ᠬᠠᠩᠭᠢᠨ ᠬᠤᠶᠢᠲᠤ ᠬᠤᠰᠢᠭᠤᠨ ᠤ ᠵᠠᠰᠠᠭ ᠤᠨ ᠣᠷᠳᠣᠨ 2025 ᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/23
      2 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠰᠦᠨ ᡁᠢ ᠭᠠᠩ ᠬᠤᠰᠢᠭᠤᠨ ᠤ ᠵᠠᠰᠠᠭ ᠤᠨ ᠣᠷᠳᠣᠨ ᠤ 2025 ᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠨᠠᠢᠮᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠲᠥᠯᠥᠪᠵᠢᠭᠦᠯᠭᠡ ᠶᠢᠨ ᠬᠥᠲᠥᠯᠪᠦᠷᠢ ︵2024-2035 ᠣᠨ︶︾ ᠪᠣᠯᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠥᠯᠥᠪᠵᠢᠭᠦᠯᠭᠡ ︵2024-2027︶︾ ᠶᠢ ᠤᠯᠠᠮᠵᠢᠯᠠᠨ ᠰᠤᠷᠤᠯᠴᠠᠪᠠ᠃ ᠬᠠᠩᠭᠢᠨ ᠬᠤᠶᠢᠲᠤ ᠬᠤᠰᠢᠭᠤᠨ ᠤ 2025 ᠣᠨ ᠤ ᠴᠢᠬᠤᠯᠠ ᠶᠡᠭᠡ ᠲᠥᠷᠥᠯ ᠵᠦᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠪᠠᠶᠠᠨᠨᠠᠭᠤᠷ ᠬᠤᠳᠠ ᠶᠢᠨ ᠬᠡᠷᠡᠭᠯᠡᠭᠡᠨ ᠤ ᠮᠠᠰᠲ᠋ᠧᠷ ᠤᠨ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠲᠤᠮᠤ ᠠᠰᠠᠷ ᠤᠨ ᠪᠦᠳᠦᠭᠡᠨ ᠪᠠᠶᠢᠭᠤᠯᠤᠯᠲᠠ ᠪᠣᠯᠤᠨ ᠬᠠᠩᠭᠢᠨ ᠬᠤᠶᠢᠲᠤ ᠬᠤᠰᠢᠭᠤᠨ ᠤ ᠡᠯ᠎ᠡ ᠵᠦᠢᠯ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ ᠤᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠶᠠᠪᠤᠳᠠᠯ ᠢ ᠰᠤᠳᠤᠯᠵᠠᠢ᠃      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠢᠳᠡᠪᠬᠢᠲᠡᠶ ᠰᠠᠶᠢᠲᠤᠷ ᠬᠢᠬᠦ ᠬᠡᠷᠡᠭᠲᠡᠶ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠰᠤᠷᠭᠠᠨ ᠬᠥᠮᠦᠵᠢᠯ ᠤᠨ ᠠᠭᠤᠯᠤᠭᠳᠠᠬᠤᠨ ᠮᠠᠶ᠋ᠢᠭ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠡᠷᠭᠢᠯᠡᠬᠦ ᠬᠡᠷᠡᠭᠲᠡᠶ᠃ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ ᠢ ᠪᠤᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠢᠭᠤᠴᠠᠯᠭ᠎ᠠ ᠶᠢ ᠮᠥᠷᠥᠨ ᠳᠡᠭᠡᠷ᠎ᠡ ᠪᠠᠨ ᠡᠭᠦᠷᠭᠡᠯᠡᠵᠦ᠂ ᠭᠠᠷ ᠲᠠᠭᠠᠨ ᠠᠳᠬᠤᠵᠤ᠂ ᠬᠥᠳᠡᠭᠡ ᠲᠣᠰᠬᠤᠨ ᠤ ᠪᠦᠬᠦ ᠲᠠᠯ᠎ᠠ ᠶᠢᠨ ᠲᠠᠪᠰᠢᠯᠳᠠ᠂ ᠬᠥᠳᠡᠭᠡ ᠠᠵᠤ ᠠᠬᠤᠢ ᠶᠢᠨ ᠪᠦᠬᠦ ᠲᠠᠯ᠎ᠠ ᠶᠢᠨ ᠲᠡᠰ ᠳᠡᠪᠰᠢᠬᠦ᠂ ᠲᠠᠷᠢᠶᠠᠴᠢᠳ ᠤᠨ ᠪᠦᠬᠦ ᠲᠠᠯ᠎ᠠ ᠶᠢᠨ ᠬᠥᠭᠵᠢᠯᠲᠡ ᠶᠢ ᠦᠨᠡᠨᠬᠦ ᠠᠬᠢᠭᠤᠯᠬᠤ ᠬᠡᠷᠡᠭᠲᠡᠢ᠃ ᠬᠦᠷᠢᠶ᠎ᠡ ᠬᠠᠰᠢᠶ᠎ᠠ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠲᠣᠰ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠬᠡᠷ ᠪᠠᠶᠢᠰᠢᠩ ᠤᠨ ᠡᠮᠦᠨ᠎ᠡ ᠬᠤᠶᠢᠨᠠᠬᠢ ᠰᠤᠯᠠ ᠪᠠᠶᠢᠬᠤ ᠭᠠᠵᠠᠷ ᠰᠢᠷᠣᠶ ᠶᠢ ᠭᠦᠢᠴᠡᠳ ᠠᠰᠢᠭᠯᠠᠨ᠂ ᠤᠨᠴᠠᠯᠢᠬᠳᠤ ᠲᠠᠷᠢᠮᠠᠯ᠂ ᠲᠡᠵᠢᠭᠡᠨ ᠦᠷᠡᠵᠢᠭᠦᠯᠬᠦ ᠵᠢᠴᠢ ᠬᠥᠳᠡᠭᠡ ᠲᠣᠰᠬᠤᠨ ᠤ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠬᠦ ᠬᠡᠷᠡᠭᠲᠡᠶ᠃ ᠨᠠᠩ ᠡᠷᠡᠰ ᠪᠠᠲᠤ ᠢᠲᠡᠭᠡᠯ ᠵᠣᠷᠢᠭ᠂ ᠬᠦᠴᠦᠲᠡᠶ ᠠᠷᠭ᠎ᠠ ᠬᠡᠮᠵᠢᠶ᠎ᠡ ᠪᠠᠷ ᠮᠠᠨ ᠤ ᠬᠤᠰᠢᠭᠤᠨ ᠤ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ ᠂ ᠬᠥᠳᠡᠭᠡ ᠠᠵᠤ ᠠᠬᠤᠶ ᠶᠢᠨ ᠬᠦᠴᠦᠷᠬᠡᠭ ᠤᠯᠤᠰ ᠢ ᠲᠦᠷᠭᠡᠳᠬᠡᠨ ᠪᠥᠲᠥᠭᠡᠨ ᠪᠠᠶᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠶ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠥᠷᠥᠯ ᠵᠦᠢᠯ ᠢ ᠡᠷᠲᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠪᠥᠬᠦ ᠬᠤᠰᠢᠭᠤᠨ ᠤ ᠠᠵᠤ ᠠᠬᠤᠶ ᠶᠢᠨ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ᠃ ᠡᠯ᠎ᠡ ᠵᠦᠢᠯ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ ᠤᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠰᠢᠨ᠎ᠡ ᠬᠠᠩᠭᠢᠨ ᠬᠤᠶᠢᠲᠤ ᠬᠤᠰᠢᠭᠤ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ