| | | ︽ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠵᠦ᠂ ᠣᠯᠠᠨ ᠲᠦᠮᠡᠨ ᠤ ᠴᠢᠨᠠᠷ ᠰᠠᠶᠢᠲᠠᠶ ᠠᠮᠢᠳᠤᠷᠠᠯ ᠳᠤ ᠬᠦᠴᠦᠨ ᠨᠡᠮᠡᠷᠢᠯᠡᠬᠦ | ︾ ᠬᠠᠷᠠᠯᠲᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠰᠢᠭᠤᠨ ᠵᠠᠰᠠᠭ ᠤᠨ ᠲᠤᠭ᠎ᠠ ᠪᠠᠷᠢᠮᠲᠠ ᠶᠢᠨ ᠲᠣᠪᠴᠢᠶ᠎ᠠ ︽ᠨᠢᠭᠡ ᠶᠠᠪᠤᠳᠠᠯ ᠢ | ᠥᠨᠳᠥᠷ ᠪᠦᠲᠦᠮᠵᠢᠲᠡᠶ ᠪᠠᠷ ᠭᠦᠢᠴᠡᠳᠬᠡᠬᠦ︾ ᠨᠡᠶᠢᠯᠡᠮᠡᠯ ᠦᠢᠯᠡᠴᠢᠯᠡᠭᠡᠨ ᠤ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠠᠵᠢᠯ ᠤᠨ ᠰᠠᠭᠤᠷᠢ ᠶᠢ ᠲᠠᠰᠤᠷᠠᠯᠲᠠ | ᠥᠬᠡᠶ ᠪᠠᠬᠢᠵᠢᠭᠦᠯᠬᠦ᠂ ᠥᠷᠲᠡᠭ ᠨᠡᠮᠡᠭᠳᠡᠯ ᠤᠨ ᠦᠢᠯᠡᠴᠢᠯᠡᠭᠡ ᠶᠢ ᠥᠷᠭᠡᠳᠬᠡᠬᠦ᠂ ᠲᠤᠯᠭᠠᠭᠤᠷᠢᠯᠠᠯ ᠤᠨ ᠪᠠᠲᠤᠯᠠᠭ᠎ᠠ ᠶᠢ ᠴᠢᠩᠭᠠᠳᠬᠠᠬᠤ ᠪᠠᠷ ᠳᠠᠮᠵᠢᠭᠤᠯᠤᠨ᠂ ︽ | ᠣᠯᠠᠨ ᠰᠠᠯᠠᠭ᠎ᠠ ᠮᠥᠴᠢᠷ᠂ ᠣᠯᠠᠨ ᠴᠣᠩᠬᠤ᠂ ᠣᠯᠠᠨ ᠰᠦᠯᠵᠢᠶ᠎ᠡ᠂ ᠣᠯᠠᠨ ᠤᠳᠠᠭ᠎ᠠ︾ ᠪᠠᠶᠢᠭᠰᠠᠨ ᠠᠴᠠ ︽ᠨᠢᠭᠡ ᠰᠠᠯᠠᠭ᠎ᠠ ᠮᠥᠴᠢᠷ᠂ ᠨᠢᠭᠡ ᠴᠣᠩᠬᠤ᠂ ᠨᠢᠭᠡ | ᠰᠦᠯᠵᠢᠶ᠎ᠡ᠂ ᠨᠢᠭᠡ ᠤᠳᠠᠭ᠎ᠠ︾ ᠳᠤ ᠭᠦᠢᠴᠡᠳ ᠪᠡᠶᠡᠯᠡᠭᠦᠯᠬᠦ ᠲᠡᠶᠢᠰᠢ ᠬᠤᠪᠢᠷᠠᠭᠤᠯᠵᠤ᠂ ᠣᠯᠠᠨ ᠲᠦᠮᠡᠨ ᠤ ᠰᠡᠳᠬᠢᠯ ᠢ ᠠᠮᠤᠷᠵᠢᠭᠤᠯᠵᠤ᠂ ᠠᠵᠤ ᠠᠬᠤᠶᠢᠯᠠᠯ ᠢ | ᠲᠠᠭᠠᠯᠠᠮᠵᠢᠲᠠᠶ ᠪᠣᠯᠭᠠᠪᠠ᠃ | ᠨᠢᠭᠡ ᠳᠤ᠂ ᠠᠵᠢᠯ ᠤᠨ ᠰᠠᠭᠤᠷᠢ ᠪᠠᠨ ᠪᠠᠬᠢᠵᠢᠭᠦᠯᠵᠦ᠂ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ ᠶᠢ ᠠᠬᠢᠭᠤᠯᠪᠠ᠃ ᠤᠯᠤᠰ ᠤᠨ ︽ | ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ ᠨᠠᠷᠢᠨ ᠲᠠᠩᠰᠠ ᠲᠠᠢ ᠬᠠᠷᠢᠴᠠᠭᠤᠯᠪᠠᠯ᠂ ︽ᠨᠢᠭᠡ ᠤᠴᠢᠷ ᠨᠢᠭᠡ ᠲᠥᠰᠦᠯ︾ ᠤᠨ ᠱᠠᠭᠠᠷᠳᠠᠯᠭ᠎ᠠ | ᠶᠣᠰᠣᠭᠠᠷ᠂ ᠲᠣᠯᠣᠭᠠᠶᠢᠯᠠᠬᠤ ᠰᠠᠯᠠᠭ᠎ᠠ ᠮᠥᠴᠢᠷ ᠠᠴᠠ ᠬᠠᠮᠵᠢᠯᠴᠠᠬᠤ ᠰᠠᠯᠠᠭ᠎ᠠ ᠮᠥᠴᠢᠷ ᠲᠠᠢ ᠬᠠᠮᠲᠤᠷᠠᠨ ᠭᠤᠤᠯᠳᠠᠯᠭ᠎ᠠ ᠲᠠᠢ ᠵᠦᠢᠯᠡᠰ ᠤᠨ ᠬᠡᠷᠡᠭᠵᠢᠭᠦᠯᠬᠦ ᠲᠥᠰᠦᠯ ᠢ | ᠨᠠᠶᠢᠷᠠᠭᠤᠯᠤᠨ ᠵᠣᠬᠢᠶᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠠᠵᠢᠯ ᠶᠠᠪᠤᠳᠠᠯ ᠭᠦᠢᠴᠡᠳᠭᠡᠬᠦ ᠴᠤᠪᠤᠷᠠᠯ ᠢ ᠰᠢᠯᠢᠳᠡᠭᠵᠢᠭᠦᠯᠵᠦ᠂ | ᠭᠤᠶᠤᠴᠢᠯᠠᠬᠤ ᠬᠦᠰᠦᠨᠦᠭᠲᠦ ᠶᠢ ᠡᠮᠬᠢᠯᠡᠨ ᠨᠡᠶᠢᠯᠡᠭᠦᠯᠵᠦ᠂ ᠠᠵᠢᠯ ᠶᠠᠪᠤᠳᠠᠯ ᠭᠦᠢᠴᠡᠳᠭᠡᠬᠦ ᠮᠠᠲ᠋ᠧᠷᠢᠶᠠᠯ ᠢ ᠴᠣᠮᠬᠠᠳᠬᠠᠨ᠂ ᠠᠵᠢᠯ ᠶᠠᠪᠤᠳᠠᠯ ᠭᠦᠢᠴᠡᠳᠭᠡᠬᠦ | ᠵᠦᠭᠯᠡᠭᠦᠷ ᠢ ᠨᠠᠶᠢᠷᠠᠭᠤᠯᠤᠨ ᠵᠣᠬᠢᠶᠠᠵᠤ᠂ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ ᠶᠢ ᠲᠦᠷᠭᠡᠨ ᠨᠠᠶᠢᠳᠠᠪᠤᠷᠢᠵᠢᠭᠤᠯᠬᠤ ᠳᠤ ᠬᠦᠴᠦᠨ | ᠨᠡᠮᠡᠷᠢᠯᠡᠪᠡ᠃ | ᠬᠤᠶᠠᠷ ᠲᠤ᠂ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠴᠢᠩᠭᠠᠳᠬᠠᠵᠤ᠂ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ | ︾ ᠭᠡᠬᠦ ᠴᠢᠳᠠᠪᠤᠷᠢ ᠣᠯᠭᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢ ᠦᠷᠭᠦᠯᠵᠢᠯᠡᠨ ᠥᠷᠭᠡᠳᠬᠡᠵᠦ᠂ ᠥᠷᠲᠡᠭ ᠨᠡᠮᠡᠭᠳᠡᠭᠦᠯᠬᠦ | ᠦᠢᠯᠡᠴᠢᠯᠡᠭᠡ ᠶᠢ ᠥᠷᠭᠡᠳᠬᠡᠨ᠎ᠡ᠃ ᠮᠠᠨ ᠤ ᠬᠤᠰᠢᠭᠤᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ︽ᠥᠨᠳᠥᠷ | ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ ᠠᠵᠢᠯ ᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ | ᠲᠢᠩᠬᠢᠮ ᠳᠤ ︽ᠠᠵᠤ ᠠᠬᠤᠶᠢᠯᠠᠯ ᠡᠷᠭᠢᠯᠡᠵᠦ ᠲᠤᠰᠬᠠᠶ ᠴᠣᠩᠬᠤ ᠪᠣᠯᠭᠠᠬᠤ︾ ᠶᠢ ︽ᠨᠢᠭᠡ ᠬᠠᠭᠤᠳᠠᠰᠤ ᠬᠦᠰᠦᠨᠦᠭᠲᠦ︾ ᠪᠣᠯᠭᠠᠨ ᠲᠠᠰ ᠳᠡᠪᠰᠢᠭᠦᠯᠵᠦ᠂ | ᠰᠦᠯᠵᠢᠶᠡᠨ ᠳᠡᠭᠡᠷᠡᠬᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠪᠠ ᠰᠦᠯᠵᠢᠶᠡᠨ ᠭᠠᠳᠠᠨᠠᠬᠢ ︽ᠨᠢᠭᠡ ᠴᠣᠩᠬᠤᠪᠴᠢ ᠪᠠᠷ ᠭᠥᠯᠢᠶᠡᠨ ᠠᠪᠴᠤ | ᠰᠢᠢᠳᠪᠦᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠨᠢᠭᠡ ᠴᠣᠩᠬᠤᠪᠴᠢ ᠪᠠᠷ ᠪᠢᠴᠢᠭ ᠮᠠᠲ᠋ᠧᠷᠢᠶᠠᠯ ᠭᠠᠷᠭᠠᠬᠤ︾ ᠠᠵᠢᠯ ᠤᠨ | ᠵᠠᠭᠪᠤᠷ ᠢ ᠬᠡᠷᠡᠭᠵᠢᠭᠦᠯᠦᠨ᠂ ᠠᠵᠤ ᠠᠬᠤᠶᠢᠯᠠᠯ ᠣᠯᠠᠨ ᠲᠦᠮᠡᠨ ᠳᠤ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡ ᠬᠠᠩᠭᠠᠨ᠎ᠠ᠃ | ᠭᠤᠷᠪᠠ ᠳᠤ᠂ ᠲᠤᠯᠭᠠᠭᠤᠷᠢᠯᠠᠬᠤ ᠪᠠᠲᠤᠯᠠᠭ᠎ᠠ ᠶᠢ ᠴᠢᠩᠭᠠᠳᠬᠠᠵᠤ᠂ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ ᠳᠤ ᠬᠦᠴᠦᠨ | ᠨᠡᠮᠡᠷᠢᠯᠡᠨ᠎ᠡ᠃ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ ᠲᠦᠷᠦᠭᠦᠯᠡᠬᠦ ᠰᠠᠯᠠᠭ᠎ᠠ ᠮᠥᠴᠢᠷ ᠪᠠ ᠬᠠᠷᠢᠭᠤᠴᠠᠯᠭᠠᠲᠤ ᠰᠠᠯᠠᠭ᠎ᠠ ᠮᠥᠴᠢᠷ ᠤᠨ | ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠢ ᠵᠣᠬᠢᠶᠠᠨ ᠪᠠᠶᠢᠭᠤᠯᠵᠤ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ ᠰᠢᠰᠲ᠋ᠧᠮ ᠤᠨ | ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠳᠤ ᠣᠷᠣᠯᠴᠠᠭᠤᠯᠵᠤ᠂ ᠰᠦᠯᠵᠢᠶᠡᠨ ᠭᠠᠳᠠᠨᠠᠬᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ᠂ ᠴᠣᠩᠬᠤᠪᠴᠢ ᠪᠠᠷ | ᠭᠦᠢᠴᠡᠳᠭᠡᠬᠦ ᠪᠠᠷ ᠳᠠᠮᠵᠢᠭᠤᠯᠤᠨ ︽ᠨᠢᠭᠡ ᠶᠠᠪᠤᠳᠠᠯ︾ ᠤᠨ ᠰᠢᠰᠲ᠋ᠧᠮ ᠤᠨ ᠰᠠᠭᠠᠳ ᠥᠬᠡᠶ ᠨᠡᠪᠲᠡᠷᠡᠬᠦ᠂ ᠠᠵᠢᠯᠲᠠᠨ ᠤ ᠪᠣᠯᠪᠠᠰᠤᠷᠠᠩᠭᠤᠶ ᠪᠠᠶᠢᠬᠤ ᠶᠢ ᠦᠨᠡᠨ ᠬᠦ | ᠪᠠᠲᠤᠯᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠢᠯᠡ ᠲᠣᠳᠣ ᠪᠠᠶᠢᠷᠢᠨ ᠳᠤ ᠤᠬᠠᠭᠤᠯᠭ᠎ᠠ ᠶᠢᠨ ᠳᠡᠯᠭᠡᠨ ᠦᠵᠡᠭᠦᠯᠬᠦ ᠰᠠᠮᠪᠠᠷ᠎ᠠ ᠲᠠᠯᠪᠢᠬᠤ᠂ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠷᠥ ᠶᠢᠨ ᠪᠣᠳᠣᠯᠭ᠎ᠠ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ᠂ | ᠠᠵᠢᠯ ᠶᠠᠪᠤᠳᠠᠯ ᠭᠦᠢᠴᠡᠳᠬᠡᠬᠦ ᠴᠤᠪᠤᠷᠠᠯ ᠵᠡᠷᠭᠡ ᠠᠭᠤᠯᠭ᠎ᠠ ᠶᠢᠨ ᠲᠠᠶᠢᠯᠤᠮᠵᠢ ᠶᠢ ᠴᠢᠩᠭᠠᠷᠠᠭᠤᠯᠵᠤ᠂ ᠥᠭᠡᠷᠡᠴᠢᠯᠡᠯᠲᠡ ᠶᠢᠨ ᠠᠵᠢᠯ ᠤᠨ ᠤᠷᠤᠭᠰᠢᠲᠠᠶ ᠠᠭᠢᠬᠤ ᠶᠢ | ᠦᠨᠡᠨᠬᠦ ᠪᠠᠲᠤᠯᠠᠬᠤ ᠬᠡᠷᠡᠭᠲᠡᠶ᠃ | ᠥᠭᠡᠷᠡᠴᠢᠯᠡᠯᠲᠡ ᠵᠣᠭᠰᠣᠯ ᠦᠭᠡᠶ᠂ ᠦᠢᠯᠡᠴᠢᠯᠡᠭᠡ ᠬᠢᠵᠠᠭᠠᠷ ᠦᠭᠡᠶ᠃ ᠣᠲᠣ ᠪᠣᠯᠲᠠᠯ᠎ᠠ᠂ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ | 25 ᠵᠦᠢᠯ ᠤᠨ ᠭᠤᠤᠯᠳᠠᠯᠭ᠎ᠠ ᠲᠠᠢ ᠵᠦᠢᠯᠡᠰ ᠪᠠ ᠬᠠᠩᠭᠢᠨ ᠬᠤᠶᠢᠲᠤ ᠬᠤᠰᠢᠭᠤᠨ ᠤ ᠰᠢᠨ᠎ᠡ ᠶᠢ ᠡᠭᠦᠳᠬᠦ 2 ᠵᠦᠢᠯ ᠢ ᠡᠮᠬᠢ ᠵᠢᠷᠤᠮ ᠲᠠᠢ ᠠᠬᠢᠭᠤᠯᠵᠤ᠂ ᠨᠡᠶᠢᠲᠡ | 2 ᠲᠦᠮᠡ ᠭᠠᠷᠤᠶ ᠵᠦᠢᠯ ᠢ ᠰᠡᠶᠢᠳᠪᠦᠷᠢᠯᠡᠵᠦ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ | ᠲᠣᠪᠴᠢᠶ᠎ᠠ ᠨᠢ ᠠᠵᠤ ᠠᠬᠤᠶᠢᠯᠠᠯ ᠪᠠ ᠣᠯᠠᠨ ᠲᠦᠮᠡᠨ ᠤ ᠬᠠᠷᠠᠭᠠᠰᠤ ᠠᠴᠠ ᠡᠭᠦᠰᠴᠦ᠂ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ ᠪᠠᠷ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ᠂ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠭᠠᠵᠤ᠂ | ᠠᠵᠢᠯ ᠶᠠᠪᠤᠳᠠᠯ ᠭᠦᠢᠴᠡᠳᠭᠡᠬᠦ ᠴᠤᠪᠤᠷᠠᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠠᠵᠢᠯ ᠤᠨ ᠶᠠᠰᠤ ᠴᠢᠨᠠᠷ ᠪᠠ ᠦᠷ᠎ᠡ ᠪᠦᠲᠦᠮᠵᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠨ᠎ᠠ᠃ |