠨ ᠤ ᠲᠠᠯᠠᠪᠠᠢ ᠨᠢ 1 400 ᠮᠦ᠂ ᠤᠮᠠᠷᠠᠲᠤ ᠨᠠᠭᠤᠷ ᠤᠨ ᠲᠠᠯᠠᠪᠠᠢ ᠨᠢ 1 400 ᠮᠦ᠂ ᠤᠰᠤᠨ ᠣᠷᠣᠨ ᠤ ᠲᠠᠯᠠᠪᠠᠢ ᠨᠢ 1 200 ᠮᠦ ᠪᠠᠶᠢᠳᠠᠭ᠃ ᠲᠥᠰᠥᠯ ᠤᠨ ᠲᠦᠢᠮᠣ ᠲᠥᠰᠥᠪ ᠲᠤ 3 ᠲᠡᠷᠪᠤᠮ ᠶᠤᠸᠠᠨ ᠬᠥᠷᠥᠩᠭᠡ ᠣᠷᠣᠭᠤᠯᠵᠤ᠃ ᠣᠳᠣᠬᠠᠨ ᠳᠤ ᠪᠤᠢ ᠪᠦᠬᠦᠢ ᠪᠠᠷᠢᠯᠭ᠎ᠠ ᠪᠣᠯᠤᠨ ᠨᠣᠭᠤᠭᠠᠷᠠᠭᠤᠯᠤᠯᠲᠠ ᠶᠢᠨ ᠠᠵᠢᠯ ᠢ ᠦᠨᠳᠦᠰᠦᠨ ᠳᠤ ᠪᠠᠨ ᠪᠡᠶᠡᠯᠡᠭᠦᠯᠬᠦ ᠬᠡᠷᠡᠭᠲᠡᠢ᠃
3.png
    ᠷᠦᠨ ᠱᠧᠩ ᠨᠠᠭᠤᠷ ᠪᠠᠢᠭᠤᠯᠤᠭᠳᠠᠭᠰᠠᠨ ᠤ ᠳᠠᠷᠠᠭ᠎ᠠ ᠳᠥᠷᠪᠡᠨ ᠶᠡᠭᠡ ᠴᠢᠳᠠᠮᠵᠢ ᠲᠠᠢ᠃ ᠨᠢᠭᠡ ᠳᠤ ᠬᠤᠲᠠ ᠶᠢᠨ ᠤᠰᠤᠨ ᠰᠤᠷᠪᠤᠯᠵᠢ ᠶᠢᠨ ᠬᠤᠳᠳᠤᠭ ᠤᠨ ᠤᠰᠤ ᠨᠥᠬᠦᠪᠥᠷᠢᠯᠡᠬᠦ ᠴᠢᠳᠠᠮᠵᠢ᠃ ᠬᠤᠶᠠᠷ ᠲᠤ᠂ ᠨᠤᠭᠤ ᠭᠠᠵᠠᠷ ᠢ ᠰᠡᠷᠭᠦᠭᠡᠬᠦ ᠪᠠ ᠠᠮᠢ ᠠᠬᠤᠶ ᠶᠢ ᠬᠠᠮᠠᠭᠠᠯᠠᠬᠤ ᠴᠢᠳᠠᠮᠵᠢ᠃ ᠭᠤᠷᠪᠠ ᠳᠤ᠂ ᠬᠤᠲᠠ ᠶᠢᠨ ᠬᠥᠭᠵᠢᠯᠲᠡ ᠶᠢᠨ ᠴᠢᠳᠠᠮᠵᠢ᠃ ᠳᠥᠷᠪᠡ ᠳᠤ ᠬᠤᠲᠠ ᠶᠢᠨ ᠴᠢᠨᠠᠷ ᠳᠡᠰ ᠤᠨ ᠴᠢᠳᠠᠮᠵᠢ ᠶᠢ ᠳᠡᠭᠡᠭᠰᠢᠯᠡᠭᠦᠯᠦᠨ᠎ᠡ᠃    ᠷᠦᠨ ᠱᠧᠩ ᠨᠠᠭᠤᠷ ᠪᠠᠶᠢᠭᠤᠯᠤᠭᠳᠠᠭᠰᠠᠨ ᠤ ᠳᠠᠷᠠᠭ᠎ᠠ᠂ ︽ᠤᠰᠤ ᠨᠣᠭᠤᠭᠠᠨ ᠠᠭᠤᠰᠤᠯᠴᠠᠯ᠂ ᠤᠰᠤ ᠲᠤᠩᠭᠠᠯᠠᠭ᠂ ᠥᠩᠭᠡ ᠦᠵᠡᠮᠵᠢ ᠨᠢ ᠭᠤᠶᠣ ᠰᠠᠶᠢᠬᠠᠨ ᠂ ᠴᠢᠨᠠᠷ ᠳᠡᠰ ᠨᠢ ᠡᠷᠬᠢᠮᠰᠦᠭ︾ ᠬᠤᠲᠠ ᠶᠢᠨ ᠲᠣᠭᠤᠷᠢᠭ ᠤᠨ ᠰᠢᠨ᠎ᠡ ᠬᠢᠯᠠᠰ ᠴᠡᠭ ᠪᠣᠯᠵᠣ᠂ ᠨᠠᠮ ᠰᠡᠯᠡᠭᠦᠨ᠂ ᠭᠤᠶᠣ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ᠂ ᠰᠠᠭᠤᠭᠠᠯᠢ ᠠᠷᠠᠳ ᠲᠤ ᠴᠢᠨᠠᠷ ᠰᠠᠶᠢᠲᠠᠶ ᠰᠡᠯᠡᠭᠦᠴᠡᠯ ᠵᠤᠭ᠎ᠠ ᠴᠡᠩᠭᠡᠯ᠂ ᠵᠢᠭᠤᠯᠴᠢᠯᠠᠯ ᠠᠮᠠᠷᠠᠯᠲᠠ ᠶᠢᠨ ᠲᠠᠯᠠᠪᠤᠷ ᠬᠠᠩᠭᠠᠵᠤ᠂ ᠬᠤᠲᠠ ᠶᠢᠨ ᠵᠠᠰᠠᠭ ᠤᠨ ᠣᠷᠳᠣᠨ ᠤ ︽ᠠᠷᠤ ᠴᠡᠴᠡᠷᠯᠢᠭ︾ ᠪᠠ ᠨᠠᠢᠮᠠᠨ ᠵᠣᠪᠬᠢᠰ ᠤᠨ ᠵᠣᠴᠢᠳ ᠤᠨ ᠮᠠᠨ ᠤ ᠬᠤᠰᠢᠭᠤ ᠪᠠᠨ ᠭᠡᠶᠢᠭᠦᠯᠦᠭᠰᠡᠨ ᠦᠵᠡᠮᠵᠢ ᠶᠢᠨ ᠢᠨᠵᠧᠨᠧᠷᠢᠩ ᠪᠣᠯᠬᠤ ᠪᠣᠯᠤᠨ᠎ᠠ     ᠷᠦᠨ ᠱᠧᠩ ᠨᠠᠭᠤᠷ 330 ᠲᠦᠮᠡᠨ ᠪᠣᠰᠤᠭ᠎ᠠ ᠳᠥᠷᠪᠡᠯᠵᠢᠨ ᠮᠧᠳ᠋ᠷ ᠰᠢᠷᠣᠢ ᠶᠢᠨ ᠠᠵᠢᠯ ᠬᠢᠵᠦ᠂ 3.5 ᠮᠧᠳ᠋ᠷ ᠤᠰᠤᠨ ᠤ ᠭᠦᠨ ᠢ ᠵᠢᠷᠤᠵᠤ ᠲᠥᠯᠥᠪᠯᠡᠨ᠂ ᠤᠰᠤ ᠡᠯᠪᠡᠭ ᠬᠤᠭᠤᠴᠠᠭᠠᠨ ᠳᠤ 300 ᠲᠦᠮᠡᠨ ᠪᠣᠰᠤᠭ᠎ᠠ ᠳᠥᠷᠪᠡᠯᠵᠢᠨ ᠮᠧᠳ᠋ᠷ ᠤᠰᠤ ᠬᠠᠳᠠᠭᠠᠯᠠᠵᠤ᠂ ᠤᠰᠤ ᠬᠠᠳᠠᠭᠠᠯᠠᠬᠤ ᠬᠤᠭᠤᠴᠠᠭᠠᠨ ᠳᠤ 200 ᠲᠦᠮᠡᠨ ᠪᠣᠰᠤᠭ᠎ᠠ ᠳᠥᠷᠪᠡᠯᠵᠢᠨ ᠮᠧᠳ᠋ᠷ ᠤᠰᠤ ᠬᠠᠳᠠᠭᠠᠯᠠᠵᠤ ᠪᠣᠯᠣᠨ᠎ᠠ᠃    ᠣᠳᠣᠬᠠᠨ ᠳᠤ ᠨᠠᠭᠤᠷ ᠤᠨ ᠲᠣᠭᠤᠷᠢᠭ ᠲᠤ ᠨᠢᠭᠡᠨᠲᠡ ᠨᠠᠭᠤᠷ ᠲᠣᠭᠤᠷᠢᠭᠰᠠᠨ ᠵᠠᠮ᠂ ᠴᠡᠴᠡᠷᠯᠢᠭ ᠤᠨ ᠨᠣᠭᠤᠭᠠᠷᠠᠭᠤᠯᠤᠯᠲᠠ᠂ ᠲᠡᠷᠭᠡᠨ ᠵᠣᠭᠰᠣᠭᠠᠯ᠂ ᠪᠡᠶ᠎ᠡ ᠴᠢᠭᠢᠷᠠᠭᠵᠢᠭᠤᠯᠬᠤ ᠠᠭᠤᠳᠠᠮ ᠲᠠᠯᠠᠪᠠᠶ᠂ ᠬᠠᠭᠤᠷᠮᠠᠭ ᠠᠭᠤᠯᠠ ᠵᠢᠨ‌‍ᠰᠡᠷᠢᠭᠦᠴᠡᠯ ᠤᠨ ᠭᠠᠵᠠᠷ ᠵᠡᠷᠭᠡ ᠶᠢ ᠪᠠᠶᠢᠭᠤᠯᠵᠤ᠂ ᠦᠵᠡᠮᠵᠢ ᠶᠢᠨ ᠣᠷᠣᠨ ᠢ ᠳᠠᠭᠤᠤ ᠬᠥᠭᠵᠢᠮ ᠤᠨ ᠰᠦᠷᠴᠢᠮᠡᠯ ᠪᠤᠯᠠᠭ ᠤᠨ ᠦᠵᠡᠮᠵᠢ ᠶᠢᠨ ᠣᠷᠣᠨ᠂ ᠨᠠᠭᠤᠷ ᠲᠣᠭᠤᠷᠢᠭᠰᠠᠨ ᠦᠵᠡᠮᠵᠢ ᠶᠢᠨ ᠣᠷᠣᠨ᠂ ᠮᠥᠷᠭᠦ ᠵᠢᠭᠠᠰᠤ ᠶᠢ ᠰᠣᠨᠢᠷᠬᠠᠬᠤ ᠲᠣᠭᠤᠷᠢᠭ᠂ ᠰᠢᠷᠠᠮᠠᠯ ᠢᠳᠡᠭᠡᠨ ᠤᠮᠳᠠᠭᠠᠨ ᠤ ᠲᠣᠭᠤᠷᠢᠭ ᠭᠡᠵᠦ ᠬᠤᠪᠢᠶᠠᠨ᠎ᠠ᠃   
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ