| | 2 ᠰᠠᠷ᠎ᠠ ᠶᠢᠨ 19 ᠤ ᠡᠳᠦᠷ᠂ ᠲᠥᠪ ᠤᠨ ᠷᠠᠳᠢᠣ᠋ ᠲᠧᠯᠸᠢᠰ ᠬᠤᠷᠢᠶ᠎ᠠ ᠶᠢᠨ ᠥᠪᠥᠷ ᠮᠣᠩᠭᠤᠯ ᠤᠨ ᠶᠡᠷᠦᠩᠬᠡᠶ ᠥᠷᠲᠡᠭᠡ ᠶᠢᠨ ᠰᠤᠷᠪᠤᠯᠵᠢᠯᠠᠬᠤ | ᠳᠤᠭᠤᠶᠢᠯᠠᠩ ᠤᠨ ᠬᠢᠨ ᠲᠠᠷᠢᠶᠠᠯᠠᠩ ᠤᠨ ᠮᠠᠰᠢᠨ ᠢ ᠰᠢᠨᠡᠳᠬᠡᠬᠦ᠂ ᠬᠠᠭᠤᠴᠢᠨ ᠢᠶᠠᠷ ᠰᠢᠨ᠎ᠡ ᠶᠢ ᠰᠣᠯᠢᠬᠤ ᠵᠡᠷᠭᠡ ᠠᠵᠢᠯ ᠤᠨ ᠲᠤᠬᠠᠶ ᠮᠠᠨ ᠤ ᠬᠤᠰᠢᠭᠤᠨ ᠳᠤ | ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠰᠤᠷᠪᠤᠯᠵᠢᠯᠠᠪᠠ᠃ | ᠰᠤᠷᠪᠤᠯᠵᠢᠯᠠᠬᠤ ᠳᠤᠭᠤᠶᠢᠯᠠᠩ ᠤᠨ ᠬᠢᠨ ᠤᠷᠢᠳ ᠬᠤᠵᠢᠳ ᠥᠪᠥᠷ ᠮᠣᠩᠭᠤᠯ ᠤᠨ ᠹᠦ᠋ ᠮᠠᠨ ᠰᠢᠨ ᠤ ᠬᠡᠷᠡᠭᠯᠡᠭᠡᠨ ᠠᠴᠠ ᠭᠠᠷᠭᠠᠭᠰᠠᠨ ᠮᠠᠰᠢᠨ ᠲᠡᠷᠭᠡ ᠶᠢ | ᠬᠤᠷᠢᠶᠠᠨ ᠠᠪᠴᠤ ᠵᠠᠳᠠᠯᠬᠤ ᠬᠢᠵᠠᠭᠠᠷᠲᠤ ᠺᠣᠮᠫᠠᠨᠢ᠂ ᠮᠧᠩ ᠬᠠᠶ ᠪᠠᠯᠭᠠᠰᠤᠨ ᠤ ᠤᠯᠠᠭᠠᠨ ᠲᠣᠰᠬᠤᠨ᠂ ᠳᠧᠦ ᠳ᠋ᠤᠤ ᠴᠢᠶᠣᠤ ᠪᠠᠯᠭᠠᠰᠤᠨ ᠤ ᠯᠢᠶᠠᠨ ᠽᠧᠩ ᠲᠣᠰᠬᠤᠨ | ᠵᠡᠷᠭᠡ ᠭᠠᠵᠠᠷ ᠲᠤ ᠬᠦᠷᠴᠦ᠂ ᠬᠤᠷᠢᠶᠠᠨ ᠠᠪᠬᠤ ᠠᠵᠤ ᠠᠬᠤᠶᠢᠯᠠᠯ᠂ ᠲᠠᠷᠢᠶᠠᠴᠢᠨ ᠡᠷᠦᠬᠡ ᠶᠢᠨ ᠬᠡᠷ ᠲᠤ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ᠂ | ᠲᠠᠷᠢᠮᠠᠯ ᠤᠨ ᠲᠣᠮᠣ ᠡᠷᠦᠬᠡ ᠵᠡᠷᠭᠡ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠮᠠᠨ ᠤ ᠬᠤᠰᠢᠭᠤᠨ ᠤ ᠬᠡᠷᠡᠭᠯᠡᠭᠡᠨ ᠠᠴᠠ ᠭᠠᠷᠭᠠᠭᠰᠠᠨ ᠲᠠᠷᠢᠶᠠᠯᠠᠩ ᠤᠨ ᠮᠠᠰᠢᠨ ᠤ | ᠰᠢᠨᠡᠳᠭᠡᠯ ᠤᠨ ᠶᠠᠪᠤᠴᠠ ᠶᠢ ᠭᠦᠢᠴᠡᠳᠭᠡᠬᠦ ᠠᠯᠬᠤᠮ᠂ ᠲᠠᠷᠢᠶᠠᠴᠢᠨ ᠡᠷᠦᠬᠡ ᠶᠢᠨ ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠬᠤ ᠰᠢᠨᠡᠳᠬᠡᠬᠦ ᠨᠥᠬᠦᠪᠥᠷᠢ | ᠭᠥᠷᠳᠡᠬᠦ ᠲᠥᠷᠥ ᠶᠢᠨ ᠪᠣᠳᠣᠯᠭ᠎ᠠ᠂ ᠲᠠᠷᠢᠶᠠᠯᠠᠩ ᠤᠨ ᠮᠠᠰᠢᠨ ᠤ ᠠᠵᠤ ᠦᠢᠯᠡᠰ ᠤᠨ ᠬᠡᠯᠬᠢᠶ᠎ᠡ ᠶᠢᠨ ᠪᠥᠲᠥᠭᠡᠨ ᠪᠠᠶᠢᠭᠤᠯᠤᠯᠲᠠ ᠵᠢᠴᠢ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠵᠡᠷᠭᠡ ᠪᠠᠶᠢᠳᠠᠯ ᠢ ᠪᠠᠶᠢᠴᠠᠭᠠᠨ ᠰᠤᠳᠤᠯᠵᠤ ᠰᠤᠷᠪᠤᠯᠵᠢᠯᠠᠪᠠ᠃ | ᠰᠤᠷᠪᠤᠯᠵᠢᠯᠠᠬᠤ ᠳᠤᠭᠤᠶᠢᠯᠠᠩ ᠤᠨ ᠦᠵᠡᠬᠦ ᠪᠠᠷ᠂ ᠮᠠᠨ ᠤ ᠬᠤᠰᠢᠭᠤᠨ ᠤ ᠬᠠᠭᠤᠴᠢᠨ ᠲᠠᠷᠢᠶᠠᠯᠠᠩ ᠤᠨ ᠮᠠᠰᠢᠨ ᠢ ᠬᠡᠷᠡᠭᠯᠡᠭᠡ ᠠᠴᠠ ᠭᠠᠷᠭᠠᠵᠤ ᠰᠢᠨᠡᠳᠬᠡᠬᠦ ᠪᠠ | ᠪᠣᠬᠢᠷᠲᠤᠯ ᠥᠬᠡᠶ ᠮᠡᠷᠭᠡᠵᠢᠯ ᠲᠣᠨᠣᠭᠯᠠᠯ ᠤᠨ ᠬᠡᠷᠡᠭᠯᠡᠯᠲᠡ ᠶᠢ ᠲᠦᠷᠭᠡᠳᠬᠡᠬᠦ ᠠᠵᠢᠯ ᠯᠠᠪᠳᠠᠭᠤᠨ ᠪᠠᠲᠤᠲᠠᠶ ᠡᠮᠬᠢ ᠵᠢᠷᠤᠮ ᠲᠠᠢ ᠪᠠᠶᠢᠵᠤ᠂ ᠶᠡᠭᠡ ᠬᠡᠮᠵᠢᠶᠡᠨ ᠤ | ᠬᠠᠭᠤᠴᠢᠷᠠᠭᠰᠠᠨ᠂ ᠡᠨᠧᠷᠭᠢ ᠶᠢᠨ ᠬᠤᠷᠣᠭᠳᠠᠭᠤᠯᠤᠯ ᠶᠡᠬᠡᠲᠡᠶ᠂ ᠦᠷ᠎ᠡ ᠪᠦᠲᠦᠮᠵᠢ ᠪᠠᠷ ᠳᠣᠤᠷ᠎ᠠ ᠲᠠᠷᠢᠶᠠᠯᠠᠩ ᠤᠨ ᠮᠠᠰᠢᠨ ᠬᠡᠷᠡᠭᠰᠡᠯ ᠢ ᠥᠨᠳᠥᠷ ᠪᠦᠲᠦᠮᠵᠢᠲᠡᠶ ᠪᠠᠷ | ᠬᠤᠷᠢᠶᠠᠨ ᠠᠪᠴᠤ᠂ ᠪᠠᠰᠠ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠳᠤ ᠨᠢᠭᠡ ᠪᠦᠯᠦᠭ ᠲᠣᠮᠣ ᠬᠡᠯᠪᠡᠷᠢ ᠶᠢᠨ᠂ ᠲᠡᠷᠢᠭᠦᠨ ᠤ ᠲᠠᠷᠢᠶᠠᠯᠠᠩ ᠤᠨ ᠮᠠᠰᠢᠨ | ᠲᠥᠬᠦᠭᠡᠷᠦᠮᠵᠢ ᠶᠢ ᠣᠷᠣᠭᠤᠯᠤᠨ ᠠᠪᠴᠢᠷᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠳᠤ | ᠴᠢᠬᠤᠯᠠ ᠦᠢᠯᠡᠳᠦᠯ ᠦᠵᠡᠭᠦᠯᠪᠡ ᠭᠡᠪᠡ᠃ ᠵᠠᠯᠭᠠᠭᠠᠳ ᠮᠠᠨ ᠤ ᠬᠤᠰᠢᠭᠤᠨ ᠤ ᠲᠠᠷᠢᠶᠠᠯᠠᠩ ᠤᠨ ᠮᠠᠰᠢᠨ ᠤ ᠬᠡᠷᠡᠭᠯᠡᠭᠡᠨ ᠠᠴᠠ ᠭᠠᠷᠭᠠᠭᠰᠠᠨ ᠠᠷᠭ᠎ᠠ ᠬᠡᠮᠵᠢᠶ᠎ᠡ ᠪᠠ | ᠬᠤᠷᠢᠶᠠᠨ ᠠᠪᠬᠤ ᠦᠢᠯᠡᠴᠢᠯᠡᠭᠡᠨ ᠤ ᠪᠠᠶᠢᠳᠠᠯ ᠢ ᠦᠷᠭᠦᠯᠵᠢᠯᠡᠨ ᠠᠩᠬᠠᠷᠴᠤ᠂ ᠲᠠᠪᠴᠠᠩ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠠᠵᠢᠯ ᠢᠶᠠᠨ | ᠠᠬᠢᠭᠤᠯᠬᠤ ᠳᠤ ᠵᠢᠯᠣᠭᠤᠳᠣᠯᠭ᠎ᠠ ᠪᠠ ᠬᠠᠪᠰᠤᠷᠤᠯᠭ᠎ᠠ ᠬᠠᠩᠭᠠᠨ᠎ᠠ᠃ | ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠥᠬᠦ ᠬᠤᠰᠢᠭᠤᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ | ᠠᠵᠢᠯ ᠢ ᠴᠢᠩᠭ᠎ᠠ ᠠᠩᠬᠠᠷᠴᠤ᠂ ᠥᠪᠡᠷᠮᠢᠴᠡ ᠣᠨᠴᠠᠯᠢᠭ ᠲᠠᠢ ᠭᠤᠣᠯ ᠴᠢᠭ ᠢ ᠭᠦᠨᠵᠡᠭᠡᠶ ᠤᠶᠢᠯᠠᠭᠠᠵᠤ᠂ ᠴᠢᠨᠠᠷ ᠰᠠᠶᠢᠲᠠᠶ ᠰᠣᠨᠢᠨ ᠮᠡᠳᠡᠭᠡᠨ ᠤ ᠰᠦᠪᠡᠭᠴᠢ ᠶᠢ ᠴᠠᠭ | ᠲᠤᠬᠠᠶ ᠳᠤᠨᠢ ᠬᠦᠷᠭᠡᠵᠦ᠂ ᠬᠠᠩᠭᠢᠨ ᠬᠤᠶᠢᠲᠤ ᠬᠤᠰᠢᠭᠤᠨ ᠤ ᠲᠠᠷᠢᠶᠠᠯᠠᠩ ᠤᠨ ᠠᠵᠤ ᠦᠢᠯᠡᠰ ᠤᠨ ᠥᠷᠨᠢᠩᠭᠦᠶ ᠬᠥᠭᠵᠢᠯᠲᠡ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠣᠯᠤᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢ ᠭᠦᠢᠴᠡᠳ ᠳᠡᠯᠭᠡᠨ ᠪᠠᠳᠠᠷᠠᠭᠤᠯᠤᠨ᠎ᠠ᠃ | ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠠᠮᠲᠤᠷᠠᠪᠠ᠃ | | | |