ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠸᠠᠷ ᠫᠤᠤᠵᠢᠩ ᠲᠠᠯᠪᠢᠬᠤ ᠠᠮᠤᠷ ᠲᠦᠪᠰᠢᠨ ᠤ ᠳᠠᠯᠳᠠ ᠭᠡᠮ ᠢ ᠤᠯᠠᠮ ᠨᠢᠭᠡ ᠠᠯᠬᠤᠮ ᠠᠷᠢᠯᠭᠠᠵᠤ᠂ ᠴᠠᠭᠠᠨ | ᠰᠠᠷ᠎ᠠ ᠶᠢᠨ ᠬᠤᠭᠤᠴᠠᠭᠠᠨ ᠳᠠᠬᠢ ᠠᠭᠠᠷ ᠤᠨ ᠶᠠᠰᠤ ᠴᠢᠨᠠᠷ ᠢ ᠪᠠᠲᠤᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ | ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠱᠤᠤᠭᠢᠶᠠᠨ ᠤ ᠪᠣᠬᠢᠷᠲᠤᠯ ᠢ ᠰᠡᠷᠭᠡᠶᠢᠯᠡᠨ | ᠵᠠᠰᠠᠬᠤ ᠬᠠᠤᠯᠢ︾᠂ ︽ᠬᠤᠸᠠᠷ ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ | ᠦᠨᠳᠦᠰᠦᠯᠡᠨ᠂ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠰᠤᠳᠤᠯᠬᠤ ᠪᠠᠷ ᠳᠡᠮᠵᠢᠨ᠂ ᠴᠠᠭ ᠢ ᠬᠢᠵᠠᠭᠠᠷᠯᠠᠬᠤ᠂ ᠣᠷᠣᠨ | ᠪᠦᠰᠡ ᠪᠠᠷ ᠬᠤᠸᠠᠷ ᠫᠤᠤᠵᠢᠩ ᠲᠠᠯᠪᠢᠬᠤ ᠶᠢ ᠬᠡᠷᠡᠭᠵᠢᠭᠦᠯᠬᠦ ᠪᠠᠷ ᠲᠣᠭᠲᠠᠪᠠ᠃ ᠤᠳᠤ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠬᠤᠷᠢᠭᠠᠲᠠᠢ ᠣᠷᠣᠨ | ︵ᠨᠢᠭᠡ︶ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠣᠷᠣᠨ ᠪᠦᠰᠡ᠄ ᠱᠠᠮᠪᠠ ᠪᠠᠯᠭᠠᠰᠤᠨ ᠤ ᠵᠢᠶᠠᠨ ᠴᠧᠩ ᠲᠣᠭᠤᠷᠢᠭ ᠨᠢ ᠬᠤᠸᠠᠷ ᠫᠤᠤᠵᠢᠩ | ᠲᠠᠯᠪᠢᠬᠤ ᠶᠢ ᠴᠠᠭᠠᠵᠠᠯᠠᠬᠤ ᠣᠷᠣᠨ ᠪᠦᠰᠡ ᠪᠣᠯᠤᠨ᠎ᠠ᠃ ᠱᠠᠮᠪᠡ ᠶᠢᠨ ᠪᠠᠷᠢᠯᠭ᠎ᠠ ᠶᠢᠨ ᠲᠣᠭᠤᠷᠢᠭ ᠤᠨ ᠬᠦᠷᠢᠶ᠎ᠡ ᠬᠡᠪᠴᠢᠶ᠎ᠡ ᠬᠡᠪᠡᠯ᠂ ᠵᠡᠭᠦᠨ ᠠᠴᠠ ᠱᠠ ᠶᠤᠸᠠᠨ | ᠰᠠᠯᠪᠤᠷᠢ ᠭᠤᠤ ᠨᠢᠭᠡ ᠬᠤᠲᠠ ᠪᠠᠯᠭᠠᠰᠤᠨ ᠤ ᠰᠤᠪᠠᠭ ᠨᠢᠭᠡ ᠶᠤᠸᠠᠨ ᠽᠢ ᠴᠢᠥᠢ ᠨᠢᠭᠡᠳᠦᠭᠡᠷ ᠱᠣᠭᠤᠮ︔ ᠡᠮᠦᠨᠡᠰᠢ ᠪᠠᠨ ᠡᠮᠦᠨ᠎ᠡ ᠭᠠᠳᠠᠷ ᠴᠠᠭᠠᠷᠢᠭ ︵G7 | ᠱᠠᠮᠪᠡ ᠶᠢ ᠵᠠᠯᠭᠠᠯᠳᠤᠭᠤᠯᠤᠨ ᠵᠠᠯᠭᠠᠯᠳᠤᠭᠤᠯᠬᠤ ᠱᠤᠭᠤᠮ ᠤᠨ ᠡᠮᠦᠨ᠎ᠡ ᠱᠤᠭᠤᠮ︶᠂ ᠪᠠᠷᠠᠭᠤᠨ ᠠᠴᠠ ᠥᠷᠲᠡᠭᠡᠨ ᠡᠮᠦᠨᠡᠬᠢ ᠶᠡᠭᠡ ᠵᠠᠮ - ᠱᠠᠨᠴᠢᠩ ᠬᠦᠷᠬᠦ | ᠱᠣᠭᠤᠮ︔ ᠬᠤᠶᠢᠰᠢ ᠪᠠᠨ 311 ᠮᠤᠵᠢ ᠶᠢᠨ ᠵᠠᠮ᠂ ᠳᠡᠭᠡᠷ᠎ᠡ ᠳᠤᠷᠠᠳᠤᠭᠰᠠᠨ ᠣᠷᠣᠨ ᠪᠦᠰᠡ ᠶᠢᠨ ᠳᠣᠲᠣᠷᠠᠬᠢ ᠬᠥᠳᠡᠭᠡ ᠲᠣᠰᠬᠤᠨ ᠤ ᠰᠠᠭᠤᠭᠠᠯᠢ ᠠᠷᠠᠳ | ᠲᠥᠪᠯᠡᠷᠡᠨ ᠰᠠᠭᠤᠷᠢᠰᠢᠭᠰᠠᠨ ᠣᠷᠣᠨ ︵ᠳᠠᠷᠤᠢ ᠬᠤᠲᠠ ᠳᠠᠬᠢ ᠲᠣᠰᠬᠤᠨ︶︶ ᠬᠤᠲᠠ ᠶᠢᠨ ᠲᠣᠭᠤᠷᠢᠭ ᠤᠨ ᠳᠣᠲᠣᠷ᠎ᠠ ᠪᠠᠭᠲᠠᠬᠤ ᠦᠭᠡᠢ᠃ | ︵ᠬᠤᠶᠠᠷ︶ ᠬᠤᠸᠠᠷ ᠫᠤᠤᠵᠢᠩ ᠲᠠᠯᠪᠢᠬᠤ ᠶᠢ ᠬᠢᠵᠠᠭᠠᠷᠯᠠᠬᠤ ᠣᠷᠣᠨ᠄ ᠱᠠᠮᠪᠠ ᠶᠢᠨ ᠵᠢᠶᠠᠨ ᠴᠧᠩ ᠲᠣᠭᠤᠷᠢᠭ ᠠᠴᠠ ᠭᠠᠳᠠᠨᠠᠬᠢ ᠪᠤᠰᠤᠳ ᠭᠠᠵᠠᠷ ᠲᠤ ᠬᠤᠸᠠᠷ | ᠫᠤᠤᠵᠢᠩ ᠲᠠᠯᠪᠢᠬᠤ ᠶᠢ ᠬᠢᠵᠠᠭᠠᠷᠯᠠᠬᠤ ᠣᠷᠣᠨ ᠪᠦᠰᠡ ᠪᠣᠯᠤᠨ᠎ᠠ᠃ | ᠬᠤᠶᠠᠷ᠂ ᠬᠢᠵᠠᠭᠠᠷᠯᠠᠭᠰᠠᠨ ᠬᠤᠭᠤᠴᠠᠭ᠎ᠠ | ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠣᠷᠣᠨ ᠤ ᠳᠣᠲᠣᠷ᠎ᠠ ᠪᠦᠬᠦ ᠴᠠᠭ ᠲᠤ ᠶᠠᠮᠠᠷᠪᠠ ᠬᠤᠪᠢ ᠬᠥᠮᠦᠨ ᠪᠣᠯᠤᠨ ᠨᠢᠭᠡᠴᠡ ᠶᠢᠨ ᠬᠤᠸᠠᠷ ᠫᠤᠤᠵᠢᠩ | ᠲᠠᠯᠪᠢᠬᠤ ᠶᠢ ᠴᠠᠭᠠᠵᠠᠯᠠᠨ᠎ᠠ᠃ | ᠰᠢᠲᠠᠯᠲᠠ ᠶᠢ ᠬᠢᠵᠠᠭᠠᠷᠯᠠᠭᠰᠠᠨ ᠣᠷᠣᠨ ᠤ ᠳᠣᠲᠣᠷ᠎ᠠ ᠪᠢᠲᠡᠭᠦᠨ ᠤ ᠴᠠᠭᠠᠨ ᠰᠠᠷ᠎ᠠ ᠶᠢᠨ ᠰᠢᠨ᠎ᠡ ᠶᠢᠨ ᠳᠣᠯᠣᠭᠠᠨ ᠵᠢᠴᠢ ᠥᠯᠵᠡᠶᠢᠲᠦ ᠡᠳᠦᠷ ᠤᠨ ᠪᠠᠶᠠᠷ ︵ | 2025 ᠣᠨ ᠤ 1 ᠰᠠᠷ᠎ᠠ ᠶᠢᠨ 28 ᠤ ᠡᠳᠦᠷ ᠠᠴᠠ 2 ᠰᠠᠷ᠎ᠠ ᠶᠢᠨ 4 ᠤ ᠡᠳᠦᠷ ᠵᠢᠴᠢ 2 ᠰᠠᠷ᠎ᠠ ᠶᠢᠨ 12 ᠤᠨ ᠡᠳᠦᠷ︶ 20᠄ 00 ᠠᠴᠠ ᠳᠠᠷᠠᠭ᠎ᠠ | ᠡᠳᠦᠷ ᠤᠨ ᠥᠷᠯᠥᠭᠡ ᠶᠢᠨ 2᠄ 00 ᠪᠣᠯᠲᠠᠯ᠎ᠠ᠃ | ᠬᠤᠸᠠᠷ ᠫᠤᠤᠵᠢᠩ ᠲᠠᠯᠪᠢᠬᠤ ᠶᠢ ᠵᠥᠪᠰᠢᠶᠡᠷᠡᠬᠦ ᠴᠠᠭ ᠤᠨ ᠳᠣᠲᠣᠷ᠎ᠠ᠂ ᠬᠦᠨᠳᠦ ᠪᠣᠬᠢᠷᠲᠤᠯ ᠲᠠᠢ ᠴᠠᠭ ᠠᠭᠤᠷ ᠤᠨ ᠰᠡᠷᠡᠮᠵᠢᠯᠡᠭᠦᠯᠦᠯ ᠢ ᠨᠡᠶᠢᠲᠡᠯᠡᠪᠡᠯ ᠰᠠᠶ᠋ᠢ | ᠲᠠᠯᠪᠢᠬᠤ ᠶᠢ ᠴᠠᠭᠠᠵᠠᠯᠠᠨ᠎ᠠ᠃ | ᠭᠤᠷᠪᠠ᠂ ᠪᠤᠰᠤᠳ ᠵᠦᠢᠯ | ᠭᠠᠯ ᠨᠣᠴᠣᠭᠠᠬᠤ ᠶᠢ ᠴᠠᠭᠠᠵᠠᠯᠠᠬᠤ ᠣᠷᠣᠨ ᠳᠤ ᠭᠠᠯ ᠤᠨᠲᠠᠷᠠᠭᠠᠬᠤ᠂ ᠬᠤᠭ ᠨᠣᠪᠰᠢ ᠰᠢᠲᠠᠭᠠᠬᠤ᠂ ᠴᠠᠭᠠᠰᠤ ᠰᠢᠲᠠᠭᠠᠬᠤ ᠵᠡᠷᠭᠡ ᠦᠢᠯᠡ ᠠᠵᠢᠯᠯᠠᠭ᠎ᠠ | ᠬᠢᠬᠦ ᠶᠢ ᠴᠠᠭᠠᠵᠠᠯᠠᠨ᠎ᠠ︔ ᠪᠦᠬᠦ ᠣᠷᠣᠨ ᠪᠦᠰᠡ ᠶᠢᠨ ᠬᠡᠪᠴᠢᠶᠡᠨ ᠳᠤ ᠠᠶᠤᠯᠲᠠᠶ ᠬᠢᠮᠢ ᠶᠢᠨ ᠪᠣᠳᠠᠰ ᠤᠨ ᠠᠵᠤ ᠠᠬᠤᠶᠢᠯᠠᠯ᠂ ᠦᠢᠯᠡᠳᠪᠦᠷᠢ ᠠᠭᠤᠷᠬᠠᠶ ᠶᠢᠨ ᠠᠵᠤ | ᠠᠬᠤᠶᠢᠯᠠᠯ᠂ ᠣᠷᠣᠨ ᠰᠠᠭᠤᠴᠠ ᠶᠢᠨ ᠵᠢᠵᠢᠭ ᠲᠣᠭᠤᠷᠢᠭ᠂ ᠬᠥᠮᠦᠨ ᠬᠠᠷ᠎ᠠ ᠬᠤᠷᠠᠨ ᠴᠤᠭᠯᠠᠷᠠᠳᠠᠭ ᠲᠠᠯᠠᠪᠤᠷ᠂ ᠮᠣᠳᠣ ᠨᠡᠯᠢᠶᠡᠳ ᠤᠯᠠᠨ ᠣᠷᠣᠨ ᠪᠦᠰᠡ ᠵᠢᠴᠢ | ᠣᠷᠣᠰᠢᠭᠤᠯᠭ᠎ᠠ ᠶᠢᠨ ᠲᠠᠬᠢᠯᠭ᠎ᠠ ᠶᠢᠨ ᠭᠠᠵᠠᠷ ᠲᠤ ᠬᠤᠸᠠᠷ ᠫᠤᠤᠵᠢᠩ ᠲᠠᠯᠪᠢᠬᠤ ᠶᠢ ᠪᠦᠬᠦ ᠲᠠᠯ᠎ᠠ ᠪᠠᠷ ᠴᠠᠭᠠᠵᠠᠯᠠᠨ᠎ᠠ︔ ᠥᠷᠭᠡᠨ ᠤᠯᠠᠨ ᠬᠤᠳᠠ ᠶᠢᠨ ᠠᠷᠠᠳ ︽ | ᠬᠤᠸᠠᠷ ᠫᠤᠤᠵᠢᠩ ᠡᠵᠡᠩᠨᠡᠬᠦ ︵ᠵᠢᠵᠢᠭᠯᠡᠨ ᠬᠤᠳᠠᠯᠳᠤᠬᠤ︶ ᠵᠥᠪᠰᠢᠶᠡᠷᠡᠯ ᠤᠨ ᠦᠨᠡᠮᠯᠡᠯ ᠣᠯᠤᠭᠰᠠᠨ ᠬᠠᠤᠯᠢ ᠶᠣᠰᠣᠨ ᠤ ᠵᠢᠵᠢᠭᠯᠡᠨ ᠬᠤᠳᠠᠯᠳᠤᠬᠤ ᠭᠠᠵᠠᠷ ᠲᠤ | ᠵᠢᠩᠬᠢᠨᠢ ᠦᠢᠯᠡᠳᠪᠦᠷᠢ ᠶᠢᠨ ᠦᠢᠯᠡᠳᠪᠦᠷᠢᠯᠡᠭᠰᠡᠨ ᠬᠤᠸᠠᠷ ᠫᠤᠤᠵᠢᠩ ᠤᠨ ᠦᠢᠯᠡᠳᠬᠦᠨ ᠢ ᠬᠤᠳᠠᠯᠳᠤᠨ ᠠᠪᠬᠤ ᠶᠢ ᠴᠠᠭᠠᠵᠠᠯᠠᠨ᠎ᠠ︔ ᠬᠤᠸᠠᠷ ᠫᠤᠤᠵᠢᠩ | ᠲᠠᠯᠪᠢᠬᠤ ᠳᠠᠭᠠᠨ ᠦᠢᠯᠡᠳᠬᠦᠨ ᠤ ᠪᠣᠭᠤᠳᠠᠯ ᠪᠠᠭᠯᠠᠭ᠎ᠠ ᠨᠢ ᠪᠦᠷᠢᠨ ᠪᠦᠲᠦᠨ ᠪᠠᠶᠢᠬᠤ ᠡᠰᠡᠬᠦ᠂ ᠦᠢᠯᠡᠳᠬᠦᠨ ᠤ ᠨᠡᠷᠡᠶᠢᠳᠦᠯ᠂ ᠦᠢᠯᠡᠳᠬᠦᠨ ᠤ ᠲᠠᠰ᠂ | ᠦᠢᠯᠡᠳᠪᠦᠷᠢᠯᠡᠭᠰᠡᠨ ᠡᠳᠦᠷ ᠬᠤᠭᠤᠴᠠᠭ᠎ᠠ᠂ ᠴᠢᠨᠠᠷ ᠢ ᠪᠠᠲᠤᠯᠠᠬᠤ ᠬᠤᠭᠤᠴᠠᠭ᠎ᠠ᠂ ᠦᠢᠯᠡᠳᠬᠦ ᠬᠤᠳᠠᠯᠳᠤᠭᠠᠴᠢᠨ ᠤ ᠨᠡᠷᠡᠶᠢᠳᠦᠯ ᠪᠠ ᠬᠠᠶ᠋ᠢᠭ᠂ ᠠᠮᠤᠷ ᠲᠦᠪᠰᠢᠨ ᠤ | ᠰᠡᠷᠡᠮᠵᠢᠯᠡᠭᠦᠯᠬᠦ ᠦᠭᠡ᠂ ᠫᠤᠤᠵᠢᠩ ᠲᠠᠯᠪᠢᠬᠤ ᠶᠢ ᠲᠣᠳᠣᠷᠬᠠᠶᠢᠯᠠᠨ᠎ᠠ︔ ᠨᠠᠰᠤᠨ ᠳᠤ ᠦᠯᠦ ᠬᠦᠷᠦᠭᠰᠡᠳ ᠢ ᠬᠢᠨᠠᠨ ᠬᠠᠮᠠᠭᠠᠯᠠᠭᠴᠢ ᠶᠢᠨ ᠪᠠᠷ᠎ᠠ ᠪᠣᠯᠣᠯᠭ᠎ᠠ ᠲᠠᠢ ᠪᠠᠷ | ᠬᠤᠸᠠᠷ ᠫᠤᠤᠵᠢᠩ ᠲᠠᠯᠪᠢᠬᠤ ᠬᠡᠷᠡᠭᠲᠡᠶ᠃ | ᠳᠥᠷᠪᠡ᠂ ᠬᠠᠷᠢᠭᠤᠴᠠᠯᠭ᠎ᠠ ᠨᠡᠬᠡᠮᠵᠢᠯᠡᠬᠦ | ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠵᠦ᠂ ᠬᠤᠸᠠᠷ | ᠫᠤᠤᠵᠢᠩ ᠢ ᠬᠠᠤᠯᠢ ᠪᠤᠰᠤ ᠪᠠᠷ ᠬᠠᠳᠠᠭᠠᠯᠠᠬᠤ᠂ ᠲᠡᠭᠡᠭᠡᠪᠦᠷᠢᠯᠡᠬᠦ᠂ ᠪᠣᠷᠣᠯᠠᠭᠤᠯᠬᠤ᠂ ᠲᠠᠯᠪᠢᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ | ᠲᠣᠰ ᠵᠠᠷᠯᠠᠯ ᠤᠨ ᠲᠣᠭᠲᠠᠭᠠᠯ ᠠᠴᠠ ᠵᠥᠷᠢᠴᠡᠭᠰᠡᠨ ᠨᠢᠭᠡᠴᠡ ᠪᠠ ᠬᠤᠪᠢ ᠬᠥᠮᠦᠨ ᠢ ︽ᠬᠤᠸᠠᠷ ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ︾ | ᠤᠨ ᠳᠥᠴᠢᠨ ᠬᠤᠶᠠᠳᠤᠭᠠᠷ ᠵᠦᠶ᠋ᠯ ᠤᠨ ᠲᠣᠭᠲᠠᠭᠠᠯ ᠢ ᠦᠨᠳᠦᠰᠦᠯᠡᠨ ᠰᠢᠳᠬᠡᠨ ᠲᠣᠷᠭᠠᠨ᠎ᠠ︔ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠵᠥᠷᠢᠴᠡᠭᠰᠡᠨ ᠦᠢᠯᠡ | ᠠᠵᠢᠯᠯᠠᠭ᠎ᠠ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠨ ᠲᠣᠷᠭᠠᠬᠤ ᠬᠠᠤᠯᠢ︾ ᠶᠢᠨ | ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ ᠠᠮᠤᠷ ᠢ ᠬᠠᠮᠠᠭᠠᠯᠠᠬᠤ ᠲᠣᠷᠭᠠᠭᠤᠯᠢ ᠥᠭᠭᠦᠨ᠎ᠡ︔ ᠬᠦᠨᠳᠦ ᠨᠣᠴᠢᠲᠠᠶ ᠦᠷ᠎ᠡ ᠳ᠋ᠦᠩ ᠭᠠᠷᠭᠠᠭᠰᠠᠨ ᠪᠠᠶᠢᠪᠠᠯ | ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠥᠷᠭᠡᠨ ᠣᠯᠠᠨ ᠬᠤᠲᠠ ᠶᠢᠨ ᠠᠷᠠᠳ ᠵᠠᠷᠯᠠᠯ ᠤᠨ ᠲᠣᠭᠲᠠᠭᠠᠯ ᠢ ᠵᠥᠷᠢᠴᠡᠨ ᠫᠤᠤᠵᠢᠩ ᠪᠣᠷᠣᠯᠠᠭᠤᠯᠬᠤ᠂ ᠬᠠᠳᠠᠭᠠᠯᠠᠬᠤ᠂ ᠵᠥᠭᠡᠭᠡᠪᠦᠷᠢᠯᠡᠬᠦ ᠪᠤᠶᠤ ᠬᠤᠸᠠᠷ | ᠫᠤᠤᠵᠢᠩ ᠲᠠᠯᠪᠢᠭᠰᠠᠨ ᠨᠢᠭᠡᠴᠡ ᠪᠤᠶᠤ ᠬᠤᠪᠢ ᠬᠥᠮᠦᠨ ᠢ ᠢᠳᠬᠠᠨ ᠬᠤᠷᠢᠭᠯᠠᠬᠤ ᠪᠤᠶᠤ ᠢᠯᠡᠴᠢᠯᠡᠨ ᠮᠡᠳᠡᠭᠦᠯᠬᠦ ᠡᠷᠬᠡ ᠲᠠᠢ᠃ | ᠳᠣᠲᠣᠭᠠᠳᠤ ᠶᠢ ᠬᠠᠮᠠᠭᠠᠯᠠᠬᠤ ᠲᠤᠪᠴᠢᠶ᠎ᠠ᠄ 110 | ᠭᠠᠯ ᠤᠨᠲᠠᠷᠠᠭᠠᠬᠤ ᠠᠪᠤᠷᠠᠨ ᠲᠤᠰᠠᠯᠠᠯᠲᠠ᠄ 119 | ᠡᠮ ᠡᠮᠨᠡᠯᠭᠡ ᠶᠢᠨ ᠠᠪᠤᠷᠠᠨ ᠲᠤᠰᠠᠯᠠᠯᠲᠠ᠄ 120 | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ᠄ 0478 - 6643000 | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠄ 0478 - 2264234 | | ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2025 ᠣᠨ ᠤ 1 ᠰᠠᠷ᠎ᠠ ᠶᠢᠨ 26 ᠤ ᠡᠳᠦᠷ | |