ᠬᠠᠩᠭᠢᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠠᠨ ᡁᠢ ᠶᠧ᠂ ᠬᠥᠭᠵᠢᠯᠲᠡ ᠶᠢᠨ ᠰᠡᠳᠬᠢᠴᠡ ᠪᠠᠨ ᠬᠤᠪᠢᠷᠠᠭᠤᠯᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ ᠪᠥᠬᠦ ᠬᠦᠴᠦᠨ ᠢᠶᠠᠷ ᠢᠶᠠᠨ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2025/1/21
11.png
      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ  ᠰᠢᠨ᠎ᠡ ᠲᠡᠤᠬᠡ ᠶᠢᠨ ᠥᠨᠳᠥᠷ ᠲᠤ ᠵᠤᠭᠰᠣᠵᠤ᠂ ᠦᠭᠡᠷᠡᠴᠢᠯᠡᠯᠲᠡ ᠶᠢᠨ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠢᠷᠡᠭᠦᠯᠬᠦ᠂ ᠳᠤᠮᠳᠠᠳᠤ ᠤᠯᠤᠰ ᠤᠨ ᠰᠢᠨ᠎ᠡ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠳᠤ ᠪᠦᠬᠦ ᠲᠠᠯ᠎ᠠ ᠪᠠᠷ ᠭᠦᠨᠵᠡᠭᠡᠢ ᠳᠠᠶᠢᠴᠢᠯᠠᠯᠲᠠ ᠪᠠ ᠪᠠᠶᠢᠷᠢᠯᠠᠭᠤᠯᠤᠯᠲᠠ ᠬᠢᠵᠡᠢ᠃ ᠪᠠᠶᠠᠨᠨᠠᠭᠤᠷ ᠬᠤᠲᠠ ᠶᠢᠨ ᠬᠠᠩᠭᠢᠨ ᠬᠤᠶᠢᠲᠤ ᠬᠤᠰᠢᠭᠤ ᠪᠣᠯ ᠨᠡᠶᠢᠲᠡᠯᠢᠭ ᠲᠠᠷᠢᠶᠠᠯᠠᠩ ᠤᠨ ᠬᠥᠭᠵᠢᠯᠲᠡ ᠶᠢᠨ ᠬᠤᠰᠢᠭᠤ ᠰᠢᠶᠠᠨ ᠮᠥᠨ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠪᠣᠯ ᠵᠠᠶᠢᠯᠠᠰᠢ ᠥᠬᠡᠶ ᠰᠣᠩᠭᠤᠯᠲᠠ ᠮᠥᠨ᠃ ᠬᠠᠩᠭᠢᠨ ᠬᠤᠶᠢᠲᠤ ᠬᠤᠰᠢᠭᠤᠨ ᠤ ᠬᠢᠨ ᠬᠡᠯᠪᠡᠷᠢ ᠪᠠᠨ ᠬᠤᠪᠢᠷᠠᠭᠤᠯᠬᠤ ᠵᠣᠷᠢᠭ ᠢᠶᠠᠨ ᠪᠠᠲᠤᠳᠬᠠᠵᠤ᠂ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠭᠵᠢᠯᠲᠡ ᠶᠢᠨ ᠬᠠᠷᠰᠢ ᠰᠠᠭᠠᠳ ᠢ ᠲᠠᠰᠤᠷᠠᠯᠲᠠ ᠥᠬᠡᠶ ᠰᠢᠪᠲᠤᠯᠵᠤ᠂ ᠬᠦᠴᠦᠨ ᠢᠶᠠᠨ ᠲᠥᠪᠯᠡᠷᠡᠭᠦᠯᠦᠨ ᠳᠠᠪᠠᠭᠤᠯᠢᠭ ᠢᠶᠠᠨ ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤ ᠬᠠᠩᠭᠢᠨ ᠬᠤᠶᠢᠲᠤ ᠬᠤᠰᠢᠭᠤᠨ ᠤ ᠴᠣ ᠰᠢᠨ᠎ᠡ ᠬᠠᠭᠤᠳᠠᠰᠤ ᠶᠢ ᠴᠢᠷᠮᠠᠶᠢᠨ ᠵᠢᠷᠤᠭᠯᠠᠪᠠ᠃ ᠣᠶᠢᠷ᠎ᠠ ᠳᠤ᠂ ᠥᠭᠡᠷᠡᠴᠢᠯᠡᠯᠲᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠬᠡᠷᠬᠢᠨ ᠰᠠᠶᠢᠲᠤᠷ ᠪᠠᠳᠠᠷᠠᠭᠤᠯᠬᠤ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠲᠤᠬᠠᠶ ᠰᠤᠷᠪᠤᠯᠵᠢᠯᠠᠭᠴᠢ ᠬᠠᠩᠭᠢᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠠᠨ ᡁᠢ ᠶᠧ ᠶᠢ ᠰᠤᠷᠪᠤᠯᠵᠢᠯᠠᠪᠠ᠃      ᠥᠪᠥᠷ ᠮᠣᠩᠭᠤᠯ ᠤᠨ ᠡᠳᠦᠷ ᠤᠨ ᠰᠣᠨᠢᠨ᠄ ᠬᠠᠩᠭᠢᠨ ᠬᠤᠶᠢᠲᠤ ᠬᠤᠰᠢᠭᠤ ᠬᠡᠳᠦ᠋ᠢᠪᠡᠷ ᠪᠣᠷᠣᠲᠣᠬᠤᠶ ᠶᠢᠨ ᠤᠰᠤᠯᠠᠯᠲᠠ ᠶᠢᠨ ᠣᠷᠣᠨ ᠳᠤ ᠣᠷᠣᠰᠢᠵᠤ ᠪᠠᠶᠢᠭ᠎ᠠ ᠪᠣᠯᠪᠠᠴᠤ ᠭᠠᠵᠠᠷ ᠰᠢᠷᠣᠶ ᠡᠭᠦᠰᠦᠮᠡᠯ ᠭᠠᠵᠠᠷ ᠰᠢᠷᠣᠶ ᠶᠢᠨ ᠬᠤᠵᠢᠷᠰᠢᠯ ᠤᠨ ᠬᠠᠷᠰᠢᠯᠠᠯ ᠡᠭᠦᠰᠴᠦ᠂ ᠬᠡᠷᠬᠢᠨ ᠵᠢᠭᠠᠰᠤᠨ ᠤ ᠬᠤᠵᠢᠷ ᠤᠨ ᠵᠠᠰᠠᠯᠲᠠ ᠪᠠᠷ ᠪᠣᠬᠢᠷᠲᠤᠯ ᠥᠬᠡᠶ ᠬᠥᠭᠵᠢᠯᠲᠡ ᠶᠢ ᠬᠥᠲᠥᠯᠦᠨ ᠳᠠᠭᠠᠭᠤᠯᠬᠤ ᠪᠣᠶ︖      ᠬᠠᠨ ᡁᠢ ᠶᠧ᠄ ᠬᠤᠵᠢᠷᠯᠢᠭ ᠭᠠᠵᠠᠷ ᠢ ᠵᠠᠰᠠᠬᠤ ᠶᠠᠪᠤᠴᠠ ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠤᠰᠤᠯᠠᠬᠤ ᠤᠰᠤ ᠲᠠᠲᠠᠷᠠᠭᠤᠯᠬᠤ ᠢᠵᠢ ᠪᠦᠷᠢᠳᠦᠭᠦᠯᠬᠦ ᠵᠢᠴᠢ ᠤᠰᠤ ᠪᠣᠷᠳᠣᠭᠤᠷ ᠢ ᠨᠢᠭᠡ ᠴᠤᠭᠴᠠᠵᠢᠭᠤᠯᠬᠤ ᠮᠡᠷᠭᠡᠵᠢᠯ ᠢ ᠤᠶᠠᠯᠳᠤᠭᠤᠯᠬᠤ ᠢᠨᠵᠧᠨᠧᠷᠢᠩ ᠤᠨ ᠠᠷᠭ᠎ᠠ ᠬᠡᠮᠵᠢᠶ᠎ᠡ ᠶᠢ ᠠᠯᠬᠤᠮ ᠠᠯᠬᠤᠮ ᠢᠶᠠᠷ ᠰᠦᠪᠡᠭᠴᠢᠯᠡᠨ ᠭᠠᠷᠭᠠᠵᠤ᠂ ᠤᠰᠤᠯᠠᠬᠤ ᠤᠰᠤ ᠪᠠᠷ ᠳᠠᠪᠤᠰᠤ ᠤᠬᠢᠶᠠᠬᠤ᠂ ᠣᠷᠭᠠᠨᠢᠭ ᠪᠣᠷᠳᠣᠭᠤᠷ ᠨᠡᠮᠡᠵᠦ ᠣᠷᠣᠭᠤᠯᠬᠤ᠂ ᠡᠯᠡᠰᠦ ᠬᠤᠯᠢᠵᠤ ᠪᠠᠭᠲᠠᠭᠠᠮᠵᠢ ᠶᠢ ᠨᠢ ᠪᠠᠭᠤᠷᠠᠭᠤᠯᠬᠤ᠂ ᠡᠰᠢ ᠰᠦᠷᠡᠯ ᠢ ᠲᠠᠷᠢᠶᠠᠨ ᠭᠠᠵᠠᠷ ᠲᠤ ᠪᠤᠴᠠᠭᠠᠬᠤ᠂ ᠭᠦᠨ ᠲᠠᠯᠠᠩ ᠤᠨ ᠳᠠᠯᠠᠩ ᠢ ᠰᠤᠯᠠᠷᠠᠭᠤᠯᠬᠤ᠂ ᠰᠠᠶᠢᠵᠢᠷᠠᠭᠤᠯᠬᠤ ᠡᠮ ᠬᠡᠷᠡᠭᠯᠡᠬᠦ᠂ ᠳᠡᠭᠡᠳᠦ ᠪᠦᠷᠬᠦᠪᠴᠢ ᠶᠢᠨ ᠳᠣᠤᠷᠠᠬᠢ ᠰᠦᠷᠡᠯ᠂ ᠳᠠᠯᠳᠠ ᠬᠤᠭᠤᠯᠠᠶ ᠪᠠᠷ ᠳᠠᠪᠤᠰᠤ ᠭᠠᠳᠠᠭᠰᠢᠯᠠᠭᠤᠯᠬᠤ ᠵᠡᠷᠭᠡ 8 ᠵᠦᠢᠯ ᠤᠨ ᠲᠠᠷᠢᠶᠠᠯᠠᠩ ᠤᠨ ᠮᠡᠷᠭᠡᠵᠢᠯ ᠤᠨ ᠠᠷᠭ᠎ᠠ ᠬᠡᠮᠵᠢᠶ᠎ᠡ ᠶᠢ ᠠᠪᠴᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠳᠠᠪᠤᠰᠤᠨ ᠳᠤ ᠲᠡᠰᠪᠦᠷᠢᠲᠡᠶ ᠲᠠᠷᠢᠮᠠᠯ᠂ ᠭᠤᠤ ᠪᠦᠷᠬᠦᠪᠴᠢ ᠶᠢᠨ ᠳᠠᠯᠠᠩ ᠢ ᠲᠠᠷᠢᠬᠤ᠂ ᠨᠠᠷᠢᠯᠢᠭ ᠬᠡᠮᠵᠢᠶ᠎ᠡ ᠪᠠᠷ ᠲᠠᠷᠢᠬᠤ᠂ ᠢᠯᠡ ᠡᠯᠡᠰᠦᠨ ᠤ ᠨᠦᠬᠡ ᠶᠢ ᠪᠥᠷᠬᠦᠭᠦᠯᠬᠦ᠂ ᠲᠠᠷᠢᠶ᠎ᠠ ᠠᠷᠴᠢᠬᠤ ᠶᠢ ᠰᠤᠯᠠ ᠳᠠᠪᠤᠰᠤ ᠬᠢᠬᠦ ᠵᠡᠷᠭᠡ N ᠲᠠᠷᠢᠬᠤ ᠠᠷᠭ᠎ᠠ ᠬᠡᠮᠵᠢᠶ᠎ᠡ ᠶᠢᠨ ︽18N︾ ᠰᠢᠨ᠎ᠡ ᠵᠠᠭᠪᠤᠷ ᠢ ᠢᠵᠢ ᠪᠦᠷᠢᠳᠦᠭᠦᠯᠦᠨ ᠲᠠᠷᠢᠪᠠ᠃ ᠥᠭᠡᠷᠡᠴᠢᠯᠡᠭᠰᠡᠨ ᠤ ᠳᠠᠷᠠᠭ᠎ᠠ᠂ ᠭᠠᠵᠠᠷ ᠤᠨ ᠬᠦᠴᠦᠨ ᠢ ᠳᠤᠮᠳᠠᠴᠢ ᠪᠠᠷ 1 ᠲᠠᠰ ᠳᠡᠭᠡᠭᠰᠢᠯᠡᠭᠦᠯᠵᠦ ᠪᠣᠯᠤᠨ᠎ᠠ᠂ ᠡᠭᠦᠨ ᠳᠤ ᠬᠡᠷᠡᠭᠵᠢᠭᠦᠯᠦᠭᠰᠡᠨ ︽ᠵᠢᠭᠠᠰᠤ ᠪᠠᠷ ᠬᠤᠵᠢᠷ ᠢ ᠵᠠᠰᠠᠬᠤ︾ ᠵᠠᠭᠪᠤᠷ ᠨᠢ ᠣᠯᠠᠨ ᠲᠦᠮᠡᠨ ᠢ ᠳᠠᠶᠢᠴᠢᠯᠠᠨ ᠵᠢᠭᠠᠰᠤ ᠪᠠᠷ ᠠᠷᠠᠳ ᠢ ᠪᠠᠶᠠᠵᠢᠭᠤᠯᠬᠤ᠂ ᠵᠢᠭᠠᠰᠤ ᠪᠠᠷ ᠣᠷᠣᠯᠭ᠎ᠠ ᠶᠢ ᠨᠡᠮᠡᠭᠳᠡᠭᠦᠯᠬᠦ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠪᠣᠬᠢᠷᠲᠤᠯ ᠥᠬᠡᠶ ᠬᠥᠭᠵᠢᠯᠲᠡ ᠶᠢᠨ ᠰᠢᠨ᠎ᠡ ᠵᠠᠮ ᠢ ᠨᠡᠭᠡᠭᠡᠨ᠎ᠡ᠃ ᠰᠠᠨ ᠳ᠋ᠤᠤ ᠴᠢᠶᠣᠤ ᠪᠠᠯᠭᠠᠰᠤᠨ ᠤ ᠯᠢ ᠢ ᠲᠣᠰᠬᠤᠨ ᠳᠤ᠂ ᠬᠤᠯᠠ ᠣᠶᠢᠷ᠎ᠠ ᠳᠤ ᠠᠯᠳᠠᠷᠰᠢᠭᠰᠠᠨ ︽ᠬᠠᠶᠢᠪᠧᠩ ᠠᠭᠤᠶ︾ ᠪᠣᠯ 1000 ᠭᠠᠷᠤᠢ ᠮᠦ ᠬᠤᠵᠢᠷᠲᠤ ᠭᠤᠣᠯ ᠤᠨ ᠰᠠᠶᠢᠷᠭᠠᠯ᠂ ︽ᠲᠤᠩᠭᠠᠯᠠᠭ ᠡᠳᠦᠷ ᠨᠢᠭᠡ ᠬᠡᠰᠡᠭ ᠳᠦᠭᠦᠷᠡᠩ᠂ ᠰᠠᠯᠬᠢ ᠦᠯᠢᠶᠡᠬᠦ ᠳᠠᠪᠠᠯᠭᠠᠨ︾ ᠪᠠᠶᠢᠵᠤ᠂ ᠪᠦᠬᠦ ᠲᠣᠰᠬᠤᠨ ᠤ ᠠᠷᠠᠳ ᠢᠷᠭᠡᠳ ᠤᠨ ᠶᠡᠭᠡ ᠵᠢᠷᠦᠬᠡᠨ ᠡᠪᠡᠳᠴᠢᠨ ᠪᠣᠯᠤᠭᠰᠠᠨ ᠪᠠᠶᠢᠨ᠎ᠠ᠃ ︽ᠬᠠᠶᠢᠪᠧᠩ ᠠᠭᠤᠶ︾ ᠶᠢ ︽ᠵᠢᠤᠢ ᠪᠦᠦ ᠫᠡᠨ︾ ᠪᠣᠯᠭᠠᠬᠤ ᠶᠢᠨ ᠲᠥᠯᠥᠭᠡ᠂ ᠬᠠᠩᠭᠢᠨ ᠬᠤᠶᠢᠲᠤ ᠬᠤᠰᠢᠭᠤᠨ ᠤ ᠬᠢᠨ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠵᠠᠪᠳᠤᠨ ᠠᠳᠬᠤᠵᠤ᠂ ᠤᠷᠢᠳᠴᠢᠯᠠᠨ ᠲᠥᠯᠥᠪᠵᠢᠭᠦᠯᠵᠦ᠂ ᠠᠵᠢᠯ ᠤᠨ ᠪᠠᠶᠢᠷᠢ ᠪᠠᠨ ᠲᠣᠳᠣᠷᠬᠠᠶ ᠤᠶᠢᠯᠠᠭᠠᠨ᠂ ᠴᠢᠭᠯᠡᠯ ᠢᠶᠠᠨ ᠲᠣᠭᠲᠠᠭᠠᠵᠤ᠂ ︽ᠬᠤᠷᠰᠢᠶ᠎ᠠ ᠲᠠᠷᠢᠶᠠᠴᠢᠨ ᠡᠷᠦᠬᠡ︾ ᠶᠢᠨ ᠵᠠᠭᠪᠤᠷ ᠢ ᠬᠡᠷᠡᠭᠯᠡᠨ᠂ ᠲᠤᠰᠬᠠᠶᠢᠵᠢᠭᠰᠠᠨ ᠲᠡᠵᠢᠭᠡᠨ ᠦᠷᠡᠵᠢᠭᠦᠯᠬᠦ ᠺᠣᠮᠫᠠᠨᠢ ᠶᠢ ᠣᠷᠣᠭᠤᠯᠤᠨ ᠠᠪᠴᠢᠷᠠᠵᠤ᠂ ᠬᠤᠵᠢᠷᠯᠢᠭ ᠭᠠᠵᠠᠷ ᠤᠨ ᠵᠢᠭᠠᠰᠤᠨ ᠠᠵᠤ ᠠᠬᠤᠶ ᠶᠢᠨ ᠬᠥᠭᠵᠢᠯᠲᠡ ᠶᠢ ᠥᠨᠳᠥᠷ ᠪᠦᠲᠦᠮᠵᠢᠲᠡᠶ ᠪᠠᠷ ᠳᠥᠯᠭᠢᠨ ᠠᠬᠢᠭᠤᠯᠪᠠ᠃ ᠠᠳᠠᠯᠢ ᠪᠤᠰᠤ ᠬᠡᠮᠵᠢᠶᠡᠨ ᠤ ᠬᠤᠵᠢᠷᠰᠢᠭᠰᠠᠨ ᠭᠠᠵᠠᠷ ᠰᠢᠷᠣᠶ ᠳᠤ ᠴᠢᠭᠯᠡᠭᠦᠯᠦᠨ᠂ ︽ᠪᠠᠭᠤᠷᠠᠭᠤᠯᠬᠤ᠂ ᠥᠭᠡᠷᠡᠴᠢᠯᠡᠬᠦ᠂ ᠬᠡᠷᠡᠭᠯᠡᠬᠦ︾ ᠶᠢ ᠵᠠᠰᠠᠵᠤ ᠠᠰᠢᠭᠯᠠᠬᠤ ᠰᠡᠳᠬᠢᠮᠵᠢ ᠶᠢ ᠳ᠋ᠦᠩᠨᠡᠨ ᠭᠠᠷᠭᠠᠵᠤ᠂ ᠬᠦᠨᠳᠦ ᠨᠣᠴᠢᠲᠠᠶ ᠬᠤᠵᠢᠷᠯᠢᠭ ᠭᠠᠵᠠᠷ ᠲᠤ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠶᠢ ᠶᠡᠬᠡᠪᠡᠷ ᠬᠥᠭᠵᠢᠭᠦᠯᠵᠦ᠂ ᠬᠤᠵᠢᠷᠯᠢᠭ ᠲᠠᠲᠠᠭᠠᠯ ᠪᠠ ᠤᠰᠤᠨ ᠴᠥᠭᠦᠷᠥᠮ ᠤᠨ ᠪᠤᠤᠬᠢᠶ᠎ᠠ ᠵᠡᠷᠭᠡ ᠵᠠᠭᠪᠤᠷ ᠲᠤ ᠢᠯᠡᠳᠲᠡ ᠦᠷ᠎ᠡ ᠪᠦᠲᠦᠮᠵᠢ ᠤᠯᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠢ ᠪᠠᠶᠢᠭᠤᠯᠬᠤ ᠪᠠᠷ ᠳᠠᠮᠵᠢᠭᠤᠯᠤᠨ᠂ ᠲᠤᠰᠬᠠᠶ ᠮᠡᠷᠭᠡᠵᠢᠯᠲᠡᠨ ᠪᠠ ᠥᠨᠳᠥᠷ ᠰᠤᠷᠤᠯᠭ᠎ᠠ ᠶᠢᠨ ᠨᠠᠮᠲᠠᠷ ᠲᠠᠢ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠤᠰᠤᠨ ᠤ ᠴᠢᠨᠠᠷ ᠢ ᠶᠡᠷᠦᠩᠬᠡᠶᠢᠯᠡᠨ ᠰᠠᠶᠢᠵᠢᠷᠠᠭᠤᠯᠵᠤ ᠲᠣᠬᠢᠷᠠᠭᠤᠯᠤᠨ ᠡᠵᠡᠮᠳᠡᠬᠦ ᠮᠡᠷᠭᠡᠵᠢᠯ ᠢ ᠤᠯᠠᠮ ᠨᠢᠭᠡ ᠠᠯᠬᠤᠮ ᠰᠤᠳᠤᠯᠵᠤ᠂ ᠰᠠᠮ ᠬᠤᠷᠣᠬᠠᠶ ᠶᠢᠨ ᠴᠢᠬᠢ ᠶᠢᠨ ᠡᠳᠡᠭᠡᠷᠡᠯᠲᠡ ᠶᠢᠨ ᠨᠣᠷᠮ᠎ᠠ ᠶᠢ ᠳᠡᠭᠡᠭᠰᠢᠯᠡᠭᠦᠯᠬᠦ᠂ ᠤᠨᠠᠯᠲᠠ ᠶᠢ ᠳᠡᠭᠡᠭᠰᠢᠯᠡᠭᠦᠯᠬᠦ ᠳᠤ ᠬᠦᠴᠦᠲᠡᠶ ᠪᠠᠲᠤᠯᠠᠭ᠎ᠠ ᠶᠢᠨ ᠲᠤᠯᠭᠠᠭᠤᠷᠢᠯᠠᠯ ᠬᠠᠩᠭᠠᠨ᠎ᠠ᠃ ᠡᠮᠦᠨᠡᠲᠦ ᠠᠮᠧᠷᠢᠺᠠ ᠶᠢᠨ ᠴᠠᠭᠠᠨ ᠬᠤᠣᠰ ᠰᠠᠮ ᠬᠤᠷᠣᠬᠠᠢ ᠲᠡᠵᠢᠭᠡᠨ ᠦᠷᠡᠵᠢᠭᠦᠯᠬᠦ ᠲᠥᠷᠥᠯ ᠵᠦᠢᠯ ᠢᠯᠡᠳᠲᠡ ᠦᠷ᠎ᠡ ᠪᠦᠲᠦᠮᠵᠢ ᠣᠯᠵᠤ᠂ ᠲᠡᠵᠢᠭᠡᠨ ᠦᠷᠡᠵᠢᠭᠦᠯᠬᠦ᠂ ᠡᠳ᠋ᠰᠢᠭᠦᠯᠬᠦ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ᠂ ᠵᠢᠯ ᠤᠨ ᠭᠠᠷᠭᠠᠯᠲᠠ ᠶᠢᠨ ᠬᠡᠮᠵᠢᠶ᠎ᠡ 1400 ᠲᠦᠮᠡᠨ ᠰᠡᠭᠦᠯ ᠳᠤ ᠬᠦᠷᠴᠦ᠂ ᠦᠢᠯᠡᠳᠬᠦᠨ ᠤ ᠥᠷᠲᠡᠭ ᠨᠢ 8000 ᠲᠦᠮᠡᠨ ᠲᠥᠭᠦᠷᠢᠭ ᠲᠤ ᠬᠦᠷᠴᠦ᠂ ᠡᠷᠭᠢᠨ ᠲᠣᠭᠤᠷᠢᠨ ᠤ 183 ᠲᠠᠷᠢᠶᠠᠴᠢᠨ ᠡᠷᠦᠬᠡ ᠶᠢ ᠠᠮᠵᠢᠯᠲᠠ ᠲᠠᠢ ᠪᠠᠷ ᠨᠥᠯᠥᠭᠡᠯᠡᠨ ᠳᠠᠶᠢᠴᠢᠯᠠᠵᠤ ᠬᠤᠵᠢᠷᠯᠢᠭ ᠭᠠᠵᠠᠷ ᠢ ᠰᠠᠶᠢᠵᠢᠷᠠᠭᠤᠯᠬᠤ ᠲᠥᠷᠥᠯ ᠵᠦᠢᠯ ᠳᠤ ᠣᠷᠣᠯᠴᠠᠭᠤᠯᠵᠤ᠂ ᠡᠷᠦᠬᠡ ᠪᠦᠷᠢ ᠶᠢᠨ ᠳᠤᠮᠳᠠᠴᠢ ᠣᠷᠣᠯᠭ᠎ᠠ ᠶᠢ 800 ᠲᠥᠭᠦᠷᠢᠭ ᠨᠡᠮᠡᠭᠳᠡᠭᠦᠯᠪᠡ᠃ ᠣᠳᠣᠬᠠᠨ ᠳᠤ᠂ ᠬᠠᠩᠭᠢᠨ ᠬᠤᠶᠢᠲᠤ ᠬᠤᠰᠢᠭᠤᠨ ᠤ ᠬᠢᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ ᠤᠰᠤᠨ ᠭᠠᠷᠤᠯᠲᠠ ᠶᠢᠨ ᠴᠢᠬᠢ ᠪᠤᠶᠢᠵᠢᠭᠤᠯᠬᠤ ᠬᠡᠮᠵᠢᠶ᠎ᠡ ᠨᠢ ᠬᠠᠭᠠᠰ ᠬᠠᠨᠱᠠᠨ ᠠᠭᠤᠯᠠ ᠶᠢ ᠡᠵᠡᠯᠡᠵᠦ᠂ ︽ᠪᠥᠬᠦ ᠤᠯᠤᠰ ᠤᠨ ᠵᠢᠭᠠᠰᠤᠨ ᠠᠵᠤ ᠠᠬᠤᠶ ᠶᠢᠨ ᠠᠮᠤᠷ ᠲᠦᠪᠰᠢᠨ ᠤ ᠵᠢᠱᠢᠶ᠎ᠡ ᠦᠵᠡᠭᠦᠯᠬᠦ ᠰᠢᠶᠠᠨ︾ ᠤ ᠢᠷᠠᠭᠤ ᠠᠯᠳᠠᠷ ᠢ ᠭᠥᠷᠳᠡᠪᠡ︔ ︽ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠬᠤᠵᠢᠷᠯᠢᠭ ᠭᠠᠵᠠᠷ ᠢ ᠰᠠᠶᠢᠵᠢᠷᠠᠭᠤᠯᠤᠨ ᠠᠰᠢᠭᠯᠠᠬᠤ ᠵᠠᠭᠪᠤᠷ ᠤᠨ ᠰᠢᠨ᠎ᠡ ᠶᠢ ᠡᠭᠦᠳᠦᠭᠰᠡᠨ︾ ᠥᠭᠡᠷᠡᠴᠢᠯᠡᠯᠲᠡ ᠶᠢᠨ ᠬᠡᠷᠡᠭ ᠤᠨ ᠵᠢᠱᠢᠶ᠎ᠡ᠂ ᠳᠤᠮᠳᠠᠳᠤ ᠤᠯᠤᠰ ᠤᠨ ᠥᠭᠡᠷᠡᠴᠢᠯᠡᠯᠲᠡ ᠶᠢᠨ 2024 ᠣᠨ ᠤ ᠣᠷᠣᠨ ᠨᠤᠲᠤᠭ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠰᠢᠶᠠᠨ ᠤ ᠬᠡᠪᠴᠢᠶᠡᠨ ᠤ ᠬᠡᠷᠡᠭ ᠤᠨ ᠵᠢᠱᠢᠶ᠎ᠡ ᠶᠢ ᠢᠷᠠᠭᠤ ᠠᠯᠳᠠᠷ ᠲᠠᠢ ᠪᠣᠯᠪᠠ᠃      ᠥᠪᠥᠷ ᠮᠣᠩᠭᠤᠯ ᠤᠨ ᠡᠳᠦᠷ ᠤᠨ ᠰᠣᠨᠢᠨ᠄ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠬᠢᠯᠡᠯᠲᠡ︾ ᠶᠢᠨ ᠠᠵᠢᠯ ᠢ ᠭᠦᠨᠵᠡᠭᠡᠶ ᠥᠷᠨᠢᠭᠦᠯᠬᠦ ᠶᠢ ᠳᠠᠭᠠᠯᠳᠤᠨ᠂ ᠬᠠᠩᠭᠢᠨ ᠬᠤᠶᠢᠲᠤ ᠬᠤᠰᠢᠭᠤᠨ ᠤ ᠨᠢᠭᠡ ᠪᠦᠯᠦᠭ ᠰᠤᠯᠠ ᠪᠠᠶᠢᠭ᠎ᠠ ᠡᠬᠢ ᠪᠠᠶᠠᠯᠢᠭ ᠢ ᠳᠠᠬᠢᠨ ᠠᠰᠢᠭᠯᠠᠵᠤ᠂ ᠤᠨᠴᠠᠯᠢᠬᠳᠤ ᠲᠠᠷᠢᠮᠠᠯ ᠢᠶᠠᠷ ᠠᠵᠤ ᠦᠢᠯᠡᠰ ᠤᠨ ᠬᠥᠭᠵᠢᠯᠲᠡ ᠶᠢ ᠬᠡᠷᠬᠢᠨ ᠬᠥᠲᠥᠯᠦᠨ ᠳᠠᠭᠠᠭᠤᠯᠬᠤ ᠪᠣᠶ︖      ᠬᠠᠨ ᡁᠢ ᠶᠧ᠂ ᠱᠠᠮᠪᠠ ᠪᠠᠯᠭᠠᠰᠤᠨ ᠤ ᠬᠤᠩ ᠰᠢᠩ ᠲᠣᠰᠬᠤᠨ ᠤ ᠬᠠᠶᠠᠭᠳᠠᠮᠠᠯ ᠬᠠᠭᠤᠴᠢᠨ ᠸᠠᠭᠠᠷ ᠲᠣᠭᠤᠰᠬᠠᠨ ᠳᠤ ᠤᠤᠯ ᠨᠢ ᠵᠢᠯ ᠳᠤ 85 ᠲᠦᠮᠡᠨ ᠲᠣᠨ ᠴᠡᠴᠡᠭ ᠤᠨ ᠮᠥᠭᠦ ᠳᠠᠷᠢᠬᠤ ᠰᠠᠭᠤᠷᠢᠨ ᠭᠠᠵᠠᠷ ᠪᠣᠯᠭᠠᠨ ᠬᠤᠪᠢᠷᠠᠭᠤᠯᠵᠤ᠂ ᠲᠤᠬᠠᠶ ᠶᠢᠨ ᠭᠠᠵᠠᠷ ᠤᠨ ᠬᠢᠨ 28 ᠬᠦᠯᠡᠮᠵᠢ ᠪᠠᠶᠢᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠶᠢ ᠣᠷᠣᠭᠤᠯᠤᠨ ᠠᠪᠴᠢᠷᠠᠵᠤ᠂ ᠴᠡᠴᠡᠭ ᠤᠨ ᠮᠥᠭᠦ ᠶᠢᠨ ᠮᠡᠷᠭᠡᠵᠢᠯ ᠢ ᠰᠤᠷᠤᠯᠴᠠᠵᠤ᠂ ᠵᠢᠯ ᠤᠨ ᠠᠰᠢᠭ ᠬᠤᠨᠵᠢᠪᠣᠷᠢ ᠨᠢ 87 ᠲᠦᠮᠡᠨ ᠲᠥᠭᠦᠷᠢᠭ ᠬᠦᠷᠴᠡᠶ᠃ ᠥᠪᠡᠷ ᠤᠨ ᠦᠷᠳᠡᠭ ᠢ ᠠᠷᠪᠢᠯᠠᠨ ᠭᠠᠮᠨᠠᠵᠤ᠂ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠠᠵᠤ ᠠᠬᠤᠶᠢᠯᠠᠯ ᠤᠨ ᠬᠢᠨ ᠥᠨᠳᠥᠷ ᠪᠦᠲᠦᠮᠵᠢᠲᠡᠢ ᠠᠮᠢ ᠠᠬᠤᠢ ᠶᠢᠨ ᠡᠷᠭᠢᠯᠲᠡ ᠶᠢᠨ ᠬᠡᠯᠬᠢᠶ᠎ᠡ ᠶᠢ ᠢᠳᠡᠪᠬᠢᠲᠡᠢ ᠪᠠᠶᠢᠭᠤᠯᠵᠤ᠂ ᠮᠥᠭᠦ ᠶᠢᠨ ᠰᠢᠳᠠᠮ ᠢᠶᠠᠷ ᠴᠡᠴᠡᠭᠲᠦ ᠮᠥᠭᠦ ᠲᠠᠷᠢᠵᠤ᠂ ᠲᠡᠭᠦᠦᠭᠰᠡᠨ ᠤ ᠳᠠᠷᠠᠭ᠎ᠠ ᠣᠷᠭᠠᠨᠢᠭ ᠪᠤᠷᠳᠤᠭᠤᠷ ᠢ ᠦᠢᠯᠡᠳᠦᠨ ᠳᠠᠬᠢᠨᠲᠠ ᠣᠷᠣᠭᠤᠯᠵᠤ᠂ ᠡᠬᠢ ᠪᠠᠶᠠᠯᠢᠭ ᠢ ᠬᠠᠮᠤᠭ ᠤᠨ ᠶᠡᠭᠡ ᠪᠠᠷ ᠠᠰᠢᠭᠯᠠᠬᠤ ᠶᠢ ᠪᠡᠶᠡᠯᠡᠭᠦᠯᠪᠡ᠃ ᠡᠭᠦᠨ ᠤ ᠬᠠᠮᠲᠤ᠂ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠰᠦᠪᠡᠭᠴᠢᠯᠡᠨ ᠲᠡᠭᠦᠯᠳᠡᠷᠵᠢᠭᠦᠯᠵᠦ᠂ ︽ᠠᠵᠤ ᠠᠬᠤᠶᠢᠯᠠᠯ ᠬᠤᠷᠰᠢᠶ᠎ᠠ ᠰᠠᠭᠤᠷᠢᠨ ᠭᠠᠵᠠᠷ ᠲᠠᠷᠢᠶᠠᠴᠢᠨ ᠡᠷᠦᠬᠡ︾ ᠶᠢᠨ ᠡᠵᠡᠩᠨᠡᠯᠲᠡ ᠶᠢᠨ ᠵᠠᠭᠪᠤᠷ ᠢ ᠬᠡᠷᠡᠭᠯᠡᠨ᠂ ᠬᠥᠲᠥᠴᠢ ᠠᠵᠤ ᠠᠬᠤᠶᠢᠯᠠᠯ ᠢᠶᠠᠷ ᠵᠢᠯᠣᠭᠤᠳᠤᠮᠵᠢ ᠪᠣᠯᠭᠠᠵᠤ᠂ ᠬᠤᠷᠰᠢᠶ᠎ᠠ ᠪᠠᠷ ᠬᠤᠯᠪᠣᠭᠠᠰᠤ ᠪᠣᠯᠭᠠᠨ᠂ ᠲᠠᠷᠢᠮᠠᠯ ᠤᠨ ᠲᠣᠮᠣ ᠡᠷᠦᠬᠡ ᠪᠠᠷ ᠰᠠᠭᠤᠷᠢ ᠪᠣᠯᠭᠠᠵᠤ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠨ᠎ᠠ᠃ ᠠᠵᠤ ᠠᠬᠤᠶᠢᠯᠠᠯ ᠠᠴᠠ ᠲᠠᠷᠢᠶᠠᠴᠢᠨ ᠡᠷᠦᠬᠡ ᠳᠤ ᠮᠥᠬᠦ ᠶᠢᠨ ᠰᠢᠳᠠᠮ ᠲᠠᠷᠢᠵᠤ ᠪᠤᠶᠢᠵᠢᠭᠤᠯᠬᠤ ᠮᠡᠷᠭᠡᠵᠢᠯ ᠵᠡᠷᠭᠡ ᠳᠡᠮᠵᠢᠯᠭᠡ ᠬᠠᠩᠭᠠᠵᠤ᠂ ᠬᠤᠷᠰᠢᠶ᠎ᠠ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠭᠠᠬᠤ ᠶᠢᠨ ᠬᠠᠮᠲᠤ ᠦᠢᠯᠡᠳᠬᠦᠨ ᠤ ᠡᠴᠦᠰ ᠤᠨ ᠪᠣᠷᠣᠯᠠᠭᠤᠯᠭ᠎ᠠ ᠶᠢ ᠬᠠᠷᠢᠭᠤᠴᠠᠵᠤ ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠪᠦᠲᠦᠮᠵᠢᠲᠡᠶ ᠪᠠᠲᠤᠯᠠᠵᠤ᠂ ᠪᠠᠰᠠ 400 ᠭᠠᠷᠤᠶ ᠠᠵᠢᠯ ᠤᠯᠬᠤ ᠲᠣᠬᠢᠶᠠᠯ ᠬᠠᠩᠭᠠᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠪᠡ᠃      ᠥᠪᠥᠷ ᠮᠣᠩᠭᠤᠯ ᠤᠨ ᠡᠳᠦᠷ ᠤᠨ ᠰᠣᠨᠢᠨ᠄ ᠤᠯᠠᠭᠠᠨ ᠪᠥᠬᠡ ᠡᠯᠡᠰᠦᠨ ᠴᠦᠯ ᠪᠣᠯ ᠮᠠᠨ ᠤ ᠤᠯᠤᠰ ᠤᠨ ᠨᠠᠢᠮᠠᠨ ᠶᠡᠭᠡ ᠡᠯᠡᠰᠦᠨ ᠴᠦᠯ ᠤᠨ ᠨᠢᠭᠡ ᠨᠢ ︽ᠳᠥᠷᠪᠡ ᠶᠢ ᠵᠠᠰᠠᠬᠤ︾ ᠠᠭᠤᠰᠭ ᠠᠯ ᠢᠶᠠᠷ ᠡᠯᠡᠰᠦᠨ ᠳᠠᠯᠠᠢ ᠶᠢᠨ ᠨᠣᠭᠤᠭᠠᠨ ᠪᠦᠷᠢᠳ ᠦ ᠶᠢ ᠬᠡᠷᠬᠢᠨ ᠪᠦᠲᠦᠭᠡᠨ ᠪᠠᠢᠭᠤᠯᠬᠤ ᠪᠣᠢ ︖      ᠬᠠᠨ ᡁᠢ ᠶᠧ᠂ ᠬᠠᠩᠭᠢᠨ ᠬᠤᠶᠢᠲᠤ ᠬᠤᠰᠢᠭᠤ ᠤᠯᠠᠭᠠᠨᠪᠤᠬ᠎ᠠ ᠶᠢᠨ ᠡᠯᠡᠰᠦᠨ ᠴᠦᠯ ᠤᠨ ᠵᠡᠭᠦᠨ ᠵᠠᠬ᠎ᠠ ᠳᠤ ᠪᠠᠶᠢᠷᠢᠯᠠᠵᠤ᠂ ᠡᠯᠡᠰᠦᠨ ᠴᠥᠯ ᠠᠴᠠ ᠵᠡᠭᠦᠨᠰᠢ ᠤᠷᠤᠰᠬᠤ ᠶᠢ ᠰᠡᠷᠭᠡᠶᠢᠯᠡᠬᠦ ᠵᠠᠩᠭᠢᠯᠠᠭ᠎ᠠ ᠶᠢᠨ ᠰᠡᠷᠭᠡᠶᠢᠯᠡᠯᠲᠡ ᠶᠢᠨ ᠱᠤᠭᠤᠮ ᠪᠣᠯᠤᠨ᠎ᠠ᠃ 70 ᠭᠠᠷᠤᠢ ᠵᠢᠯ ᠤᠨ ᠴᠢᠷᠮᠠᠶᠢᠯᠭ᠎ᠠ ᠪᠠᠷ ᠳᠠᠮᠵᠢᠨ᠂ ᠡᠯᠡᠰᠦ ᠶᠢ ᠬᠠᠰᠢᠬᠤ ᠭᠠᠵᠠᠷ᠂ ᠢᠨᠵᠧᠨᠧᠷᠢᠩ ᠤᠨ ᠡᠯᠡᠰᠦ ᠶᠢ ᠲᠣᠭᠲᠠᠪᠤᠷᠢᠵᠢᠭᠤᠯᠬᠤ᠂ ᠬᠥᠮᠦᠨ ᠤ ᠬᠦᠴᠦ ᠪᠠᠷ ᠣᠶᠢᠵᠢᠭᠤᠯᠬᠤ ᠵᠡᠷᠭᠡ ᠠᠷᠭ᠎ᠠ ᠬᠡᠯᠪᠡᠷᠢ ᠪᠠᠷ ᠶᠡᠷᠦᠩᠬᠡᠶᠢᠯᠡᠨ ᠵᠠᠰᠠᠵᠤ᠂ ᠴᠦᠯᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ ᠶᠢ ᠨᠡᠶᠢᠳᠡ 51.6 ᠲᠦᠮᠡᠨ ᠮᠦ ᠵᠠᠰᠠᠵᠤ᠂ ᠡᠯᠡᠰᠦᠷᠬᠡᠭ ᠣᠷᠣᠨ ᠤ ᠲᠠᠯᠠᠪᠠᠢ ᠶᠡᠬᠡᠪᠡᠷ ᠪᠠᠭᠠᠰᠴᠤ᠂ ᠣᠳᠣᠬᠠᠨ ᠳᠤ ᠵᠥᠪᠬᠡᠨ 12.4 ᠲᠦᠮᠡᠨ ᠮᠦ ᠦᠯᠡᠳᠡᠵᠦ᠂ ᠵᠢᠱᠢᠯᠲᠡ ᠪᠠᠷ 2026 ᠣᠨ ᠠᠴᠠ ᠡᠮᠦᠨ᠎ᠡ ᠵᠠᠰᠠᠬᠤ ᠪᠣᠯᠤᠨ᠎ᠠ᠃      ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠶᠠᠪᠤᠴᠠ ᠳᠤ᠂ ᠪᠦᠬᠦ ᠠᠷᠠᠳ ᠢᠶᠠᠷ ᠵᠠᠰᠠᠬᠤ᠂ ᠰᠢᠨᠵᠢᠯᠡᠬᠦ ᠤᠬᠠᠭᠠᠨᠴᠢ ᠪᠠᠷ ᠵᠠᠰᠠᠬᠤ᠂ ᠠᠵᠤ ᠦᠢᠯᠡᠰ ᠢᠶᠠᠷ ᠵᠠᠰᠠᠬᠤ᠂ ︽ᠳᠥᠷᠪᠡ ᠶᠢ ᠵᠠᠰᠠᠬᠤ︾ ᠶᠢ ᠤᠷᠲᠤ ᠬᠤᠭᠤᠴᠠᠭ᠎ᠠ ᠪᠠᠷ ᠪᠦᠲᠦᠮᠵᠢᠲᠡᠶ ᠪᠠᠷ ᠵᠠᠰᠠᠬᠤ ᠬᠡᠪ ᠵᠠᠭᠪᠤᠷ ᠤᠨ ᠰᠢᠨ᠎ᠡ ᠶᠢ ᠡᠭᠦᠳᠬᠦ ᠬᠡᠷᠡᠭᠲᠡᠶ᠃ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠪᠠ ᠠᠵᠤ ᠦᠢᠯᠡᠰ ᠢ ᠣᠷᠣᠭᠤᠯᠤᠨ ᠠᠪᠴᠢᠷᠠᠵᠤ ᠡᠯᠡᠰᠦ ᠶᠢ ᠵᠠᠰᠠᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠳ ᠵᠠᠰᠠᠯᠲᠠ ᠶᠢᠨ ᠶᠠᠪᠤᠴᠠ ᠳᠤ ᠢᠳᠡᠪᠬᠢᠲᠡᠶ ᠣᠷᠣᠯᠴᠠᠵᠤ᠂ ᠣᠯᠠᠨ ᠲᠦᠮᠡᠨ ᠤ ᠡᠯᠡᠰᠦᠨ ᠤ ᠠᠵᠤ ᠦᠢᠯᠡᠰ ᠤᠨ ᠲᠠᠯ᠎ᠠ ᠪᠠᠷ ᠬᠢ ᠣᠷᠣᠯᠭ᠎ᠠ ᠪᠠᠨ ᠨᠡᠮᠡᠭᠳᠡᠭᠦᠯᠬᠦ ᠶᠢ ᠪᠦᠲᠦᠮᠵᠢᠲᠡᠶ ᠳᠠᠶᠢᠴᠢᠯᠠᠪᠠ᠃ ᠰᠢᠨᠵᠢᠯᠡᠬᠦ ᠤᠬᠠᠭᠠᠨᠴᠢ ᠪᠠᠷ ᠡᠯᠡᠰᠦ ᠶᠢ ᠵᠠᠰᠠᠬᠤ ᠲᠠᠯ᠎ᠠ ᠪᠠᠷ᠂ ᠥᠨᠳᠥᠷ ᠳᠠᠷᠤᠯᠲᠠ ᠪᠠᠷ ᠤᠰᠤ ᠣᠷᠣᠭᠤᠯᠵᠤ ᠵᠠᠶᠢᠯᠠᠬᠤ ᠠᠷᠭ᠎ᠠ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ᠂ ᠳᠠᠷᠢᠬᠤ ᠬᠤᠷᠳᠤᠴᠠ ᠪᠠ ᠡᠳᠡᠭᠡᠷᠡᠯᠲᠡ ᠶᠢᠨ ᠨᠣᠷᠮ᠎ᠠ ᠶᠢ ᠢᠯᠡᠳᠲᠡ ᠳᠡᠭᠡᠭᠰᠢᠯᠡᠭᠦᠯᠬᠦ ᠶᠢᠨ ᠬᠠᠮᠲᠤ ᠤᠰᠤᠨ ᠤ ᠡᠬᠢ ᠪᠠᠶᠠᠯᠢᠭ ᠢ ᠶᠡᠭᠡ ᠪᠠᠷ ᠠᠷᠪᠢᠯᠠᠬᠤ ᠬᠡᠷᠡᠭᠲᠡᠢ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠠᠳᠠᠯᠢ ᠪᠤᠰᠤ ᠭᠠᠵᠠᠷ ᠤᠨ ᠪᠠᠶᠢᠴᠠ ᠭᠠᠵᠠᠷ ᠤᠨ ᠪᠠᠶᠢᠴᠠ ᠳᠤ ᠴᠢᠭᠯᠡᠭᠦᠯᠦᠨ᠂ ᠡᠯᠡᠰᠦ ᠶᠢ ᠵᠠᠰᠠᠬᠤ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠡᠯᠡᠰᠦ ᠶᠢ ᠬᠠᠯᠬᠠᠯᠠᠨ ᠵᠠᠰᠠᠬᠤ ᠪᠠ ᠬᠥᠮᠦᠨ ᠤ ᠬᠦᠴᠦ ᠪᠠᠷ ᠣᠶᠢᠵᠢᠭᠤᠯᠬᠤ᠂ ᠵᠢᠴᠢ ᠡᠯᠡᠰᠦ ᠶᠢ ᠭᠠᠳᠠᠭᠰᠢ ᠵᠥᠭᠡᠭᠡᠪᠦᠷᠢᠯᠡᠬᠦ ᠪᠠ ᠭᠠᠵᠠᠷ ᠲᠡᠭᠰᠢᠯᠡᠵᠦ ᠠᠵᠤ ᠠᠬᠤᠢ ᠶᠢᠨ ᠣᠢ ᠲᠠᠷᠢᠬᠤ ᠵᠡᠷᠭᠡ ᠲᠠᠯ᠎ᠠ ᠪᠠᠷ ᠡᠯᠡᠰᠦᠷᠬᠡᠭᠵᠢᠭᠰᠡᠨ ᠭᠠᠵᠠᠷ ᠰᠢᠷᠣᠶ ᠶᠢ ᠪᠦᠲᠦᠮᠵᠢᠲᠡᠶ ᠪᠠᠷ ᠰᠠᠶᠢᠵᠢᠷᠠᠭᠤᠯᠵᠤ᠂ ᠴᠢᠨᠠᠭᠰᠢᠯᠠᠪᠠᠯ ᠰᠠᠶᠢᠨ ᠲᠠᠷᠢᠶ᠎ᠠ ᠪᠣᠯᠭᠠᠭᠰᠠᠨ ᠪᠠᠶᠢᠨ᠎ᠠ᠃      ᠠᠵᠤ ᠦᠢᠯᠡᠰ ᠢᠶᠠᠷ ᠡᠯᠡᠰᠦ ᠶᠢ ᠵᠠᠰᠠᠬᠤ ᠲᠠᠯ᠎ᠠ ᠪᠠᠷ᠂ ᠤᠯᠠᠨ ᠡᠰᠢᠵᠢᠭᠰᠡᠨ ᠬᠥᠭᠵᠢᠯᠲᠡ ᠶᠢ ᠴᠢᠬᠤᠯᠠᠴᠢᠯᠠᠵᠤ᠂ ᠠᠵᠤ ᠠᠬᠤᠢ ᠶᠢᠨ ᠤᠢ ᠶᠢ ᠪᠤᠵᠠᠭᠠᠶᠢᠷᠠᠭᠤᠯᠬᠤ᠂ ᠵᠤᠭᠠᠴᠠᠯ ᠤᠨ ᠦᠢᠯᠡᠰ ᠢ ᠰᠢᠯᠢᠳᠡᠭᠵᠢᠭᠦᠯᠬᠦ᠂ ᠰᠢᠨ᠎ᠡ ᠡᠨᠧᠷᠭᠢ ᠶᠢ ᠬᠦᠴᠦᠷᠬᠡᠭᠵᠢᠭᠦᠯᠬᠦ ᠵᠡᠷᠭᠡ ᠤᠯᠠᠨ ᠵᠦᠢᠯ ᠤᠨ ᠵᠠᠭᠪᠤᠷ ᠢᠶᠠᠷ ᠳᠠᠮᠵᠢᠭᠤᠯᠤᠨ᠂ ᠡᠯᠡᠰᠦᠨ ᠤ ᠠᠵᠤ ᠦᠢᠯᠡᠰ ᠤᠨ ᠪᠦᠬᠦ ᠲᠠᠯ᠎ᠠ ᠶᠢᠨ ᠲᠡᠰ ᠳᠡᠪᠰᠢᠬᠦ ᠶᠢ ᠪᠡᠶᠡᠯᠡᠭᠦᠯᠬᠦ ᠬᠡᠷᠡᠭᠲᠡᠢ᠃ ᠠᠵᠤ ᠠᠬᠤᠶ ᠶᠢᠨ ᠣᠶ ᠶᠢᠨ ᠳᠠᠷᠢᠬᠤ ᠲᠠᠯᠠᠪᠠᠶ ᠲᠠᠰᠤᠷᠠᠯᠲᠠ ᠥᠬᠡᠶ ᠥᠷᠭᠡᠳᠴᠦ᠂ ᠦᠢᠯᠡᠳᠭᠦᠨ ᠤ ᠥᠷᠲᠡᠭ ᠤᠨ ᠵᠢᠱᠢᠯᠲᠡ ᠶᠡᠭᠡ ᠬᠡᠮᠵᠢᠶ᠎ᠡ ᠪᠠᠷ ᠨᠡᠮᠡᠭᠳᠡᠬᠦ ᠪᠣᠯᠤᠨ᠎ᠠ︔ ᠡᠯᠡᠰᠦᠨ ᠴᠥᠯ ᠤᠨ ᠵᠢᠭᠤᠯᠴᠢᠯᠠᠯ ᠥᠪᠡᠷᠮᠢᠴᠡ ᠡᠯᠡᠰᠦᠨ ᠲᠠᠩᠭᠢᠰ ᠤᠨ ᠦᠵᠡᠮᠵᠢ ᠪᠠ ᠨᠤᠭᠤ ᠭᠠᠵᠠᠷ ᠤᠨ ᠴᠡᠴᠡᠷᠯᠢᠭ ᠤᠨ ᠡᠬᠢ ᠪᠠᠶᠠᠯᠢᠭ ᠲᠤ ᠲᠦᠰᠢᠭᠯᠡᠨ᠂ ᠯᠤᠲᠤ ᠶᠡᠭᠡ ᠬᠥᠭᠵᠢᠯᠲᠡ ᠶᠢᠨ ᠳᠠᠯᠳᠠ ᠬᠦᠴᠦᠨ ᠢ ᠢᠯᠡᠷᠡᠭᠦᠯᠪᠡ︔ ᠬᠡᠷᠡᠯ ᠴᠡᠨᠡᠭ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠨᠢ ᠴᠡᠪᠡᠷ ᠡᠨᠧᠷᠭᠢ ᠪᠠ ᠡᠯᠡᠰᠦ ᠶᠢ ᠵᠠᠰᠠᠬᠤ ᠠᠵᠢᠯ ᠲᠠᠢ ᠤᠶᠠᠯᠳᠤᠭᠤᠯᠵᠤ᠂ ᠠᠮᠢ ᠠᠬᠤᠶ ᠶᠢᠨ ᠦᠷ᠎ᠡ ᠠᠰᠢᠭ ᠪᠠ ᠠᠵᠤ ᠠᠬᠤᠶ ᠶᠢᠨ ᠦᠷ᠎ᠡ ᠠᠰᠢᠭ ᠤᠨ ᠬᠤᠤᠰ ᠠᠮᠵᠢᠯᠲᠠ ᠶᠢ ᠪᠡᠶᠡᠯᠡᠭᠦᠯᠦᠨ᠎ᠡ᠃ ᠣᠷᠳᠣ ᠬᠤᠭᠤᠴᠠᠭᠠᠨ ᠤ ᠪᠦᠲᠦᠮᠵᠢᠲᠡᠶ ᠡᠯᠡᠰᠦ ᠶᠢ ᠵᠠᠰᠠᠬᠤ ᠲᠠᠯ᠎ᠠ ᠪᠠᠷ᠂ ᠪᠥᠬᠦ ᠲᠠᠯ᠎ᠠ ᠶᠢᠨ᠂ ᠣᠯᠠᠨ ᠠᠷᠭ᠎ᠠ ᠵᠠᠮ ᠤᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠪᠠᠶᠢᠭᠤᠯᠵᠤ᠂ ᠣᠯᠠᠨ ᠲᠦᠮᠡᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠮᠡᠷᠭᠡᠵᠢᠯ ᠴᠢᠳᠠᠪᠤᠷᠢ ᠶᠢᠨ ᠳᠡᠭᠡᠭᠰᠢᠯᠡᠯᠲᠡ ᠪᠠ ᠬᠠᠮᠲᠤ ᠶᠢᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠳᠤ ᠣᠯᠠᠨ ᠠᠷᠭ᠎ᠠ ᠵᠠᠮ ᠤᠨ ᠣᠷᠣᠯᠭ᠎ᠠ ᠶᠢᠨ ᠨᠡᠮᠡᠭᠳᠡᠯ ᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ︽ᠲᠦᠷᠪᠡ ᠶᠢ ᠵᠠᠰᠠᠬᠤ︾ ᠠᠭᠤᠰᠤᠯᠴᠠᠯ ᠢᠶᠠᠷ ᠳᠠᠮᠵᠢᠭᠤᠯᠤᠨ᠂ ᠰᠠᠨᠠᠭᠠᠴᠢᠯᠠᠭᠠᠲᠤ ᠪᠤᠰᠤ ᠪᠠᠷ ᠵᠠᠰᠠᠬᠤ ᠠᠴᠠ ᠰᠠᠨᠠᠭᠠᠴᠢᠯᠠᠭ᠎ᠠ ᠠᠴᠠ ᠪᠠᠨ ᠠᠵᠢᠯ ᠬᠢᠬᠦ ᠲᠡᠰᠢ ᠬᠤᠪᠢᠷᠠᠭᠤᠯᠬᠤ᠂ ᠲᠠᠩ ᠭᠠᠭᠴᠠ ᠰᠡᠷᠭᠡᠶᠢᠯᠡᠨ ᠵᠠᠰᠠᠬᠤ ᠠᠴᠠ ᠰᠢᠰᠲ᠋ᠧᠮ ᠲᠠᠢ ᠪᠠᠷ ᠵᠠᠰᠠᠬᠤ ᠲᠡᠰᠢ ᠬᠤᠪᠢᠷᠠᠭᠤᠯᠬᠤ᠂ ᠦᠢᠯᠡᠳᠦᠯᠭᠡ ᠶᠢᠨ ᠬᠠᠶᠢᠨ ᠰᠦᠪᠡᠭᠴᠢᠯᠡᠯ ᠠᠴᠠ ᠰᠢᠨᠵᠢᠯᠡᠬᠦ ᠤᠬᠠᠭᠠᠨᠴᠢ ᠪᠠᠷ ᠵᠢᠯᠣᠭᠤᠳᠬᠤ ᠲᠡᠰᠢ ᠬᠤᠪᠢᠷᠠᠭᠤᠯᠬᠤ᠂ ︽ᠡᠯᠡᠰᠦ ᠤᠷᠤᠭᠰᠢᠯᠠᠵᠤ ᠬᠥᠮᠦᠨ ᠤᠬᠤᠷᠢᠬᠤ︾ ᠪᠠᠶᠢᠭᠰᠠᠨ ᠠᠴᠠ ︽ᠨᠣᠭᠤᠭᠠᠷᠠᠭᠤᠯᠤᠯᠲᠠ ᠤᠷᠤᠭᠰᠢᠯᠠᠵᠤ ᠡᠯᠡᠰᠦ ᠤᠬᠤᠷᠢᠬᠤ︾ ᠲᠡᠰᠢ ᠬᠤᠪᠢᠷᠠᠭᠤᠯᠬᠤ ᠶᠢ ᠪᠡᠶᠡᠯᠡᠭᠦᠯᠵᠦ᠂ ︽ᠬᠠᠪᠲᠠᠰᠤᠨ ᠳᠡᠭᠡᠷ᠎ᠡ ᠨᠣᠭᠤᠭᠠᠨ ᠴᠠᠬᠢᠯᠭᠠᠨ᠂ ᠬᠠᠪᠲᠠᠰᠤᠨ ᠳᠡᠭᠡᠷ᠎ᠡ ᠤᠷᠭᠤᠵᠤ ᠨᠣᠭᠤᠭᠠᠷᠠᠭᠤᠯᠤᠭᠰᠠᠨ ᠡᠪᠡᠰᠦ᠂ ᠡᠯᠡᠰᠦ ᠮᠠᠩᠬ᠎ᠠ ᠶᠢ ᠨᠣᠭᠤᠭᠠᠨ ᠪᠦᠷᠢᠳᠦ ᠪᠣᠯᠭᠠᠬᠤ︾ ᠶᠢ ᠦᠨᠡᠨ ᠬᠦ ᠪᠡᠶᠡᠯᠡᠭᠦᠯᠪᠡ᠃           
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ