1 ᠰᠠᠷ᠎ᠠ ᠶᠢᠨ 16 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠠᠨ ᡁᠢ ᠶᠧ ᠬᠤᠲᠠ ᠶᠢᠨ ᠲᠣᠭᠤᠷᠢᠭ ᠤᠨ ᠨᠣᠭᠤᠭᠠᠷᠠᠭᠤᠯᠤᠯᠲᠠ ᠪᠠ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠢ ᠪᠠᠶᠢᠴᠠᠭᠠᠨ ᠰᠤᠳᠤᠯᠪᠠ᠃ | | | | ᠬᠦᠷᠦᠭᠰᠡᠨ ᠭᠠᠵᠠᠷ ᠪᠣᠯᠭᠠᠨ ᠳᠤ᠂ ᠬᠠᠨ ᡁᠢ ᠶᠧ ᠴᠥᠮ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠵᠠᠮ ᠤᠨ ᠲᠥᠯᠦᠪᠵᠢᠭᠦᠯᠭᠡ ᠶᠢᠨ ᠲᠥᠰᠥᠯ᠂ ᠡᠷᠬᠢᠨ | ᠲᠣᠭᠤᠷᠢᠨ ᠤ ᠵᠠᠮ ᠬᠠᠷᠢᠯᠴᠠᠭᠠᠨ ᠤ ᠪᠠᠶᠢᠷᠢᠰᠢᠭᠤᠯᠤᠯᠲᠠ ᠪᠣᠯᠣᠨ ᠨᠣᠭᠤᠭᠠᠷᠠᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠣᠷᠣᠰᠢᠵᠤ ᠪᠠᠶᠢᠭ᠎ᠠ | ᠠᠰᠠᠭᠤᠳᠠᠯ ᠳᠤ ᠴᠢᠭᠯᠡᠭᠦᠯᠦᠨ ᠲᠤᠬᠠᠢ ᠶᠢᠨ ᠲᠠᠯᠠᠪᠤᠷ ᠲᠤᠨᠢ ᠵᠣᠬᠢᠴᠠᠭᠤᠯᠪᠠ᠃ | ᠬᠠᠨ ᡁᠢ ᠶᠧ ᠵᠢᠭᠠᠵᠤ ᠭᠠᠷᠭᠠᠭᠰᠠᠨ ᠨᠢ᠂ ᠬᠤᠲᠠ ᠶᠢᠨ ᠣᠷᠣᠵᠤ ᠭᠠᠷᠬᠤ ᠭᠠᠵᠠᠷ ᠨᠢ ᠬᠤᠲᠠ ᠶᠢᠨ ᠭᠠᠳᠠᠨᠠᠬᠢ ︽ᠴᠣᠩᠬᠤ︾ ᠪᠣᠯᠤᠭᠰᠠᠨ ᠤ ᠬᠤᠪᠢ ᠳᠤ᠂ | ᠨᠢᠭᠡ ᠬᠤᠲᠠ ᠶᠢᠨ ᠳᠦᠷᠢ ᠲᠥᠷᠬᠦ ᠶᠢ ᠲᠥᠯᠥᠭᠡᠯᠡᠵᠦ᠂ ᠨᠢᠭᠡ ᠬᠤᠲᠠ ᠶᠢᠨ ᠴᠢᠨᠠᠷ ᠳᠡᠰ ᠢ ᠢᠯᠡᠷᠡᠭᠦᠯᠦᠨ᠂ ᠨᠢᠭᠡ ᠬᠤᠲᠠ ᠶᠢᠨ ᠭᠠᠳᠠᠭᠠᠳᠤ ᠶᠠᠪᠤᠳᠠᠯ ᠤᠨ | ᠠᠩᠬᠠᠨ ᠤ ᠲᠥᠷᠥᠭᠳᠡᠯ ᠲᠠᠢ ᠬᠤᠯᠪᠣᠭᠳᠠᠨ᠎ᠠ᠂ ᠡᠷᠬᠡᠪᠰᠢ ᠶᠡᠭᠡ ᠲᠠᠯ᠎ᠠ ᠶᠢᠨ ᠤᠬᠠᠮᠰᠠᠷ ᠲᠠᠢ ᠪᠠᠶᠢᠵᠤ᠂ ᠨᠠᠷᠢᠯᠢᠭᠵᠢᠭᠤᠯᠤᠭᠰᠠᠨ᠂ ᠥᠨᠳᠥᠷ ᠪᠠᠷᠢᠮᠵᠢᠶ᠎ᠠ᠂ ᠴᠢᠩᠭ᠎ᠠ | ᠱᠠᠭᠠᠷᠳᠠᠬᠤ ᠵᠠᠷᠴᠢᠮ ᠢ ᠪᠠᠷᠢᠮᠲᠠᠯᠠᠨ᠂ ᠬᠠᠩᠭᠢᠨ ᠬᠤᠶᠢᠲᠤ ᠬᠤᠰᠢᠭᠤᠨ ᠤ ᠣᠷᠣᠵᠤ ᠭᠠᠷᠬᠤ ᠭᠠᠵᠠᠷ ᠤᠨ ᠬᠤᠶᠠᠷ ᠬᠠᠵᠠᠭᠤ ᠶᠢᠨ ᠤᠷᠭᠤᠮᠠᠯ ᠤᠨ ᠬᠤᠴᠢᠯᠭ᠎ᠠ ᠶᠢ | ᠨᠠᠷᠢᠯᠢᠭ ᠵᠠᠰᠠᠵᠤ᠂ ᠬᠠᠩᠭᠢᠨ ᠬᠤᠶᠢᠲᠤ ᠬᠤᠰᠢᠭᠤᠨ ᠤ ᠣᠨᠴᠠᠯᠢᠭ ᠲᠠᠢ᠂ ᠰᠣᠶᠣᠯ ᠤᠨ ᠠᠭᠤᠯᠤᠭᠳᠠᠬᠤᠨ ᠲᠠᠢ ︽ᠪᠣᠭᠤᠮᠲᠠ ᠶᠢᠨ ᠭᠠᠳᠠᠨᠠᠬᠢ ᠵᠢᠨᠴᠧᠩ︾ ᠢ ᠪᠣᠶ | ᠪᠣᠯᠭᠠᠵᠤ᠂ ᠬᠤᠲᠠ ᠶᠢᠨ ᠣᠷᠣᠵᠤ ᠭᠠᠷᠬᠤ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ ᠭᠡᠵᠡᠶ᠃ ᠭᠠᠳᠠᠷ ᠣᠷᠣᠨ ᠤ ᠰᠠᠶᠢᠨ ᠲᠤᠷᠰᠢᠯᠭ᠎ᠠ ᠰᠠᠶᠢᠨ | ᠠᠷᠭ᠎ᠠ ᠶᠢ ᠰᠤᠷᠤᠯᠴᠠᠨ ᠲᠣᠯᠢ ᠪᠣᠯᠭᠠᠬᠤ ᠶᠢᠨ ᠬᠠᠮᠲᠤ ᠬᠠᠩᠭᠢᠨ ᠬᠤᠶᠢᠲᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠠᠩ ᠬᠠᠭᠰᠠᠷᠠᠭᠠᠨ ᠳᠤ | ᠳᠠᠭᠠᠭᠠᠮᠠᠭᠠᠶ ᠨᠣᠭᠤᠭᠠᠷᠠᠭᠤᠯᠤᠯᠲᠠ ᠶᠢᠨ ᠲᠥᠷᠥᠯ ᠵᠦᠢᠯ ᠢ ᠰᠣᠩᠭᠤᠨ ᠰᠢᠨᠵᠢᠯᠡᠬᠦ ᠤᠬᠠᠭᠠᠨᠴᠢ ᠪᠠᠷ ᠳᠠᠷᠢᠵᠤ᠂ ᠬᠤᠲᠠ ᠶᠢᠨ ᠣᠷᠣᠵᠤ ᠭᠠᠷᠬᠤ ᠭᠠᠵᠠᠷ ᠵᠢᠴᠢ | ᠬᠤᠲᠠ ᠶᠢᠨ ᠲᠣᠭᠤᠷᠢᠭ ᠤᠨ ᠨᠣᠭᠤᠭᠠᠷᠠᠭᠤᠯᠤᠯᠲᠠ ᠭᠤᠶᠤᠵᠢᠭᠤᠯᠤᠯᠲᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠶ᠃ ᠭᠠᠵᠠᠷ ᠣᠷᠣᠨ ᠤ | ᠪᠠᠶᠢᠳᠠᠯ ᠳᠠᠭᠠᠨ ᠲᠤᠬᠢᠷᠠᠭᠤᠯᠤᠨ ᠬᠤᠳᠠ ᠶᠢᠨ ᠪᠠᠶᠢᠷᠢ ᠲᠣᠭᠲᠠᠭᠠᠯᠲᠠ ᠶᠢ ᠢᠯᠡᠷᠡᠭᠦᠯᠵᠦ᠂ ᠬᠥᠮᠦᠨ ᠢᠶᠠᠷ ᠦᠨᠳᠦᠰᠦ ᠪᠣᠯᠭᠠᠬᠤ ᠶᠢ ᠢᠯᠡᠷᠡᠭᠦᠯᠵᠦ᠂ ᠬᠤᠳᠠ ᠶᠢ ︽ | ᠨᠣᠭᠤᠭᠠᠷᠠᠭᠤᠯᠵᠤ᠂ ᠴᠡᠪᠡᠷᠰᠢᠭᠦᠯᠵᠦ᠂ ᠭᠤᠶᠤᠵᠢᠭᠤᠯᠬᠤ︾ ᠪᠠᠷ ᠴᠢᠷᠮᠠᠶᠢᠬᠤ ᠬᠡᠷᠡᠭᠲᠡᠢ᠃ | ᠬᠠᠨ ᡁᠢ ᠶᠧ ᠴᠢᠬᠤᠯᠠᠴᠢᠯᠠᠭᠰᠠᠨ ᠨᠢ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠪᠤᠰᠤᠳ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠶᠢᠨ | ᠵᠣᠬᠢᠴᠠᠭᠤᠯᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ ᠪᠥᠬᠦ ᠬᠤᠰᠢᠭᠤᠨ ᠤ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠦᠨ᠂ ︽ | ᠨᠣᠭᠤᠭᠠᠨ ᠮᠠᠨᠳᠤᠯ ᠬᠠᠩᠭᠢᠨ ᠬᠤᠶᠢᠲᠤ ᠬᠤᠰᠢᠭᠤ︾ ᠶᠢᠨ ᠬᠠᠷᠠᠯᠲᠠᠲᠤ ᠡᠭᠦᠷᠭᠡ ᠶᠢᠨ ᠲᠣᠭᠤᠷᠢᠨ ᠳᠤ᠂ ᠬᠤᠲᠠ ᠬᠥᠳᠡᠭᠡ ᠶᠢᠨ ᠨᠣᠭᠤᠭᠠᠷᠠᠭᠤᠯᠤᠯᠲᠠ ᠶᠢᠨ ᠣᠷᠣᠨ | ᠵᠠᠶ ᠶᠢᠨ ᠪᠠᠶᠢᠷᠢᠰᠢᠯ ᠢ ᠰᠢᠯᠢᠳᠡᠭᠵᠢᠭᠦᠯᠦᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠨᠣᠭᠤᠭᠠᠷᠠᠭᠤᠯᠤᠯᠲᠠ ᠶᠢᠨ ᠮᠣᠳᠣᠨ ᠤ ᠲᠥᠷᠥᠯ ᠢ | ᠰᠣᠩᠭᠤᠵᠤ᠂ ᠨᠣᠭᠤᠭᠠᠷᠠᠭᠤᠯᠤᠯᠲᠠ ᠶᠢᠨ ᠬᠡᠮᠵᠢᠶ᠎ᠡ ᠶᠢ ᠨᠡᠮᠡᠭᠳᠡᠭᠦᠯᠬᠦ ᠪᠠᠷ ᠪᠠᠷᠠᠬᠤ ᠥᠬᠡᠶ ᠪᠠᠰᠠ ᠦᠵᠡᠮᠵᠢ ᠶᠢᠨ ᠥᠩᠭᠡ ᠪᠤᠳᠤᠭ ᠨᠡᠮᠡᠷᠢᠯᠡᠵᠦ᠂ ᠨᠡᠪᠲᠡᠷᠡᠬᠦ ᠵᠠᠮ ᠤᠨ | ᠨᠣᠭᠤᠭᠠᠷᠠᠭᠤᠯᠤᠯᠲᠠ ᠶᠢᠨ ᠨᠡᠪᠲᠡᠷᠡᠬᠦ ᠶᠢ ᠪᠡᠶᠡᠯᠡᠭᠦᠯᠬᠦ ᠬᠡᠷᠡᠭᠲᠡᠶ᠃ ᠪᠤᠷᠤᠭᠤᠳᠠᠭᠰᠠᠨ ᠵᠦᠢᠯ ᠲᠠᠢ᠂ ᠲᠠᠰ ᠳᠠᠪᠬᠤᠷᠭ᠎ᠠ ᠲᠣᠳᠣᠷᠬᠠᠶ ᠦᠵᠡᠮᠵᠢ ᠶᠢᠨ ᠦᠷ᠎ᠡ | ᠪᠦᠲᠦᠮᠵᠢ ᠶᠢ ᠪᠣᠶ ᠪᠣᠯᠭᠠᠵᠤ᠂ ᠪᠥᠲᠥᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠬᠤ ᠶᠢ ᠳᠣᠪᠤᠶᠢᠯᠭᠠᠨ᠂ ᠨᠠᠷᠢᠯᠢᠬᠵᠢᠭᠤᠯᠤᠨ ᠬᠠᠮᠢᠶᠠᠷᠴᠤ | ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠦᠷ᠎ᠡ ᠪᠦᠲᠦᠮᠵᠢ ᠶᠢᠨ ᠬᠡᠪ ᠤᠨ ᠣᠷᠳᠣ ᠬᠤᠭᠤᠴᠠᠭᠠᠨ ᠤ | ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠵᠠᠮ ᠳᠠᠭᠠᠤ ᠳᠤᠷ᠎ᠠ ᠪᠠᠷ ᠢᠶᠠᠨ ᠪᠠᠷᠢᠯᠭ᠎ᠠ ᠪᠠᠷᠢᠬᠤ᠂ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ | ᠲᠠᠯᠪᠢᠬᠤ᠂ ᠳᠤᠷ᠎ᠠ ᠪᠠᠷ ᠢᠶᠠᠨ ᠬᠠᠶᠠᠵᠤ ᠳᠤᠷ᠎ᠠ ᠪᠠᠷ ᠢᠶᠠᠨ ᠬᠠᠶᠠᠬᠤ᠂ ᠳᠤᠷ᠎ᠠ ᠪᠠᠷ ᠢᠶᠠᠨ ᠲᠠᠲᠠᠵᠤ ᠳᠤᠷ᠎ᠠ ᠪᠠᠷ ᠢᠶᠠᠨ ᠵᠠᠯᠭᠠᠬᠤ ᠵᠡᠷᠭᠡ ᠦᠵᠡᠭᠳᠡᠯ ᠢ ᠪᠦᠬᠦ ᠲᠠᠯ᠎ᠠ ᠪᠠᠷ | ᠴᠡᠭᠴᠡᠯᠡᠨ ᠵᠠᠰᠠᠵᠤ᠂ ᠬᠤᠳᠠ ᠶᠢᠨ ᠣᠷᠣᠵᠤ ᠭᠠᠷᠬᠤ ᠭᠠᠵᠠᠷ ᠪᠣᠯᠤᠨ ᠵᠠᠮ ᠬᠠᠷᠢᠯᠴᠠᠭᠠᠨ ᠤ ᠭᠤᠣᠯ ᠵᠠᠮ ᠳᠠᠭᠠᠤ ᠶᠢᠨ ᠨᠣᠭᠤᠭᠠᠷᠠᠭᠤᠯᠵᠤ ᠭᠤᠶᠤᠵᠢᠭᠤᠯᠬᠤ | ᠲᠦᠪᠰᠢᠨ ᠢ ᠲᠦᠷᠭᠡᠳᠬᠡᠨ ᠳᠡᠭᠡᠭᠰᠢᠯᠡᠭᠦᠯᠵᠦ᠂ ᠦᠵᠡᠮᠵᠢ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠮᠦᠨ ᠬᠢᠭᠡᠳ ᠪᠠᠶᠢᠭᠠᠯᠢ ᠡᠶ᠎ᠡ | ᠵᠣᠬᠢᠴᠠᠩᠭᠤᠢ ᠪᠠᠷ ᠬᠠᠮᠲᠤ ᠣᠷᠣᠰᠢᠬᠤ ᠦᠵᠡᠰᠬᠦᠯᠡᠩᠲᠦ ᠰᠠᠶᠢᠬᠠᠨ ᠭᠡᠷ ᠣᠷᠣᠨ ᠢ ᠪᠤᠢ ᠪᠣᠯᠭᠠᠬᠤ ᠬᠡᠷᠡᠭᠲᠡᠢ᠃ | ᠬᠤᠰᠢᠭᠤᠨ ᠤ ᠤᠳᠤᠷᠢᠳᠤᠯᠭ᠎ᠠ ᠯᠢ ᠯᠦᠩ᠂ ᠰᠢᠶᠧ ᠽᠦᠩ ᠶᠤᠸᠠᠨ ᠣᠷᠣᠯᠴᠠᠵᠠᠶ᠃ |