ᠨᠢᠭᠡ᠂ ᠭᠤᠣᠯ ᠤᠳᠤᠷᠢᠳᠤᠯᠭ᠎ᠠ ᠵᠢᠴᠢ ᠠᠵᠢᠯ ᠤᠨ ᠬᠤᠪᠢᠶᠠᠷᠢᠯᠠᠯ | ᠵᠠᠩ ᠫᠧᠢ ᠳ᠋ᠧ ︵ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ︶ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠤ | ᠨᠠᠮ ᠤᠨ ᠤᠳᠤᠷᠢᠳᠬᠤ ᠳᠤᠭᠤᠶᠢᠯᠠᠩ᠂ ᠵᠠᠰᠠᠭ ᠵᠠᠬᠢᠷᠭᠠᠨ ᠤ ᠪᠦᠬᠦ ᠲᠠᠯ᠎ᠠ ᠶᠢᠨ ᠠᠵᠢᠯ ᠢ ᠡᠷᠬᠢᠯᠡᠨ᠎ᠡ᠃ ᠠᠯᠪᠠᠯᠠᠬᠤ ᠤᠲᠠᠰᠤ᠄ 0478 - 6622930 | ᠯᠢ ᠰᠢ ᠶᠤᠸᠠᠨ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ︶᠄ ᠲᠣᠪᠴᠢᠶᠠᠨ ᠳᠠᠷᠤᠭ᠎ᠠ ᠶᠢ ᠬᠠᠮᠵᠢᠨ | ᠬᠠᠷᠢᠭᠤᠴᠠᠯᠭ᠎ᠠ ᠡᠭᠦᠷᠭᠡᠯᠡᠬᠦ ᠲᠣᠪᠴᠢᠶ᠎ᠠ ᠶᠢᠨ ᠪᠠᠶᠢᠭᠤᠯᠭ᠎ᠠ ᠶᠢᠨ ᠡᠳᠦᠷ ᠲᠤᠲᠤᠮ ᠤᠨ ᠬᠡᠷᠡᠭ ᠶᠠᠪᠤᠳᠠᠯ᠂ ᠡᠳ᠋ ᠤᠨ ᠶᠠᠪᠤᠳᠠᠯ ᠤᠨ ᠬᠠᠮᠢᠶᠠᠷᠤᠯᠲᠠ ᠪᠠ ᠰᠢᠰᠲ᠋ᠧᠮ ᠤᠨ | ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ᠂ ᠤᠬᠠᠭᠤᠯᠭ᠎ᠠ ᠬᠥᠮᠦᠵᠢᠯ᠂ | ᠦᠵᠡᠯ ᠤᠬᠠᠮᠰᠠᠷ ᠤᠨ ᠬᠡᠯᠪᠡᠷᠢ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠠᠵᠢᠯ ᠲᠥᠷᠥᠯ ᠤᠨ ᠥᠭᠡᠷᠡᠴᠢᠯᠡᠯᠲᠡ᠂ ᠣᠯᠠᠨ ᠲᠦᠮᠡᠨ ᠤ ᠵᠠᠬᠢᠳᠠᠯ | ᠰᠤᠷᠪᠤᠯᠵᠢᠯᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ᠂ ᠭᠠᠯ ᠰᠡᠷᠭᠡᠶᠢᠯᠡᠬᠦ ᠦᠶᠡᠷ ᠢ ᠰᠡᠷᠭᠡᠶᠢᠯᠡᠵᠦ | ᠰᠦᠷᠳᠡᠭᠦᠯᠦᠯ ᠢ ᠡᠰᠡᠷᠭᠦᠴᠡᠬᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ︵ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ︶ ᠠᠵᠢᠯ ᠢ ᠬᠠᠷᠢᠭᠤᠴᠠᠨ᠎ᠠ᠃ ᠠᠵᠢᠯᠴᠢᠨ᠂ ᠵᠠᠯᠠᠭᠤᠴᠤᠳ᠂ ᠡᠪᠯᠡᠯ᠂ ᠡᠮᠡᠭᠲᠡᠶᠢᠴᠦᠳ᠂ ᠠᠬᠠᠮᠠᠳ ᠺᠠᠳ᠋ᠷ᠂ ᠰᠣᠶᠣᠯ᠂ ᠡᠷᠡᠭᠦᠯ ᠬᠠᠮᠠᠭᠠᠯᠠᠯ᠂ | ᠨᠡᠶᠢᠭᠡᠮ ᠤᠨ ᠪᠠᠲᠤᠯᠠᠭ᠎ᠠ᠂ ᠶᠠᠳᠠᠭᠤ ᠶᠢ ᠲᠡᠳᠬᠦᠬᠦ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ᠂ ︽ᠠᠷᠪᠠᠨ ᠨᠢᠭᠡ︾ ᠶᠢᠨ ᠢᠨᠵᠧᠨᠧᠷᠢᠩ᠂ ᠦᠨᠳᠦᠰᠦᠲᠡᠨ᠂ | ᠦᠨᠳᠦᠰᠦᠲᠡᠨ ᠤ ᠱᠠᠰᠢᠨ ᠰᠤᠷᠲᠠᠬᠤᠨ᠂ ᠨᠢᠭᠡᠳᠦᠮᠡᠯ ᠹᠷᠣᠨᠲ ᠵᠡᠷᠭᠡ ᠠᠵᠢᠯ ᠢ ᠬᠠᠷᠢᠭᠤᠴᠠᠨ᠎ᠠ᠃ ᠠᠯᠪᠠᠨ ᠭᠡᠷ᠂ ᠬᠢᠨᠠᠨ ᠪᠤᠳᠤᠬᠤ ᠡᠳ᠋ ᠤᠨ ᠶᠠᠪᠤᠳᠠᠯ ᠤᠨ ᠲᠠᠰᠤᠭ᠂ | ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠯᠪᠠᠨ ᠭᠡᠷ ᠤᠨ ᠠᠵᠢᠯ ᠢ ᠬᠤᠪᠢᠳᠠᠨ ᠬᠠᠮᠢᠶᠠᠷᠤᠨ᠎ᠠ᠃ ᠠᠯᠪᠠᠯᠠᠬᠤ ᠤᠲᠠᠰᠤ᠄ 0478 - | 6653806 | ᠭᠦᠸᠧ ᠯᠢ ᠵᠢᠶᠦ᠋ᠨ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ︶᠄ ᠲᠣᠪᠴᠢᠶᠠᠨ ᠳᠠᠷᠤᠭ᠎ᠠ ᠶᠢ ᠬᠠᠮᠵᠢᠨ | ᠲᠡᠭᠡᠭᠡᠪᠦᠷᠢ ᠠᠵᠤ ᠠᠬᠤᠶᠢᠯᠠᠯ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠶᠡᠷᠦᠩᠬᠡᠶᠢᠯᠡᠨ ᠵᠠᠰᠠᠵᠤ ᠲᠣᠭᠲᠠᠭᠤᠨ | ᠪᠠᠶᠢᠳᠠᠯ ᠢ ᠬᠠᠮᠠᠭᠠᠯᠠᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠵᠠᠮ ᠬᠠᠷᠢᠯᠴᠠᠭᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠢᠴᠢ | ᠲᠣᠪᠴᠢᠶ᠎ᠠ ᠶᠢᠨ ᠭᠤᠣᠯ ᠤᠳᠤᠷᠢᠳᠤᠯᠭ᠎ᠠ ᠪᠣᠯᠤᠨ ᠨᠠᠮ ᠤᠨ ᠤᠳᠤᠷᠢᠳᠬᠤ ᠳᠤᠭᠤᠶᠢᠯᠠᠩ ᠤᠨ ᠲᠤᠰᠢᠶᠠᠭᠰᠠᠨ ᠵᠦᠢᠯᠡᠰ ᠢ ᠬᠠᠷᠢᠭᠤᠴᠠᠵᠤ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠳᠠᠯᠠᠢ ᠶᠢᠨ ᠶᠠᠪᠤᠳᠠᠯ ᠤᠨ ᠠᠯᠪᠠᠨ ᠭᠡᠷ᠂ ᠳᠠᠶᠢᠨ ᠤ ᠠᠯᠪᠠᠨ ᠭᠡᠷ᠂ | ᠲᠡᠭᠡᠭᠡᠪᠦᠷᠢ ᠶᠢᠨ ᠬᠠᠮᠢᠶᠠᠷᠤᠯᠲᠠ ᠶᠢᠨ ᠲᠠᠰᠤᠭ ᠤᠨ ᠠᠵᠢᠯ ᠢ ᠬᠤᠪᠢᠳᠠᠨ ᠬᠠᠮᠢᠶᠠᠷᠤᠨ᠎ᠠ᠃ ᠠᠯᠪᠠᠯᠠᠬᠤ ᠤᠲᠠᠰᠤ᠄ 0478 - 6626331 | ᠶᠠᠩ ᠰᠢᠶᠤᠤ ᠹᠠᠩ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠲᠥᠪ ᠤᠨ ᠡᠷᠬᠢᠯᠡᠭᠴᠢ︶᠄ | ᠲᠣᠪᠴᠢᠶᠠᠨ ᠳᠠᠷᠤᠭ᠎ᠠ ᠶᠢ ᠬᠠᠮᠵᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ᠂ ᠬᠠᠮᠢᠶᠠᠷᠤᠯᠲᠠ᠂ ᠵᠠᠰᠠᠮᠠᠯ ᠵᠠᠮ ᠤᠨ ᠪᠠᠷᠢᠯᠭ᠎ᠠ ᠶᠢ ᠬᠠᠶᠢᠨ | ᠪᠠᠶᠢᠴᠠᠭᠠᠵᠤ ᠵᠢᠷᠤᠵᠤ ᠲᠥᠯᠥᠪᠯᠡᠬᠦ᠂ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠢᠨᠵᠧᠨᠧᠷᠢᠩ ᠤᠨ ᠲᠤᠷᠰᠢᠯᠲᠠ᠂ ᠬᠥᠳᠡᠭᠡ | ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ᠂ ᠢᠨᠵᠧᠨᠧᠷᠢᠩ ᠤᠨ ᠮᠡᠷᠭᠡᠵᠢᠯ ᠤᠨ ᠬᠢᠨᠠᠯᠲᠠ ᠬᠠᠮᠢᠶᠠᠷᠤᠯᠲᠠ᠂ ᠵᠠᠰᠠᠮᠠᠯ ᠵᠠᠮ ᠤᠨ ᠢᠨᠵᠧᠨᠧᠷᠢᠩ ᠤᠨ | ᠲᠥᠰᠦᠪ ᠤᠨ ᠭᠦᠢᠴᠡᠳᠬᠡᠯ᠂ ᠢᠨᠵᠧᠨᠧᠷᠢᠩ ᠤᠨ ᠬᠢᠨᠠᠨ ᠪᠣᠳᠣᠯᠲᠠ ᠵᠡᠷᠭᠡ ᠠᠵᠢᠯ ᠢ ᠬᠠᠷᠢᠭᠤᠴᠠᠨ᠎ᠠ᠃ ᠵᠠᠮ ᠬᠠᠷᠢᠯᠴᠠᠭᠠᠨ ᠤ ᠲᠥᠯᠥᠪᠵᠢᠭᠦᠯᠭᠡ ᠪᠠ | ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠬᠦ᠂ ᠵᠠᠮ ᠬᠠᠷᠢᠯᠴᠠᠭᠠᠨ ᠤ ᠠᠵᠢᠯ ᠲᠥᠷᠥᠯ ᠤᠨ ᠲᠤᠭ᠎ᠠ ᠪᠦᠷᠢᠳᠬᠡᠯ᠂ ᠶᠡᠷᠦᠩᠬᠡᠶᠢᠯᠡᠭᠰᠡᠨ ᠵᠠᠮ | ᠬᠠᠷᠢᠯᠴᠠᠭᠠᠨ ᠤ ᠰᠢᠰᠲ᠋ᠧᠮᠵᠢ ᠶᠢ ᠰᠢᠯᠢᠳᠡᠭᠵᠢᠭᠦᠯᠬᠦ᠂ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ᠂ ᠵᠠᠮ ᠬᠠᠷᠢᠯᠴᠠᠭᠠᠨ ᠤ ᠪᠡᠯᠡ ᠬᠤᠷᠠᠮᠳᠤᠭᠤᠯᠬᠤ ᠠᠵᠢᠯ ᠵᠢᠴᠢ | ᠲᠣᠪᠴᠢᠶ᠎ᠠ ᠶᠢᠨ ᠭᠤᠣᠯ ᠤᠳᠤᠷᠢᠳᠤᠯᠭ᠎ᠠ ᠪᠣᠯᠤᠨ ᠨᠠᠮ ᠤᠨ ᠤᠳᠤᠷᠢᠳᠬᠤ ᠳᠤᠭᠤᠶᠢᠯᠠᠩ ᠤᠨ ᠲᠤᠰᠢᠶᠠᠭᠰᠠᠨ ᠵᠦᠢᠯᠡᠰ ᠢ ᠬᠠᠷᠢᠭᠤᠴᠠᠨ᠎ᠠ᠃ ᠵᠠᠰᠠᠮᠠᠯ ᠵᠠᠮ ᠤᠨ ᠬᠡᠰᠡᠭ | ᠂ ᠬᠠᠤᠯᠢ ᠲᠣᠭᠲᠠᠭᠠᠯ / ᠲᠥᠯᠥᠪᠵᠢᠭᠦᠯᠭᠡ ᠶᠢᠨ ᠲᠠᠰᠤᠭ᠂ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠠᠰᠤᠭ ᠤᠨ ᠠᠵᠢᠯ ᠢ ᠬᠤᠪᠢᠳᠠᠨ ᠬᠠᠮᠢᠶᠠᠷᠤᠨ᠎ᠠ᠃ | ᠠᠯᠪᠠᠯᠠᠬᠤ ᠤᠲᠠᠰᠤ᠄ 0478 - 6653809 | ᠫᠠᠨ ᠤ ᠪᠢᠨ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠵᠢᠩᠬᠢᠨᠢ ᠰᠠᠯᠠᠭᠠᠨ ᠤ ᠺᠠᠳ᠋ᠷ︶᠄ ᠶᠠᠩ ᠰᠢᠶᠤᠤ ᠹᠠᠩ ᠢ ᠬᠠᠮᠵᠢᠨ | ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠠᠵᠢᠯ ᠵᠢᠴᠢ ᠲᠣᠪᠴᠢᠶ᠎ᠠ ᠶᠢᠨ ᠭᠤᠤᠯ ᠤᠳᠤᠷᠢᠳᠤᠯᠭ᠎ᠠ ᠪᠠ ᠨᠠᠮ ᠤᠨ ᠤᠳᠤᠷᠢᠳᠬᠤ ᠳᠤᠭᠤᠶᠢᠯᠠᠩ ᠤᠨ | ᠲᠤᠰᠢᠶᠠᠭᠰᠠᠨ ᠬᠡᠷᠡᠭ ᠶᠠᠪᠤᠳᠠᠯ ᠢ ᠰᠠᠶᠢᠲᠤᠷ ᠬᠢᠨ᠎ᠠ᠃ ᠠᠯᠪᠠᠯᠠᠬᠤ ᠤᠲᠠᠰᠤ᠄ 0478 - 6638655 | ᠬᠤᠶᠠᠷ᠂ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠬᠠᠶ ᠬᠠᠤᠯᠢ ᠴᠠᠭᠠᠵᠠ᠂ ᠬᠠᠤᠯᠢ ᠲᠣᠭᠲᠠᠭᠠᠯ᠂ | ᠲᠥᠷᠥ ᠶᠢᠨ ᠪᠣᠳᠣᠯᠭ᠎ᠠ᠂ ᠪᠠᠷᠢᠮᠵᠢᠶ᠎ᠠ ᠪᠣᠯᠤᠨ ᠲᠥᠯᠥᠪᠵᠢᠭᠦᠯᠭᠡ ᠶᠢ ᠲᠤᠤᠱᠯᠠᠭᠤᠯᠤᠨ ᠬᠡᠷᠡᠭᠵᠢᠭᠦᠯᠦᠨ᠎ᠡ᠃ | ︵ᠬᠤᠶᠠᠷ︶ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠬᠢᠨᠠᠨ ᠵᠢᠯᠣᠭᠤᠳᠤᠨ᠎ᠠ᠃ | ︵ᠭᠤᠷᠪᠠ︶ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ | ︵ᠲᠦᠷᠪᠡ︶ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠢ | ᠬᠢᠨᠠᠨ ᠵᠢᠯᠣᠭᠤᠳᠤᠨ᠎ᠠ᠃ | ︵ᠲᠠᠪᠤ︶ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠢ ᠬᠢᠨᠠᠨ ᠵᠢᠯᠣᠭᠤᠳᠤᠨ᠎ᠠ᠃ | ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠵᠠᠮ ᠤᠰᠤᠨ ᠵᠠᠮ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠵᠥᠪᠰᠢᠶᠡᠷᠡᠯ ᠤᠨ ᠠᠵᠢᠯ ᠢ ᠬᠠᠷᠢᠭᠤᠴᠠᠨ᠎ᠠ᠃ | ︵ᠵᠢᠷᠭᠤᠭ᠎ᠠ︶ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠠᠵᠢᠯ ᠢ ᠬᠢᠨᠠᠨ ᠵᠢᠯᠣᠭᠤᠳᠤᠨ᠎ᠠ᠃ ᠪᠦᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ | ᠳᠦᠷᠢᠮ ᠪᠣᠯᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠠᠮᠢᠶ᠎ᠠ ᠪᠥᠬᠦᠶ | ᠵᠠᠮ ᠤᠨ ᠲᠣᠤᠷ ᠤᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠤᠨ᠎ᠠ᠃ ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ᠃ | ︵ᠳᠤᠯᠤᠭ᠎ᠠ︶ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠳᠤ ᠬᠢᠨᠠᠯᠲᠠ | ᠲᠠᠯᠪᠢᠨ ᠵᠢᠯᠣᠭᠤᠳᠴᠤ᠂ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠷᠢᠭᠤᠴᠠᠵᠤ᠂ ᠬᠠᠷᠢᠶᠠᠯᠠᠯ ᠢ ᠵᠢᠭᠠᠨ ᠲᠣᠭᠲᠠᠭᠠᠭᠰᠠᠨ ᠬᠡᠷᠡᠭ ᠢ ᠳᠠᠭᠠᠭᠠᠨ | ᠰᠢᠢᠳᠪᠦᠷᠢᠯᠡᠨ᠎ᠡ᠃ | ︵ᠨᠠᠢᠮᠠ︶ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠣᠷᠴᠢᠨ ᠲᠣᠭᠤᠷᠢᠨ ᠤ ᠬᠠᠮᠠᠭᠠᠯᠠᠯᠲᠠ ᠡᠨᠧᠷᠭᠢ ᠠᠷᠪᠢᠯᠠᠬᠤ᠂ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠬᠢᠨᠠᠨ ᠵᠢᠯᠣᠭᠤᠳᠤᠨ᠎ᠠ᠃ | ︵ᠶᠢᠰᠦ︶ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ | ᠳᠡᠯᠭᠡᠷᠡᠭᠦᠯᠬᠦ ᠶᠢ ᠵᠢᠯᠣᠭᠤᠳᠴᠤ᠂ ᠮᠡᠳᠡᠭᠡ ᠵᠠᠩᠭᠢᠵᠢᠯᠲᠠ᠂ ᠪᠠᠷᠢᠮᠵᠢᠶᠠᠵᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ | ︵ᠠᠷᠪᠠ︶ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠥᠭᠡᠷᠡᠴᠢᠯᠡᠯᠲᠡ ᠶᠢᠨ ᠠᠵᠢᠯ ᠪᠠ ᠢᠲᠡᠭᠡᠮᠵᠢ ᠶᠢᠨ ᠰᠢᠰᠲ᠋ᠧᠮ ᠤᠨ | ᠪᠠᠶᠢᠭᠤᠯᠤᠯᠲᠠ ᠶᠢ ᠵᠢᠯᠣᠭᠤᠳᠤᠨ᠎ᠠ᠃ | ︵ᠠᠷᠪᠠᠨ ᠨᠢᠭᠡ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ᠭᠤᠷᠪᠠ᠂ ᠠᠵᠢᠯᠯᠠᠬᠤ ᠭᠠᠵᠠᠷ | ᠬᠠᠩᠭᠢᠨ ᠬᠤᠶᠢᠲᠤ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠠᠵᠢᠯᠯᠠᠬᠤ ᠭᠠᠵᠠᠷ᠄ ᠬᠠᠩᠭᠢᠨ ᠬᠤᠶᠢᠲᠤ ᠬᠤᠰᠢᠭᠤᠨ ᠤ ᠯᠦᠩ | ᠪᠦᠦ ᠪᠠᠷᠠᠭᠤᠨ ᠵᠡᠭᠡᠯᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠬᠤᠲᠠ ᠶᠢᠨ ᠡᠰᠡᠷᠭᠦ ᠲᠠᠯ᠎ᠠ ᠶᠢᠨ ᠬᠠᠩᠭᠢᠨ ᠬᠤᠶᠢᠲᠤ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ | ᠳᠥᠷᠪᠡ᠂ ᠠᠵᠢᠯᠯᠠᠬᠤ ᠴᠠᠭ | ᠠᠯᠪᠠᠯᠠᠬᠤ ᠴᠠᠭ᠄ 9᠄ 00 - 12᠄ 00᠂ 15᠄ 00 - 18᠄ 00 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠬᠦᠷᠲᠡᠯ᠎ᠡ᠂ ᠬᠠᠤᠯᠢ ᠪᠠᠷ | ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ | ᠲᠠᠪᠤ᠂ ᠠᠯᠪᠠᠯᠠᠬᠤ ᠤᠲᠠᠰᠤᠨ ᠳ᠋ᠤᠭᠠᠷ | 0478-6623808 | | | |