ᠬᠠᠩᠭᠢᠨ ᠬᠤᠶᠢᠲᠤ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠬᠤᠷᠢᠶᠠᠨ ᠤ ᠴᠠᠭᠠᠨ ᠰᠠᠷ᠎ᠠ ᠶᠢᠨ ᠬᠤᠭᠤᠴᠠᠭᠠᠨ ᠳᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠷᠭ᠎ᠠ ᠬᠡᠮᠵᠢᠶ᠎ᠡ
ᠨᠡᠶᠢᠲᠡᠯᠡᠭᠰᠡᠨ ᠴᠠᠭ᠄
2025/2/5
      ᠠᠷᠠᠳ ᠣᠯᠠᠨ ᠤ ᠠᠮᠤᠷ ᠠᠮᠤᠭᠤᠯᠠᠩ᠂ ᠥᠯᠵᠡᠶ ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ ᠬᠠᠩᠭᠢᠨ ᠬᠤᠶᠢᠲᠤ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ︽ᠡᠷᠡᠭᠦᠯ ᠮᠡᠨᠳᠦ ᠶᠢ ᠬᠠᠮᠠᠭᠠᠯᠠᠨ ᠲᠠᠨ ᠢ ᠳᠠᠭᠠᠵᠤ ᠰᠢᠨᠡᠯᠡᠬᠦ︾ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠨᠡᠶᠢᠲᠡᠯᠡᠪᠡ᠃      1. ᠪᠥᠬᠦ ᠶᠠᠪᠤᠴᠠ ᠶᠢᠨ ᠡᠮᠴᠢᠯᠡᠭᠡᠨ ᠤ ᠦᠢᠯᠡᠴᠢᠯᠡᠭᠡ ᠲᠠᠰᠤᠷᠠᠬᠤ ᠥᠬᠡᠶ᠄ ᠵᠢᠷᠮᠦᠰᠦᠨ ᠬᠥᠩᠭᠡᠵᠢᠭᠰᠡᠨ ᠡᠮᠡᠭᠲᠡᠶ ᠵᠢᠴᠢ ᠣᠨᠴᠠᠭᠠᠶ ᠬᠡᠤᠬᠡᠳ ᠤᠨ ᠡᠮᠴᠢᠯᠡᠭᠡᠨ ᠤ ᠠᠵᠢᠯᠲᠠᠨ ᠬᠠᠮᠵᠢᠯᠴᠠᠨ ᠡᠮᠨᠡᠭᠦᠯᠵᠦ᠂ ᠡᠪᠡᠳᠴᠢᠲᠡᠨ ᠤ ᠡᠮᠨᠡᠭᠦᠯᠬᠦ ᠶᠠᠪᠤᠴᠠ ᠶᠢᠨ ᠨᠠᠩ ᠤᠷᠤᠭᠰᠢᠲᠠᠶ ᠬᠠᠷᠰᠢ ᠰᠠᠭᠠᠳ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃      2. ᠠᠮᠠᠷᠠᠯᠲᠠ ᠶᠢᠨ ᠡᠳᠦᠷ ᠤᠨ ᠡᠭᠦᠳᠡᠨ ᠡᠮᠨᠡᠯᠭᠡ ᠪᠠᠶᠢᠬᠤ ᠥᠬᠡᠶ᠂ ᠠᠳᠠᠯᠢ ᠪᠤᠰᠤ ᠴᠠᠭ ᠬᠤᠭᠤᠴᠠᠭᠠᠨ ᠳᠤ ᠡᠪᠡᠳᠴᠢᠨ ᠦᠵᠡᠭᠦᠯᠦᠭᠰᠡᠨ ᠡᠪᠡᠳᠴᠢᠲᠡᠨ ᠤ ᠬᠡᠷᠡᠭᠴᠡᠭᠡ ᠶᠢ ᠬᠠᠩᠭᠠᠶ᠎ᠠ᠄ ᠴᠠᠭᠠᠨ ᠰᠠᠷ᠎ᠠ ᠶᠢᠨ ᠬᠤᠭᠤᠴᠠᠭᠠᠨ ᠳᠠᠬᠢ ᠡᠮᠡᠭᠲᠡᠶ ᠶᠢᠨ ᠰᠠᠯᠠᠭᠠᠨ ᠤ ᠡᠭᠦᠳᠡᠨ ᠡᠮᠨᠡᠯᠭᠡ᠂ ᠬᠡᠤᠬᠡᠳ ᠤᠨ ᠡᠮᠨᠡᠯᠭᠡ ᠶᠢᠨ ᠡᠭᠦᠳᠡᠨ ᠡᠮᠨᠡᠯᠭᠡ᠂ ᠬᠡᠤᠬᠡᠳ ᠤᠨ ᠳᠠᠭᠠᠳᠬᠠᠯ ᠤᠨ ᠰᠠᠯᠠᠭ᠎ᠠ᠂ ᠠᠷᠠᠳ ᠲᠤ ᠲᠥᠬᠦᠮ ᠦᠵᠡᠭᠦᠯᠬᠦ ᠡᠭᠦᠳᠡᠨ ᠡᠮᠨᠡᠯᠭᠡ ᠬᠡᠪ ᠤᠨ ᠪᠠᠶᠢᠳᠠᠯ ᠢᠶᠠᠷ ᠡᠪᠡᠳᠴᠢᠨ ᠦᠵᠡᠭᠦᠯᠦᠨ᠎ᠡ᠃      3᠂ ᠡᠭᠦᠳᠡᠨ ᠡᠮᠨᠡᠯᠭᠡ ᠶᠢᠨ ᠨᠢᠭᠡ ᠯᠡ ᠥᠷᠲᠡᠭᠡᠨ ᠤ ᠮᠠᠶ᠋ᠢᠭ ᠤᠨ ᠦᠢᠯᠡᠴᠢᠯᠡᠭᠡᠨ ᠤ ᠠᠵᠢᠯ ᠳᠤ ᠦᠷᠭᠦᠯᠵᠢᠯᠡᠨ ᠪᠥᠬᠦ ᠲᠠᠯ᠎ᠠ ᠶᠢᠨ ᠨᠢᠭᠡ ᠯᠡ ᠥᠷᠲᠡᠭᠡᠨ ᠤ ᠮᠠᠶ᠋ᠢᠭ ᠤᠨ ᠦᠢᠯᠡᠴᠢᠯᠡᠭᠡ ᠬᠠᠩᠭᠠᠵᠤ᠂ ᠡᠭᠦᠨ ᠳᠤ ᠡᠭᠦᠳᠡᠨ ᠡᠮᠨᠡᠯᠭᠡ ᠶᠢᠨ ᠯᠠᠪᠯᠠᠭ᠎ᠠ᠂ ᠡᠮ ᠡᠮᠨᠡᠯᠭᠡ ᠶᠢᠨ ᠳᠠᠭᠠᠳᠬᠠᠯ ᠤᠨ ᠯᠠᠪᠯᠠᠭ᠎ᠠ᠂ ᠡᠮᠴᠢᠯᠡᠭᠡᠨ ᠤ ᠳᠠᠭᠠᠭᠤᠯᠤᠭᠴᠢ ᠶᠢᠨ ᠦᠢᠯᠡᠴᠢᠯᠡᠭᠡ᠂ ᠵᠠᠭᠠᠯᠳᠤᠯᠭ᠎ᠠ ᠰᠠᠨᠠᠭᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ᠂ ᠬᠤᠤᠰ ᠴᠢᠭᠯᠡᠯ ᠢᠶᠠᠷ ᠰᠢᠯᠵᠢᠭᠦᠯᠦᠨ ᠡᠮᠴᠢᠯᠡᠬᠦ ᠶᠢ ᠵᠣᠯᠭᠠᠭᠤᠯᠬᠤ᠂ ᠠᠷᠠᠳ ᠲᠤ ᠲᠥᠬᠦᠮ ᠦᠵᠡᠭᠦᠯᠬᠦ ᠲᠥᠬᠦᠭᠡᠷᠦᠮᠵᠢ ᠶᠢ ᠲᠦᠷᠢᠶᠡᠰᠦᠯᠡᠬᠦ᠂ ᠠᠯᠳᠠᠭᠰᠠᠨ ᠪᠣᠳᠠᠰ ᠢ ᠡᠯᠰᠡᠨ ᠠᠪᠬᠤ ᠵᠡᠷᠭᠡ ᠪᠠᠭᠲᠠᠨ᠎ᠠ᠃      4. ᠴᠠᠭᠠᠨ ᠰᠠᠷ᠎ᠠ ᠶᠢᠨ ᠬᠤᠭᠤᠴᠠᠭᠠᠨ ᠳᠤ ᠠᠰᠠᠷᠠᠨ ᠰᠤᠪᠢᠯᠠᠬᠤ ᠦᠢᠯᠡᠴᠢᠯᠡᠭᠡ ᠶᠢ ᠤᠷᠲᠤᠳᠬᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠡᠪᠡᠳᠴᠢᠨ ᠦᠵᠡᠭᠦᠯᠬᠦ ᠱᠠᠭᠠᠷᠳᠠᠯᠭ᠎ᠠ ᠲᠠᠢ ᠡᠮᠡᠭᠲᠡᠶᠢᠴᠦᠳ ᠬᠡᠤᠬᠡᠳ ᠢ ᠤᠲᠠᠰᠤ ᠪᠠᠷ ᠠᠰᠠᠭᠤᠵᠤ ᠯᠠᠪᠯᠠᠪᠠ᠃ ᠬᠥᠩᠭᠡᠵᠢᠭᠦᠯᠬᠦ ᠡᠮᠨᠡᠯᠭᠡ᠄ 0478 - 6627247︔ ᠬᠡᠦᠬᠡᠳ ᠤᠨ ᠡᠮᠨᠡᠯᠭᠡ᠄ 0478 - 6627251︔ ᠬᠡᠤᠬᠡᠳ ᠤᠨ ᠬᠠᠮᠠᠭᠠᠯᠠᠯᠲᠠ ᠶᠢᠨ ᠰᠠᠯᠠᠭ᠎ᠠ᠄ 0478 - 6627245      ᠬᠠᠩᠭᠢᠨ ᠬᠤᠶᠢᠲᠤ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠪᠣᠯ ᠮᠠᠨ ᠤ ᠬᠤᠰᠢᠭᠤᠨ ᠤ ᠴᠣᠷ ᠤᠨ ᠭᠠᠭᠴᠠ ᠤᠷᠢᠳᠴᠢᠯᠠᠨ ᠰᠡᠷᠭᠡᠶᠢᠯᠡᠬᠦ ᠂ ᠡᠷᠡᠭᠦᠯ ᠮᠡᠨᠳᠦ ᠶᠢ ᠬᠠᠮᠠᠭᠠᠯᠠᠬᠤ᠂ ᠡᠮ ᠡᠮᠨᠡᠯᠭᠡ ᠡᠷᠡᠭᠦᠯ ᠮᠡᠨᠳᠦ ᠶᠢ ᠬᠠᠮᠠᠭᠠᠯᠠᠬᠤ ᠪᠠᠶᠢᠭᠤᠯᠤᠮᠵᠢ ᠪᠣᠯᠤᠨ᠎ᠠ᠃ ᠰᠢᠨ᠎ᠡ ᠬᠦᠷᠢᠶᠡᠯᠡᠩ ᠨᠢ ᠠᠷᠢᠬᠢᠨ ᠤ ᠦᠢᠯᠡᠰ ᠤᠨ ᠵᠠᠮ ᠤᠨ ᠯᠦᠩ ᠪᠦᠦ ᠵᠡᠭᠦᠨ ᠵᠡᠭᠡᠯᠢ ᠶᠢᠨ ᠡᠮᠦᠨ᠎ᠡ ᠰᠢᠨ᠎ᠡ ᠰᠢᠭᠦᠬᠦ ᠬᠤᠷᠢᠶᠠᠨ ᠤ ᠵᠠᠮ ᠤᠨ ᠵᠡᠭᠦᠨᠰᠢ 100 ᠮᠧᠳ᠋ᠷ ᠤᠨ ᠭᠠᠵᠠᠷ ᠲᠤ ᠪᠠᠶᠢᠷᠢᠯᠠᠵᠤ᠂ 11462 ᠮᠧᠳ᠋ᠷ ᠲᠠᠯᠠᠪᠠᠢ ᠲᠠᠢ᠂ ᠪᠠᠷᠢᠯᠭ᠎ᠠ ᠶᠢᠨ ᠲᠠᠯᠠᠪᠠᠢ ᠨᠢ 7114 ᠺᠦᠸᠠᠳ᠋ ᠮᠧᠳ᠋ᠷ ᠪᠠᠶᠢᠳᠠᠭ᠃ ᠣᠲᠣ 156 ᠠᠵᠢᠯᠲᠠᠨ ᠠᠵᠢᠯᠴᠢᠨ ᠲᠠᠢ᠂ 100 ᠣᠷᠣ ᠲᠠᠢ ᠣᠷᠣ ᠭᠠᠷᠭᠠᠵᠤ᠂ ᠪᠣᠳᠠᠲᠠᠶ 81 ᠣᠷᠣ ᠭᠠᠷᠭᠠᠵᠤ᠂ ᠳᠣᠲᠣᠷ᠎ᠠ ᠨᠢ ᠥᠨᠳᠥᠷ᠂ ᠳᠤᠮᠳᠠ ᠵᠡᠷᠭᠡ ᠶᠢᠨ ᠬᠠᠯᠠᠭᠤᠨ ᠳᠤᠯᠠᠭᠠᠨ ᠡᠪᠡᠳᠴᠢᠲᠡᠨ ᠤ ᠥᠷᠥᠭᠡ ᠭᠠᠷᠭᠠᠵᠠᠢ᠃ ᠡᠮᠡᠭᠲᠡᠶ ᠶᠢᠨ ᠰᠠᠯᠠᠭᠠᠨ ᠤ ᠡᠭᠦᠳᠡᠨ ᠡᠮᠨᠡᠯᠭᠡ᠂ ᠬᠥᠩᠭᠡᠵᠢᠭᠦᠯᠬᠦ ᠰᠠᠯᠠᠭᠠᠨ ᠤ ᠡᠭᠦᠳᠡᠨ ᠡᠮᠨᠡᠯᠭᠡ᠂ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠡᠭᠦᠳᠡᠨ ᠡᠮᠨᠡᠯᠭᠡ ᠂ ᠤᠷᠤᠭᠯᠠᠬᠤ ᠠᠴᠠ ᠡᠮᠦᠨᠡᠬᠢ ᠡᠷᠡᠭᠦᠯ ᠮᠡᠨᠳᠦ ᠶᠢ ᠬᠠᠮᠠᠭᠠᠯᠠᠬᠤ ᠡᠭᠦᠳᠡᠨ ᠡᠮᠨᠡᠯᠭᠡ᠂ ᠵᠢᠷᠮᠦᠰᠦᠯᠡᠬᠦ ᠠᠴᠠ ᠡᠮᠦᠨᠡᠬᠢ ᠡᠷᠡᠭᠦᠯ ᠮᠡᠨᠳᠦ ᠶᠢ ᠬᠠᠮᠠᠭᠠᠯᠠᠬᠤ ᠡᠭᠦᠳᠡᠨ ᠡᠮᠨᠡᠯᠭᠡ ᠂ ᠵᠢᠷᠮᠦᠰᠦᠨ ᠡᠮᠡᠭᠲᠡᠶ ᠶᠢᠨ ᠰᠤᠷᠭᠠᠭᠤᠯᠢ᠂ ᠬᠤᠶᠠᠷ ᠥᠮᠡᠨ ᠤ ᠰᠢᠯᠢᠨ ᠪᠠᠶᠢᠴᠠᠭᠠᠯᠲᠠ ᠶᠢᠨ ᠡᠭᠦᠳᠡᠨ ᠡᠮᠨᠡᠯᠭᠡ᠂ ᠤᠳᠠᠭᠠᠨ ᠴᠢᠨᠠᠷᠲᠠᠶ ᠡᠪᠡᠳᠴᠢᠨ ᠤ ᠡᠭᠦᠳᠡᠨ ᠡᠮᠨᠡᠯᠭᠡ᠂ ᠬᠥᠬᠦᠨ ᠪᠤᠯᠴᠢᠷᠬᠠᠶ ᠶᠢᠨ ᠡᠭᠦᠳᠡᠨ ᠡᠮᠨᠡᠯᠭᠡ᠂ ᠡᠪᠡᠳᠬᠦ ᠡᠭᠦᠳᠡᠨ ᠡᠮᠨᠡᠯᠭᠡ᠂ ᠬᠡᠦᠬᠡᠳ ᠤᠨ ᠰᠠᠯᠠᠭᠠᠨ ᠤ ᠲᠤᠰᠬᠠᠶ ᠮᠡᠷᠭᠡᠵᠢᠯᠲᠡᠨ ᠤ ᠡᠭᠦᠳᠡᠨ ᠡᠮᠨᠡᠯᠭᠡ᠂ ᠬᠢᠲᠠᠳ ᠡᠮᠨᠡᠯᠭᠡ ᠶᠢᠨ ᠡᠭᠦᠳᠡᠨ ᠡᠮᠨᠡᠯᠭᠡ᠂ ᠡᠬᠡ ᠬᠡᠦᠬᠡᠳ ᠤᠨ ᠤᠮᠪᠠᠯᠲᠠ ᠶᠢᠨ ᠲᠠᠰᠤᠭ᠂ ᠬᠡᠦᠬᠡᠳ ᠤᠨ ᠡᠷᠡᠭᠦᠯ ᠮᠡᠨᠳᠦ ᠶᠢ ᠬᠠᠮᠠᠭᠠᠯᠠᠬᠤ ᠲᠥᠪ ᠵᠡᠷᠭᠡ ᠡᠮᠴᠢᠯᠡᠭᠡᠨ ᠤ ᠡᠮᠨᠡᠯᠭᠡ ᠡᠷᠡᠭᠦᠯ ᠮᠡᠨᠳᠦ ᠶᠢ ᠬᠠᠮᠠᠭᠠᠯᠠᠬᠤ ᠰᠠᠯᠠᠭ᠎ᠠ ᠲᠠᠰᠤᠭ ᠲᠠᠢ ᠪᠠᠶᠢᠯᠭᠠᠵᠤ᠂ ᠡᠮᠡᠭᠲᠡᠶᠢᠴᠦᠳ ᠬᠡᠦᠬᠡᠳ ᠤᠨ ᠬᠢᠲᠠᠳ ᠡᠮ ᠡᠮᠨᠡᠯᠭᠡ ᠶᠢᠨ ᠡᠮᠴᠢᠯᠡᠭᠡ ᠡᠷᠡᠭᠦᠯᠵᠢᠯ ᠵᠡᠷᠭᠡ ᠣᠨᠴᠠᠯᠢᠭᠲᠤ ᠣᠨᠣᠰᠢᠯᠠᠨ ᠡᠮᠨᠡᠬᠦ ᠦᠢᠯᠡᠴᠢᠯᠡᠭᠡᠨ ᠤ ᠲᠥᠷᠥᠯ ᠵᠦᠢᠯ ᠢ ᠪᠠᠶᠢᠭᠤᠯᠤᠨ᠎ᠠ᠃ ᠡᠮᠨᠡᠯᠭᠡ ᠶᠢᠨ ᠬᠤᠷᠢᠶ᠎ᠠ ᠡᠮᠴᠢᠯᠡᠭᠡᠨ ᠤ ᠨᠥᠬᠦᠴᠡᠯ ᠢ ᠲᠠᠰᠤᠷᠠᠯᠲᠠ ᠥᠬᠡᠶ ᠰᠠᠶᠢᠵᠢᠷᠠᠭᠤᠯᠵᠤ᠂ ᠬᠤᠲᠠ ᠬᠥᠳᠡᠭᠡ ᠶᠢᠨ ᠠᠷᠠᠳ ᠤᠨ ᠡᠮᠴᠢᠯᠡᠭᠡ ᠡᠷᠡᠭᠦᠯᠵᠢᠯ ᠤᠨ ᠬᠡᠷᠡᠭᠴᠡᠭᠡ ᠶᠢ ᠬᠠᠩᠭᠠᠵᠤ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠨ᠎ᠡ ᠵᠠᠭᠪᠤᠷ ᠢ ᠪᠠᠶᠢᠭᠤᠯᠪᠠ᠃      ᠬᠠᠷᠢᠯᠴᠠᠬᠤ ᠤᠲᠠᠰᠤ᠄      ᠬᠥᠩᠭᠡᠵᠢᠭᠦᠯᠬᠦ ᠰᠠᠯᠠᠭ᠎ᠠ 0478 - 6627247       ᠬᠡᠦᠬᠡᠳ ᠤᠨ ᠰᠠᠯᠠᠭ᠎ᠠ 0478 - 6627251       ᠬᠡᠦᠬᠡᠳ ᠤᠨ ᠬᠠᠮᠠᠭᠠᠯᠠᠯᠲᠠ ᠶᠢᠨ ᠰᠠᠯᠠᠭ᠎ᠠ 0478 - 6627245       ᠬᠢᠲᠠᠳ ᠡᠮᠨᠡᠯᠭᠡ ᠶᠢᠨ ᠰᠠᠯᠠᠭ᠎ᠠ 0478 - 6630133       ᠵᠠᠭᠠᠯᠳᠤᠬᠤ ᠤᠲᠠᠰᠤ 13947822005   
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ