1 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠠᠨ ᡁᠢ ᠶᠧ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠳᠤ | ᠪᠠᠶᠢᠴᠠᠭᠠᠨ ᠰᠤᠳᠤᠯᠤᠯᠲᠠ ᠬᠢᠪᠠ᠃ ᠬᠠᠨ ᡁᠢ ᠶᠧ ᠤᠷᠢᠳ ᠬᠤᠵᠢᠳ ᠯᠦᠩ ᠪᠦᠦ ᠵᠡᠭᠦᠨ ᠵᠡᠭᠡᠯᠢ᠂ ᠵᠥᠩ ᠱᠠᠨ ᠡᠮᠦᠨ᠎ᠡ ᠵᠠᠮ ᠤᠨ ᠶᠠᠪᠠᠭᠠᠨ ᠵᠡᠭᠡᠯᠢ᠂ ᠯᠦᠩ ᠪᠦᠦ | ᠰᠢ ᠵᠡᠭᠡᠯᠢ ᠵᠡᠷᠭᠡ ᠵᠠᠮ ᠢᠶᠠᠷ ᠬᠦᠷᠴᠦ᠂ ᠵᠠᠮ ᠤᠨ ᠭᠠᠳᠠᠷᠭᠤ ᠶᠢ ᠥᠷᠭᠡᠳᠬᠡᠨ ᠪᠠᠶᠢᠭᠤᠯᠬᠤ᠂ ᠶᠠᠪᠠᠭᠠᠨ ᠵᠡᠭᠡᠯᠢ ᠶᠢᠨ ᠪᠥᠲᠥᠭᠡᠨ ᠪᠠᠶᠢᠭᠤᠯᠤᠯᠲᠠ᠂ ᠦᠵᠡᠮᠵᠢ ᠶᠢᠨ | ᠨᠣᠭᠤᠭᠠᠷᠠᠭᠤᠯᠤᠯᠲᠠ ᠶᠢᠨ ᠵᠢᠷᠤᠭ ᠲᠥᠯᠥᠪᠯᠡᠭᠡ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠬᠦᠷᠦᠭᠰᠡᠨ ᠭᠠᠵᠠᠷ ᠪᠣᠯᠭᠠᠨ ᠳᠤ ᠬᠠᠨ | ᡁᠢ ᠶᠧ ᠴᠥᠮ ᠨᠠᠷᠢᠨ ᠨᠢᠮᠪᠠᠶ ᠪᠠᠶᠢᠴᠠᠭᠠᠨ ᠦᠵᠡᠵᠦ᠂ ᠵᠠᠮ ᠤᠨ ᠲᠥᠯᠥᠪᠵᠢᠭᠦᠯᠭᠡ ᠶᠢᠨ ᠲᠥᠰᠦᠯ᠂ ᠡᠷᠬᠢᠨ ᠲᠣᠭᠤᠷᠢᠨ ᠤ ᠵᠠᠮ ᠬᠠᠷᠢᠯᠴᠠᠭᠠᠨ ᠤ | ᠪᠠᠶᠢᠷᠢᠰᠢᠭᠤᠯᠤᠯᠲᠠ ᠪᠠ ᠣᠷᠴᠢᠨ ᠲᠣᠭᠤᠷᠢᠨ ᠤ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠲᠤᠬᠠᠶ ᠶᠢᠨ | ᠭᠠᠵᠠᠷ ᠲᠤᠨᠢ ᠵᠣᠬᠢᠴᠠᠭᠤᠯᠪᠠ᠃ | | | | ᠬᠠᠨ ᡁᠢ ᠶᠧ ᠵᠢᠭᠠᠵᠤ ᠭᠠᠷᠭᠠᠭᠰᠠᠨ ᠨᠢ᠂ ᠬᠤᠲᠠ ᠶᠢᠨ ᠪᠥᠲᠥᠭᠡᠨ ᠪᠠᠶᠢᠭᠤᠯᠤᠯᠲᠠ ᠨᠢ ᠣᠯᠠᠨ ᠲᠦᠮᠡᠨ ᠤ ᠶᠠᠪᠤᠵᠤ ᠰᠠᠭᠤᠬᠤ ᠳᠤ ᠲᠥᠬᠦᠮ ᠦᠵᠡᠭᠦᠯᠬᠦ᠂ | ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠵᠠᠮ ᠬᠠᠷᠢᠯᠴᠠᠭᠠᠨ ᠤ ᠲᠣᠤᠷ ᠢ ᠰᠠᠶᠢᠵᠢᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠬᠢᠨ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠲᠦᠷᠦᠯ ᠵᠦᠢᠯ ᠤᠨ ᠶᠠᠰᠤ ᠴᠢᠨᠠᠷ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠰᠣᠳᠣᠨ ᠢᠨᠵᠧᠨᠧᠷᠢᠩ ᠤᠨ ᠤᠬᠠᠮᠰᠠᠷ ᠢ ᠪᠤᠢ ᠪᠣᠯᠭᠠᠵᠤ᠂ ᠡᠯ᠎ᠡ ᠪᠠᠷᠢᠯᠭ᠎ᠠ ᠶᠢᠨ ᠪᠣᠭᠤᠮᠲᠠ ᠶᠢ ᠪᠠᠲᠤ ᠡᠵᠡᠮᠳᠡᠵᠦ᠂ ᠵᠠᠮ ᠢ | ᠠᠷᠠᠳ ᠤᠯᠠᠨ ᠤ ᠰᠠᠨᠠᠭ᠎ᠠ ᠠᠮᠤᠷ ᠵᠠᠮ ᠪᠣᠯᠭᠠᠨ ᠪᠠᠶᠢᠭᠤᠯᠬᠤ ᠬᠡᠷᠡᠭᠲᠡᠢ ᠭᠡᠵᠡᠢ᠃ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ | ᠴᠢᠩᠭᠠᠳᠬᠠᠵᠤ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠠᠷᠢᠯᠭ᠎ᠠ ᠶᠢᠨ ᠠᠵᠢᠯ ᠤᠨ ᠳᠤᠮᠳᠠᠬᠢ | ︽ᠲᠦᠭᠵᠢᠷᠡᠯ︾ ᠪᠣᠯᠤᠨ ︽ᠬᠦᠴᠢᠷ ᠠᠰᠠᠭᠤᠳᠠᠯ︾ ᠢ ᠬᠦᠴᠦᠯᠡᠨ ᠨᠡᠪᠲᠡᠷᠡᠭᠦᠯᠬᠦ ᠬᠡᠷᠡᠭᠲᠡᠢ᠃ ᠨᠣᠭᠤᠭᠠᠷᠠᠭᠤᠯᠤᠯᠲᠠ ᠶᠢᠨ ᠵᠢᠷᠤᠭ ᠲᠥᠯᠥᠪᠯᠡᠭᠡ ᠶᠢᠨ ᠪᠠᠷᠢᠮᠵᠢᠶ᠎ᠠ ᠶᠢ | ᠳᠡᠭᠡᠭᠰᠢᠯᠡᠭᠦᠯᠵᠦ᠂ ᠠᠷᠠᠳ ᠣᠯᠠᠨ ᠤ ᠶᠠᠪᠤᠵᠤ ᠰᠠᠭᠤᠬᠤ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠬᠡᠷᠡᠭᠲᠡᠶ᠃ ᠬᠤᠳᠠ ᠶᠢᠨ ᠬᠥᠭᠵᠢᠯᠲᠡ ᠶᠢᠨ ᠬᠡᠷᠡᠭᠴᠡᠭᠡ ᠳᠤ | ᠰᠠᠭᠤᠷᠢᠯᠠᠵᠤ᠂ ᠤᠯᠠᠨ ᠲᠦᠮᠡᠨ ᠤ ᠶᠠᠪᠤᠵᠤ ᠰᠠᠭᠤᠬᠤ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠮ ᠤᠨ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠢᠵᠢ ᠪᠦᠷᠢᠳᠦᠭᠰᠡᠨ ᠲᠥᠬᠦᠭᠡᠷᠦᠮᠵᠢ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠢᠭᠡ ᠶᠢ ᠪᠠᠶᠢᠭᠤᠯᠤᠨ | ᠪᠦᠲᠦᠭᠡᠵᠦ᠂ ᠨᠢᠭᠡ ᠬᠡᠰᠡᠭ ᠢ ᠳᠡᠭᠡᠭᠰᠢᠯᠡᠭᠦᠯᠵᠦ᠂ ᠨᠢᠭᠡ ᠬᠡᠰᠡᠭ ᠢ ᠨᠡᠪᠲᠡᠷᠡᠭᠦᠯᠬᠦ ᠬᠠᠷᠠᠯᠲᠠ ᠶᠢ ᠪᠡᠶᠡᠯᠡᠭᠦᠯᠬᠦ ᠬᠡᠷᠡᠭᠲᠡᠢ᠃ | ᠬᠠᠨ ᡁᠢ ᠶᠧ ᠴᠢᠬᠤᠯᠠᠴᠢᠯᠠᠭᠰᠠᠨ ᠨᠢ᠂ ᠵᠠᠮ ᠤᠨ ᠠᠰᠠᠭᠤᠳᠠᠯ ᠨᠢ ᠣᠯᠠᠨ ᠲᠦᠮᠡᠨ ᠤ ᠡᠳᠦᠷ ᠲᠤᠲᠤᠮ ᠤᠨ ᠶᠠᠪᠤᠵᠤ ᠰᠠᠭᠤᠬᠤ ᠪᠠ ᠠᠮᠢᠳᠤᠷᠠᠯ ᠤᠨ ᠶᠠᠰᠤ | ᠴᠢᠨᠠᠷ ᠲᠠᠢ ᠬᠤᠯᠪᠣᠭᠳᠠᠵᠤ ᠪᠠᠶᠢᠳᠠᠭ᠂ ᠡᠨᠡ ᠪᠣᠯ ᠠᠷᠠᠳ ᠤᠨ ᠠᠮᠢᠳᠤᠷᠠᠯ ᠤᠨ ᠴᠢᠬᠤᠯᠠ ᠶᠡᠭᠡ ᠠᠰᠠᠭᠤᠳᠠᠯ ᠮᠥᠨ᠃ ᠡᠷᠬᠡᠪᠰᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠬᠤ ᠬᠡᠷᠡᠭᠲᠡᠶ᠃ ᠤᠯᠠᠨ ᠲᠦᠮᠡᠨ ᠤ ᠬᠡᠷᠡᠭᠴᠡᠭᠡ ᠠᠴᠠ ᠡᠭᠦᠰᠬᠦ ᠶᠢ ᠢᠮᠠᠭᠲᠠ ᠪᠠᠷᠢᠮᠲᠠᠯᠠᠵᠤ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠᠷ | ᠠᠵᠢᠯ ᠤᠨ ᠦᠷ᠎ᠡ ᠪᠦᠲᠦᠮᠵᠢ ᠶᠢ ᠬᠡᠮᠵᠢᠬᠦ ᠪᠠᠷᠢᠮᠵᠢᠶ᠎ᠠ ᠪᠣᠯᠭᠠᠵᠤ᠂ ᠤᠯᠠᠨ ᠲᠦᠮᠡᠨ ᠤ ᠪᠣᠳᠠᠲᠠᠢ ᠠᠰᠢᠭ ᠲᠤᠰᠠ ᠪᠣᠯᠤᠨ ᠠᠮᠢᠳᠤᠷᠠᠯ ᠳᠤ ᠲᠦᠬᠦᠮ ᠦᠵᠡᠭᠦᠯᠬᠦ | ᠴᠢᠨᠠᠷ ᠢ ᠭᠦᠢᠴᠡᠳ ᠪᠣᠳᠣᠯᠬᠢᠯᠠᠵᠤ᠂ ᠤᠯᠠᠨ ᠲᠦᠮᠡᠨ ᠳᠤ ᠠᠮᠤᠷ ᠲᠦᠪᠰᠢᠨ᠂ ᠳᠥᠭᠦᠮ ᠳᠥᠲᠡ᠂ ᠲᠠᠭᠠᠯᠠᠮᠵᠢᠲᠠᠢ ᠶᠠᠪᠤᠵᠤ ᠰᠠᠭᠤᠬᠤ ᠣᠷᠴᠢᠨ ᠲᠣᠭᠤᠷᠢᠨ ᠢ ᠪᠤᠢ | ᠪᠣᠯᠭᠠᠵᠤ᠂ ᠤᠯᠠᠨ ᠲᠦᠮᠡᠨ ᠤ ᠠᠮᠢᠳᠤᠷᠠᠯ ᠤᠨ ᠶᠠᠰᠤ ᠴᠢᠨᠠᠷ ᠪᠣᠯᠤᠨ ᠵᠣᠯ ᠵᠢᠷᠭᠠᠯᠲᠤ ᠲᠦᠷᠦᠭᠳᠡᠯ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠬᠤᠳᠠ ᠶᠢᠨ | ᠲᠣᠭᠤᠷᠢᠭ ᠤᠨ ᠵᠠᠮ ᠤᠨ ᠲᠣᠣᠷ ᠢ ᠲᠡᠭᠦᠯᠳᠡᠷᠵᠢᠭᠦᠯᠬᠦ ᠶᠢ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠴᠢᠬᠤᠯᠠ ᠭᠠᠷᠳᠠᠴᠠ ᠪᠣᠯᠭᠠᠵᠤ᠂ ︽ᠪᠠᠶᠢᠭᠤᠯᠵᠤ | ᠪᠠᠶᠢᠭ᠎ᠠ ᠵᠠᠮ︾ ᠢ ᠲᠦᠷᠭᠡᠨ ᠠᠬᠢᠭᠤᠯᠵᠤ᠂ ︽ᠮᠤᠬᠤᠷ ᠵᠠᠮ︾ ᠢ ᠪᠦᠬᠦ ᠬᠦᠴᠦᠨ ᠢᠶᠠᠷ ᠢᠶᠠᠨ ᠨᠡᠪᠲᠡᠷᠡᠭᠦᠯᠵᠦ᠂ ︽ᠰᠢᠨ᠎ᠡ ᠵᠠᠮ ᠵᠠᠰᠠᠬᠤ︾ ᠶᠢ ᠢᠳᠡᠪᠬᠢᠲᠡᠢ | ᠰᠦᠪᠡᠭᠴᠢᠯᠡᠵᠦ᠂ ᠬᠤᠳᠠ ᠶᠢᠨ ᠵᠠᠮ ᠤᠨ ᠲᠣᠣᠷ ᠤᠨ ᠰᠢᠰᠲ᠋ᠧᠮ ᠢ ᠴᠢᠨᠠᠭᠰᠢᠳᠠ ᠲᠡᠭᠦᠯᠳᠡᠷᠵᠢᠭᠦᠯᠵᠦ᠂ ᠬᠤᠳᠠ ᠶᠢᠨ ᠵᠠᠮ ᠤᠨ ᠲᠣᠣᠷ ᠢ ᠨᠡᠩ ᠲᠡᠭᠦᠯᠳᠡᠷᠵᠢᠭᠦᠯᠵᠦ᠂ | ᠤᠯᠠᠨ ᠲᠦᠮᠡᠨ ᠤ ᠶᠠᠪᠤᠵᠤ ᠰᠠᠭᠤᠬᠤ ᠳᠤ ᠨᠡᠩ ᠲᠦᠬᠦᠮ ᠪᠣᠯᠭᠠᠬᠤ ᠬᠡᠷᠡᠭᠲᠡᠢ᠃ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠢᠯᠡᠴᠢᠯᠡᠭᠡᠨ ᠤ ᠲᠥᠪ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠶᠢᠴᠠᠭᠠᠨ | ᠰᠤᠳᠤᠯᠤᠯᠲᠠ ᠳᠤ ᠣᠷᠣᠯᠴᠠᠵᠠᠶ᠃ | | |