2 ᠰᠠᠷ᠎ᠠ ᠶᠢᠨ 5 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠬᠠᠨ ᡁᠢ ᠥᠮᠴᠢᠲᠡᠨ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ | ᠰᠤᠷᠤᠯᠴᠠᠬᠤ ᠭᠤᠤᠯ ᠳᠤᠭᠤᠶᠢᠯᠠᠩ ᠤᠨ 2025 ᠣᠨ ᠤ ᠬᠤᠶᠠᠳᠤᠭᠠᠷ ᠤᠳᠠᠭᠠᠨ ᠤ ᠰᠤᠷᠤᠯᠴᠠᠯᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ᠃ | ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ | ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠲᠥᠷᠥᠯ ᠵᠦᠢᠯ ᠢ ᠲᠡᠮᠡᠴᠡᠨ | ᠤᠯᠬᠤ ᠵᠡᠷᠭᠡ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ᠲᠤᠰᠬᠠᠶ ᠰᠡᠳᠦᠪᠲᠦ ᠵᠢᠯᠣᠭᠤᠳᠣᠯᠭ᠎ᠠ ᠬᠢᠵᠦ᠂ ᠬᠡᠩᠭᠡᠷᠭᠡ ᠪᠠᠨ ᠱᠠᠯᠠᠪᠳᠠᠭᠤᠯᠵᠤ᠂ ᠳᠠᠭᠠᠷᠢᠯᠲᠠ ᠶᠢᠨ | ᠪᠦᠷᠢᠶ᠎ᠡ ᠶᠢ ᠬᠠᠩᠭᠢᠨᠠᠭᠤᠯᠵᠤ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤ ᠶᠢ ᠳᠠᠶᠢᠴᠢᠯᠠᠨ ᠰᠢᠨ᠎ᠡ ᠵᠢᠯ ᠤᠨ ︽ᠨᠢᠭᠡᠳᠦᠭᠡᠷ ᠰᠢᠳᠠᠮ︾ ᠢ ᠡᠷᠲᠡᠬᠡᠨ ᠰᠠᠶᠢᠲᠤᠷ | ᠠᠳᠬᠤᠨ ᠡᠷᠲᠡᠬᠡᠨ ᠰᠠᠶᠢᠲᠤᠷ ᠭᠦᠶᠦᠯᠭᠡᠵᠦ᠂ ᠬᠦᠴᠦᠨ ᠢᠶᠠᠨ ᠲᠥᠪᠯᠡᠷᠡᠭᠦᠯᠦᠨ ᠬᠥᠭᠵᠢᠯᠲᠡ ᠶᠢᠨ ︽ᠥᠨᠳᠥᠷ ᠬᠤᠪᠢᠶᠠᠷᠢ ᠬᠠᠭᠤᠳᠠᠰᠤ︾ ᠶᠢ ᠲᠤᠰᠢᠶᠠᠬᠤ ᠬᠡᠷᠡᠭᠲᠡᠶ | ︕ | ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠡᠰᠢᠭᠦᠳ ᠬᠤᠷᠠᠯ ᠳᠤ ᠣᠷᠣᠯᠴᠠᠵᠠᠶ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ 2035 ᠣᠨ ᠤ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠳᠡᠭᠡᠷᠡᠬᠢ ᠶᠠᠷᠢᠶᠠᠨ ᠤ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠴᠣᠭᠴᠠᠯᠠᠬᠤ ᠶᠢ ᠪᠠᠷᠢᠮᠲᠠᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ ᠬᠤᠰᠢᠭᠤᠨ ᠤ ᠨᠠᠮ ᠤᠨ ᠬᠤᠷᠢᠶᠠᠨ ᠤ ᠪᠥᠬᠦᠳᠡ ᠬᠤᠷᠠᠯ᠂ ᠬᠤᠰᠢᠭᠤᠨ ᠤ ᠬᠤᠶᠠᠷ ᠬᠤᠷᠠᠯ ᠠᠴᠠ ᠪᠠᠶᠢᠷᠢᠯᠠᠭᠤᠯᠤᠭᠰᠠᠨ ᠡᠯ᠎ᠡ | ᠵᠦᠢᠯ ᠤᠨ ᠬᠠᠷᠠᠯᠲᠠ ᠡᠭᠦᠷᠭᠡ ᠶᠢᠨ ᠲᠣᠭᠤᠷᠢᠨ ᠳᠤ ᠬᠥᠭᠵᠢᠯᠲᠡ ᠶᠢ ᠡᠷᠢᠯᠬᠢᠯᠡᠵᠦ᠂ ᠬᠥᠭᠵᠢᠯᠲᠡ ᠶᠢ ᠠᠳᠬᠤᠵᠤ᠂ ᠬᠥᠭᠵᠢᠯᠲᠡ ᠶᠢ ᠠᠬᠢᠭᠤᠯᠵᠤ᠂ ᠡᠭᠦᠷᠭᠡ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠭᠡᠵᠦ᠂ ᠪᠣᠳᠠᠲᠠᠶ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠵᠦ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ | ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ᠃ | ᠬᠤᠷᠠᠯ ᠠᠴᠠ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢᠨ᠎ᠡ ᠵᠢᠯ ᠢ ᠡᠬᠢᠯᠡᠭᠦᠯᠬᠦ ᠳᠠᠷᠤᠢ ᠤᠷᠤᠭᠰᠢ ᠲᠡᠮᠦᠯᠡᠬᠦ᠂ ᠰᠢᠪᠲᠤᠯᠤᠯᠲᠠ ᠬᠢᠬᠦ ᠣᠪᠣᠷ ᠪᠠᠶᠢᠳᠠᠯ ᠢ ᠪᠤᠢ ᠪᠣᠯᠭᠠᠵᠤ᠂ ᠪᠦᠬᠦ | ᠬᠦᠴᠦᠨ ᠢᠶᠠᠷ ᠢᠶᠠᠨ ᠲᠦᠷᠦᠯ ᠵᠦᠢᠯ ᠢ ᠠᠳᠬᠤᠨ ᠪᠡᠯᠡ ᠣᠷᠣᠭᠤᠯᠤᠯᠲᠠ ᠶᠢ ᠥᠷᠭᠡᠳᠬᠡᠵᠦ᠂ ︽ᠠᠵᠤ ᠠᠬᠤᠶᠢᠯᠠᠯ ᠢ ᠰᠤᠷᠪᠤᠯᠵᠢᠯᠠᠨ ᠬᠡᠷᠡᠭᠴᠡᠭᠡ ᠶᠢ ᠠᠰᠠᠭᠤᠵᠤ᠂ | ᠠᠵᠤ ᠠᠬᠤᠶᠢᠯᠠᠯ ᠢ ᠳᠤᠯᠠᠭᠠᠯᠠᠨ ᠠᠶᠠᠯᠠᠯ ᠢ ᠬᠠᠮᠠᠭᠠᠯᠠᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠤᠨ ︽ᠰᠢᠯᠢᠳᠡᠭ︾ ᠢᠶᠠᠷ ᠵᠠᠬ᠎ᠠ ᠳᠡᠯᠭᠡᠭᠦᠷ ᠤᠨ ︽ᠠᠮᠢᠳᠤᠯᠢᠭ︾ ᠢ ᠠᠬᠢᠭᠤᠯᠵᠤ᠂ ᠬᠥᠭᠵᠢᠯᠲᠡ ᠶᠢ ᠡᠷᠢᠯᠬᠢᠯᠡᠵᠦ᠂ ᠶᠡᠭᠡ ᠲᠠᠯ᠎ᠠ ᠶᠢᠨ ︽ᠲᠣᠭᠲᠠᠭᠤᠨ︾ | ᠢ ᠪᠠᠲᠤᠯᠠᠵᠤ᠂ ᠬᠠᠮᠲᠤᠪᠠᠷ ᠴᠢᠨᠡᠭᠡᠯᠢᠭᠵᠢᠭᠰᠡᠨ ᠰᠢᠨ᠎ᠡ ᠬᠠᠩᠭᠢᠨ ᠬᠤᠶᠢᠲᠤ ᠬᠤᠰᠢᠭᠤ ᠶᠢ ᠪᠦᠳᠦᠭᠡᠨ ᠪᠠᠶᠢᠭᠤᠯᠬᠤ ᠳᠤ ᠠᠮᠢᠵᠢᠷᠠᠯ ᠤᠨ ᠬᠦᠴᠦᠨ ᠪᠠ ᠬᠥᠳᠡᠯᠭᠡᠬᠦ | ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢᠨ ᠲᠣᠭᠤᠷᠢᠨ ᠳᠤ ᠤᠷᠢᠳᠠᠪᠠᠷ ᠰᠤᠷᠤᠯᠴᠠᠵᠤ᠂ ᠭᠦᠨᠵᠡᠭᠡᠶ ᠰᠤᠷᠤᠯᠴᠠᠵᠤ᠂ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠭᠯᠡᠯ ᠢᠶᠠᠨ ᠤᠯᠠᠮ ᠨᠢᠭᠡ ᠠᠯᠬᠤᠮ ᠣᠨᠣᠪᠴᠢᠲᠠᠶ ᠡᠷᠢᠵᠦ᠂ ᠬᠦᠴᠦᠯᠡᠨ ᠴᠢᠷᠮᠠᠶᠢᠵᠤ᠂ ᠰᠤᠷᠲᠠᠯ ᠢ ᠲᠥᠪ ᠪᠣᠯᠭᠠᠨ | ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠭᠦᠨᠵᠡᠭᠡᠶ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ | ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠪᠥᠬᠦ | ᠬᠦᠴᠦᠨ ᠢᠶᠠᠷ ᠢᠶᠠᠨ ᠴᠡᠭᠴᠡᠯᠡᠨ ᠵᠠᠰᠠᠵᠤ᠂ ᠨᠠᠩ ᠥᠨᠳᠥᠷ ᠪᠠᠷᠢᠮᠵᠢᠶ᠎ᠠ ᠪᠠᠷ ᠠᠷᠢᠭᠤᠨ ᠴᠢᠬᠡᠴᠢ ᠬᠠᠩᠭᠢᠨ ᠬᠤᠶᠢᠲᠤ ᠬᠤᠰᠢᠭᠤ ᠶᠢ ᠪᠥᠲᠥᠭᠡᠨ ᠪᠠᠶᠢᠭᠤᠯᠬᠤ ᠬᠡᠷᠡᠭᠲᠡᠶ | ᠭᠡᠵᠦ ᠴᠢᠬᠤᠯᠠᠴᠢᠯᠠᠪᠠ᠃ | ᠬᠤᠷᠠᠯ ᠠᠴᠠ᠂ ᠬᠤᠳᠠ ᠶᠢᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠬᠡᠷᠡᠭᠯᠡᠵᠦ᠂ ᠬᠤᠳᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠢ ᠨᠢᠭᠡ ᠴᠤᠬᠴᠠᠵᠢᠭᠤᠯᠬᠤ᠂ ᠲᠠᠷᠢᠶᠠᠯᠠᠩ ᠤᠨ ᠥᠨᠳᠥᠷ ᠪᠦᠲᠦᠮᠵᠢᠲᠡᠢ ᠤᠰᠤ ᠠᠷᠪᠢᠯᠠᠬᠤ᠂ ᠬᠥᠳᠡᠭᠡ ᠲᠣᠰᠬᠤᠨ ᠤ ᠥᠭᠡᠷᠡᠴᠢᠯᠡᠯᠲᠡ ᠶᠢᠨ ᠠᠵᠢᠯ ᠢ | ᠪᠠᠶᠢᠩᠭᠤ ᠠᠳᠬᠤᠵᠤ ᠪᠠᠶᠢᠩᠭᠤ ᠰᠢᠨᠡᠴᠢᠯᠡᠬᠦ᠂ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠯᠭᠠᠬᠤ ᠶᠢ ᠠᠬᠢᠭᠤᠯᠵᠤ᠂ ᠪᠦᠬᠦ ᠬᠤᠳᠠ ᠶᠢᠨ ᠬᠥᠳᠡᠭᠡ | ᠲᠣᠰᠬᠤᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ ᠲᠤᠷᠰᠢᠯᠭ᠎ᠠ ᠶᠢ ᠰᠦᠪᠡᠭᠴᠢᠯᠡᠵᠦ᠂ ᠨᠡᠩ ᠤᠯᠠᠨ ᠦᠷ᠎ᠡ ᠪᠦᠲᠦᠭᠡᠯ ᠢ ᠪᠦᠷᠢᠯᠳᠦᠭᠦᠯᠵᠦ᠂ | ᠬᠠᠩᠭᠢᠨ ᠬᠤᠶᠢᠲᠤ ᠬᠤᠰᠢᠭᠤᠨ ᠤ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ 2024 ᠣᠨ ᠤ ᠪᠥᠬᠦ ᠬᠤᠰᠢᠭᠤᠨ ᠤ ᠲᠥᠷᠥᠯ ᠵᠦᠢᠯ ᠢ ᠲᠡᠮᠡᠴᠡᠨ ᠤᠯᠬᠤ ᠵᠢᠴᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠡᠷᠦᠩᠬᠡᠶ | ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ 2025 ᠣᠨ ᠤ ᠲᠥᠷᠥᠯ ᠵᠦᠢᠯ ᠤᠨ ᠴᠢᠭᠯᠡᠯ ᠵᠢᠴᠢ ᠴᠤᠪᠤᠷᠠᠯ᠂ 2025 ᠣᠨ ᠤ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠬᠠᠷᠠᠯᠲᠠ ᠪᠠ ᠠᠷᠭ᠎ᠠ ᠶᠢᠨ ᠲᠣᠭᠤᠷᠢᠨ ᠳᠤ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠪᠠ᠃ ᠠᠷᠠᠯᠵᠢᠶᠠᠴᠢᠨ ᠤᠷᠢᠵᠤ ᠪᠡᠯᠡ ᠲᠠᠲᠠᠬᠤ ᠪᠠ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠲᠥᠷᠥᠯ ᠵᠦᠢᠯ ᠢ ᠲᠡᠮᠡᠴᠡᠨ ᠣᠯᠬᠤ ᠠᠵᠢᠯᠯᠠᠭᠠᠨ ᠤ | ᠵᠦᠭᠯᠡᠭᠦᠷ ᠢ ᠰᠤᠳᠤᠯᠤᠨ ᠣᠶᠢᠯᠠᠭᠠᠵᠤ᠂ ᠡᠬᠢ ᠪᠠᠶᠠᠯᠢᠭ ᠤᠨ ᠳᠠᠪᠠᠭᠤᠯᠢᠭ ᠲᠠᠢ ᠤᠶᠠᠯᠳᠤᠭᠤᠯᠤᠨ᠂ ᠬᠠᠩᠭᠢᠨ ᠬᠤᠶᠢᠲᠤ ᠬᠤᠰᠢᠭᠤᠨ ᠤ ᠪᠣᠳᠠᠲᠤ ᠪᠠᠶᠢᠳᠠᠯ ᠳᠤ | ᠨᠡᠶᠢᠴᠡᠭᠰᠡᠨ ᠲᠥᠷᠥᠯ ᠵᠦᠢᠯ ᠢ ᠰᠦᠪᠡᠭᠴᠢᠯᠡᠵᠦ᠂ ᠲᠥᠷᠥᠯ ᠵᠦᠢᠯ ᠢ ᠲᠡᠮᠡᠴᠡᠨ ᠣᠯᠬᠤ ᠳᠡᠭᠡᠷ᠎ᠡ ᠬᠦᠴᠦ ᠲᠠᠯᠪᠢᠬᠤ ᠬᠡᠷᠡᠭᠲᠡᠶ ᠭᠡᠵᠦ ᠴᠢᠬᠤᠯᠠᠴᠢᠯᠠᠪᠠ᠃ | ᠤᠳᠤᠷᠢᠳᠬᠤ ᠺᠠᠳ᠋ᠷᠴᠤᠳ ︽ᠬᠥᠳᠡᠯᠦᠯᠴᠡᠵᠦ︾᠂ ︽ᠭᠠᠳᠠᠭᠰᠢ ᠭᠠᠷᠴᠤ︾᠂ ᠤᠳᠤ ᠪᠠᠶᠢᠭ᠎ᠠ ᠠᠵᠤ ᠦᠢᠯᠡᠰ ᠤᠨ ᠰᠠᠭᠤᠷᠢ ᠳᠤ ᠲᠦᠰᠢᠭᠯᠡᠨ᠂ ᠠᠵᠤ | ᠦᠢᠯᠡᠰ ᠤᠨ ᠲᠦᠷᠦᠯ ᠵᠦᠢᠯ ᠢ ᠤᠷᠲᠤᠳᠬᠠᠨ ᠬᠤᠳᠠᠯᠳᠤᠭᠠᠴᠢᠨ ᠤᠷᠢᠬᠤ ᠶᠢ ᠰᠠᠶᠢᠲᠤᠷ ᠠᠳᠬᠤᠵᠤ᠂ ᠪᠦᠬᠦ ᠠᠵᠢᠯᠲᠠᠨ ᠬᠤᠳᠠᠯᠳᠤᠭᠠᠴᠢᠨ ᠤᠷᠢᠬᠤ᠂ ᠪᠦᠬᠦ | ᠠᠷᠠᠳ ᠢᠶᠠᠷ ᠢᠶᠠᠨ ᠬᠤᠳᠠᠯᠳᠤᠭᠠᠴᠢᠨ ᠤᠷᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠲᠦᠷᠦᠯ ᠵᠦᠢᠯ ᠢᠶᠠᠷ ᠪᠠᠭᠠᠲᠤᠷᠴᠤᠳ ᠢ | ᠦᠨᠡᠯᠡᠬᠦ ᠢᠯᠡ ᠲᠣᠳᠣ ᠤᠳᠤᠷᠢᠳᠤᠮᠵᠢ ᠶᠢ ᠪᠤᠢ ᠪᠣᠯᠭᠠᠵᠤ᠂ ᠤᠳᠤᠷᠢᠳᠬᠤ ᠺᠠᠳ᠋ᠷᠴᠤᠳ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠶᠢᠨ ᠡᠮᠦᠨ᠎ᠡ ᠹᠷᠣᠨᠲ ᠲᠤ ᠭᠠᠪᠢᠶ᠎ᠠ ᠪᠠᠶᠢᠭᠤᠯᠤᠨ ᠦᠢᠯᠡᠰ ᠪᠦᠲᠦᠭᠡᠬᠦ ᠶᠢ ᠬᠥᠭᠵᠢᠭᠡᠵᠦ᠂ ᠠᠵᠢᠯ ᠬᠢᠬᠦ ᠰᠠᠨᠠᠭ᠎ᠠ ᠲᠠᠢ᠂ ᠠᠵᠢᠯ ᠬᠢᠵᠦ | ᠴᠢᠳᠠᠬᠤ ᠺᠠᠳ᠋ᠷ ᠢ ᠠᠵᠢᠯ ᠬᠢᠵᠦ ᠳᠡᠶᠢᠯᠬᠦ᠂ ᠠᠵᠢᠯ ᠪᠦᠲᠦᠭᠡᠵᠦ ᠴᠢᠳᠠᠬᠤ ᠪᠣᠯᠭᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠡᠷᠡᠭᠲᠡᠢ᠃ | ᠬᠤᠷᠠᠯ ᠠᠴᠠ ᠪᠠᠰᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ᠂ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠵᠡᠷᠭᠡ | ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | |