︽ᠬᠠᠩᠭᠢᠨ ᠬᠤᠶᠢᠲᠤ ᠬᠤᠰᠢᠭᠤᠨ ᠤ ︿ᠨᠢᠭᠡᠳᠦᠯᠲᠡᠶ ᠳᠠᠷᠢᠵᠤ ︵ᠲᠡᠵᠢᠭᠡᠵᠦ︶ ᠬᠠᠮᠲᠤ ᠪᠠᠷ ᠪᠠᠶᠠᠵᠢᠬᠤ﹀ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2025/1/28
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠥᠳᠡᠭᠡ ᠲᠣᠰᠬᠤᠨ ᠤ ᠭᠠᠵᠠᠷ ᠰᠢᠷᠣᠶ ᠶᠢ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠠᠬᠢᠭᠤᠯᠬᠤ᠂ ᠭᠠᠵᠠᠷ ᠰᠢᠷᠣᠶ ᠶᠢᠨ ᠬᠡᠪᠴᠢᠶᠡᠲᠦ ᠡᠵᠡᠩᠨᠡᠯᠲᠡ ᠶᠢ ᠠᠬᠢᠭᠤᠯᠬᠤ ᠲᠤᠬᠠᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ︽ᠨᠢᠭᠡᠳᠦᠯᠲᠡᠶ ᠳᠠᠷᠢᠬᠤ ︵ᠲᠡᠵᠢᠭᠡᠬᠦ︶ ᠬᠠᠮᠲᠤ ᠪᠠᠷ ᠪᠠᠶᠠᠵᠢᠬᠤ︾ ᠡᠵᠡᠩᠨᠡᠯᠲᠡ ᠶᠢᠨ ᠵᠠᠭᠪᠤᠷ ᠢ ᠠᠯᠬᠤᠮ ᠠᠯᠬᠤᠮ ᠢᠶᠠᠷ ᠳᠡᠯᠭᠡᠷᠡᠭᠦᠯᠵᠦ᠂ ᠬᠠᠩᠭᠢᠨ ᠬᠤᠶᠢᠲᠤ ᠬᠤᠰᠢᠭᠤᠨ ᠤ ᠬᠢᠨ 2025 ᠣᠨ ᠤ 1 ᠰᠠᠷ᠎ᠠ ᠳᠤ ︽ᠬᠠᠩᠭᠢᠨ ᠬᠤᠶᠢᠲᠤ ᠬᠤᠰᠢᠭᠤᠨ ᠳᠤ ︽ᠨᠢᠭᠡᠳᠦᠯᠲᠡᠶ ᠳᠠᠷᠢᠬᠤ ︵ᠲᠡᠵᠢᠭᠡᠬᠦ︶ ᠬᠠᠮᠲᠤ ᠪᠠᠷ ᠪᠠᠶᠠᠵᠢᠬᠤ︾ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠲᠥᠰᠦᠯ︾ ᠢ ᠨᠡᠶᠢᠲᠡᠯᠡᠪᠡ᠃ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠣᠲᠣ ︽ᠬᠠᠩᠭᠢᠨ ᠬᠤᠶᠢᠲᠤ ᠬᠤᠰᠢᠭᠤᠨ ᠤ ︿ᠨᠢᠭᠡᠳᠦᠯᠲᠡᠶ ᠳᠠᠷᠢᠬᠤ ︵ᠲᠡᠵᠢᠭᠡᠬᠦ︶ ᠬᠠᠮᠲᠤ ᠪᠠᠷ ᠪᠠᠶᠠᠵᠢᠬᠤ︾ ᠲᠤᠷᠰᠢᠯᠲᠠ ᠶᠢᠨ ᠬᠡᠷᠡᠭᠵᠢᠭᠦᠯᠬᠦ ᠲᠥᠰᠦᠯ︾ ᠤᠨ ᠲᠦᠷᠢᠮ ᠤᠨ ᠠᠬᠤᠶ ᠪᠠᠶᠢᠳᠠᠯ ᠂ ᠶᠠᠪᠤᠴᠠ᠂ ᠭᠤᠤᠯ ᠠᠭᠤᠯᠭ᠎ᠠ ᠵᠡᠷᠭᠡ ᠲᠠᠯ᠎ᠠ ᠪᠠᠷ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠪᠠ᠃        ᠨᠢᠭᠡ᠂ ᠨᠡᠶᠢᠲᠡᠯᠡᠭᠰᠡᠨ ᠠᠬᠤᠶ ᠪᠠᠶᠢᠳᠠᠯ     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠭᠤᠯᠤᠨ᠂ ᠲᠠᠷᠢᠶᠠᠯᠠᠩ ᠤᠨ ᠠᠵᠤ ᠦᠢᠯᠡᠰ ᠤᠨ ᠰᠠᠭᠤᠷᠢ ᠳᠠᠪᠠᠭᠤᠯᠢᠭ ᠲᠤ ᠰᠠᠭᠤᠷᠢᠯᠠᠵᠤ᠂ ᠲᠣᠰᠬᠤᠨ ᠤ ᠬᠠᠮᠲᠤ ᠶᠢᠨ ᠵᠣᠬᠢᠶᠠᠨ ᠪᠠᠶᠢᠭᠤᠯᠤᠯᠲᠠ ᠶᠢᠨ ᠵᠣᠬᠢᠴᠠᠭᠤᠯᠬᠤ ᠦᠢᠯᠡᠳᠦᠯ ᠢ ᠪᠠᠳᠠᠷᠠᠭᠤᠯᠵᠤ᠂ ᠲᠠᠷᠢᠶᠠᠴᠢᠳ ᠤᠨ ᠬᠦᠰᠡᠯ ᠰᠠᠨᠠᠭ᠎ᠠ ᠶᠢ ᠬᠦᠨᠳᠦᠳᠬᠡᠬᠦ ᠶᠢ ᠪᠠᠷᠢᠮᠲᠠᠯᠠᠵᠤ᠂ ᠨᠥᠬᠦᠴᠡᠯ ᠪᠦᠷᠢᠳᠦᠭᠰᠡᠨ ᠭᠠᠵᠠᠷ ᠣᠷᠣᠨ ᠳᠤ᠂ ᠬᠥᠳᠡᠭᠡ ᠲᠣᠰᠬᠤᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠲᠠᠢ ᠤᠶᠠᠯᠳᠤᠭᠤᠯᠵᠤ᠂ ︽ᠨᠢᠭᠡᠳᠦᠯᠲᠡᠢ ᠲᠠᠷᠢᠬᠤ ︵ᠲᠡᠵᠢᠭᠡᠬᠦ︶ ᠬᠠᠮᠲᠤ ᠪᠠᠷ ᠪᠠᠶᠠᠵᠢᠬᠤ︾ ᠵᠠᠭᠪᠤᠷ ᠢ ᠠᠯᠬᠤᠮ ᠠᠯᠬᠤᠮ ᠢᠶᠠᠷ ᠳᠡᠯᠭᠡᠷᠡᠭᠦᠯᠵᠦ᠂ ᠡᠬᠢ ᠪᠠᠶᠠᠯᠢᠭ ᠢ ᠡᠳ᠋ ᠬᠦᠷᠦᠩᠭᠡ ᠪᠣᠯᠭᠠᠨ ᠬᠤᠪᠢᠷᠠᠭᠤᠯᠬᠤ᠂ ᠪᠡᠯᠡ ᠮᠥᠩᠭᠦ ᠶᠢ ᠬᠤᠪᠢ ᠣᠷᠣᠭᠤᠯᠤᠭᠰᠠᠨ ᠮᠥᠩᠭᠦ ᠪᠣᠯᠭᠠᠨ ᠬᠤᠪᠢᠷᠠᠭᠤᠯᠬᠤ᠂ ᠲᠠᠷᠢᠶᠠᠴᠢᠳ ᠢ ᠬᠤᠪᠢ ᠣᠷᠣᠭᠤᠯᠤᠭᠴᠢ ᠪᠣᠯᠭᠠᠬᠤ ᠶᠢ ᠠᠬᠢᠭᠤᠯᠵᠤ᠂ ᠭᠠᠵᠠᠷ ᠰᠢᠷᠣᠢ ᠶᠢ ᠲᠥᠪᠯᠡᠷᠡᠭᠦᠯᠦᠨ ᠵᠠᠯᠭᠠᠯᠳᠤᠭᠤᠯᠤᠨ ᠬᠡᠪᠴᠢᠶᠡᠵᠢᠭᠦᠯᠦᠨ ᠡᠵᠡᠩᠨᠡᠬᠦ ᠶᠢ ᠳᠠᠶᠢᠴᠢᠯᠠᠵᠤ᠂ ᠲᠠᠷᠢᠶᠠᠨ ᠭᠠᠵᠠᠷ ᠢ ᠥᠨᠳᠥᠷ ᠪᠦᠲᠦᠮᠵᠢᠲᠡᠢ ᠠᠰᠢᠭᠯᠠᠬᠤ ᠶᠢ ᠠᠬᠢᠭᠤᠯᠵᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠤᠨ᠎ᠠ᠃      ᠬᠤᠶᠠᠷ᠂ ᠲᠣᠭᠲᠠᠭᠠᠭᠰᠠᠨ ᠶᠠᠪᠤᠴᠠ      ︽ᠲᠥᠰᠦᠯ︾ ᠳᠤ ᠲᠤᠷᠰᠢᠯᠲᠠ ᠶᠢᠨ ᠴᠡᠭ ᠢ ᠤᠷᠢᠳᠠᠪᠠᠷ ᠬᠡᠷᠡᠭᠵᠢᠭᠦᠯᠬᠦ᠂ ᠯᠠᠪᠳᠠᠭᠤᠨ ᠪᠥᠭᠡᠳ ᠡᠮᠬᠢ ᠵᠢᠷᠤᠮ ᠲᠠᠢ᠂ ᠠᠯᠬᠤᠮ ᠬᠤᠪᠢᠶᠠᠨ ᠠᠬᠢᠭᠤᠯᠬᠤ ᠵᠠᠷᠴᠢᠮ ᠶᠣᠰᠣᠭᠠᠷ᠂ ᠡᠯ᠎ᠡ ᠪᠠᠯᠭᠠᠰᠤ ︵ᠲᠠᠷᠢᠶᠠᠯᠠᠩ ᠤᠨ ᠲᠠᠯᠠᠪᠠᠶ︶ ᠶᠢ ᠨᠠᠭᠠᠳᠤ ᠵᠠᠬ᠎ᠠ ᠳᠠᠭᠠᠨ 1 ᠲᠣᠰᠬᠤᠨ ︵ᠨᠢᠭᠡᠳᠦᠯ︶ ᠢ ᠰᠣᠩᠭᠤᠵᠤ ︽ᠨᠢᠭᠡᠳᠦᠯᠲᠡᠶ ᠳᠠᠷᠢᠬᠤ ︵ᠲᠡᠵᠢᠭᠡᠬᠦ︶ ᠬᠠᠮᠲᠤ ᠪᠠᠷ ᠪᠠᠶᠠᠵᠢᠬᠤ︾ ᠡᠵᠡᠩᠨᠡᠯᠲᠡ ᠶᠢᠨ ᠵᠠᠭᠪᠤᠷ ᠢ ᠳᠡᠯᠭᠡᠷᠡᠭᠦᠯᠬᠦ ᠬᠡᠷᠡᠭᠲᠡᠶ ᠭᠡᠵᠦ ᠱᠠᠭᠠᠷᠳᠠᠪᠠ᠃ ︽ᠨᠢᠭᠡᠳᠦᠯᠲᠡᠶ ᠳᠠᠷᠢᠵᠤ ︵ᠲᠡᠵᠢᠭᠡᠭᠰᠡᠨ︶ ᠬᠠᠮᠲᠤ ᠪᠠᠷ ᠪᠠᠶᠠᠵᠢᠬᠤ︾ ᠪᠠᠷ ᠳᠠᠮᠵᠢᠭᠤᠯᠤᠨ᠂ ︽ᠲᠠᠷᠢᠶᠠᠨ ᠭᠠᠵᠠᠷ ᠢ ᠲᠥᠪᠯᠡᠷᠡᠭᠦᠯᠦᠨ ᠵᠠᠯᠭᠠᠯᠳᠤᠭᠤᠯᠤᠨ ᠬᠡᠪᠴᠢᠶᠡᠵᠢᠭᠦᠯᠦᠨ ᠡᠵᠡᠩᠨᠡᠬᠦ - ᠨᠡᠮᠡᠭᠦᠦ ᠬᠥᠳᠡᠯᠮᠦᠷᠢ ᠬᠦᠴᠦᠨ ᠤ ᠠᠵᠢᠯ ᠬᠤᠪᠢᠶᠠᠷᠢᠯᠠᠨ ᠰᠠᠯᠭᠠᠬᠤ - ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠦᠢᠯᠡᠰ - ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ - ᠲᠥᠪ ᠲᠣᠰᠬᠤᠨ ᠤ ᠠᠮᠤᠷ ᠲᠦᠪᠰᠢᠨ ᠢ ᠢᠵᠢ ᠪᠦᠷᠢᠳᠦᠭᠦᠯᠦᠨ ᠪᠠᠶᠢᠷᠢᠰᠢᠭᠤᠯᠬᠤ︾ ᠶᠢ ᠠᠬᠢᠭᠤᠯᠵᠤ᠂ ᠨᠢᠭᠡᠳᠦᠯᠲᠡᠶ ᠳᠠᠷᠢᠵᠤ ︵ᠲᠡᠵᠢᠭᠡᠬᠦ︶ ᠠᠴᠠ ᠬᠠᠮᠲᠤ ᠪᠠᠷ ᠪᠠᠶᠠᠵᠢᠬᠤ ᠬᠦᠷᠲᠡᠯ᠎ᠡ ᠬᠠᠮᠲᠤ ᠪᠠᠷ ᠵᠠᠰᠠᠬᠤ ᠶᠢ ᠪᠡᠶᠡᠯᠡᠭᠦᠯᠵᠦ᠂ ᠲᠠᠷᠢᠶᠠᠴᠢᠳ ᠤᠨ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠶ᠂ ᠬᠥᠳᠡᠭᠡ ᠲᠣᠰᠬᠤᠨ ᠤ ᠵᠠᠰᠠᠯᠲᠠ ᠶᠢᠨ ᠰᠠᠶᠢᠨ ᠣᠷᠴᠢᠯ ᠢ ᠠᠬᠢᠭᠤᠯᠤᠨ᠎ᠠ᠃ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠠᠴᠠ ︽ᠬᠠᠩᠭᠢᠨ ᠬᠤᠶᠢᠲᠤ ᠬᠤᠰᠢᠭᠤᠨ ᠤ ︿ᠨᠢᠭᠡᠳᠦᠯᠲᠡᠶ ᠳᠠᠷᠢᠬᠤ ︵ᠲᠡᠵᠢᠭᠡᠬᠦ︶ ᠬᠠᠮᠲᠤ ᠪᠠᠷ ᠪᠠᠶᠠᠵᠢᠬᠤ︾ ᠲᠤᠷᠰᠢᠯᠲᠠ ᠶᠢᠨ ᠬᠡᠷᠡᠭᠵᠢᠭᠦᠯᠬᠦ ᠲᠥᠰᠦᠯ︾ ᠢ ᠲᠤᠭᠤᠷᠪᠢᠭᠰᠠᠨ ᠤ ᠳᠠᠷᠠᠭ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠡᠯ᠎ᠡ ᠪᠠᠯᠭᠠᠰᠤ ︵ᠲᠠᠯᠠᠪᠠᠶ︶ ᠶᠢᠨ ᠰᠠᠨᠠᠯ ᠢ ᠬᠤᠷᠢᠶᠠᠵᠤ᠂ ᠰᠠᠨᠠᠯ ᠬᠤᠷᠢᠶᠠᠭᠰᠠᠨ ᠪᠠᠶᠢᠳᠠᠯ ᠢ ᠦᠨᠳᠦᠰᠦᠯᠡᠨ ᠵᠠᠰᠠᠪᠤᠷᠢ ᠣᠷᠣᠭᠤᠯᠤᠭᠰᠠᠨ ᠤ ᠳᠠᠷᠠᠭ᠎ᠠ ᠬᠤᠰᠢᠭᠤᠨ ᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ ᠬᠢᠨᠠᠨ ᠬᠠᠷᠭᠤᠭᠤᠯᠵᠤ ᠭᠠᠷ ᠤᠨ ᠥᠰᠥᠭ ᠵᠢᠷᠤᠭᠤᠯᠵᠤ ᠲᠠᠷᠬᠠᠭᠠᠪᠠ᠃      ᠭᠤᠷᠪᠠ᠂ ᠬᠡᠷᠡᠭᠯᠡᠬᠦ ᠬᠡᠪᠴᠢᠶ᠎ᠡ      ᠲᠣᠰ ᠠᠷᠭ᠎ᠠ ᠨᠢ ᠪᠥᠬᠦ ᠬᠤᠰᠢᠭᠤᠨ ᠤ ︽ᠨᠢᠭᠡᠳᠦᠯᠲᠡᠶ ᠳᠠᠷᠢᠵᠤ ︵ᠲᠡᠵᠢᠭᠡᠭᠰᠡᠨ︶ ᠬᠠᠮᠲᠤ ᠪᠠᠷ ᠪᠠᠶᠠᠵᠢᠬᠤ︾ ᠲᠤᠷᠰᠢᠯᠲᠠ ᠳᠤ ᠬᠤᠯᠪᠣᠭᠳᠠᠭᠰᠠᠨ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠡᠯ᠎ᠡ ᠪᠠᠯᠭᠠᠰᠤ ︵ᠲᠠᠯᠠᠪᠠᠶ︶ ᠳᠤ ᠲᠣᠬᠢᠷᠠᠨ᠎ᠠ᠃      ᠳᠥᠷᠪᠡ᠂ ᠭᠤᠤᠯ ᠠᠭᠤᠯᠭ᠎ᠠ      ︽ᠬᠠᠩᠭᠢᠨ ᠬᠤᠶᠢᠲᠤ ᠬᠤᠰᠢᠭᠤᠨ ᠤ ︿ᠨᠢᠭᠡᠳᠦᠯᠲᠡᠶ ᠳᠠᠷᠢᠬᠤ ︵ᠲᠡᠵᠢᠭᠡᠬᠦ︶ ᠬᠠᠮᠲᠤ ᠪᠠᠷ ᠪᠠᠶᠠᠵᠢᠬᠤ﹀ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠲᠥᠰᠦᠯ︾ ᠤᠨ ᠭᠤᠣᠯ ᠠᠷᠭ᠎ᠠ ᠬᠡᠮᠵᠢᠶ᠎ᠡ 7 ᠵᠤᠷᠪᠤᠰ᠃      ︵ᠨᠢᠭᠡ︶ ᠲᠤᠷᠰᠢᠯᠲᠠ ᠶᠢᠨ ᠨᠢᠭᠡᠴᠢ ᠬᠤᠪᠢᠶᠠᠬᠤ᠃ ᠲᠠᠷᠢᠮᠠᠯ ᠤᠨ ᠨᠢᠭᠡᠴᠢ ᠶᠢ 400 - 500 ᠮᠦ ᠳᠤ ᠪᠠᠶᠢᠷᠢᠯᠠᠭᠤᠯᠵᠤ᠂ ᠠᠰᠢᠭ ᠲᠤᠰᠠ ᠶᠢᠨ ᠠᠰᠢᠭ ᠬᠤᠪᠢᠶᠠᠷᠢᠯᠠᠯᠲᠠ ᠶᠢᠨ ᠵᠥᠷᠢᠴᠡᠯ ᠠᠴᠠ ᠤᠷᠢᠳᠴᠢᠯᠠᠨ ᠵᠠᠶᠢᠯᠠᠪᠠ᠃      ︵ᠬᠤᠶᠠᠷ︶ ᠭᠠᠵᠠᠷ ᠰᠢᠷᠤᠶ ᠶᠢ ᠡᠮᠬᠢᠯᠡᠨ ᠨᠡᠶᠢᠯᠡᠭᠦᠯᠬᠦ᠃ ᠲᠠᠷᠢᠶᠠᠴᠢᠳ ᠤᠨ ᠬᠦᠰᠡᠯ ᠰᠠᠨᠠᠭ᠎ᠠ ᠶᠢ ᠬᠦᠨᠳᠦᠳᠬᠡᠵᠦ᠂ ᠲᠣᠰᠬᠤᠨ ᠤ ᠬᠠᠮᠲᠤ ᠶᠢᠨ ᠵᠣᠬᠢᠶᠠᠨ ᠪᠠᠶᠢᠭᠤᠯᠵᠤ ᠵᠣᠬᠢᠴᠠᠭᠤᠯᠬᠤ ᠦᠢᠯᠡᠳᠦᠯ ᠢ ᠪᠠᠳᠠᠷᠠᠭᠤᠯᠤᠨ᠂ ᠭᠠᠵᠠᠷ ᠰᠢᠷᠣᠶ ᠪᠠᠷ ᠬᠤᠪᠢ ᠣᠷᠣᠭᠤᠯᠬᠤ᠂ ᠭᠠᠵᠠᠷ ᠰᠢᠷᠣᠶ ᠶᠢ ᠲᠦᠷᠢᠶᠡᠰᠦᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠠᠷᠠᠬᠠᠶ ᠪᠤᠲᠠᠷᠬᠠᠶ ᠡᠵᠡᠩᠨᠡᠵᠦ ᠪᠠᠶᠢᠭ᠎ᠠ ᠭᠠᠵᠠᠷ ᠰᠢᠷᠣᠶ ᠶᠢ ᠲᠥᠪᠯᠡᠷᠡᠨ ᠵᠠᠯᠭᠠᠯᠳᠤᠭᠤᠯᠵᠤ᠂ ᠬᠡᠪᠴᠢᠶᠡᠵᠢᠭᠦᠯᠦᠨ ᠡᠵᠡᠩᠨᠡᠬᠦ ᠬᠡᠷᠡᠭᠲᠡᠶ᠃      ︵ᠭᠤᠷᠪᠠ︶ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠢ ᠵᠦᠢ ᠵᠣᠬᠢᠰᠲᠠᠢ ᠰᠢᠢᠳᠪᠦᠷᠢᠯᠡᠵᠦ᠃ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠢ ᠬᠠᠮᠲᠤ ᠨᠡᠶᠢᠲᠡ ᠳᠤ ᠬᠠᠷᠢᠶᠠᠯᠠᠭᠤᠯᠬᠤ᠂ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠢ ᠨᠢᠭᠡᠳᠦᠯᠲᠡᠶ ᠡᠵᠡᠩᠨᠡᠬᠦ᠂ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠤᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠵᠡᠷᠭᠡ ᠲᠠᠯ᠎ᠠ ᠪᠠᠷ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠢ ᠠᠮᠢᠳᠤᠯᠢᠭ ᠪᠣᠯᠭᠠᠬᠤ ᠶᠢ ᠬᠠᠶᠢᠨ ᠰᠦᠪᠡᠭᠴᠢᠯᠡᠵᠦ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠨᠢ ᠲᠤᠯᠤᠭᠠᠳ ᠳᠠᠬᠢᠨ ᠭᠤᠴᠢᠨ ᠵᠢᠯ ᠤᠷᠲᠤᠳᠬᠠᠬᠤ ᠠᠵᠢᠯ ᠢ ᠭᠦᠢᠴᠡᠳ ᠪᠣᠳᠣᠯᠬᠢᠯᠠᠨ᠂ ︽ᠶᠡᠭᠡ ᠲᠣᠭᠲᠠᠪᠤᠷᠢᠲᠠᠢ᠂ ᠪᠠᠭ᠎ᠠ ᠲᠣᠬᠢᠷᠠᠭᠤᠯᠬᠤ︾ ᠶᠡᠷᠦᠩᠬᠡᠶ ᠵᠠᠷᠴᠢᠮ ᠶᠣᠰᠣᠭᠠᠷ᠂ ᠣᠯᠠᠩᠬᠢ ᠲᠠᠷᠢᠶᠠᠴᠢᠨ ᠡᠷᠦᠬᠡ ᠶᠢᠨ ᠳᠠᠭᠠᠭᠠᠴᠢᠯᠠᠭᠰᠠᠨ ᠭᠠᠵᠠᠷ ᠲᠠᠷᠢᠶ᠎ᠠ ᠶᠢ ᠶᠡᠷᠦᠩᠬᠡᠶ ᠳᠡᠭᠡᠨ ᠤᠷᠤᠭᠰᠢᠲᠠᠢ᠂ ᠲᠣᠭᠲᠠᠭᠤᠨ ᠪᠠᠶᠢᠯᠭᠠᠬᠤ ᠶᠢ ᠦᠨᠡᠨᠬᠦ ᠪᠠᠲᠤᠯᠠᠵᠤ᠂ ᠳᠤᠷ᠎ᠠ ᠪᠠᠷ ᠥᠭᠴᠦ ᠪᠣᠯᠬᠤ ᠦᠭᠡᠢ᠂ ᠨᠡᠩ ᠴᠤ ᠬᠠᠮᠲᠤ ᠨᠡᠶᠢᠲᠡ ᠶᠢ ᠬᠤᠷᠢᠶᠠᠨ ᠠᠪᠬᠤ ᠪᠤᠶᠤ ᠲᠣᠬᠢᠶᠠᠯ ᠢ ᠠᠰᠢᠭᠯᠠᠨ ᠬᠠᠤᠯᠢ ᠠᠴᠠ ᠵᠥᠷᠢᠴᠡᠨ ᠲᠣᠬᠢᠷᠠᠭᠤᠯᠤᠯᠲᠠ ᠬᠢᠵᠦ ᠪᠣᠯᠬᠤ ᠦᠭᠡᠢ᠃      ︵ᠲᠦᠷᠪᠡ︶ ᠲᠣᠬᠢᠷᠠᠮᠵᠢᠲᠠᠢ ᠡᠵᠡᠩᠨᠡᠯᠲᠡ ᠶᠢᠨ ᠵᠠᠭᠪᠤᠷ ᠢ ᠰᠣᠩᠬᠤᠨ᠎ᠠ᠃ ︽ᠡᠷᠬᠡ ᠶᠢ ᠲᠤᠳᠤᠷᠬᠠᠢ ᠲᠤᠬᠳᠠᠭᠠᠬᠤ ᠨᠢ ᠭᠠᠵᠠᠷ ᠰᠢᠷᠤᠢ ᠶᠢ ᠦᠯᠦ ᠰᠠᠯᠭᠠᠬᠤ ︾᠂ ︽ᠲᠠᠷᠢᠶᠠᠯᠠᠩ ᠲᠠᠢ ᠬᠤᠯᠪᠤᠭᠠᠯᠠᠵᠤ ᠲᠠᠷᠢᠶᠠᠯᠠᠩ ᠢ ᠳᠠᠶᠢᠴᠢᠯᠠᠬᠤ︾᠂ ︽ᠨᠢᠭᠡᠳᠦᠯᠲᠡᠢ ᠲᠠᠷᠢᠬᠤ᠂ ᠨᠢᠭᠡᠳᠦᠯᠲᠡᠢ ᠬᠠᠩᠭᠠᠬᠤ᠂ ᠨᠢᠭᠡ ᠬᠤᠪᠢᠶᠠᠷᠢᠯᠠᠬᠤ︾ ᠵᠡᠷᠭᠡ ᠵᠠᠭᠪᠤᠷ ᠢ ᠳᠡᠯᠭᠡᠷᠡᠭᠦᠯᠦᠨ᠎ᠡ᠃      ︵ᠲᠠᠪᠤ︶ ᠠᠵᠤ ᠦᠢᠯᠡᠰ ᠢ ᠲᠣᠳᠣᠷᠬᠠᠢ ᠬᠥᠭᠵᠢᠭᠦᠯᠵᠦ᠃ ᠰᠠᠶᠢᠨ ᠲᠠᠷᠢᠶᠠᠨ ᠭᠠᠵᠠᠷ ᠲᠤ ᠠᠮᠤ ᠪᠤᠳᠠᠭ᠎ᠠ ᠬᠡᠷᠡᠭᠯᠡᠬᠦ ᠶᠢ ᠪᠠᠷᠢᠮᠲᠠᠯᠠᠵᠤ᠂ ᠲᠠᠷᠢᠶᠠᠨ ᠭᠠᠵᠠᠷ ᠲᠤ ᠭᠤᠤᠯᠳᠠᠭᠤ ᠪᠤᠭᠤᠳᠠᠶ᠂ ᠡᠷᠳᠡᠨᠢ ᠰᠢᠰᠢ ᠵᠡᠷᠭᠡ ᠠᠮᠤ ᠪᠤᠳᠠᠭᠠᠨ ᠤ ᠲᠠᠷᠢᠮᠠᠯ ᠢ ᠲᠠᠷᠢᠨ᠎ᠠ︔ ᠪᠡᠯᠡᠳᠭᠡᠮᠵᠢᠳᠤ ᠲᠠᠷᠢᠶᠠᠯᠠᠩ ᠮᠠᠯ ᠠᠵᠤ ᠠᠬᠤᠶ ᠶᠢ ᠢᠳᠡᠪᠬᠢᠲᠡᠶ ᠬᠥᠭᠵᠢᠭᠦᠯᠵᠦ᠂ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠶᠢ ᠥᠭᠡᠷᠡᠴᠢᠯᠡᠨ ᠳᠡᠭᠡᠭᠰᠢᠯᠡᠭᠦᠯᠬᠦ᠂ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠲᠡᠵᠢᠭᠡᠨ ᠦᠷᠡᠵᠢᠭᠦᠯᠬᠦ ᠲᠠᠯᠠᠪᠠᠶ ᠶᠢ ᠡᠭᠦᠳᠦᠨ ᠪᠠᠶᠢᠭᠤᠯᠬᠤ ᠲᠠᠢ ᠤᠶᠠᠯᠳᠤᠭᠤᠯᠤᠨ᠂ ︽ᠨᠢᠭᠡ ᠪᠠᠯᠭᠠᠰᠤ ᠨᠢᠭᠡ ᠬᠦᠷᠢᠶᠡᠯᠡᠩ ᠲᠣᠭᠤᠷᠢᠭ᠂ ᠨᠢᠭᠡ ᠬᠦᠷᠢᠶᠡᠯᠡᠩ ᠨᠢᠭᠡ ᠣᠨᠴᠠᠯᠢᠭ︾ ᠤᠨ ᠲᠣᠭᠤᠷᠢᠨ ᠳᠤ᠂ ᠥᠨᠳᠥᠷ ᠦᠷ᠎ᠡ ᠠᠰᠢᠭ ᠲᠠᠢ ᠣᠨᠴᠠᠯᠢᠭᠲᠤ ᠪᠡᠯᠡᠳᠭᠡᠮᠵᠢᠳᠤ ᠲᠠᠷᠢᠶᠠᠯᠠᠩ ᠮᠠᠯ ᠠᠵᠤ ᠠᠬᠤᠶ ᠶᠢᠨ ᠬᠦᠷᠢᠶᠡᠯᠡᠩ ᠲᠣᠭᠤᠷᠢᠭ ᠢ ᠪᠥᠲᠥᠭᠡᠨ ᠪᠠᠶᠢᠭᠤᠯᠤᠨ᠎ᠠ᠃      ︵ᠵᠢᠷᠭᠤᠭ᠎ᠠ︶ ᠠᠰᠢᠭ ᠲᠤᠰᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠠᠷᠢᠶᠠᠴᠢᠳ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠪᠠᠷ ᠢᠶᠠᠨ ᠬᠤᠪᠢ ᠣᠷᠣᠭᠤᠯᠬᠤ᠂ ᠭᠠᠵᠠᠷ ᠰᠢᠷᠣᠶ ᠲᠦᠷᠢᠶᠡᠰᠦᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠬᠤᠷᠰᠢᠶ᠎ᠠ ᠵᠡᠷᠭᠡ ᠡᠵᠡᠩᠨᠡᠯᠲᠡ ᠶᠢᠨ ᠭᠤᠤᠯ ᠴᠣᠭᠴᠠ ᠯᠤᠭ᠎ᠠ ᠬᠤᠷᠰᠢᠨ ᠡᠵᠡᠩᠨᠡᠭᠰᠡᠨ ᠪᠠᠶᠢᠪᠠᠯ᠂ ︽ᠬᠤᠪᠢ ᠣᠷᠣᠭᠤᠯᠤᠭᠰᠠᠨ ᠬᠤᠪᠢ ᠪᠠᠷ ᠠᠰᠢᠭ ᠬᠤᠪᠢᠶᠠᠬᠤ︾᠂ ︽ᠰᠠᠭᠤᠷᠢ ᠶᠢ ᠪᠠᠲᠤᠯᠠᠭᠰᠠᠨ ᠠᠰᠢᠭ ᠣᠯᠵᠠᠪᠤᠷᠢ ᠶᠢ ᠬᠤᠶᠠᠳᠠᠬᠢ ᠤᠳᠠᠭ᠎ᠠ ᠬᠤᠪᠢᠶᠠᠬᠤ︾᠂ ︽ᠰᠠᠭᠤᠷᠢ ᠶᠢ ᠪᠠᠲᠤᠯᠠᠭᠰᠠᠨ ᠵᠠᠷᠤᠳᠠᠯ ᠤᠨ ᠵᠠᠬ᠎ᠠ ᠳᠡᠯᠭᠡᠭᠦᠷ ᠤᠨ ᠬᠥᠳᠡᠯᠦᠩᠭᠦᠶ ᠦᠨ᠎ᠡ︾ ᠵᠡᠷᠭᠡ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠨᠤᠭᠤᠳ ᠭᠠᠵᠠᠷ ᠰᠢᠷᠤᠢ ᠶᠢ ᠬᠤᠷᠰᠢᠵᠤ ᠡᠵᠡᠩᠨᠡᠬᠦ ᠳᠤ ᠤᠷᠤᠯᠴᠠᠭᠰᠠᠨ ᠪᠠᠶᠢᠪᠠᠯ᠂ ᠡᠵᠡᠩᠨᠡᠯᠳᠡ ᠶᠢᠨ ᠦᠪᠡᠷ ᠤᠨ ᠦᠷᠳᠡᠭ ᠢ ᠬᠠᠰᠤᠭᠰᠠᠨ ᠤ ᠲᠠᠷᠠᠭ᠎ᠠ᠂ ᠲᠤᠰ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠪᠦᠷᠢᠯᠳᠦᠬᠦᠨ ︵ᠲᠦᠯᠦᠭᠡᠯᠡᠭᠴᠢ︶ ᠬᠤᠷᠠᠯ ᠠᠴᠠ ᠲᠣᠭᠲᠠᠭᠠᠭᠰᠠᠨ ᠨᠢ᠂ ᠵᠣᠬᠢᠬᠤ ᠬᠠᠷᠢᠴᠠᠯ ᠤᠨ ᠦᠢᠯᠡᠳᠪᠦᠷᠢᠯᠡᠯ ᠢ ᠬᠥᠭᠵᠢᠭᠦᠯᠬᠦ ᠰᠠᠭᠤᠷᠢ ᠮᠥᠩᠭᠦ ᠪᠠ ᠨᠡᠶᠢᠲᠡ ᠶᠢᠨ ᠬᠤᠷᠠᠮᠳᠤᠯᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ ᠦᠯᠡᠳᠡᠭᠡᠨ ᠠᠪᠴᠤ᠂ ᠲᠣᠰᠬᠤᠨ ᠤ ᠬᠠᠮᠲᠤ ᠶᠢᠨ ᠦᠢᠯᠡᠳᠪᠦᠷᠢᠯᠡᠯ ᠪᠠ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠵᠠᠷᠤᠯᠭ᠎ᠠ ᠳᠤ ᠬᠡᠷᠡᠭᠯᠡᠵᠦ᠂ ᠦᠯᠡᠳᠡᠭᠰᠡᠨ ᠬᠡᠰᠡᠭ ᠢ ᠪᠣᠯᠵᠣᠨ ᠲᠣᠭᠲᠠᠭᠰᠠᠨ ᠠᠷᠭ᠎ᠠ ᠮᠠᠶ᠋ᠢᠭ ᠢᠶᠠᠷ ᠠᠰᠢᠭ ᠬᠤᠪᠢᠶᠠᠷᠢᠯᠠᠨ᠎ᠠ᠃      ︵ᠳᠤᠯᠤᠭ᠎ᠠ︶ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠦᠵᠡᠯ ᠤᠬᠠᠮᠰᠠᠷ ᠢ ᠪᠤᠢ ᠪᠣᠯᠭᠠᠵᠤ᠃ ᠲᠤᠷᠰᠢᠯᠲᠠ ᠶᠢᠨ ᠴᠡᠭ ᠤᠨ ᠭᠠᠵᠠᠷ ᠣᠷᠣᠨ ᠨᠢ ᠲᠠᠷᠢᠶᠠᠯᠠᠩ ᠳᠤ ᠬᠤᠯᠪᠣᠭᠳᠠᠬᠤ ᠡᠯ᠎ᠡ ᠲᠥᠷᠥᠯ ᠤᠨ ᠲᠥᠷᠥᠯ ᠵᠦᠢᠯ ᠢ ᠲᠥᠪᠯᠡᠷᠡᠭᠦᠯᠦᠨ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠨᠢᠭᠡ ᠴᠣᠭᠴᠠᠵᠢᠭᠤᠯᠬᠤ᠂ ᠠᠮᠤ ᠪᠤᠳᠠᠭᠠᠨ ᠤ ᠨᠢᠭᠡᠴᠢ ᠤᠨᠠᠯᠲᠠ ᠶᠢ ᠳᠡᠭᠡᠭᠰᠢᠯᠡᠭᠦᠯᠬᠦ ᠶᠢ ᠨᠢᠭᠡ ᠴᠣᠭᠴᠠᠵᠢᠭᠤᠯᠬᠤ᠂ ᠨᠡᠶᠢᠭᠡᠮᠴᠢᠯᠡᠭᠰᠡᠨ ᠦᠢᠯᠡᠴᠢᠯᠡᠭᠡᠨ ᠤ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠶᠢ ᠨᠢᠭᠡ ᠴᠣᠭᠴᠠᠵᠢᠭᠤᠯᠬᠤ᠂ ᠬᠠᠮᠲᠤ ᠶᠢᠨ ᠠᠵᠤ ᠠᠬᠤᠶ ᠶᠢᠨ ᠬᠤᠪᠢ ᠣᠷᠣᠭᠤᠯᠤᠭᠰᠠᠨ ᠬᠤᠷᠰᠢᠶ᠎ᠠ ᠶᠢᠨ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠨᠢᠭᠡ ᠴᠣᠭᠴᠠᠵᠢᠭᠤᠯᠬᠤ᠂ ︽ᠲᠠᠷᠢᠶᠠᠨ ᠭᠠᠵᠠᠷ ᠢ ᠦᠵᠡᠵᠦ ᠦᠷ᠎ᠡ ᠰᠣᠩᠭᠤᠬᠤ︾ ᠲᠠᠪᠴᠠᠩ ᠢ ᠡᠭᠦᠳᠦᠨ ᠪᠠᠶᠢᠭᠤᠯᠬᠤ ᠶᠢ ᠨᠢᠭᠡ ᠴᠣᠭᠴᠠᠵᠢᠭᠤᠯᠬᠤ᠂ ᠪᠡᠯᠡᠳᠭᠡᠮᠵᠢᠳᠤ ᠲᠠᠷᠢᠶᠠᠯᠠᠩ ᠤᠨ ᠤᠨᠴᠠᠯᠢᠭᠳᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠨᠢᠭᠡ ᠴᠣᠭᠴᠠᠵᠢᠭᠤᠯᠬᠤ᠂ ︽ᠲᠠᠪᠤᠨ ᠣᠳᠣᠨ ᠲᠠᠰ︾ ᠤᠨ ᠵᠢᠱᠢᠶ᠎ᠡ ᠦᠵᠡᠭᠦᠯᠬᠦ ᠬᠤᠷᠰᠢᠶ᠎ᠠ ᠶᠢᠨ ᠨᠡᠶᠢᠲᠡᠯᠢᠭ ᠵᠢᠱᠢᠶ᠎ᠡ ᠶᠢ ᠡᠭᠦᠳᠦᠨ ᠪᠠᠶᠢᠭᠤᠯᠬᠤ ᠶᠢ ᠨᠢᠭᠡ ᠴᠣᠭᠴᠠᠵᠢᠭᠤᠯᠬᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠣᠷᠣᠨ ᠪᠦᠰᠡ ᠶᠢᠨ ᠪᠥᠲᠥᠭᠡᠨ ᠪᠠᠶᠢᠭᠤᠯᠤᠯᠲᠠ ᠶᠢ ᠨᠢᠭᠡ ᠴᠣᠭᠴᠠᠵᠢᠭᠤᠯᠬᠤ᠂ ᠣᠯᠠᠨ ᠡᠬᠢᠲᠦ ᠪᠣᠬᠢᠷᠲᠤᠯ ᠢ ᠵᠠᠰᠠᠬᠤ ᠵᠢᠱᠢᠶ᠎ᠡ ᠦᠵᠡᠭᠦᠯᠦᠨ ᠨᠢᠭᠡ ᠴᠣᠭᠴᠠᠵᠢᠭᠤᠯᠬᠤ᠂ ᠲᠡᠵᠢᠭᠡᠨ ᠦᠷᠡᠵᠢᠭᠦᠯᠬᠦ ᠲᠠᠯᠠᠪᠠᠶ ᠶᠢᠨ ᠪᠠᠷᠢᠮᠵᠢᠶᠠᠵᠢᠭᠤᠯᠬᠤ ᠪᠥᠲᠥᠭᠡᠨ ᠪᠠᠶᠢᠭᠤᠯᠤᠯᠲᠠ ᠶᠢ ᠨᠢᠭᠡ ᠴᠤᠭᠴᠠᠵᠢᠭᠤᠯᠬᠤ ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃       ᠲᠠᠪᠤ᠂ ︽ᠲᠥᠰᠦᠯ︾ ᠢ ᠨᠡᠶᠢᠲᠡᠯᠡᠭᠰᠡᠨ ᠠᠴᠢ ᠬᠤᠯᠪᠣᠭᠳᠠᠯ    ︽ᠲᠥᠰᠦᠯ︾ ᠢ ᠨᠡᠶᠢᠲᠡᠯᠡᠨ ᠬᠡᠷᠡᠭᠵᠢᠭᠦᠯᠦᠭᠰᠡᠨ ᠪᠠ ᠬᠡᠷᠡᠭᠵᠢᠭᠦᠯᠦᠭᠰᠡᠨ ᠨᠢ ᠲᠠᠷᠢᠶᠠᠯᠠᠩ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠥᠩᠭᠡᠷᠡᠭᠰᠡᠨ ᠤ ᠲᠠᠷᠠᠬᠠᠢ ᠡᠵᠡᠩᠨᠡᠯᠲᠡ ᠶᠢᠨ ᠪᠠᠶᠢᠳᠠᠯ ᠢ ᠬᠤᠪᠢᠷᠠᠭᠤᠯᠵᠤ᠂ ᠬᠡᠪᠴᠢᠶᠡᠵᠢᠭᠰᠡᠨ᠂ ᠡᠷᠴᠢᠮᠵᠢᠭᠰᠡᠨ ᠦᠢᠯᠡᠳᠪᠦᠷᠢᠯᠡᠯ ᠢ ᠪᠡᠶᠡᠯᠡᠭᠦᠯᠬᠦ ᠳᠤ ᠠᠰᠢᠭᠲᠠᠢ ᠶᠤᠮ᠃ ᠨᠢᠭᠡᠳᠦᠯᠲᠡᠶ ᠲᠥᠯᠥᠪᠵᠢᠭᠦᠯᠬᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ ᠠᠪᠬᠤ᠂ ᠲᠠᠷᠢᠶᠠᠯᠠᠬᠤ ᠪᠠ ᠬᠠᠮᠢᠶᠠᠷᠬᠤ ᠪᠠᠷ ᠳᠠᠮᠵᠢᠭᠤᠯᠤᠨ᠂ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠵᠤ᠂ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠶ᠃ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠲᠠᠯ᠎ᠠ ᠪᠠᠷ᠂ ᠲᠥᠰᠦᠯ ᠳᠤ ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠬᠤ᠂ ᠪᠠᠯᠠ ᠮᠥᠩᠭᠦ ᠶᠢ ᠬᠤᠪᠢ ᠣᠷᠣᠭᠤᠯᠤᠭᠰᠠᠨ ᠮᠥᠩᠭᠦ ᠪᠣᠯᠭᠠᠨ ᠬᠤᠪᠢᠷᠠᠭᠤᠯᠬᠤ᠂ ᠲᠠᠷᠢᠶᠠᠴᠢᠳ ᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠲᠠᠷᠢᠶᠠᠴᠢᠳ ᠭᠠᠵᠠᠷ ᠰᠢᠷᠣᠶ ᠶᠢ ᠡᠷᠭᠢᠯᠲᠡ ᠳᠤ ᠣᠷᠣᠭᠤᠯᠤᠭᠰᠠᠨ ᠣᠷᠣᠯᠭ᠎ᠠ᠂ ᠬᠤᠪᠢ ᠣᠷᠣᠭᠤᠯᠤᠭᠰᠠᠨ ᠮᠥᠩᠭᠦ ᠪᠠᠷ ᠠᠰᠢᠭ ᠬᠤᠪᠢᠶᠠᠵᠤ ᠴᠢᠳᠠᠬᠤ ᠪᠠᠷ ᠪᠠᠷᠠᠬᠤ ᠥᠬᠡᠶ᠂ ᠪᠠᠰᠠ ᠲᠣᠰ ᠭᠠᠵᠠᠷ ᠲᠠᠭᠠᠨ ᠠᠵᠢᠯ ᠣᠯᠵᠤ ᠬᠥᠳᠡᠯᠮᠦᠷᠢ ᠦᠢᠯᠡᠴᠢᠯᠡᠭᠡᠨ ᠤ ᠣᠷᠣᠯᠭ᠎ᠠ ᠪᠠᠨ ᠨᠡᠮᠡᠭᠳᠡᠭᠦᠯᠵᠦ ᠪᠣᠯᠤᠨ᠎ᠠ᠃ ᠡᠭᠦᠨ ᠠᠴᠠ ᠭᠠᠳᠠᠨ᠎ᠠ᠂ ᠲᠥᠰᠦᠯ ᠢ ᠬᠡᠷᠡᠭᠵᠢᠭᠦᠯᠬᠦ ᠨᠢ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ ᠳᠤ ᠠᠰᠢᠭᠲᠠᠶ ᠪᠠᠶᠢᠵᠤ᠂ ᠲᠣᠰᠬᠤᠨ ᠤ ᠬᠠᠮᠲᠤ ᠨᠡᠶᠢᠲᠡ ᠨᠢ ᠬᠡᠰᠡᠭ ᠠᠰᠢᠭ ᠣᠷᠣᠯᠭ᠎ᠠ ᠶᠢ ᠦᠯᠡᠳᠡᠭᠡᠵᠦ ᠠᠪᠬᠤ ᠪᠠᠷ ᠳᠠᠮᠵᠢᠭᠤᠯᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠤᠯᠠᠨ ᠨᠡᠶᠢᠲᠡ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ ᠵᠡᠷᠭᠡ ᠳᠤ ᠬᠡᠷᠡᠭᠯᠡᠵᠦ᠂ ᠬᠥᠳᠡᠭᠡ ᠲᠣᠰᠬᠤᠨ ᠤ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠤᠯᠠᠮ ᠨᠢᠭᠡ ᠠᠯᠬᠤᠮ ᠴᠢᠩᠭᠠᠳᠬᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠪᠠᠲᠤ ᠪᠠᠬᠢ ᠰᠠᠭᠤᠷᠢ ᠲᠠᠯᠪᠢᠵᠤ᠂ ᠢᠷᠡᠭᠡᠳᠦᠢ ᠳᠤ ᠪᠠᠰᠠ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠵᠠᠭᠪᠤᠷ ᠢ ᠪᠦᠷᠢᠯᠳᠦᠭᠦᠯᠵᠦ᠂ ᠨᠡᠩ ᠶᠡᠭᠡ ᠬᠡᠪᠴᠢᠶᠡᠨ ᠤ ᠠᠵᠤ ᠦᠢᠯᠡᠰ ᠤᠨ ᠬᠥᠭᠵᠢᠯᠲᠡ ᠪᠣᠯᠤᠨ ᠬᠠᠮᠲᠤ ᠪᠠᠷ ᠴᠢᠨᠡᠭᠡᠯᠢᠭᠵᠢᠬᠦ ᠶᠢ ᠳᠠᠶᠢᠴᠢᠯᠠᠬᠤ ᠪᠣᠯᠤᠨ᠎ᠠ᠃    
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ