ᠬᠠᠩᠭᠢᠨ ᠬᠤᠶᠢᠲᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠡᠰᠡᠭ ᠠᠵᠤ ᠠᠬᠤᠶᠢᠯᠠᠯ ᠳᠤ ᠡᠵᠡᠩᠨᠡᠯᠲᠡ ᠶᠢᠨ ᠦᠨᠡᠮᠯᠡᠯ ᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠪᠠᠷ ᠪᠠᠶᠢᠭ᠎ᠠ ᠵᠠᠰᠠᠭ ᠵᠠᠬᠢᠷᠭᠠᠨ ᠤ ᠰᠢᠢᠳᠬᠡᠯ ᠤᠨ ᠮᠡᠳᠡᠭᠳᠡᠯ ᠤᠨ ᠠᠯᠪᠠᠨ ᠵᠠᠷ
ᠨᠡᠶᠢᠲᠡᠯᠡᠭᠰᠡᠨ ᠴᠠᠭ᠄
2025/2/21
ᠡᠯ᠎ᠡ ᠬᠠᠮᠢᠶ᠎ᠠ ᠪᠥᠬᠦᠶ ᠠᠵᠤ ᠠᠬᠤᠶᠢᠯᠠᠯ᠄      ᠪᠠᠶᠠᠨᠨᠠᠭᠤᠷ ᠬᠤᠲᠠ ᠶᠢᠨ ᠵᠢᠷᠤᠭ ᠲᠥᠯᠥᠪᠯᠡᠭᠡ ᠶᠢᠨ ᠰᠤᠷᠭᠠᠨ ᠬᠥᠮᠦᠵᠢᠯ ᠤᠨ ᠵᠥᠪᠯᠡᠯᠭᠡ ᠥᠭᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ 55 ᠺᠣᠮᠫᠠᠨᠢ ᠶᠢᠨ ᠳᠦᠷᠢᠮᠲᠦ ᠠᠵᠤ ᠠᠬᠤᠶᠢᠯᠠᠯ ︵ᠪᠣᠳᠠᠲᠠᠶ ᠨᠡᠷᠡᠰ ᠢ ᠳᠠᠭᠠᠯᠳᠤᠭᠤᠯᠤᠯ 1 ᠳᠤ ᠨᠠᠷᠢᠨ ᠦᠵᠡᠭᠡᠷᠡᠶ︶ ᠠᠵᠢᠯ ᠡᠬᠢᠯᠡᠭᠦᠯᠦᠭᠰᠡᠨ ᠤ ᠳᠠᠷᠠᠭ᠎ᠠ ᠥᠪᠡᠰᠦᠪᠡᠨ ᠵᠢᠷᠭᠤᠭᠠᠨ ᠰᠠᠷ᠎ᠠ ᠠᠴᠠ ᠳᠡᠭᠡᠭᠰᠢ ᠠᠵᠢᠯ ᠵᠣᠭᠰᠣᠭᠰᠠᠨ᠂ ᠲᠣᠭᠲᠠᠭᠠᠯ ᠶᠣᠰᠣᠭᠠᠷ ᠣᠨ ᠤ ᠮᠡᠳᠡᠭᠦᠯᠦᠯᠲᠡ ᠪᠠᠨ ᠨᠡᠶᠢᠲᠡᠯᠡᠭᠰᠡᠨ ᠥᠬᠡᠶ᠂ ᠮᠠᠨ ᠤ ᠲᠣᠪᠴᠢᠶ᠎ᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ︾ ᠶᠢᠨ ᠬᠤᠶᠠᠷ ᠵᠠᠭᠤ ᠵᠢᠷᠠᠳᠤᠭᠠᠷ ᠵᠦᠢᠯ ᠤᠨ ᠨᠢᠭᠡᠳᠦᠭᠡᠷ ᠵᠤᠷᠪᠤᠰ ᠤᠨ ︽ᠺᠣᠮᠫᠠᠨᠢ ᠪᠠᠶᠢᠭᠤᠯᠤᠭᠳᠠᠭᠰᠠᠨ ᠤ ᠳᠠᠷᠠᠭ᠎ᠠ ᠵᠦᠶ ᠶᠣᠰᠣᠨ ᠤ ᠤᠴᠢᠷ ᠰᠢᠯᠲᠠᠭᠠᠨ ᠥᠬᠡᠶ ᠪᠠᠷ ᠵᠢᠷᠭᠤᠭᠠᠨ ᠰᠠᠷ᠎ᠠ ᠬᠡᠲᠦᠷᠡᠭᠰᠡᠨ ᠪᠠᠶᠢᠲᠠᠯ᠎ᠠ ᠠᠵᠢᠯ ᠢᠶᠠᠨ ᠥᠪᠡᠰᠦᠪᠡᠨ ᠵᠣᠭᠰᠣᠭᠠᠭᠰᠠᠨ ᠪᠠᠶᠢᠪᠠᠯ᠂ ᠺᠣᠮᠫᠠᠨᠢ ᠶᠢᠨ ᠳᠡᠩᠰᠡᠯᠡᠯᠲᠡ ᠶᠢᠨ ᠪᠠᠶᠢᠭᠤᠯᠭ᠎ᠠ ᠨᠢ ᠡᠵᠡᠩᠨᠡᠯᠲᠡ ᠶᠢᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠥᠬᠡᠶ ᠪᠣᠯᠭᠠᠵᠤ ᠪᠣᠯᠤᠨ᠎ᠠ᠂ ᠭᠡᠪᠡᠴᠦ ᠺᠣᠮᠫᠠᠨᠢ ᠬᠠᠤᠯᠢ ᠶᠣᠰᠣᠭᠠᠷ ᠠᠵᠢᠯ ᠵᠣᠭᠰᠣᠭᠰᠠᠨ ᠪᠠᠶᠢᠪᠠᠯ ᠡᠭᠦᠨ ᠳᠤ ᠪᠠᠭᠲᠠᠬᠤ ᠥᠬᠡᠶ︾᠃ ᠵᠢᠴᠢ ︽ᠠᠵᠤ ᠠᠬᠤᠶᠢᠯᠠᠯ ᠤᠨ ᠮᠡᠳᠡᠭᠡ ᠵᠠᠩᠭᠢ ᠶᠢ ᠢᠯᠡ ᠨᠡᠶᠢᠲᠡᠯᠡᠬᠦ ᠶᠢᠨ ᠲᠦᠷ ᠬᠡᠷᠡᠭᠵᠢᠭᠦᠯᠬᠦ ᠳᠦᠷᠢᠮ︾ ᠤᠨ ᠠᠷᠪᠠᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ ᠤᠨ ︽ᠠᠵᠤ ᠠᠬᠤᠶᠢᠯᠠᠯ ᠨᠢ ᠲᠤᠰ ᠲᠦᠷᠢᠮ ᠳᠤ ᠲᠣᠭᠲᠠᠭᠠᠭᠰᠠᠨ ᠬᠤᠭᠤᠴᠠᠭᠠᠨ ᠳᠤ ᠣᠨ ᠤ ᠮᠡᠳᠡᠭᠦᠯᠦᠯᠲᠡ ᠪᠠᠨ ᠢᠯᠡ ᠨᠡᠶᠢᠲᠡᠯᠡᠭᠰᠡᠨ ᠦᠭᠡᠢ ᠪᠤᠶᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠠᠷᠯᠠᠭᠰᠠᠨ ᠬᠤᠭᠤᠴᠠᠭ᠎ᠠ ᠶᠣᠰᠣᠭᠠᠷ ᠬᠤᠯᠪᠣᠭᠳᠠᠯ ᠪᠦᠬᠦᠢ ᠠᠵᠤ ᠠᠬᠤᠶᠢᠯᠠᠯ ᠤᠨ ᠮᠡᠳᠡᠭᠡ ᠵᠠᠩᠭᠢ ᠶᠢ ᠨᠡᠶᠢᠲᠡᠯᠡᠭᠰᠡᠨ ᠦᠭᠡᠢ ᠪᠣᠯ᠂ ᠰᠢᠶᠠᠨ ᠤ ᠱᠠᠲᠤᠨ ᠠᠴᠠ ᠳᠡᠭᠡᠭᠰᠢᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠣᠷᠣᠭᠤᠯᠬᠤ ᠶᠢᠨ ᠬᠠᠮᠲᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠭᠡᠯ  ᠥᠭᠭᠦᠨ᠎ᠡ᠃ ᠠᠵᠤ ᠠᠬᠤᠶᠢᠯᠠᠯ ᠨᠢ ᠣᠨ ᠤ ᠮᠡᠳᠡᠭᠦᠯᠦᠯᠲᠡ ᠪᠠᠨ ᠲᠣᠭᠲᠠᠭᠠᠯ ᠶᠣᠰᠣᠭᠠᠷ 2 ᠵᠢᠯ ᠮᠡᠳᠡᠭᠦᠯᠦᠨ ᠬᠦᠷᠭᠡᠭᠰᠡᠨ ᠦᠭᠡᠢ ᠠᠴᠠ ᠪᠣᠯᠵᠤ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠵᠢᠭᠰᠠᠭᠠᠨ ᠣᠷᠣᠭᠤᠯᠤᠭᠰᠠᠨ ᠪᠣᠯᠪᠠᠴᠤ ᠵᠠᠯᠠᠷᠠᠭᠤᠯᠤᠭᠰᠠᠨ ᠦᠭᠡᠢ ᠪᠥᠭᠡᠳ ᠪᠦᠷᠢᠳᠬᠡᠭᠦᠯᠦᠭᠰᠡᠨ ᠣᠷᠣᠨ ᠰᠠᠭᠤᠴᠠ ᠪᠤᠶᠤ ᠡᠵᠡᠩᠨᠡᠯᠲᠡ ᠶᠢᠨ ᠲᠠᠯᠠᠪᠤᠷ ᠨᠢ ᠬᠠᠷᠢᠯᠴᠠᠵᠤ ᠳᠡᠶᠢᠯᠬᠦ ᠦᠭᠡᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠡᠵᠡᠩᠨᠡᠯᠲᠡ ᠶᠢᠨ ᠦᠨᠡᠮᠯᠡᠯ ᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ︾ ᠭᠡᠵᠦ ᠲᠣᠭᠲᠠᠭᠠᠪᠠ᠃ ᠲᠣᠭᠲᠠᠭᠠᠯ ᠳᠤ ᠪᠠᠶᠠᠨᠨᠠᠭᠤᠷ ᠬᠤᠲᠠ ᠶᠢᠨ ᠵᠢᠷᠤᠭ ᠲᠥᠯᠥᠪᠯᠡᠭᠡ ᠶᠢᠨ ᠰᠤᠷᠭᠠᠨ ᠬᠥᠮᠦᠵᠢᠯ ᠤᠨ ᠵᠥᠪᠯᠡᠯᠭᠡ ᠥᠭᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ 55 ᠺᠣᠮᠫᠠᠨᠢ ᠶᠢᠨ ᠳᠦᠷᠢᠮᠲᠦ ᠠᠵᠤ ᠠᠬᠤᠶᠢᠯᠠᠯ ᠳᠤ ᠡᠵᠡᠩᠨᠡᠯᠲᠡ ᠶᠢᠨ ᠦᠨᠡᠮᠯᠡᠯ ᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠵᠠᠰᠠᠭ ᠵᠠᠬᠢᠷᠭᠠᠨ ᠤ ᠰᠢᠢᠳᠬᠡᠯ ᠥᠭᠬᠦ ᠪᠠᠷ ᠲᠣᠭᠲᠠᠪᠠ᠃      ᠬᠠᠩᠭᠢᠨ ᠬᠤᠶᠢᠲᠤ ᠬᠤᠰᠢᠭᠤᠨ ᠤ ᠯᠢᠨ ᠱᠧᠩ ᠮᠣᠳᠣᠨ ᠮᠠᠲ᠋ᠧᠷᠢᠶᠠᠯ ᠪᠣᠯᠪᠠᠰᠤᠷᠠᠭᠤᠯᠬᠤ ᠦᠢᠯᠡᠳᠪᠦᠷᠢ ᠵᠡᠷᠭᠡ 2 ᠬᠤᠪᠢ ᠬᠥᠮᠦᠨ ᠤ ᠲᠤᠰᠠᠭᠠᠷ ᠪᠡᠯᠡ ᠣᠷᠣᠭᠤᠯᠤᠭᠰᠠᠨ ᠠᠵᠤ ᠠᠬᠤᠶᠢᠯᠠᠯ ︵ᠪᠣᠳᠠᠲᠠᠶ ᠨᠡᠷᠡᠰ ᠢ ᠳᠠᠭᠠᠯᠳᠤᠭᠤᠯᠤᠯ ᠳᠤ ᠨᠠᠷᠢᠨ ᠦᠵᠡ︶ ᠨᠢ ᠠᠵᠢᠯ ᠡᠬᠢᠯᠡᠭᠦᠯᠦᠭᠰᠡᠨ ᠤ ᠳᠠᠷᠠᠭ᠎ᠠ ᠥᠪᠡᠰᠦᠪᠡᠨ ᠵᠢᠷᠭᠤᠭᠠᠨ ᠰᠠᠷ᠎ᠠ ᠠᠴᠠ ᠳᠡᠭᠡᠭᠰᠢ ᠠᠵᠢᠯ ᠵᠣᠭᠰᠣᠭᠠᠭᠰᠠᠨ ᠪᠠᠶᠢᠪᠠᠯ᠂ ᠮᠠᠨ ᠤ ᠲᠣᠪᠴᠢᠶ᠎ᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠪᠢ ᠬᠥᠮᠦᠨ ᠤ ᠲᠤᠰᠠᠭᠠᠷ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠬᠠᠤᠯᠢ︾ ᠶᠢᠨ ᠭᠤᠴᠢᠨ ᠵᠢᠷᠭᠤᠳᠤᠭᠠᠷ ᠵᠦᠢᠯ ᠤᠨ ︽ᠬᠤᠪᠢ ᠬᠥᠮᠦᠨ ᠤ ᠲᠤᠰᠠᠭᠠᠷ ᠪᠡᠯᠡ ᠣᠷᠣᠭᠤᠯᠤᠭᠰᠠᠨ ᠠᠵᠤ ᠠᠬᠤᠶᠢᠯᠠᠯ ᠪᠠᠶᠢᠭᠤᠯᠤᠭᠳᠠᠭᠰᠠᠨ ᠤ ᠳᠠᠷᠠᠭ᠎ᠠ ᠵᠦᠶ ᠶᠣᠰᠣᠨ ᠤ ᠤᠴᠢᠷ ᠰᠢᠯᠲᠠᠭᠠᠨ ᠢᠶᠠᠷ ᠵᠢᠷᠭᠤᠭᠠᠨ ᠰᠠᠷ᠎ᠠ ᠠᠴᠠ ᠳᠡᠭᠡᠭᠰᠢ ᠠᠵᠢᠯ ᠡᠬᠢᠯᠡᠭᠦᠯᠦᠭᠰᠡᠨ ᠥᠬᠡᠶ᠂ ᠡᠰᠡᠬᠦᠯ᠎ᠡ ᠠᠵᠢᠯ ᠡᠬᠢᠯᠡᠭᠦᠯᠦᠭᠰᠡᠨ ᠤ ᠳᠠᠷᠠᠭ᠎ᠠ ᠥᠪᠡᠰᠦᠪᠡᠨ ᠵᠢᠷᠭᠤᠭᠠᠨ ᠰᠠᠷ᠎ᠠ ᠠᠴᠠ ᠳᠡᠭᠡᠭᠰᠢ ᠠᠵᠢᠯ ᠢᠶᠠᠨ ᠵᠣᠭᠰᠣᠭᠠᠭᠰᠠᠨ ᠪᠠᠶᠢᠪᠠᠯ᠂ ᠡᠵᠡᠩᠨᠡᠯᠲᠡ ᠶᠢᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠥᠬᠡᠶ ᠪᠣᠯᠭᠠᠨ᠎ᠠ᠃ ᠲᠣᠭᠲᠠᠭᠠᠯ ᠳᠤ ᠬᠠᠩᠭᠢᠨ ᠬᠤᠶᠢᠲᠤ ᠬᠤᠰᠢᠭᠤᠨ ᠤ ᠯᠢᠨ ᠱᠧᠩ ᠮᠣᠳᠣᠨ ᠮᠠᠲ᠋ᠧᠷᠢᠶᠠᠯ ᠪᠣᠯᠪᠠᠰᠤᠷᠠᠭᠤᠯᠬᠤ ᠦᠢᠯᠡᠳᠪᠦᠷᠢ ᠵᠡᠷᠭᠡ 2 ᠬᠤᠪᠢ ᠬᠥᠮᠦᠨ ᠤ ᠲᠤᠰᠠᠭᠠᠷ ᠪᠡᠯᠡ ᠣᠷᠣᠭᠤᠯᠤᠭᠰᠠᠨ ᠠᠵᠤ ᠠᠬᠤᠶᠢᠯᠠᠯ ᠳᠤ ᠡᠵᠡᠩᠨᠡᠯᠲᠡ ᠶᠢᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠵᠠᠰᠠᠭ ᠵᠠᠬᠢᠷᠭᠠᠨ ᠤ ᠰᠢᠢᠳᠬᠡᠯ ᠥᠭᠬᠦ ᠪᠠᠷ ᠲᠣᠭᠲᠠᠪᠠ᠃      ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠬᠠᠤᠯᠢ︾ ᠶᠢᠨ ᠳᠥᠴᠢᠨ ᠳᠥᠷᠪᠡᠳᠦᠭᠡᠷ ᠵᠦᠢᠯ᠂ ᠳᠥᠴᠢᠨ ᠲᠠᠪᠤᠳᠤᠭᠠᠷ ᠵᠦᠢᠯ᠂ ᠵᠢᠷᠠᠨ ᠭᠤᠷᠪᠠᠳᠤᠭᠠᠷ ᠵᠦᠢᠯ᠂ ᠵᠢᠷᠠᠨ ᠳᠥᠷᠪᠡᠳᠦᠭᠡᠷ ᠵᠦᠢᠯ ᠤᠨ ᠨᠢᠭᠡᠳᠦᠭᠡᠷ ᠵᠤᠷᠪᠤᠰ ᠵᠢᠴᠢ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠭᠡᠷᠡᠴᠢᠯᠡᠭᠡ ᠰᠣᠨᠣᠰᠬᠤ ᠠᠷᠭ᠎ᠠ︾ ᠶᠢᠨ ᠲᠠᠪᠤᠳᠤᠭᠠᠷ ᠵᠦᠢᠯ ᠤᠨ ᠨᠢᠭᠡᠳᠦᠭᠡᠷ ᠵᠤᠷᠪᠤᠰ ᠤᠨ ︵ᠬᠤᠶᠠᠷ︶ ᠳ᠋ᠦᠭᠡᠷ ᠤᠨ ᠲᠣᠭᠲᠠᠭᠠᠯ ᠢ ᠦᠨᠳᠦᠰᠦᠯᠡᠨ᠂ ᠳᠡᠭᠡᠷ᠎ᠡ ᠳᠤᠷᠠᠳᠤᠭᠰᠠᠨ ᠡᠯ᠎ᠡ ᠬᠠᠮᠢᠶ᠎ᠠ ᠪᠦᠬᠦᠢ ᠠᠵᠤ ᠠᠬᠤᠶᠢᠯᠠᠯ ᠨᠢ ᠲᠣᠭᠠᠴᠢᠬᠤ᠂ ᠵᠥᠪᠲᠡᠭᠡᠬᠦ ᠮᠥᠷᠲᠡᠭᠡᠨ ᠭᠡᠷᠡᠴᠢᠯᠡᠭᠡ ᠰᠣᠨᠣᠰᠬᠤ ᠪᠠᠷ ᠱᠠᠭᠠᠷᠳᠠᠵᠤ ᠪᠣᠯᠤᠨ᠎ᠠ᠃ ᠳᠠᠩᠰᠠᠯᠠᠭᠤᠯᠤᠭᠰᠠᠨ ᠬᠠᠶᠠᠭ ᠪᠠ ᠳ᠋ᠢᠶᠠᠩᠬᠤᠸᠠ ᠪᠠᠷ ᠳᠠᠮᠵᠢᠭᠤᠯᠤᠨ ᠬᠠᠷᠢᠯᠴᠠᠬᠤ ᠶᠢᠨ ᠠᠷᠭ᠎ᠠ ᠥᠬᠡᠶ ᠪᠣᠯᠤᠭᠰᠠᠨ ᠠᠴᠠ ᠪᠣᠯᠵᠣ᠂ ᠰᠢᠭᠤᠳ ᠬᠦᠷᠭᠡᠬᠦ ᠪᠠ ᠰᠢᠤᠳᠠᠨ ᠢᠶᠠᠷ ᠬᠦᠷᠭᠡᠬᠦ ᠶᠢᠨ ᠠᠷᠭ᠎ᠠ ᠥᠬᠡᠶ ᠪᠣᠯᠵᠠᠶ᠂ ᠣᠲᠣ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰ ᠳᠠᠷᠠᠭᠠᠯᠠᠯ ᠤᠨ ᠲᠣᠭᠲᠠᠭᠠᠯ︾ ᠤᠨ ᠨᠠᠶᠠᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠤᠨ ︵ᠲᠠᠪᠤ︶ ᠳ᠋ᠤᠭᠠᠷ ᠵᠤᠷᠪᠤᠰ ᠤᠨ ᠲᠣᠭᠲᠠᠭᠠᠯ ᠢ ᠦᠨᠳᠦᠰᠦᠯᠡᠨ ᠠᠯᠪᠠᠨ ᠵᠠᠷ ᠨᠡᠶᠢᠲᠡᠯᠡᠨ ᠬᠦᠷᠭᠡᠵᠦ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ ᠭᠤᠴᠢᠨ ᠡᠳᠦᠷ ᠪᠣᠯᠤᠨ᠎ᠠ᠃ ᠳᠡᠭᠡᠷ᠎ᠡ ᠳᠤᠷᠠᠳᠤᠭᠰᠠᠨ ᠡᠯ᠎ᠡ ᠬᠠᠮᠢᠶ᠎ᠠ ᠪᠦᠬᠦᠢ ᠠᠵᠤ ᠠᠬᠤᠶᠢᠯᠠᠯ ᠨᠢ ᠠᠯᠪᠠᠨ ᠵᠠᠷ ᠨᠡᠶᠢᠲᠡᠯᠡᠭᠰᠡᠨ ᠡᠳᠦᠷ ᠠᠴᠠ ᠡᠬᠢᠯᠡᠨ ᠭᠤᠴᠢᠨ ᠡᠳᠦᠷ ᠤᠨ ᠳᠠᠷᠠᠭ᠎ᠠ ᠲᠠᠪᠤᠨ ᠠᠵᠢᠯᠯᠠᠬᠤ ᠡᠳᠦᠷ ᠤᠨ ᠳᠣᠲᠣᠷ᠎ᠠ ᠲᠣᠭᠠᠴᠢᠬᠤ᠂ ᠲᠣᠳᠣᠷᠬᠠᠶᠢᠯᠠᠬᠤ ᠡᠷᠬᠡ ᠪᠠᠨ ᠬᠡᠷᠡᠭᠵᠢᠭᠦᠯᠦᠭᠰᠡᠨ ᠦᠭᠡᠢ ᠪᠣᠯ ᠭᠡᠷᠡᠴᠢᠯᠡᠭᠡ ᠰᠣᠨᠣᠰᠬᠤ ᠪᠠᠷ ᠱᠠᠭᠠᠷᠳᠠᠭᠰᠠᠨ ᠦᠭᠡᠢ ᠪᠠᠶᠢᠪᠠᠯ᠂ ᠳᠡᠭᠡᠷ᠎ᠡ ᠳᠤᠷᠠᠳᠤᠭᠰᠠᠨ ᠡᠷᠬᠡ ᠪᠠᠨ ᠬᠠᠶᠠᠭᠰᠠᠨ ᠢᠶᠠᠷ ᠦᠵᠡᠨ᠎ᠡ᠃      ᠬᠠᠷᠢᠯᠴᠠᠬᠤ ᠬᠥᠮᠦᠨ᠄ ᠾᠧ ᠰᠢᠤᠸᠠᠢ ᠯᠦ       ᠯᠢ ᠰᠢᠤᠸᠠᠢ ᠲᠢᠩ       ᠬᠠᠷᠢᠯᠴᠠᠬᠤ ᠤᠲᠠᠰᠤ᠄ 6622407ᠣᠨᠴᠠᠭᠠᠶᠢᠯᠠᠨ ᠵᠠᠷᠯᠠᠪᠠ                                    ᠬᠠᠩᠭᠢᠨ ᠬᠤᠶᠢᠲᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ                                                      2025 ᠣᠨ ᠤ 2 ᠰᠠᠷ᠎ᠠ ᠶᠢᠨ 21 ᠤ ᠡᠳᠦᠷ        ᠳᠠᠭᠠᠯᠳᠤᠭᠤᠯᠤᠯ ᠮᠠᠲ᠋ᠧᠷᠢᠶᠠᠯ᠄http://www.hjhq.gov.cn/zwgk/tzgg/202502/t20250221_685765.html   
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ