ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠬᠠᠩᠭᠢᠨ ᠬᠤᠶᠢᠲᠤ ᠬᠤᠰᠢᠭᠤᠨ ᠤ ᠭᠠᠵᠠᠷ ᠳᠣᠤᠷᠠᠬᠢ ᠤᠰᠤᠨ ᠤ ᠲᠠᠷᠢᠶᠠᠯᠠᠩ ᠤᠨ ᠤᠰᠤᠯᠠᠯᠲᠠ ᠶᠢᠨ ᠤᠰᠤᠨ ᠤ ᠰᠦᠢᠳᠬᠡᠯ ᠢ ᠬᠤᠷᠢᠶᠠᠬᠤ ᠠᠷᠭ᠎ᠠ︾  ᠶᠢᠨ ᠲᠤᠬᠠᠢ ᠪᠢᠴᠢᠭ ᠮᠠᠲ᠋ᠧᠷᠢᠶᠠᠯ
ᠨᠡᠶᠢᠲᠡᠯᠡᠭᠰᠡᠨ ᠴᠠᠭ᠄
2025/1/7
ᠡᠯ᠎ᠡ ᠪᠠᠯᠭᠠᠰᠤ᠂ ᠲᠠᠢ ᠶᠠᠩ ᠮᠢᠶᠣᠣ ᠲᠠᠷᠢᠶᠠᠯᠠᠩ ᠤᠨ ᠲᠠᠯᠠᠪᠠᠢ ᠶᠢᠨ ᠬᠢᠵᠠᠭᠠᠷᠲᠤ ᠺᠣᠮᠫᠠᠨᠢ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠰᠢᠭᠤᠨ ᠳᠤ ᠰᠠᠭᠤᠭ᠎ᠠ ᠡᠯ᠎ᠡ ᠨᠢᠭᠡᠴᠡ ᠳᠤ᠄      ︽ᠬᠠᠩᠭᠢᠨ ᠬᠤᠶᠢᠲᠤ ᠬᠤᠰᠢᠭᠤᠨ ᠤ ᠭᠠᠵᠠᠷ ᠳᠣᠤᠷᠠᠬᠢ ᠤᠰᠤᠨ ᠤ ᠲᠠᠷᠢᠶᠠᠯᠠᠩ ᠤᠨ ᠤᠰᠤᠯᠠᠯᠲᠠ ᠶᠢᠨ ᠤᠰᠤᠨ ᠤ ᠰᠦᠢᠳᠬᠡᠯ ᠢ ᠬᠤᠷᠢᠶᠠᠬᠤ ᠠᠷᠭ᠎ᠠ︾ ᠶᠢ ᠬᠤᠰᠢᠭᠤᠨ ᠤ ᠵᠠᠰᠠᠭ ᠤᠨ ᠣᠷᠳᠣᠨ ᠢᠶᠠᠷ ᠰᠤᠳᠤᠯᠤᠨ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ᠃                            ᠬᠠᠩᠭᠢᠨ ᠬᠤᠶᠢᠲᠤ ᠬᠤᠰᠢᠭᠤᠨ ᠤ ᠭᠠᠵᠠᠷ ᠳᠣᠤᠷᠠᠬᠢ ᠤᠰᠤᠨ ᠤ ᠲᠠᠷᠢᠶᠠᠯᠠᠩ ᠤᠨ                                ᠤᠰᠤᠯᠠᠯᠲᠠ ᠶᠢᠨ ᠤᠰᠤᠨ ᠤ ᠰᠦᠢᠳᠬᠡᠯ ᠢ ᠬᠤᠷᠢᠶᠠᠬᠤ ᠠᠷᠭ᠎ᠠ      ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ ᠂ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠶᠢ ᠵᠠᠰᠠᠬᠤ ᠴᠢᠭᠯᠡᠯᠲᠡ ᠶᠢ ᠪᠠᠷᠢᠮᠲᠠᠯᠠᠵᠤ᠂ ᠭᠠᠵᠠᠷ ᠳᠣᠤᠷᠠᠬᠢ ᠤᠰᠤ ᠶᠢ ᠦᠷᠭᠦᠯᠵᠢᠯᠡᠨ ᠠᠰᠢᠭᠯᠠᠬᠤ ᠪᠠᠷ ᠬᠠᠷᠠᠯᠲᠠ ᠪᠣᠯᠭᠠᠨ᠂ ᠬᠡᠷᠡᠭᠯᠡᠭᠴᠢᠳ ᠤᠨ ᠤᠰᠤ ᠠᠷᠪᠢᠯᠠᠬᠤ ᠤᠬᠠᠮᠰᠠᠷ ᠢ ᠳᠡᠭᠡᠭᠰᠢᠯᠡᠭᠦᠯᠵᠦ᠂ ᠦᠨ᠎ᠡ ᠬᠠᠩᠰᠢ ᠶᠢᠨ ᠬᠥᠰᠢᠭᠦᠷᠭᠡ ᠶᠢᠨ ᠦᠶ᠋ᠯᠡᠳᠦᠯ ᠢ ᠠᠰᠢᠭᠯᠠᠨ ᠤᠰᠤ ᠠᠷᠪᠢᠯᠠᠬᠤ ᠶᠢ ᠠᠬᠢᠭᠤᠯᠵᠤ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠨ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠬᠤᠷᠢᠭᠯᠠᠵᠤ᠂ ᠤᠰᠤᠨ ᠤ ᠣᠷᠴᠢᠨ ᠲᠣᠭᠤᠷᠢᠨ ᠤ ᠠᠮᠤᠷ ᠲᠦᠪᠰᠢᠨ ᠢ ᠦᠷᠭᠦᠯᠵᠢᠯᠡᠨ ᠠᠬᠢᠭᠤᠯᠵᠤ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠦᠷᠭᠦᠯᠵᠢᠯᠡᠬᠦ ᠴᠢᠨᠠᠷ ᠰᠠᠶᠢᠲᠠᠶ ᠬᠥᠭᠵᠢᠯᠲᠡ ᠶᠢ ᠬᠦᠴᠦᠲᠡᠶ ᠲᠤᠯᠭᠠᠭᠤᠷᠢᠯᠠᠪᠠ᠃      ᠬᠤᠶᠠᠷ᠂ ᠦᠨᠳᠦᠰᠦᠨ ᠵᠠᠷᠴᠢᠮ      ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ᠂ ᠨᠣᠷᠮ᠎ᠠ ᠲᠣᠭᠲᠠᠭᠠᠨ ᠬᠠᠮᠢᠶᠠᠷᠬᠤ ᠶᠢ ᠪᠠᠷᠢᠮᠲᠠᠯᠠᠨ᠎ᠠ᠃ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠤᠰᠤ ᠬᠡᠷᠡᠭᠯᠡᠵᠦ ᠰᠦᠢᠳᠬᠡᠯ ᠲᠤᠰᠢᠶᠠᠬᠤ ᠶᠢ ᠨᠠᠶᠢᠳᠠᠪᠤᠷᠢᠵᠢᠭᠤᠯᠤᠨ᠂ ᠲᠣᠭᠲᠠᠭᠰᠠᠨ ᠨᠤᠷᠮ᠎ᠠ ᠠᠴᠠ ᠬᠡᠲᠦᠷᠡᠭᠦᠯᠦᠨ ᠠᠬᠢᠭᠤᠯᠤᠨ ᠪᠤᠳᠤᠵᠤ ᠦᠨ᠎ᠡ ᠨᠡᠮᠡᠬᠦ ᠳᠦᠷᠢᠮ ᠢ ᠨᠠᠶᠢᠳᠠᠪᠤᠷᠢᠵᠢᠭᠤᠯᠤᠨ᠎ᠠ᠃      ᠤᠰᠤ ᠠᠴᠠ ᠠᠪᠴᠤ᠂ ᠤᠰᠤ ᠳᠤ ᠬᠡᠷᠡᠭᠯᠡᠬᠦ ᠶᠢ ᠪᠠᠷᠢᠮᠲᠠᠯᠠᠬᠤ ᠬᠡᠷᠡᠭᠲᠡᠶ᠃ ᠤᠰᠤᠨ ᠤ ᠰᠦᠢᠳᠬᠡᠯ ᠬᠤᠷᠢᠶᠠᠬᠤ ᠶᠢ ᠭᠤᠤᠯᠳᠠᠭᠤ ᠬᠤᠳᠳᠤᠭ ᠤᠨ ᠤᠰᠤᠯᠠᠯᠲᠠ ᠶᠢᠨ ᠣᠷᠣᠨ ᠤ ᠰᠠᠶᠢᠨ ᠰᠠᠶᠢᠬᠠᠨ ᠠᠵᠢᠯᠯᠠᠭᠠᠨ ᠤ ᠬᠠᠮᠢᠶᠠᠷᠤᠯᠲᠠ ᠪᠣᠯᠤᠨ ᠬᠠᠮᠠᠭᠠᠯᠠᠯᠲᠠ ᠳᠤ ᠬᠡᠷᠡᠭᠯᠡᠵᠦ᠂ ᠲᠠᠷᠢᠶᠠᠯᠠᠩ ᠤᠨ ᠤᠰᠤ ᠠᠷᠪᠢᠯᠠᠬᠤ ᠪᠠ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠰᠠᠶᠢᠨ ᠠᠵᠢᠯᠯᠠᠭᠠᠨ ᠢ ᠪᠠᠲᠤᠯᠠᠬᠤ ᠬᠡᠷᠡᠭᠲᠡᠶ᠃      ᠢᠯᠡ ᠲᠣᠳᠣ᠂ ᠯᠠᠪᠳᠠᠭᠤᠨ ᠪᠠᠲᠤ ᠲᠠᠢ ᠠᠬᠢᠭᠤᠯᠬᠤ ᠶᠢ ᠪᠠᠷᠢᠮᠲᠠᠯᠠᠵᠤ᠃ ᠡᠯ᠎ᠡ ᠪᠠᠯᠭᠠᠰᠤᠨ ᠤ ᠲᠠᠷᠢᠶᠠᠯᠠᠩ ᠤᠨ ᠲᠠᠯᠠᠪᠠᠢ ᠵᠢᠴᠢ ᠬᠥᠭᠵᠢᠭᠦᠯᠦᠯᠲᠡ ᠥᠭᠡᠷᠡᠴᠢᠯᠡᠯᠲᠡ᠂ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ ᠤᠳ ᠬᠤᠳᠳᠤᠭ ᠤᠨ ᠤᠰᠤᠯᠠᠯᠲᠠ ᠶᠢᠨ ᠣᠷᠣᠨ ᠤ ᠲᠠᠷᠢᠶᠠᠯᠠᠩ ᠤᠨ ᠤᠰᠤ ᠬᠡᠷᠡᠭᠯᠡᠬᠦ ᠳᠤ ᠰᠦᠢᠳᠬᠡᠯ ᠬᠤᠷᠢᠶᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠰᠠᠶᠢᠲᠤᠷ ᠬᠢᠬᠦ ᠶᠢ ᠬᠠᠷᠢᠭᠤᠴᠠᠵᠤ᠂ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠨ᠂ ᠲᠠᠷᠢᠶᠠᠯᠠᠩ ᠤᠨ ᠤᠰᠤ ᠠᠷᠪᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠶ ᠪᠠᠷ ᠪᠤᠢ ᠪᠣᠯᠭᠠᠨ᠎ᠠ᠃      ᠭᠤᠷᠪᠠ᠂ ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠰᠦᠢᠳᠬᠡᠯ ᠢ ᠲᠠᠲᠠᠪᠤᠷᠢᠯᠠᠬᠤ ᠬᠠᠮᠢᠶᠠᠷᠤᠯᠲᠠ ᠶᠢᠨ ᠲᠦᠷᠢᠮ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 776 ᠳ᠋ᠤᠭᠠᠷ ᠲᠣᠭᠠᠲᠤ︶᠂ ︽ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠤᠨ ᠲᠦᠷᠢᠮ ᠢ ᠬᠡᠷᠡᠭᠵᠢᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠪ ᠠᠯᠪᠠᠨ ᠲᠠᠷᠬᠠᠭᠠᠭᠰᠠᠨ ﹇2020﹈ 27 ᠳ᠋ᠤᠭᠠᠷ ᠲᠣᠭᠠᠲᠤ︶᠂ ︽ᠪᠠᠶᠠᠨᠨᠠᠭᠤᠷ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠪᠠᠶᠠᠨᠨᠠᠭᠤᠷ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠮᠡᠳᠡᠭᠳᠡᠯ︾ ︵ᠪᠠᠶᠠᠨᠨᠠᠭᠤᠷ ᠬᠤᠲᠠ ᠶᠢᠨ 2023 ᠣᠨ ᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠵᠢᠯᠣᠭᠤᠳᠬᠤ ᠰᠠᠨᠠᠯ︾ ︵ᠬᠠᠩᠭᠢᠨ ᠤᠰᠤᠨ ᠥᠰᠥᠭ ﹇2020﹈ 146 ᠳ᠋ᠤᠭᠠᠷ ᠲᠣᠭᠠᠲᠤ︶ ᠵᠡᠷᠭᠡ ᠬᠠᠤᠯᠢ ᠲᠣᠭᠲᠠᠭᠠᠯ ᠤᠨ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠲᠣᠰ ᠠᠷᠭ᠎ᠠ ᠶᠢ ᠨᠠᠶᠢᠷᠠᠭᠤᠯᠤᠨ ᠵᠣᠬᠢᠶᠠᠪᠠ᠃      ᠳᠥᠷᠪᠡ᠂ ᠤᠰᠤ ᠬᠡᠷᠡᠭᠯᠡᠬᠦ ᠨᠣᠷᠮ᠎ᠠ ᠶᠢ ᠲᠣᠭᠲᠠᠭᠠᠬᠤ      ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠪᠥᠬᠦ ᠬᠤᠰᠢᠭᠤᠨ ᠤ ᠭᠠᠵᠠᠷ ᠳᠣᠤᠷᠠᠬᠢ ᠤᠰᠤ ᠶᠢ ᠠᠰᠢᠭᠯᠠᠬᠤ ᠭᠦᠶ᠋ᠴᠡᠳᠬᠡᠯ ᠲᠤᠭ᠎ᠠ ᠶᠣᠰᠣᠭᠠᠷ ᠠᠵᠤ ᠦᠶ᠋ᠯᠡᠳᠪᠦᠷᠢ᠂ ᠠᠮᠢᠳᠤᠷᠠᠯ᠂ ᠮᠠᠯ ᠵᠢᠭᠦᠷᠲᠡᠨ ᠪᠠ ᠠᠮᠢ ᠠᠬᠤᠶ ᠶᠢ ᠲᠣᠬᠢᠷᠠᠭᠤᠯᠤᠭᠰᠠᠨ ᠤᠰᠤᠨ ᠤ ᠬᠡᠮᠵᠢᠶ᠎ᠡ ᠶᠢ ᠬᠠᠰᠤᠵᠤ᠂ ᠪᠤᠰᠤᠳ ᠭᠠᠵᠠᠷ ᠳᠣᠤᠷᠠᠬᠢ ᠤᠰᠤᠨ ᠤ ᠭᠦᠶ᠋ᠴᠡᠳᠬᠡᠯ ᠲᠤᠭ᠎ᠠ ᠶᠢ 3203 ᠲᠦᠮᠡᠨ ᠪᠣᠰᠤᠭ᠎ᠠ ᠳᠥᠷᠪᠡᠯᠵᠢᠨ ᠮᠧᠳ᠋ᠷ ᠲᠠᠷᠢᠶᠠᠯᠠᠩ ᠤᠨ ᠤᠰᠤᠯᠠᠯᠲᠠ ᠶᠢᠨ ᠠᠩᠬᠠᠨ ᠤ ᠤᠰᠤᠨ ᠤ ᠡᠷᠬᠡ ᠪᠣᠯᠭᠠᠵᠤ᠂ ᠲᠠᠷᠢᠶᠠᠯᠠᠩ ᠤᠨ ᠤᠰᠤᠯᠠᠯᠲᠠ ᠶᠢᠨ ᠲᠠᠯᠠᠪᠠᠶ ᠶᠢᠨ ︽ᠲᠦᠢᠯᠪᠤᠷᠢᠳᠠᠢ ᠡᠬᠢᠯᠡᠬᠦ︾ ᠬᠤᠳᠳᠤᠭ ᠤᠨ ᠤᠰᠤᠯᠠᠯᠲᠠ ᠶᠢᠨ ᠲᠠᠯᠠᠪᠠᠶ ᠶᠢ 18.55 ᠲᠦᠮᠡᠨ ᠮᠥ ᠪᠠᠷ ᠰᠠᠭᠤᠷᠢ ᠲᠤᠭ᠎ᠠ ᠪᠣᠯᠭᠠᠵᠤ᠂ ᠮᠥ ᠪᠦᠷᠢ ᠶᠢᠨ ᠬᠡᠷᠡᠭᠯᠡᠬᠦ ᠤᠰᠤᠨ ᠤ ᠬᠡᠮᠵᠢᠶ᠎ᠡ ᠶᠢ 173 ᠪᠣᠰᠤᠭ᠎ᠠ ᠳᠥᠷᠪᠡᠯᠵᠢᠨ ᠮᠧᠳ᠋ᠷ ᠢᠶᠠᠷ ᠲᠣᠭᠲᠠᠭᠰᠠᠨ ᠤᠰᠤᠨ ᠤ ᠬᠡᠮᠵᠢᠶ᠎ᠡ ᠪᠣᠯᠭᠠᠨ᠎ᠠ᠃ ᠬᠡᠷᠡᠭᠯᠡᠭᠡᠨ ᠤ ᠤᠰᠤᠨ ᠤ ᠬᠡᠮᠵᠢᠶ᠎ᠡ ᠶᠢ ᠲᠣᠭᠲᠠᠭᠠᠭᠰᠠᠨ ᠲᠣᠭᠠᠨ ᠤ ᠳᠣᠲᠣᠷ᠎ᠠ ᠦᠨᠳᠦᠰᠦᠨ ᠤᠰᠤᠨ ᠤ ᠦᠨ᠎ᠡ ᠶᠢᠨ ᠰᠦᠢᠳᠬᠡᠯ ᠬᠤᠷᠢᠶᠠᠬᠤ ᠶᠢ ᠬᠡᠷᠡᠭᠵᠢᠭᠦᠯᠦᠨ᠎ᠡ᠃ ᠲᠣᠭᠲᠠᠭᠰᠠᠨ ᠨᠣᠷᠮ᠎ᠠ ᠠᠴᠠ ᠬᠡᠲᠦᠷᠡᠭᠦᠯᠦᠨ ᠤᠰᠤ ᠬᠡᠷᠡᠭᠯᠡᠭᠰᠡᠨ ᠪᠣᠯ᠂ ᠲᠣᠭᠲᠠᠭᠰᠠᠨ ᠨᠣᠷᠮ᠎ᠠ ᠠᠴᠠ ᠬᠡᠲᠦᠷᠡᠭᠰᠡᠨ ᠬᠡᠰᠡᠭ ᠲᠤ ᠦᠨ᠎ᠡ ᠨᠡᠮᠡᠵᠦ ᠣᠷᠣᠭᠤᠯᠤᠨ ᠰᠦᠢᠳᠭᠡᠯ ᠬᠤᠷᠢᠶᠠᠨ᠎ᠠ᠃      ᠲᠠᠪᠤ᠂ ᠤᠰᠤᠨ ᠤ ᠰᠦᠢᠳᠬᠡᠯ ᠲᠠᠲᠠᠪᠤᠷᠢᠯᠠᠬᠤ ᠪᠠᠷᠢᠮᠵᠢᠶ᠎ᠠ      ︽ᠬᠠᠩᠭᠢᠨ ᠬᠤᠶᠢᠲᠤ ᠬᠤᠰᠢᠭᠤᠨ ᠤ ᠲᠠᠷᠢᠶᠠᠯᠠᠩ ᠤᠨ ᠭᠠᠵᠠᠷ ᠳᠣᠤᠷᠠᠬᠢ ᠤᠰᠤᠨ ᠤ ᠤᠰᠤᠯᠠᠯᠲᠠ ᠶᠢᠨ ᠤᠰᠤᠨ ᠤ ᠦᠨ᠎ᠡ ᠶᠢ ᠲᠥᠰᠦᠭᠡᠯᠡᠨ ᠪᠣᠳᠣᠭᠰᠠᠨ ᠮᠡᠳᠡᠭᠦᠯᠦᠯᠲᠡ︾ ᠶᠢ ᠦᠨᠳᠦᠰᠦᠯᠡᠪᠡᠯ᠂ ᠡᠯ᠎ᠡ ᠪᠠᠯᠭᠠᠰᠤ ᠲᠠᠯᠠᠪᠠᠶ ᠶᠢᠨ ᠬᠤᠳᠳᠤᠭ ᠤᠨ ᠤᠰᠤᠯᠠᠯᠲᠠ ᠶᠢᠨ ᠵᠥᠪᠳᠡᠯᠴᠡᠨ ᠦᠨ᠎ᠡ ᠲᠣᠭᠲᠠᠭᠠᠭᠰᠠᠨ ᠦᠷ᠎ᠡ ᠳ᠋ᠦᠩ ᠵᠢᠴᠢ ᠲᠠᠷᠢᠶᠠᠴᠢᠳ ᠤᠨ ᠳᠠᠭᠠᠭᠠᠬᠤ ᠴᠢᠳᠠᠪᠤᠷᠢ ᠲᠠᠢ ᠤᠶᠠᠯᠳᠤᠭᠤᠯᠤᠨ᠂ ᠲᠠᠷᠢᠶᠠᠯᠠᠩ ᠤᠨ ᠬᠤᠳᠳᠤᠭ ᠤᠨ ᠤᠰᠤᠯᠠᠯᠲᠠ ᠶᠢᠨ ᠤᠰᠤ ᠬᠡᠷᠡᠭᠯᠡᠬᠦ ᠬᠠᠮᠤᠭ ᠤᠨ ᠳᠣᠤᠷ᠎ᠠ ᠠᠵᠢᠯᠯᠠᠭᠠᠨ ᠤ ᠥᠪᠡᠷ ᠤᠨ ᠥᠷᠲᠡᠭ ᠢ 0.365 ᠲᠥᠭᠦᠷᠢᠭ / ᠪᠣᠰᠤᠭ᠎ᠠ ᠳᠥᠷᠪᠡᠯᠵᠢᠨ ᠮᠧᠳ᠋ᠷ ᠪᠣᠯᠭᠠᠬᠤ ᠪᠠᠷ ᠲᠣᠭᠲᠠᠭᠠᠪᠠ᠃ ᠲᠣᠰ ᠦᠨ᠎ᠡ ᠲᠣᠭᠲᠠᠭᠠᠬᠤ ᠳᠤ ᠡᠳᠦᠷ ᠲᠤᠲᠤᠮ ᠤᠨ ᠰᠡᠯᠪᠢᠨ ᠵᠠᠰᠠᠬᠤ ᠠᠷᠠᠴᠢᠯᠠᠨ ᠬᠠᠮᠠᠭᠠᠯᠠᠬᠤ ᠵᠠᠷᠤᠳᠠᠯ᠂ ᠬᠥᠳᠡᠯᠭᠡᠬᠦ ᠬᠦᠴᠦᠨ ᠤ ᠴᠠᠬᠢᠯᠭᠠᠨ ᠤ ᠵᠠᠷᠤᠳᠠᠯ ᠪᠠ ᠠᠵᠢᠯᠲᠠᠨ ᠤ ᠵᠠᠷᠤᠳᠠᠯ ᠪᠠᠭᠲᠠᠨ᠎ᠠ᠃      ︽ᠤᠰᠤ ᠢᠯᠡᠭᠦᠦ ᠬᠡᠷᠡᠭᠯᠡᠪᠡᠯ ᠢᠯᠡᠭᠦᠦ ᠵᠠᠷᠤᠳᠠᠯ ᠲᠤᠰᠢᠶᠠᠬᠤ︾ ᠵᠠᠷᠴᠢᠮ ᠶᠣᠰᠣᠭᠠᠷ᠂ ᠲᠣᠭᠲᠠᠭᠰᠠᠨ ᠲᠣᠭᠠᠨ ᠤ ᠳᠣᠲᠣᠷᠠᠬᠢ ᠤᠰᠤ ᠬᠡᠷᠡᠭᠯᠡᠬᠦ ᠬᠡᠮᠵᠢᠶ᠎ᠡ ᠪᠠᠷ ᠰᠠᠭᠤᠷᠢ ᠪᠠᠷᠢᠮᠵᠢᠶ᠎ᠠ ᠪᠣᠯᠭᠠᠵᠤ᠂ ᠲᠣᠭᠲᠠᠭᠰᠠᠨ ᠨᠤᠷᠮ᠎ᠠ ᠠᠴᠠ ᠳᠠᠪᠠᠭᠤᠯᠤᠨ ᠤᠰᠤ ᠬᠡᠷᠡᠭᠯᠡᠬᠦ ᠶᠢ ᠠᠬᠢᠭᠤᠯᠤᠨ ᠪᠣᠳᠣᠵᠤ ᠦᠨ᠎ᠡ ᠨᠡᠮᠡᠬᠦ ᠳᠦᠷᠢᠮ ᠢ ᠬᠡᠷᠡᠭᠵᠢᠭᠦᠯᠦᠨ᠎ᠡ᠃ ᠦᠨ᠎ᠡ ᠨᠡᠮᠡᠬᠦ ᠪᠠᠷᠢᠮᠵᠢᠶ᠎ᠠ᠄ ᠲᠣᠭᠲᠠᠭᠰᠠᠨ ᠨᠤᠷᠮ᠎ᠠ ᠠᠴᠠ ᠬᠡᠲᠦᠷᠡᠭᠦᠯᠦᠨ ᠤᠰᠤ ᠬᠡᠷᠡᠭᠯᠡᠭᠰᠡᠨ ᠨᠢ 20% ︵ᠪᠠᠭᠲᠠᠨ᠎ᠠ︶ ᠤᠨ ᠳᠣᠲᠣᠷ᠎ᠠ ᠪᠠᠶᠢᠪᠠᠯ᠂ ᠤᠤᠯ ᠤᠨ ᠵᠠᠷᠤᠳᠠᠯ ᠤᠨ ᠲᠤᠭ᠎ᠠ ᠶᠢᠨ ᠪᠠᠷᠢᠮᠵᠢᠶ᠎ᠠ ᠶᠢᠨ ᠰᠠᠭᠤᠷᠢᠨ ᠳᠡᠭᠡᠷ᠎ᠡ 0.5 ᠳᠠᠬᠢᠨ ᠢᠶᠠᠷ ᠨᠡᠮᠡᠵᠦ ᠲᠠᠲᠠᠪᠤᠷᠢᠯᠠᠨ᠎ᠠ︔ ᠲᠣᠭᠲᠠᠭᠠᠭᠰᠠᠨ ᠲᠤᠭ᠎ᠠ ᠠᠴᠠ ᠬᠡᠲᠦᠷᠡᠭᠦᠯᠦᠨ ᠤᠰᠤ ᠬᠡᠷᠡᠭᠯᠡᠭᠰᠡᠨ ᠨᠢ 20%-50% ︵ᠪᠠᠭᠲᠠᠨ᠎ᠠ︶ ᠪᠠᠷ ᠨᠡᠮᠡᠵᠦ ᠲᠠᠲᠠᠪᠤᠷᠢᠯᠠᠨ᠎ᠠ︔ ᠤᠤᠯ ᠤᠨ ᠵᠠᠷᠤᠳᠠᠯ ᠤᠨ ᠲᠤᠭ᠎ᠠ ᠶᠢᠨ ᠪᠠᠷᠢᠮᠵᠢᠶ᠎ᠠ ᠶᠢᠨ ᠰᠠᠭᠤᠷᠢᠨ ᠳᠡᠭᠡᠷ᠎ᠡ 1 ᠳᠠᠬᠢᠨ ᠢᠶᠠᠷ ᠨᠡᠮᠡᠵᠦ ᠲᠠᠲᠠᠪᠤᠷᠢᠯᠠᠨ᠎ᠠ︔ ᠲᠣᠭᠲᠠᠭᠰᠠᠨ ᠨᠤᠷᠮ᠎ᠠ ᠠᠴᠠ ᠳᠠᠪᠠᠭᠤᠯᠤᠨ ᠤᠰᠤ ᠬᠡᠷᠡᠭᠯᠡᠭᠰᠡᠨ ᠨᠢ 50%-100% ︵ᠪᠠᠭᠲᠠᠨ᠎ᠠ︶ ᠪᠠᠷ ᠨᠡᠮᠡᠵᠦ ᠲᠠᠲᠠᠪᠤᠷᠢᠯᠠᠨ᠎ᠠ︔ ᠤᠤᠯ ᠤᠨ ᠵᠠᠷᠤᠳᠠᠯ ᠤᠨ ᠲᠤᠭ᠎ᠠ ᠶᠢᠨ ᠪᠠᠷᠢᠮᠵᠢᠶ᠎ᠠ ᠶᠢᠨ ᠰᠠᠭᠤᠷᠢᠨ ᠳᠡᠭᠡᠷ᠎ᠡ 2 ᠳᠠᠬᠢᠨ ᠢᠶᠠᠷ ᠨᠡᠮᠡᠵᠦ ᠲᠠᠲᠠᠪᠤᠷᠢᠯᠠᠨ᠎ᠠ︔ ᠵᠠᠷᠴᠢᠮ ᠳᠡᠭᠡᠷ᠎ᠡ ᠪᠠᠨ ᠤᠰᠤ ᠬᠡᠷᠡᠭᠯᠡᠭᠰᠡᠨ ᠬᠡᠮᠵᠢᠶ᠎ᠡ ᠨᠢ ᠲᠣᠭᠲᠠᠭᠰᠠᠨ ᠲᠣᠭᠠᠨ ᠤ 100% ᠳᠤ ᠬᠦᠷᠴᠦ ᠪᠣᠯᠬᠤ ᠦᠭᠡᠢ᠃ ᠬᠠᠩᠭᠢᠨ ᠬᠤᠶᠢᠲᠤ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠨᠢᠭᠡᠳᠦᠯᠲᠡᠶ ᠬᠠᠮᠢᠶᠠᠷᠴᠤ᠂ ᠨᠢᠭᠡᠳᠦᠯᠲᠡᠶ ᠰᠦᠢᠳᠬᠡᠯ ᠬᠤᠷᠢᠶᠠᠨ᠎ᠠ᠃      ᠵᠢᠷᠭᠤᠭ᠎ᠠ᠂ ᠤᠰᠤᠨ ᠤ ᠵᠠᠷᠤᠳᠠᠯ ᠬᠡᠷᠡᠭᠯᠡᠬᠦ      ᠤᠰᠤᠨ ᠤ ᠰᠦᠢᠳᠬᠡᠯ ᠤᠨ ᠣᠷᠣᠯᠭ᠎ᠠ ᠨᠢ ᠤᠰᠤ ᠠᠴᠠ ᠠᠪᠴᠤ᠂ ᠤᠰᠤᠨ ᠳᠤ ᠬᠡᠷᠡᠭᠯᠡᠵᠦ᠂ ᠠᠷᠠᠳ ᠲᠤ ᠦᠢᠯᠡᠴᠢᠯᠡᠬᠦ ᠵᠠᠷᠴᠢᠮ ᠶᠣᠰᠣᠭᠠᠷ᠂ ᠭᠤᠤᠯᠳᠠᠭᠤ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠪᠡᠯᠡᠳᠬᠡᠮᠵᠢ ᠶᠢᠨ ᠡᠳᠦᠷ ᠲᠤᠲᠤᠮ ᠤᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ᠂ ᠴᠠᠬᠢᠯᠭᠠᠨ ᠤ ᠰᠦᠢᠳᠬᠡᠯ ᠲᠤᠰᠢᠶᠠᠬᠤ ᠪᠠ ᠬᠠᠮᠢᠶᠠᠷᠤᠯᠲᠠ ᠶᠢᠨ ᠠᠵᠢᠯᠲᠠᠨ ᠤ ᠵᠠᠷᠤᠳᠠᠯ ᠳᠤ ᠬᠡᠷᠡᠭᠯᠡᠬᠦ ᠬᠡᠷᠡᠭᠲᠡᠶ᠃ ᠤᠰᠤᠨ ᠤ ᠰᠦᠢᠳᠬᠡᠯ ᠬᠤᠷᠢᠶᠠᠬᠤ ᠶᠢ ᠣᠨ ᠢᠶᠠᠷ ᠳ᠋ᠦᠩᠨᠡᠨ ᠪᠣᠳᠣᠵᠤ᠂ ᠤᠷᠲᠤ ᠬᠤᠭᠤᠴᠠᠭ᠎ᠠ ᠪᠠᠷ ᠪᠤᠴᠠᠭᠠᠵᠤ ᠳᠤᠲᠠᠭᠤ ᠨᠥᠬᠦᠪᠥᠷᠢᠯᠡᠬᠦ ᠶᠢ ᠬᠡᠷᠡᠭᠵᠢᠭᠦᠯᠬᠦ ᠬᠡᠷᠡᠭᠲᠡᠶ᠃ ᠬᠠᠮᠢᠶᠠᠷᠤᠯᠲᠠ ᠶᠢᠨ ᠪᠠᠶᠢᠭᠤᠯᠤᠮᠵᠢ ᠨᠤᠭᠤᠳ ᠤᠰᠤᠨ ᠤ ᠰᠦᠢᠳᠬᠡᠯ ᠲᠠᠲᠠᠪᠤᠷᠢᠯᠠᠬᠤ᠂ ᠬᠡᠷᠡᠭᠯᠡᠬᠦ ᠶᠢᠨ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠤᠰᠤᠨ ᠤ ᠰᠦᠢᠳᠬᠡᠯ ᠲᠤᠰᠢᠶᠠᠬᠤ ᠶᠢ ᠲᠡᠪᠴᠢᠬᠦ ᠪᠤᠶᠤ ᠳᠤᠲᠠᠭᠤ ᠲᠤᠰᠢᠶᠠᠬᠤ ᠦᠢᠯᠡ ᠠᠵᠢᠯᠯᠠᠭ᠎ᠠ ᠳᠤ ᠴᠠᠬᠢᠯᠭᠠᠨ ᠵᠣᠭᠰᠣᠭᠠᠬᠤ᠂ ᠴᠠᠬᠢᠯᠭᠠᠨ ᠢ ᠬᠢᠵᠠᠭᠠᠷᠯᠠᠬᠤ ᠵᠡᠷᠭᠡ ᠮᠠᠰᠢᠨ ᠴᠠᠬᠢᠯᠭᠠᠨ ᠬᠤᠳᠳᠤᠭ ᠢ ᠪᠢᠲᠡᠭᠦᠮᠵᠢᠯᠡᠬᠦ ᠠᠷᠭ᠎ᠠ ᠬᠡᠮᠵᠢᠶ᠎ᠡ ᠶᠢ ᠠᠪᠴᠤ ᠬᠡᠷᠡᠭᠯᠡᠬᠦ ᠶᠢ ᠴᠠᠭᠠᠵᠠᠯᠠᠬᠤ ᠬᠡᠷᠡᠭᠲᠡᠶ᠃      ᠳᠣᠯᠤᠭ᠎ᠠ᠂ ᠠᠵᠢᠯ ᠤᠨ ᠱᠠᠭᠠᠷᠳᠠᠯᠭ᠎ᠠ      ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠃ ᠡᠯ᠎ᠡ ᠪᠠᠯᠭᠠᠰᠤᠨ ᠤ ᠲᠠᠷᠢᠶᠠᠯᠠᠩ ᠤᠨ ᠲᠠᠯᠠᠪᠠᠢ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠰᠤᠨ ᠤ ᠦᠨ᠎ᠡ ᠶᠢᠨ ᠥᠭᠡᠷᠡᠴᠢᠯᠡᠯᠲᠡ ᠶᠢᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠨ᠂ ᠠᠵᠢᠯ ᠤᠨ ᠨᠡᠶᠢᠯᠡᠮᠡᠯ ᠬᠦᠴᠦᠨ ᠢ ᠦᠨᠡᠨᠬᠦ ᠪᠦᠷᠢᠯᠳᠦᠭᠦᠯᠵᠦ᠂ ᠰᠦᠢᠳᠬᠡᠯ ᠬᠤᠷᠢᠶᠠᠬᠤ ᠲᠣᠭᠲᠠᠴᠠ ᠶᠢ ᠤᠯᠠᠮ ᠨᠢᠭᠡ ᠠᠯᠬᠤᠮ ᠰᠢᠯᠤᠭᠤᠳᠬᠠᠵᠤ᠂ ᠲᠠᠷᠢᠶᠠᠯᠠᠩ ᠤᠨ ᠤᠰᠤᠨ ᠤ ᠰᠦᠢᠳᠬᠡᠯ ᠢ ᠪᠤᠳᠤᠵᠤ ᠬᠤᠷᠢᠶᠠᠬᠤ ᠬᠠᠮᠢᠶᠠᠷᠤᠯᠲᠠ ᠶᠢᠨ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠤᠰᠤᠨ ᠤ ᠦᠨ᠎ᠡ ᠶᠢ ᠢᠯᠡ ᠨᠡᠶᠢᠲᠡᠯᠡᠬᠦ ᠳᠦᠷᠢᠮ ᠢ ᠬᠡᠷᠡᠭᠵᠢᠭᠦᠯᠵᠦ᠂ ᠰᠦᠢᠳᠬᠡᠯ ᠬᠤᠷᠢᠶᠠᠬᠤ ᠶᠢᠨ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠤᠰᠤᠨ ᠤ ᠰᠦᠢᠳᠬᠡᠯ ᠢ ᠲᠤᠰᠢᠶᠠᠬᠤ ᠶᠢᠨ ᠯᠠᠪᠳᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠪᠤᠰᠤᠳ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠦᠬᠦᠢ ᠠᠵᠢᠯᠲᠠᠨ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠭᠰᠠᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠪᠣᠯ᠂ ᠰᠢᠭᠤᠳ ᠬᠠᠷᠢᠭᠤᠴᠠᠯᠭ᠎ᠠ ᠲᠠᠢ ᠭᠤᠤᠯᠴᠢᠯᠠᠨ ᠬᠠᠮᠢᠶᠠᠷᠤᠭᠴᠢ ᠪᠣᠯᠤᠨ ᠪᠤᠰᠤᠳ ᠬᠠᠷᠢᠭᠤᠴᠠᠯᠭ᠎ᠠ ᠡᠭᠦᠷᠭᠡᠯᠡᠭᠴᠢ ᠳᠤ ᠬᠠᠤᠯᠢ ᠶᠣᠰᠣᠭᠠᠷ ᠰᠢᠳᠬᠡᠯ ᠥᠭᠭᠦᠨ᠎ᠡ︔ ᠶᠠᠯ᠎ᠠ ᠳᠤ ᠬᠦᠷᠦᠭᠰᠡᠨ ᠪᠣᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃      ︵ᠬᠤᠶᠠᠷ︶ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠡᠷᠴᠢᠮ ᠢᠶᠠᠨ ᠴᠢᠨᠭᠠᠷᠠᠭᠤᠯᠵᠤ᠃ ᠡᠯ᠎ᠡ ᠬᠤᠯᠪᠣᠭᠳᠠᠯ ᠪᠥᠬᠦᠶ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠬᠠᠤᠯᠢ ᠶᠣᠰᠣᠭᠠᠷ ᠥᠷᠨᠢᠭᠦᠯᠵᠦ᠂ ᠲᠣᠭᠲᠠᠭᠠᠯ ᠠᠴᠠ ᠵᠥᠷᠢᠴᠡᠨ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ᠂ ᠤᠰᠤ ᠴᠠᠬᠢᠯᠭᠠᠨ ᠬᠡᠷᠡᠭᠯᠡᠬᠦ ᠲᠥᠬᠦᠭᠡᠷᠦᠮᠵᠢ ᠪᠡᠯᠡᠳᠬᠡᠮᠵᠢ ᠶᠢ ᠳᠤᠷ᠎ᠠ ᠪᠠᠷ ᠢᠶᠠᠨ ᠡᠪᠳᠡᠬᠦ ᠵᠡᠷᠭᠡ ᠦᠢᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠲᠣᠭᠤᠷᠢᠨ ᠪᠠᠶᠢᠴᠠᠭᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠬᠠᠮᠢᠶ᠎ᠠ ᠪᠥᠬᠦᠶ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠪᠠᠶᠢᠴᠠᠭᠠᠨ ᠰᠢᠢᠳᠪᠦᠷᠢᠯᠡᠵᠦ᠂ ᠲᠠᠷᠢᠶᠠᠯᠠᠩ ᠤᠨ ᠬᠤᠳᠳᠤᠭ ᠤᠰᠤᠯᠠᠬᠤ ᠲᠥᠬᠦᠭᠡᠷᠦᠮᠵᠢ ᠪᠡᠯᠡᠳᠬᠡᠮᠵᠢ ᠶᠢᠨ ᠦᠷᠭᠦᠯᠵᠢᠯᠡᠨ ᠲᠣᠭᠲᠠᠭᠤᠨ ᠢᠶᠠᠷ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠤᠰᠤ ᠠᠷᠪᠢᠯᠠᠬᠤ ᠤᠰᠤᠯᠠᠯᠲᠠ ᠶᠢᠨ ᠳᠦᠷᠢᠮ︾ ᠤᠨ ᠭᠤᠴᠢᠨ ᠭᠤᠷᠪᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠤᠰᠤᠨ ᠤ ᠰᠦᠢᠳᠬᠡᠯ ᠲᠤᠰᠢᠶᠠᠬᠤ ᠶᠢ ᠲᠡᠪᠴᠢᠭᠰᠡᠨ ᠪᠤᠶᠤ ᠥᠷᠢᠲᠦᠭᠰᠡᠨ ᠪᠣᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠲᠤᠰᠢᠶᠠᠯᠭᠠᠨ᠎ᠠ︔ ᠬᠤᠭᠤᠴᠠᠭ᠎ᠠ ᠥᠩᠭᠡᠷᠡᠲᠡᠯ᠎ᠡ ᠲᠤᠰᠢᠶᠠᠬᠤ ᠦᠭᠡᠢ ᠪᠣᠯ᠂ ᠲᠤᠰᠢᠶᠠᠬᠤ ᠶᠢ ᠤᠳᠠᠭᠠᠰᠢᠷᠠᠭᠤᠯᠤᠭᠰᠠᠨ ᠡᠳᠦᠷ ᠠᠴᠠ ᠡᠬᠢᠯᠡᠨ ᠡᠳᠦᠷ ᠪᠦᠷᠢ ᠨᠢᠭᠡ ᠡᠳᠦᠷ ᠬᠤᠶᠢᠰᠢᠯᠠᠭᠤᠯᠤᠨ ᠲᠤᠰᠢᠶᠠᠬᠤ ᠵᠣᠭᠤᠰᠣᠨ ᠤ ᠮᠢᠩᠭᠠᠨ ᠬᠤᠪᠢ ᠶᠢᠨ ᠬᠤᠶᠠᠷ ᠢ ᠨᠡᠮᠡᠵᠦ ᠬᠤᠷᠢᠶᠠᠨ᠎ᠠ᠃      ︵ᠭᠤᠷᠪᠠ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠤᠰᠤᠨ ᠤ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠡᠯ᠎ᠡ ᠪᠠᠯᠭᠠᠰᠤᠨ ᠤ ᠲᠠᠷᠢᠶᠠᠯᠠᠩ ᠤᠨ ᠲᠠᠯᠠᠪᠠᠶ ᠨᠤᠭᠤᠳ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠬᠢᠨᠠᠮᠠᠭᠠᠶ ᠰᠠᠶᠢᠲᠤᠷ ᠬᠢᠵᠦ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠬᠦ ᠬᠡᠷᠡᠭᠲᠡᠶ᠃ ᠲᠠᠷᠢᠶᠠᠯᠠᠩ ᠤᠨ ᠤᠰᠤᠯᠠᠯᠲᠠ ᠶᠢᠨ ᠭᠠᠵᠠᠷ ᠳᠣᠤᠷᠠᠬᠢ ᠤᠰᠤᠨ ᠤ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ ᠤᠬᠠᠭᠤᠯᠬᠤ ᠠᠵᠢᠯ ᠢ ᠴᠢᠩᠭᠠᠳᠬᠠᠵᠤ᠂ ᠤᠰᠤ ᠬᠡᠷᠡᠭᠯᠡᠬᠦ ᠡᠷᠦᠬᠡ ᠶᠢᠨ ᠦᠨ᠎ᠡ ᠲᠥᠯᠥᠪᠦᠷᠢ ᠲᠠᠢ ᠪᠠᠷ ᠤᠰᠤ ᠬᠡᠷᠡᠭᠯᠡᠬᠦ ᠪᠠ ᠤᠰᠤ ᠶᠢ ᠠᠷᠪᠢᠯᠠᠨ ᠬᠡᠷᠡᠭᠯᠡᠬᠦ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃ ᠢᠯᠠᠩᠭᠤᠶ᠎ᠠ ᠬᠠᠮᠢᠶᠠᠷᠤᠯᠲᠠ ᠶᠢᠨ ᠠᠵᠢᠯᠲᠠᠨ ᠳᠤ ᠲᠤᠰᠬᠠᠶ ᠪᠣᠯᠪᠠᠰᠤᠷᠠᠭᠤᠯᠤᠯ ᠬᠢᠵᠦ᠂ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠳᠤᠰᠤᠯᠭᠠᠨ ᠤᠰᠤᠯᠠᠬᠤ ᠮᠡᠷᠭᠡᠵᠢᠯ ᠢ ᠶᠡᠬᠡᠪᠡᠷ ᠳᠡᠯᠭᠡᠷᠡᠭᠦᠯᠦᠨ ᠬᠡᠷᠡᠭᠯᠡᠭᠦᠯᠵᠦ᠂ ᠬᠤᠪᠢᠶᠠᠷᠢᠯᠠᠭᠰᠠᠨ ᠤᠰᠤᠨ ᠤ ᠬᠡᠮᠵᠢᠶ᠎ᠡ ᠶᠢ ᠨᠢ ᠦᠨᠳᠦᠰᠦᠯᠡᠨ ᠵᠦᠢ ᠵᠣᠬᠢᠰᠲᠠᠶ ᠤᠰᠤᠯᠠᠵᠤ᠂ ᠤᠰᠤᠨ ᠤ ᠡᠬᠢ ᠪᠠᠶᠠᠯᠢᠭ ᠢ ᠨᠢ ᠪᠦᠷᠢᠯᠭᠡᠨ ᠰᠦᠢᠳᠬᠡᠵᠦ ᠬᠤᠬᠢᠷᠠᠬᠤ ᠶᠢ ᠪᠠᠭᠠᠰᠬᠠᠬᠤ ᠬᠡᠷᠡᠭᠲᠡᠶ᠃    
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ