ᠱᠤᠸᠠᠩ ᠮᠢᠶᠣᠣ ᠪᠠᠯᠭᠠᠰᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2025/1/6
      ᠤᠢᠢᠷ᠎ᠠ ᠶᠢᠨ ᠡᠳᠦᠷ᠂ ᠱᠤᠸᠠᠩ ᠮᠢᠶᠣᠣ ᠪᠠᠯᠭᠠᠰᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠲᠣᠰᠬᠤᠨ ᠤ ᠳᠦᠷᠰᠦ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠵᠤ᠂ ᠬᠥᠳᠡᠭᠡ ᠲᠣᠰᠬᠤᠨ ᠤ ︽ᠵᠢᠰᠦ ᠴᠢᠷᠠᠢ︾ ᠶᠢ ᠲᠠᠰᠤᠷᠠᠯᠲᠠ ᠦᠭᠡᠢ ᠰᠢᠨᠡᠳᠬᠡᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠨᠡᠩ ᠡᠶ᠎ᠡ ᠨᠠᠶᠢᠷᠲᠠᠢ ᠪᠣᠯᠭᠠᠵᠤ᠂ ᠦᠵᠡᠰᠬᠦᠯᠡᠩᠲᠦ ᠰᠠᠶᠢᠬᠠᠨ ᠬᠤᠣᠰ ᠰᠦᠮ᠎ᠡ ᠶᠢᠨ ᠰᠢᠨ᠎ᠡ ᠵᠢᠷᠤᠭ ᠳᠦᠷᠰᠦ ᠠᠭᠠᠵᠢᠮ ᠢᠶᠠᠷ ᠳᠡᠯᠭᠡᠭᠳᠡᠵᠦ ᠪᠠᠶᠢᠨ᠎ᠠ᠃     ᠵᠢᠢ ᠹᠧᠩ ᠲᠣᠰᠬᠤᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠲᠣᠰᠬᠤᠨ ᠤ ᠠᠷᠠᠳ ᠥᠪᠡᠷ ᠤᠨ ᠭᠡᠷ ᠤᠨ ᠡᠮᠦᠨ᠎ᠡ ᠬᠤᠶᠢᠨᠠᠬᠢ ᠡᠯᠳᠡᠪ ᠡᠪᠡᠰᠦ ᠡᠯᠳᠡᠪ ᠪᠣᠳᠠᠰ ᠢ ᠤᠬᠠᠮᠰᠠᠷ ᠠᠴᠠ ᠪᠠᠨ ᠴᠡᠪᠡᠷᠯᠡᠵᠦ᠂ ᠠᠷᠢᠭᠤᠨ ᠴᠡᠪᠡᠷ᠂ ᠴᠡᠪᠡᠷ ᠴᠡᠮᠴᠡᠭᠡᠷ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠪᠠ᠃
1.png
      ᠵᠢᠶᠠᠨ ᠽᠢ ᠳ᠋ᠢ ᠲᠣᠰᠬᠤᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠨᠠᠮ ᠤᠨ ᠭᠡᠰᠢᠭᠦᠨ᠂ ᠰᠠᠶᠢᠨ ᠳᠤᠷ᠎ᠠ ᠶᠢᠨ ᠦᠢᠯᠡᠴᠢᠯᠡᠭᠴᠢ᠂ ᠤᠯᠠᠨ ᠲᠦᠮᠡᠨ ᠭᠠᠷ ᠠᠳᠬᠤᠨ ᠴᠡᠪᠡᠷᠯᠡᠬᠦ ᠪᠠᠭᠠᠵᠢ ᠬᠡᠷᠡᠭᠰᠡᠯ ᠢ ᠠᠳᠬᠤᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠬᠥᠳᠡᠭᠡ ᠲᠣᠰᠬᠤᠨ ᠤ ᠡᠷᠡᠭᠦᠯ ᠬᠠᠮᠠᠭᠠᠯᠠᠯ ᠤᠨ ᠲᠦᠪᠰᠢᠨ ᠢ ᠳᠡᠭᠡᠭᠰᠢᠯᠡᠭᠦᠯᠵᠦ᠂ ᠴᠡᠪᠡᠷ ᠴᠡᠮᠴᠡᠭᠡᠷ ᠦᠵᠡᠰᠬᠦᠯᠡᠩᠲᠦ ᠰᠠᠶᠢᠬᠠᠨ ᠲᠣᠰᠬᠤᠨ ᠤ ᠣᠷᠴᠢᠨ ᠲᠣᠭᠤᠷᠢᠨ ᠢ ᠪᠤᠢ ᠪᠣᠯᠭᠠᠪᠠ᠃
2.png
3.png
      ᠰᠢᠨ᠎ᠡ ᠪᠠᠷ ᠪᠠᠶᠢᠭᠤᠯᠤᠭᠰᠠᠨ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠨᠠᠮ ᠤᠨ ᠭᠡᠰᠢᠭᠦᠨ᠂ ᠤᠯᠠᠨ ᠲᠦᠮᠡᠨ ᠬᠠᠮᠲᠤᠪᠠᠷ ᠲᠣᠰᠬᠤᠨ ᠳᠤᠭᠤᠶᠢᠯᠠᠩ ᠤᠨ ᠭᠤᠳᠤᠮᠵᠢ ᠶᠢᠨ ᠵᠠᠮ᠂ ᠭᠡᠷ ᠤᠨ ᠡᠮᠦᠨ᠎ᠡ ᠬᠤᠶᠢᠨᠠᠬᠢ ᠡᠯᠳᠡᠪ ᠡᠪᠡᠰᠦ ᠮᠣᠳᠣᠨ ᠤ ᠨᠠᠪᠴᠢ᠂ ᠬᠤᠭ ᠨᠣᠪᠰᠢ ᠵᠡᠷᠭᠡ ᠶᠢ ᠴᠡᠪᠡᠷᠯᠡᠵᠦ᠂ ᠲᠣᠰᠬᠤᠨ ᠤ ᠳᠦᠷᠰᠦ ᠪᠠᠶᠢᠳᠠᠯ ᠢ ᠲᠠᠰᠤᠷᠠᠯᠲᠠ ᠦᠭᠡᠢ ᠰᠠᠶᠢᠵᠢᠷᠠᠭᠤᠯᠪᠠ᠃
4.png
      ᠡᠯ ᡁᠢ ᠲᠣᠰᠬᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠭᠤᠳᠤᠮᠵᠢ ᠶᠢᠨ ᠬᠤᠰᠢᠭᠤᠴᠢ᠂ ᠲᠣᠰᠬᠤᠨ ᠤ ᠠᠷᠠᠳ ᠭᠤᠣᠯ ᠵᠠᠮ᠂ ᠨᠣᠭᠤᠭᠠᠷᠠᠭᠤᠯᠤᠯᠲᠠ ᠶᠢᠨ ᠪᠦᠰᠡ᠂ ᠲᠣᠰᠬᠤᠨ ᠤ ᠡᠷᠬᠢᠨ ᠲᠣᠭᠤᠷᠢᠨ ᠤ ᠬᠤᠭ ᠨᠣᠪᠰᠢ ᠶᠢ ᠪᠦᠬᠦ ᠲᠠᠯ᠎ᠠ ᠪᠠᠷ ᠴᠡᠪᠡᠷᠯᠡᠵᠦ᠂ ᠴᠡᠪᠡᠷ ᠲᠣᠬᠢᠯᠢᠭ ᠬᠥᠳᠡᠭᠡ ᠲᠣᠰᠬᠤᠨ ᠤ ᠣᠷᠴᠢᠨ ᠲᠣᠭᠤᠷᠢᠨ ᠢ ᠪᠤᠢ ᠪᠣᠯᠭᠠᠪᠠ᠃
5.png
6.png
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ