ᠬᠠᠩᠭᠢᠨ ᠬᠤᠶᠢᠲᠤ ᠬᠤᠰᠢᠭᠤᠨ ᠤ ᠲᠤᠭ᠎ᠠ ᠪᠠᠷᠢᠮᠲᠠ
ᠨᠡᠶᠢᠲᠡᠯᠡᠭᠰᠡᠨ ᠴᠠᠭ᠄
2025/1/20
      ᠠᠩᠬ᠎ᠠ ᠠᠯᠬᠤᠮ ᠤᠨ ᠲᠣᠭᠠᠴᠠᠭ᠎ᠠ ᠬᠢᠭᠰᠡᠨ ᠢ ᠦᠨᠳᠦᠰᠦᠯᠡᠪᠡᠯ᠂ 2024 ᠣᠨ ᠳᠤ ᠬᠠᠩᠭᠢᠨ ᠬᠤᠶᠢᠲᠤ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠢ 149.79 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 3.3% ︵ᠲᠣᠭᠲᠠᠮᠠᠯ ᠪᠤᠰᠤ ᠦᠨ᠎ᠡ ᠶᠢᠨ ᠨᠡᠮᠡᠭᠳᠡᠯ ᠤᠨ ᠬᠤᠷᠳᠤᠴᠠ︶ ᠨᠡᠮᠡᠭᠳᠡᠪᠡ᠃ ᠡᠭᠦᠨ ᠳᠤ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 67.25 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.8% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 21.11 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.2% ᠢᠶᠠᠷ ᠪᠠᠭᠤᠷᠠᠪᠠ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 61.43 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.8% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠪᠦᠲᠦᠴᠡ 44.9᠄ 14.1᠄ 41.0 ᠪᠣᠯᠪᠠ᠃      1 - 12 ᠳ᠋ᠤᠭᠠᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 2.2% ᠢᠶᠠᠷ ᠪᠠᠭᠤᠷᠠᠪᠠ᠃ ᠲᠥᠷᠥᠯ ᠬᠤᠪᠢᠶᠠᠷᠢᠯᠠᠯ᠄ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 49.8% ᠨᠡᠮᠡᠭᠳᠡᠪᠡ︔ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 13.7% ᠨᠡᠮᠡᠭᠳᠡᠪᠡ︔ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.5% ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ 4.3 ᠵᠠᠭᠤᠨ ᠤ ᠴᠡᠭ ᠳᠡᠭᠡᠭᠰᠢᠯᠡᠭᠦᠯᠪᠡ᠃      ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 14.2% ᠢᠶᠠᠷ ᠨᠡᠮᠡᠭᠳᠡᠵᠦ᠂ ᠡᠭᠦᠨ ᠳᠤ 5000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠠᠳᠠᠯᠢ ᠬᠤᠭᠤᠴᠠᠭᠠᠨ ᠤ ᠬᠢ ᠠᠴᠠ 16.25% ᠪᠠᠷ ᠨᠡᠮᠡᠭᠳᠡᠵᠦ᠂ 5000 - 5000 ᠲᠦᠮᠡᠨ ᠲᠥᠭᠦᠷᠢᠭ ᠤᠨ ᠲᠥᠷᠥᠯ ᠵᠦᠢᠯ ᠠᠳᠠᠯᠢ ᠬᠤᠭᠤᠴᠠᠭᠠᠨ ᠤ ᠬᠢ ᠠᠴᠠ 22.39% ᠪᠠᠷ ᠪᠠᠭᠤᠷᠠᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠠᠳᠠᠯᠢ ᠬᠤᠭᠤᠴᠠᠭᠠᠨ ᠤ ᠬᠢ ᠠᠴᠠ 240.22% ᠢᠶᠠᠷ ᠨᠡᠮᠡᠭᠳᠡᠪᠡ᠃      ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 28.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.0% ᠨᠡᠮᠡᠭᠳᠡᠪᠡ᠃      ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 38030 ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.2% ᠨᠡᠮᠡᠭᠳᠡᠪᠡ᠃ ᠡᠭᠦᠨ ᠳᠤ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 42435 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.7% ᠪᠠᠷ ᠨᠡᠮᠡᠭᠳᠡᠪᠡ︔ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 28821 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.1% ᠪᠠᠷ ᠨᠡᠮᠡᠭᠳᠡᠪᠡ᠃      ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠣᠷᠣᠯᠭ᠎ᠠ 4.2 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2377 ᠲᠦᠮᠡᠨ ᠲᠥᠭᠦᠷᠢᠭ ᠨᠡᠮᠡᠭᠳᠡᠵᠦ᠂ 5.9% ᠨᠡᠮᠡᠭᠳᠡᠪᠡ᠃      ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠵᠠᠷᠤᠯᠭ᠎ᠠ 34.80 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9.09 ᠳ᠋ᠦᠩᠰᠢᠭᠤᠷ ᠲᠥᠭᠦᠷᠢᠭ ᠪᠠᠭᠠᠰᠴᠤ᠂ 20.7% ᠪᠠᠭᠤᠷᠠᠪᠠ᠃                                                        ᠬᠠᠩᠭᠢᠨ ᠬᠤᠶᠢᠲᠤ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ                                                               2025 ᠣᠨ ᠤ 1 ᠰᠠᠷ᠎ᠠ ᠶᠢᠨ 20 ᠤ ᠡᠳᠦᠷ   
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ