ᠰᠢᠭᠦᠮᠵᠢᠯᠡᠯ︕ ᠬᠠᠩᠭᠢᠨ ᠬᠤᠢᠲᠤ ᠬᠤᠰᠢᠭᠤ ᠴᠠᠭᠠᠨ ᠰᠠᠷ᠎ᠠ ᠶᠢᠨ ᠨᠢᠭᠡᠳᠦᠭᠡᠷ ᠬᠤᠷᠠᠯ ᠳᠡᠭᠡᠷ᠎ᠡ ︽ᠲᠡᠮᠡᠴᠡᠬᠦ︾ ᠪᠠᠢᠳᠠᠯ ᠢ ᠪᠣᠢ ᠪᠣᠯᠭᠠᠪᠠ
ᠨᠡᠶᠢᠲᠡᠯᠡᠭᠰᠡᠨ ᠴᠠᠭ᠄
2025/2/10
      2 ᠰᠠᠷ᠎ᠠ ᠶᠢᠨ 5 ᠤ ᠡᠳᠦᠷ᠂ ᠬᠥᠬᠡᠭᠴᠢᠨ ᠮᠣᠭᠠᠶ ᠵᠢᠯ ᠤᠨ ᠠᠩᠬᠠᠳᠠᠭᠴᠢ ᠠᠵᠢᠯ ᠤᠨ ᠡᠳᠦᠷ ᠲᠤ᠂ ᠬᠠᠩᠭᠢᠨ ᠬᠤᠶᠢᠲᠤ ᠬᠤᠰᠢᠭᠤᠨ ᠤ ᠨᠢᠭᠡ ᠤᠳᠠᠭᠠᠨ ᠤ ᠥᠨᠳᠥᠷ ᠪᠠᠷᠢᠮᠵᠢᠶᠠᠲᠤ ᠬᠤᠷᠠᠯ - ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠤᠶᠠᠳᠤᠭᠠᠷ ᠤᠳᠠᠭᠠᠨ ᠤ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠨᠢ ᠪᠥᠬᠦ ᠵᠢᠯ ᠤᠨ ᠡᠷᠡᠯᠬᠡᠭᠯᠡᠨ ᠤᠷᠤᠭᠰᠢᠯᠠᠬᠤ ᠪᠦᠷᠢᠶ᠎ᠡ ᠶᠢ ᠵᠢᠩᠬᠢᠨᠢ ᠪᠠᠷ ᠬᠠᠩᠭᠢᠨᠠᠭᠤᠯᠪᠠ︕ ︽ᠴᠠᠭᠠᠨ ᠰᠠᠷ᠎ᠠ ᠶᠢᠨ ᠨᠢᠭᠡᠳᠦᠭᠡᠷ ᠬᠤᠷᠠᠯ︾ ᠳᠤ ᠴᠢᠩᠭ᠎ᠠ ᠳᠣᠬᠢᠶ᠎ᠠ ᠥᠭᠪᠡ᠄ ᠪᠦᠬᠦ ᠬᠤᠰᠢᠭᠤ ᠪᠠᠷ ᠢᠶᠠᠨ ᠤᠷᠢᠳ ᠢᠶᠠᠷ ᠴᠢᠩᠭ᠎ᠠ ᠠᠳᠭᠤᠵᠤ᠂ ᠵᠤᠭᠰᠤᠯᠲᠠ ᠦᠭᠡᠢ ᠲᠦᠰᠢᠭᠯᠡᠬᠦ ᠦᠭᠡᠢ ᠪᠠᠶᠢᠳᠠᠯ ᠢᠶᠠᠷ ᠡᠳᠦᠷ ᠪᠦᠷᠢ ᠶᠢ ᠰᠠᠶᠢᠨ ᠠᠵᠢᠯᠯᠠᠵᠤ᠂ ᠪᠦᠬᠦᠯᠢ ᠵᠢᠯ ᠢᠶᠠᠷ ᠢᠶᠠᠨ ᠰᠠᠶᠢᠨ ᠬᠢᠨ᠎ᠡ︕ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠳᠬᠤᠬᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠴᠢᠩᠭ᠎ᠠ ᠠᠳᠬᠤᠬᠤ ᠡᠷᠡᠰ ᠵᠣᠷᠢᠭ ᠪᠠ ᠢᠳᠡᠪᠬᠢᠲᠡᠢ ᠣᠪᠣᠷ ᠪᠠᠶᠢᠳᠠᠯ ᠢ ᠢᠯᠡᠷᠡᠭᠦᠯᠪᠡ᠃ ︽ᠴᠠᠭᠠᠨ ᠰᠠᠷ᠎ᠠ ᠶᠢᠨ ᠨᠢᠭᠡᠳᠦᠭᠡᠷ ᠬᠤᠷᠠᠯ︾ ᠤᠨ ᠪᠠᠢᠷᠢᠯᠠᠭᠤᠯᠤᠯᠲᠠ ᠨᠢ ᠪᠦᠬᠦ ᠵᠢᠯ ᠤᠨ ᠬᠥᠭᠵᠢᠯᠲᠡ ᠳᠤ ᠦᠨᠳᠦᠰᠦᠨ ᠬᠥᠭ ᠠᠶᠠᠰ ᠢᠶᠠᠨ ᠲᠠᠯᠪᠢᠪᠠ᠃      ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠣᠯ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ ᠲᠦᠯᠬᠢᠨ ᠠᠬᠢᠭᠤᠯᠬᠤ ᠴᠢᠬᠤᠯᠠ ᠠᠷᠭ᠎ᠠ ᠪᠠᠷᠢᠯ ᠮᠥᠨ᠂ ᠣᠷᠣᠨ ᠪᠦᠰᠡ ᠶᠢᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠪᠡᠶᠡᠯᠡᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠃ ᠬᠠᠩᠭᠢᠨ ᠬᠤᠶᠢᠲᠤ ᠬᠤᠰᠢᠭᠤᠨ ᠤ ᠬᠢᠨ ᠵᠠᠬ᠎ᠠ ᠳᠡᠯᠭᠡᠭᠦᠷ ᠤᠨ ᠬᠤᠷᠴᠠ ᠰᠡᠷᠭᠡᠭ ᠠᠵᠢᠭᠯᠠᠬᠤ ᠴᠢᠳᠠᠪᠤᠷᠢ᠂ ᠪᠠᠷᠠᠭᠠᠯᠬᠢᠯᠠᠯᠳᠤ ᠴᠢᠨᠠᠷᠲᠠᠢ ᠪᠠᠶᠢᠯᠳᠤᠬᠤ ᠪᠤᠳᠤᠯᠭ᠎ᠠ ᠶᠢᠨ ᠬᠠᠷᠠᠴᠠ ᠪᠣᠯᠤᠨ ᠤᠨᠢᠨ ᠳᠡᠭᠡᠷ᠎ᠡ ᠨᠢ ᠠᠵᠤ ᠦᠢᠯᠡᠰ ᠤᠨ ᠪᠠᠶᠢᠷᠢ ᠲᠣᠭᠲᠠᠭᠠᠯᠲᠠ ᠪᠠᠷ ᠲᠤᠰ ᠪᠡᠶ᠎ᠡ ᠶᠢᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠢᠳᠡᠪᠬᠢᠲᠡᠢ ᠲᠥᠯᠥᠪᠵᠢᠭᠦᠯᠪᠡ᠃ ᠲᠠᠷᠢᠶᠠᠯᠠᠩ ᠮᠠᠯ ᠠᠵᠤ ᠠᠬᠤᠶ᠂ ᠰᠢᠨ᠎ᠡ ᠡᠨᠧᠷᠭᠢ ᠵᠡᠷᠭᠡ ᠳᠠᠪᠠᠭᠤᠯᠢᠭ ᠡᠬᠢ ᠪᠠᠶᠠᠯᠢᠭ ᠲᠤ ᠲᠦᠰᠢᠭᠯᠡᠨ᠂ ᠭᠤᠤᠯᠳᠠᠯᠭ᠎ᠠ ᠲᠠᠢ ᠠᠵᠤ ᠦᠢᠯᠡᠰ ᠤᠨ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠᠯᠳᠤᠭᠠᠴᠢᠨ ᠤᠷᠢᠬᠤ ᠵᠢᠷᠤᠭ ᠤᠨ ᠵᠢᠭᠰᠠᠭᠠᠯᠲᠠ ᠶᠢ ᠨᠠᠷᠢᠯᠢᠭ ᠣᠨᠣᠴᠠᠲᠠᠶ ᠪᠠᠷ ᠵᠢᠷᠤᠭᠯᠠᠵᠤ᠂ ᠬᠠᠨᠳᠤᠯᠭᠠᠲᠤ ᠴᠢᠭᠯᠡᠯ ᠢᠶᠠᠷ ᠬᠦᠴᠦᠯᠡᠵᠦ᠂ ᠮᠠᠰᠢ ᠣᠯᠠᠨ ᠴᠢᠨᠠᠷ ᠰᠠᠶᠢᠲᠠᠶ ᠠᠵᠤ ᠠᠬᠤᠶᠢᠯᠠᠯ ᠢ ᠲᠠᠲᠠᠵᠤ ᠪᠣᠶ᠃ 2025 ᠣᠨ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠨᠠᠷᠢᠯᠢᠭ ᠤᠨᠤᠪᠴᠢᠲᠠᠢ ᠪᠠᠷ ᠬᠢᠬᠦ ᠬᠡᠷᠡᠭᠲᠡᠢ᠂ ᠳᠠᠷᠠᠭ᠎ᠠ ᠨᠢ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠣᠭᠤᠮᠲᠠ ᠶᠢ ᠰᠠᠶᠢᠲᠤᠷ ᠠᠳᠬᠤᠵᠤ᠂ ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃      ᠤᠨᠢᠨ ᠳᠡᠭᠡᠷ᠎ᠡ ᠨᠢ ᠬᠤᠳᠠᠯᠳᠤᠭᠠᠴᠢᠨ ᠤᠷᠢᠬᠤ ᠶᠠᠪᠤᠴᠠ ᠳᠤ᠂ ᠠᠵᠤ ᠦᠢᠯᠡᠰ ᠤᠨ ᠡᠬᠢ ᠪᠠᠶᠠᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠯᠲᠠ ᠶᠢᠨ ᠴᠢᠭᠯᠡᠯ ᠢᠶᠠᠨ ᠲᠣᠳᠣᠷᠬᠠᠶᠢᠯᠠᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠡᠬᠢ ᠪᠠᠶᠠᠯᠢᠭ ᠤᠨ ᠳᠠᠪᠠᠭᠤᠯᠢᠭ ᠤᠨ ᠲᠣᠭᠤᠷᠢᠨ ᠳᠤ᠂ ᠳᠠᠯᠳᠠ ᠴᠢᠳᠠᠪᠤᠷᠢ ᠶᠢ ᠨᠡᠮᠡᠭᠳᠡᠭᠦᠯᠬᠦ ᠳᠠᠯᠳᠠ ᠬᠦᠴᠦᠨ ᠢ ᠬᠦᠴᠦᠯᠡᠨ ᠠᠭᠤᠳᠠᠯᠵᠤ᠂ ᠬᠤᠳᠠᠯᠳᠤᠭᠠᠴᠢᠨ ᠤᠷᠢᠬᠤ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠥᠷᠨᠢᠭᠦᠯᠵᠦ᠂ ᠪᠦᠬᠦ ᠠᠷᠠᠳ ᠢᠶᠠᠷ ᠢᠶᠠᠨ ᠬᠤᠳᠠᠯᠳᠤᠭᠠᠴᠢᠨ ᠤᠷᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ︽ᠭᠠᠳᠠᠭᠰᠢ ᠭᠠᠷᠬᠤ︾ ︽ᠤᠷᠢᠵᠤ ᠠᠪᠴᠢᠷᠠᠬᠤ︾ ᠠᠷᠭ᠎ᠠ ᠮᠠᠶ᠋ᠢᠭ ᠢᠶᠠᠷ ᠬᠤᠳᠠᠯᠳᠤᠭᠠᠴᠢᠨ ᠤᠷᠢᠬᠤ ᠶᠢ ᠪᠠᠷᠢᠮᠲᠠᠯᠠᠵᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ ᠢᠳᠡᠪᠬᠢᠲᠡᠢ ᠥᠷᠨᠢᠭᠦᠯᠵᠦ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠶᠢ ᠪᠦᠬᠦ ᠬᠦᠴᠦᠨ ᠢᠶᠠᠷ ᠠᠬᠢᠭᠤᠯᠵᠤ᠂ ᠰᠡᠳᠬᠢᠯ ᠢᠶᠠᠷ ᠬᠤᠳᠠᠯᠳᠤᠭᠠᠴᠢᠨ ᠤᠷᠢᠬᠤ ᠶᠢ ᠴᠢᠬᠤᠯᠠᠴᠢᠯᠠᠨ ᠴᠢᠩᠭᠠᠳᠬᠠᠵᠤ᠂ ᠭᠠᠳᠠᠭᠰᠢ ᠤᠬᠠᠭᠤᠯᠤᠨ ᠲᠠᠨᠢᠯᠴᠠᠭᠤᠯᠵᠤ ᠬᠤᠳᠠᠯᠳᠤᠭᠠᠴᠢᠨ ᠤᠷᠢᠬᠤ ᠶᠢ ᠴᠢᠩᠭᠠᠳᠬᠠᠨ᠎ᠠ᠃      ᠲᠦᠷᠦᠯ ᠵᠦᠢᠯ ᠢ ᠲᠡᠮᠡᠴᠡᠨ ᠤᠯᠬᠤ ᠪᠣᠯ ᠬᠠᠩᠭᠢᠨ ᠬᠤᠶᠢᠲᠤ ᠬᠤᠰᠢᠭᠤᠨ ᠤ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠪᠣᠯᠤᠨ᠎ᠠ᠃ ᠲᠥᠷᠥᠯ ᠵᠦᠢᠯ ᠢ ᠠᠳᠬᠤᠬᠤ ᠪᠣᠯ ᠳᠠᠷᠤᠶ ᠬᠥᠭᠵᠢᠯᠲᠡ ᠶᠢ ᠠᠳᠬᠤᠵᠤ ᠪᠠᠶᠢᠭ᠎ᠠ ᠶᠠᠪᠤᠳᠠᠯ ᠮᠥᠨ᠂ ᠬᠥᠭᠵᠢᠯᠲᠡ ᠶᠢ ᠠᠳᠬᠤᠬᠤ ᠳᠤ ᠡᠷᠬᠡᠪᠰᠢ ᠲᠥᠷᠥᠯ ᠵᠦᠢᠯ ᠢ ᠠᠳᠬᠤᠵᠤ᠂ ᠬᠠᠩᠭᠢᠨ ᠬᠤᠶᠢᠲᠤ ᠬᠤᠰᠢᠭᠤᠨ ᠤ ᠬᠢᠨ ᠬᠠᠷᠠᠯᠲᠠ ᠪᠠᠨ ᠲᠣᠭᠲᠠᠭᠠᠵᠤ᠂ ᠲᠥᠷᠥᠯ ᠵᠦᠢᠯ ᠢ ᠨᠢᠭᠡᠳᠦᠯᠲᠡᠶ ᠲᠥᠯᠥᠪᠯᠡᠨ ᠲᠥᠯᠥᠪᠵᠢᠭᠦᠯᠬᠦ ᠶᠢ ᠲᠣᠪᠤᠶᠢᠮ᠎ᠠ ᠰᠠᠶᠢᠲᠤᠷ ᠠᠳᠬᠤᠵᠤ᠂ ᠲᠥᠷᠥᠯ ᠵᠦᠢᠯ ᠤᠨ ᠨᠥᠭᠡᠴᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠬᠠᠷᠢᠴᠠᠭᠤᠯᠤᠭᠰᠠᠨ ᠳᠠᠪᠠᠭᠤᠯᠢᠭ ᠢ ᠨᠡᠪᠲᠡᠷᠡᠲᠡᠯ᠎ᠡ ᠣᠶᠢᠯᠠᠭᠠᠵᠤ᠂ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠢ ᠨᠡᠪᠲᠡᠷᠬᠡᠢ ᠣᠶᠢᠯᠠᠭᠠᠵᠤ᠂ ᠳᠡᠭᠡᠳᠦ ᠱᠠᠲᠤᠨ ᠤ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠨᠡᠪᠲᠡᠷᠬᠡᠢ ᠣᠶᠢᠯᠠᠭᠠᠵᠤ᠂ ᠭᠤᠣᠯᠳᠠᠭᠤ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠨᠥᠬᠦᠵᠦ ᠪᠠᠶᠢᠭᠤᠯᠬᠤ ᠵᠡᠷᠭᠡ ᠵᠠᠩᠭᠢᠯᠠᠭ᠎ᠠ ᠶᠢᠨ ᠬᠦᠷᠢᠶᠡᠨ ᠳᠤ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ ᠴᠢᠬᠤᠯᠠ ᠶᠡᠭᠡ ᠢᠨᠵᠧᠨᠧᠷᠢᠩ ᠢ ᠰᠦᠪᠡᠭᠴᠢᠯᠡᠨ᠎ᠡ᠃ ᠡᠭᠦᠨ ᠤ ᠬᠠᠮᠲᠤ᠂ ᠢᠳᠡᠪᠬᠢᠲᠡᠶ ᠪᠠᠷ ᠵᠣᠯᠭᠠᠭᠤᠯᠵᠤ᠂ ᠲᠥᠷᠥᠯ ᠵᠦᠢᠯ ᠢ ᠲᠡᠮᠡᠴᠡᠨ ᠤᠯᠬᠤ ᠲᠠᠯ᠎ᠠ ᠪᠠᠷ ᠬᠦᠴᠦ ᠣᠷᠣᠭᠤᠯᠵᠤ᠂ ᠲᠥᠷᠥᠯ ᠵᠦᠢᠯ ᠤᠨ ᠬᠠᠮᠲᠤᠷᠠᠭᠰᠠᠨ ᠳᠠᠶᠢᠯᠠᠯᠳᠤᠭᠠᠨ ᠢ ᠥᠷᠨᠢᠭᠦᠯᠵᠦ᠂ ᠵᠠᠰᠠᠭ ᠤᠨ ᠣᠷᠳᠣᠨ ᠬᠥᠲᠥᠯᠦᠨ ᠵᠢᠯᠣᠭᠤᠳᠬᠤ᠂ ᠠᠵᠤ ᠠᠬᠤᠶᠢᠯᠠᠯ ᠣᠷᠣᠯᠴᠠᠬᠤ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ ᠪᠠᠷ ᠳᠠᠮᠵᠢᠭᠤᠯᠤᠨ᠂ ᠲᠥᠷᠥᠯ ᠵᠦᠢᠯ ᠢ ᠲᠡᠮᠡᠴᠡᠨ ᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠲᠠᠰᠤᠷᠠᠯᠲᠠ ᠥᠬᠡᠶ ᠬᠥᠳᠡᠯᠭᠡᠬᠦ ᠬᠦᠴᠦᠨ ᠨᠡᠮᠡᠷᠢᠯᠡᠨ᠎ᠡ᠃      ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠠᠩᠭᠢᠨ ᠬᠤᠶᠢᠲᠤ ᠬᠤᠰᠢᠭᠤ ᠮᠥᠨ ᠡᠨᠡᠬᠦ ︽ᠲᠥᠷᠥᠯ ᠵᠦᠢᠯ ᠢᠶᠠᠷ ᠭᠤᠤᠯ ᠪᠣᠯᠭᠠᠬᠤ︾ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠡᠯᠭᠦᠭᠡ ᠵᠢᠷᠤᠭ ᠢᠶᠠᠷ ᠪᠠᠶᠢᠯᠳᠤᠭᠠᠨ ᠬᠢᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ︽ᠠᠬᠢᠴᠠ ᠶᠢᠨ ᠵᠤᠷᠪᠤᠰ ︾ ᠢ ᠳᠦᠭᠦᠷᠲᠡᠯ᠎ᠡ ᠬᠢᠵᠦ᠂ ᠠᠵᠢᠯ ᠤᠨ ᠬᠡᠮᠵᠢᠶ᠎ᠡ᠂ ᠪᠣᠳᠠᠲᠤ ᠪᠣᠳᠠᠰ ᠤᠨ ᠬᠡᠮᠵᠢᠶ᠎ᠡ᠂ ᠪᠠᠯᠠ ᠣᠷᠣᠭᠤᠯᠤᠯᠲᠠ ᠶᠢᠨ ᠬᠡᠮᠵᠢᠶ᠎ᠡ ︽ᠭᠤᠷᠪᠠᠨ ᠬᠡᠮᠵᠢᠶ᠎ᠡ ᠶᠢ ᠵᠡᠷᠭᠡ ᠪᠠᠷ ᠳᠡᠭᠡᠭᠰᠢᠯᠡᠭᠦᠯᠬᠦ︾ ᠶᠢ ᠪᠡᠶᠡᠯᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ᠂ ᠬᠤᠷᠢᠶᠠᠩᠭᠤᠶᠢᠯᠠᠭᠰᠠᠨ ᠨᠣᠷᠮ᠎ᠠ᠂ ᠪᠠᠷᠢᠯᠭ᠎ᠠ ᠳᠠᠭᠤᠰᠤᠭᠰᠠᠨ ᠨᠣᠷᠮ᠎ᠠ ᠶᠢᠨ ᠰᠠᠷ᠎ᠠ ᠰᠠᠷ᠎ᠠ ᠶᠢᠨ ᠰᠢᠨᠡᠳᠬᠡᠯ ᠬᠢᠵᠦ ᠪᠠᠶᠢᠨ᠎ᠠ᠃ ᠲᠥᠷᠥᠯ ᠵᠦᠢᠯ ᠢ ᠠᠬᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠥᠷᠥᠯ ᠵᠦᠢᠯ ᠢ ᠮᠥᠷᠳᠡᠨ ᠦᠢᠯᠡᠴᠢᠯᠡᠬᠦ ᠪᠠ ᠵᠣᠬᠢᠴᠠᠭᠤᠯᠤᠨ ᠲᠣᠬᠢᠷᠠᠭᠤᠯᠬᠤ ᠶᠢ ᠴᠢᠩᠭᠠᠳᠬᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠰᠡᠶᠢᠳᠪᠦᠷᠢᠯᠡᠵᠦ᠂ ᠲᠥᠷᠥᠯ ᠵᠦᠢᠯ ᠤᠨ ᠡᠷᠲᠡ ᠠᠵᠢᠯ ᠡᠬᠢᠯᠡᠭᠦᠯᠬᠦ᠂ ᠡᠷᠲᠡ ᠪᠦᠲᠦᠭᠡᠨ ᠪᠠᠶᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠨ᠎ᠠ᠃ ᠨᠢᠭᠡᠳᠦᠭᠡᠷ ᠤᠯᠠᠷᠢᠯ ᠳᠤ ︽ᠰᠠᠶᠢᠨ ᠡᠬᠢᠯᠡᠯᠲᠡ︾ ᠠᠴᠠ ᠢᠯᠡᠭᠦᠦ ᠪᠠᠶᠢᠵᠤ᠂ ᠬᠤᠶᠠᠳᠤᠭᠠᠷ ᠤᠯᠠᠷᠢᠯ ᠳᠤ ︽ᠬᠤᠶᠠᠷ ᠢ ᠬᠠᠭᠠᠰ ᠠᠴᠠ ᠬᠡᠲᠦᠷᠡᠭᠦᠯᠬᠦ︾᠂ ᠭᠤᠷᠪᠠᠳᠤᠭᠠᠷ ᠤᠯᠠᠷᠢᠯ ᠳᠤ ︽ᠪᠣᠭᠤᠮᠲᠠ ᠰᠢᠪᠲᠤᠯᠬᠤ︾ ᠠᠴᠠ ᠢᠯᠡᠭᠦᠦ ᠪᠠᠶᠢᠵᠤ᠂ ᠳᠥᠷᠪᠡᠳᠦᠭᠡᠷ ᠤᠯᠠᠷᠢᠯ ᠳᠤ ︽ᠰᠡᠭᠦᠯ ᠬᠤᠷᠢᠶᠠᠬᠤ︾ ᠠᠴᠠ ᠳᠠᠪᠠᠭ᠋ᠤ ᠬᠡᠷᠡᠭᠲᠡᠶ᠃      ᠲᠥᠷᠥᠯ ᠵᠦᠢᠯ ᠢ ᠲᠡᠮᠡᠴᠡᠨ ᠤᠯᠬᠤ ᠪᠠᠷ ᠪᠠᠷᠠᠬᠤ ᠦᠭᠡᠢ᠂ ᠨᠠᠩ ᠴᠤ ᠦᠢᠯᠡᠴᠢᠯᠡᠭᠡ ᠪᠠᠷ ᠢᠷᠡᠭᠰᠡᠨ ᠶᠤᠮ᠃ ᠬᠠᠩᠭᠢᠨ ᠬᠤᠶᠢᠲᠤ ᠬᠤᠰᠢᠭᠤᠨ ᠤ ᠬᠢᠨ ᠦᠢᠯᠡᠴᠢᠯᠡᠭᠡ ᠶᠢ ᠪᠥᠬᠦ ᠲᠠᠯ᠎ᠠ ᠪᠠᠷ ᠰᠠᠶᠢᠲᠤᠷ ᠬᠢᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠢ ᠬᠠᠪᠰᠤᠷᠤᠨ ᠠᠰᠠᠭᠤᠳᠠᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠶᠠᠪᠤᠳᠠᠯ ᠢ ᠦᠨᠡᠨ ᠬᠦ ᠥᠪᠡᠷ ᠤᠨ ᠶᠠᠪᠤᠳᠠᠯ ᠢᠶᠠᠨ ᠪᠣᠯᠭᠠᠵᠤ᠂ ︽ᠲᠥᠷᠥ ᠶᠢᠨ ᠪᠣᠳᠣᠯᠭ᠎ᠠ ᠶᠢ ᠣᠶᠢᠯᠠᠭᠠᠬᠤ᠂ ᠠᠵᠤ ᠦᠢᠯᠡᠰ ᠢ ᠣᠶᠢᠯᠠᠭᠠᠬᠤ᠂ ᠠᠵᠤ ᠠᠬᠤᠶᠢᠯᠠᠯ ᠢ ᠣᠶᠢᠯᠠᠭᠠᠬᠤ︾ ︽ᠳᠡᠯᠭᠡᠭᠦᠷ ᠤᠨ ᠵᠠᠷᠤᠴᠠ︾ ᠪᠣᠯᠬᠤ ᠬᠡᠷᠡᠭᠲᠡᠶ᠃ ᠡᠭᠦᠨ ᠤ ᠬᠠᠮᠲᠤ᠂ ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠶᠠᠭᠤ ᠶᠢ ᠵᠥᠪᠰᠢᠶᠡᠷᠡᠪᠡᠯ ᠶᠠᠭᠤ ᠶᠢ ᠪᠡᠶᠡᠯᠡᠭᠦᠯᠵᠦ᠂ ᠶᠠᠭᠠᠬᠢᠭᠰᠠᠨ ᠴᠤ ︽ᠬᠤᠭᠤᠰᠣᠨ ᠵᠣᠭᠤᠰᠤᠨ ᠪᠠᠷᠢᠮᠲᠠ︾ ᠭᠠᠷᠭᠠᠵᠤ᠂ ︽ᠪᠠᠯᠠ ᠣᠷᠣᠭᠤᠯᠤᠯᠲᠠ ᠨᠢ ᠰᠠᠨᠠᠭ᠎ᠠ ᠠᠮᠤᠷ ᠪᠠᠶᠢᠬᠤ᠂ ᠬᠥᠭᠵᠢᠭᠦᠯᠬᠦ ᠳᠤ ᠰᠠᠨᠠᠭ᠎ᠠ ᠠᠮᠤᠷ ᠪᠠᠶᠢᠬᠤ᠂ ᠠᠵᠢᠯ ᠶᠠᠪᠤᠳᠠᠯ ᠭᠦᠢᠴᠡᠳᠭᠡᠬᠦ ᠳᠤ ᠰᠡᠳᠬᠢᠯ ᠠᠮᠤᠷ ᠪᠠᠶᠢᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃    ᠬᠠᠩᠭᠢᠨ ᠬᠤᠶᠢᠲᠤ ᠬᠤᠰᠢᠭᠤᠨ ᠤ ︽ᠴᠠᠭᠠᠨ ᠰᠠᠷ᠎ᠠ ᠶᠢᠨ ᠨᠢᠭᠡᠳᠦᠭᠡᠷ ᠬᠤᠷᠠᠯ︾ ᠡᠷᠲᠡ ᠮᠣᠷᠳᠠᠵᠤ᠂ ᠡᠷᠡᠯᠬᠡᠭᠯᠡᠨ ᠲᠡᠮᠡᠴᠡᠬᠦ ᠣᠪᠣᠷ ᠢᠶᠠᠷ ᠪᠥᠬᠦ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠲᠥᠷᠥᠯ ᠵᠦᠢᠯ ᠢ ᠲᠡᠮᠡᠴᠡᠨ ᠤᠯᠬᠤ ᠪᠠ ᠪᠥᠲᠥᠭᠡᠨ ᠪᠠᠶᠢᠭᠤᠯᠬᠤ ᠠᠵᠢᠯ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ ᠰᠢᠨ᠎ᠡ ᠨᠢᠭᠡ ᠵᠢᠯ ᠳᠤ᠂ ᠬᠠᠩᠭᠢᠨ ᠬᠤᠶᠢᠲᠤ ᠬᠤᠰᠢᠭᠤᠨ ᠤ ᠬᠢᠨ ᠨᠠᠩ ᠪᠠᠲᠤ ᠢᠲᠡᠭᠡᠯ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ᠂ ᠨᠠᠩ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠵᠤ᠂ ᠲᠥᠷᠥᠯ ᠵᠦᠢᠯ ᠢ ᠲᠡᠮᠡᠴᠡᠨ ᠤᠯᠬᠤ ᠲᠠᠯ᠎ᠠ ᠪᠠᠷ ᠰᠢᠨ᠎ᠡ ᠦᠷ᠎ᠡ ᠪᠦᠲᠦᠭᠡᠯ ᠣᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠰᠢᠨ᠎ᠡ ᠠᠮᠵᠢᠯᠲᠠ ᠪᠦᠲᠦᠮᠵᠢ ᠪᠠᠷ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠰᠢᠨ᠎ᠡ ᠬᠠᠩᠭᠢᠨ ᠬᠤᠶᠢᠲᠤ ᠬᠤᠰᠢᠭᠤ ᠶᠢ ᠪᠥᠲᠥᠭᠡᠨ ᠪᠠᠶᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠵᠦ᠂ ᠰᠢᠨ᠎ᠡ ᠴᠠᠭ ᠦᠶ᠎ᠡ ᠶᠢᠨ ᠠᠶᠠᠨ ᠳᠤ ᠨᠠᠩ ᠭᠤᠶᠢᠳᠠ ᠰᠠᠶᠢᠬᠠᠨ ᠬᠥᠭᠵᠢᠯᠲᠡ ᠶᠢᠨ ᠬᠠᠭᠤᠳᠠᠰᠤ ᠶᠢ ᠪᠢᠴᠢᠭᠯᠡᠨ᠎ᠡ᠃
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ