2 ᠰᠠᠷ᠎ᠠ ᠶᠢᠨ 5 ᠤ ᠡᠳᠦᠷ᠂ ᠡᠯ ᠳ᠋ᠤᠤ ᠴᠢᠶᠣᠤ ᠪᠠᠯᠭᠠᠰᠤ ᠪᠠᠶᠠᠷ ᠤᠨ ᠡᠳᠦᠷ ᠤᠨ ᠳᠠᠷᠠᠭ᠎ᠠ ᠰᠡᠳᠬᠢᠯ ᠢᠶᠠᠨ ᠬᠤᠷᠢᠶᠠᠬᠤ ᠵᠢᠴᠢ ᠭᠤᠣᠯᠳᠠᠯᠭ᠎ᠠ ᠲᠠᠢ ᠠᠵᠢᠯ ᠢ | ᠠᠬᠢᠭᠤᠯᠬᠤ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠭᠤᠤ ᠪᠢᠩ ᠰᠢᠶᠠᠨ ᠬᠤᠷᠠᠯ ᠢ ᠡᠷᠬᠢᠯᠡᠵᠦ᠂ ᠪᠦᠬᠦ ᠤᠳᠤᠷᠢᠳᠬᠤ | ᠺᠠᠳ᠋ᠷ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠲᠤᠰ ᠤᠳᠠᠭ᠎ᠠ ᠶᠢᠨ ᠬᠤᠷᠠᠯ ᠳᠤ ᠣᠷᠣᠯᠴᠠᠪᠠ᠃ | ᠬᠤᠷᠠᠯ ᠠᠴᠠ᠂ ᠲᠤᠰ ᠤᠳᠠᠭ᠎ᠠ ᠶᠢᠨ ᠬᠤᠷᠠᠯ ᠪᠣᠯ ᠪᠦᠯᠬᠦᠮᠳᠡᠨ ᠡᠷᠴᠢ ᠵᠣᠷᠢᠭ ᠢᠶᠠᠨ ᠬᠥᠪᠴᠢᠯᠡᠬᠦ᠂ ᠪᠠᠶᠢᠳᠠᠯ ᠢᠶᠠᠨ ᠲᠤᠬᠢᠷᠠᠭᠤᠯᠬᠤ ᠰᠡᠳᠬᠢᠯ ᠬᠤᠷᠢᠶᠠᠬᠤ | ᠬᠤᠷᠠᠯ ᠪᠣᠯᠬᠤ ᠪᠠᠷ ᠪᠠᠷᠠᠬᠤ ᠦᠭᠡᠢ᠂ ᠪᠠᠰᠠ ᠴᠤ ᠰᠡᠳᠬᠢᠴᠡ ᠪᠠᠨ ᠲᠣᠳᠣᠷᠬᠠᠶᠢᠯᠠᠵᠤ᠂ ᠠᠵᠢᠯ ᠢᠶᠠᠨ ᠲᠥᠯᠥᠪᠵᠢᠭᠦᠯᠬᠦ ᠠᠬᠢᠭᠤᠯᠬᠤ ᠬᠤᠷᠠᠯ ᠪᠣᠯᠤᠨ᠎ᠠ᠃ ᠰᠢᠨ᠎ᠡ | ᠨᠢᠭᠡ ᠵᠢᠯ ᠳᠤ᠂ ᠪᠦᠬᠦ ᠤᠳᠤᠷᠢᠳᠬᠤ ᠺᠠᠳ᠋ᠷ ᠰᠡᠳᠬᠢᠯ ᠰᠠᠨᠠᠭ᠎ᠠ ᠠᠭᠤᠵᠢᠭᠤ ᠲᠠᠯᠪᠢᠭᠤ ᠪᠠᠶᠢᠬᠤ ᠪᠠᠶᠠᠷ ᠤᠨ ᠡᠳᠦᠷ ᠤᠨ ᠠᠭᠤᠷ ᠠᠮᠢᠰᠬᠤᠯ ᠤᠨ ᠳᠤᠮᠳᠠ ᠠᠴᠠ | ᠳᠠᠷᠤᠢ ᠲᠦᠷᠭᠡᠨ ᠰᠡᠳᠬᠢᠯ ᠰᠠᠨᠠᠭ᠎ᠠ ᠪᠠᠨ ᠬᠤᠷᠢᠶᠠᠨ ᠬᠦᠴᠦᠨ ᠢᠶᠠᠨ ᠲᠥᠪᠯᠡᠷᠡᠭᠦᠯᠵᠦ᠂ ᠠᠵᠢᠯᠳᠠᠨ ᠢ ᠪᠣᠳᠠᠲᠠᠶᠢᠵᠢᠭᠤᠯᠬᠤ᠂ ᠦᠵᠡᠯ ᠰᠠᠨᠠᠭ᠎ᠠ ᠶᠢ | ᠪᠣᠳᠠᠲᠠᠶᠢᠵᠢᠭᠤᠯᠬᠤ᠂ ᠠᠵᠢᠯ ᠢ ᠪᠣᠳᠠᠲᠠᠶᠢᠵᠢᠭᠤᠯᠬᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠦᠨᠡᠨ ᠬᠦ ᠪᠡᠶᠡᠯᠡᠭᠦᠯᠵᠦ᠂ ᠲᠡᠭᠦᠰ ᠲᠡᠭᠦᠯᠳᠡᠷ ᠤᠶᠤᠨ | ᠰᠠᠨᠠᠭᠠᠨ ᠤ ᠳᠦᠷᠰᠦ ᠪᠠᠶᠢᠳᠠᠯ ᠢᠶᠠᠷ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠥᠨᠳᠥᠷ ᠶᠠᠰᠤ ᠴᠢᠨᠠᠷ ᠲᠠᠢ ᠥᠨᠳᠥᠷ ᠪᠦᠲᠦᠮᠵᠢᠲᠡᠢ ᠪᠠᠷ | ᠠᠬᠢᠭᠤᠯᠬᠤ ᠬᠡᠷᠡᠭᠲᠡᠢ᠃ | | | | ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠭᠤᠤ ᠪᠢᠩ ᠰᠢᠶᠠᠨ ᠵᠢᠴᠢ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ | ᠣᠳᠣᠬᠠᠨ ᠤ ᠬᠠᠮᠢᠶ᠎ᠠ ᠪᠦᠬᠦᠢ ᠠᠵᠢᠯ ᠢ ᠨᠠᠷᠢᠨ ᠨᠢᠭᠲᠠ ᠲᠤᠬᠢᠷᠠᠭᠤᠯᠤᠨ ᠪᠠᠶᠢᠷᠢᠯᠠᠭᠤᠯᠵᠠᠢ᠃ | ᠨᠢᠭᠡ ᠳᠤ᠂ ᠡᠷᠬᠢᠯᠡᠭᠴᠢ ᠯᠢ ᠢᠦᠢ ᠯᠢᠶᠠᠩ ᠶᠡᠷᠦᠩᠬᠡᠢ ᠱᠦᠵᠢ ᠰᠢ ᠶᠢᠨ ᠫᠢᠩ ᠤᠨ ︽ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠭᠦᠨᠵᠡᠭᠡᠢ | ᠠᠬᠢᠭᠤᠯᠬᠤ︾ ᠶᠢ ᠳᠠᠭᠠᠭᠤᠯᠤᠨ ᠰᠤᠷᠤᠯᠴᠠᠵᠤ᠂ ᠥᠷᠭᠡᠨ ᠤᠯᠠᠨ ᠺᠠᠳ᠋ᠷ ᠤᠨ ᠦᠷᠭᠦᠯᠵᠢᠯᠡᠨ ᠭᠦᠨᠵᠡᠭᠡᠢ ᠰᠤᠷᠤᠯᠴᠠᠬᠤ ᠶᠢ ᠠᠬᠢᠭᠤᠯᠵᠤ᠂ ᠥᠪᠡᠷ ᠤᠨ ᠪᠡᠶ᠎ᠡ ᠳᠡᠭᠡᠨ | ᠬᠤᠪᠢᠰᠬᠠᠯ ᠬᠢᠬᠦ ᠶᠢᠨ ᠴᠢᠬᠤᠯᠠ ᠴᠢᠨᠠᠷ ᠪᠣᠯᠤᠨ ᠵᠠᠶᠢᠯᠠᠰᠢ ᠦᠭᠡᠢ ᠴᠢᠨᠠᠷ ᠢ ᠲᠠᠨᠢᠵᠤ᠂ ᠤᠬᠠᠮᠰᠠᠷ ᠠᠴᠠ ᠪᠠᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ | ᠦᠢᠯᠡᠳᠦᠯᠭᠡ ᠳᠤ ᠣᠷᠣᠯᠴᠠᠬᠤ ᠶᠠᠪᠤᠴᠠ ᠳᠤ ᠤᠬᠠᠮᠰᠠᠷ ᠠᠴᠠ ᠪᠠᠨ ᠣᠷᠣᠯᠴᠠᠬᠤ ᠬᠡᠷᠡᠭᠲᠡᠢ᠃ | ᠬᠤᠶᠠᠷ ᠲᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠡᠭᠦᠷᠭᠡ ᠶᠢ ᠨᠠᠷᠢᠯᠢᠭ ᠨᠠᠶᠢᠳᠠᠪᠤᠷᠢᠵᠢᠭᠤᠯᠵᠤ᠂ ᠡᠯ᠎ᠡ ᠲᠣᠰᠬᠤᠨ ᠤ ᠬᠤᠷᠰᠢᠶ᠎ᠠ ᠨᠠᠮ ᠤᠨ ᠡᠭᠦᠷ ᠢᠶᠠᠷ | ᠳᠠᠭᠠᠭᠤᠯᠬᠤ᠂ ᠲᠠᠷᠢᠶᠠᠴᠢᠨ ᠡᠷᠦᠬᠡ ᠪᠠᠷ ᠪᠠᠶᠠᠵᠢᠭᠤᠯᠵᠤ ᠨᠢᠭᠡᠳᠦᠯᠲᠡᠶ ᠳᠠᠷᠢᠵᠤ ᠬᠠᠮᠲᠤ ᠪᠠᠷ ᠪᠠᠶᠠᠵᠢᠭᠤᠯᠬᠤ ᠵᠠᠭᠪᠤᠷ ᠢ ᠢᠳᠡᠪᠬᠢᠲᠡᠶ ᠬᠠᠶᠢᠨ ᠰᠦᠪᠡᠭᠴᠢᠯᠡᠵᠦ᠂ ᠠᠮᠤ | ᠪᠤᠳᠠᠭᠠᠨ ᠤ ᠠᠮᠤᠷ ᠲᠦᠪᠰᠢᠨ ᠤ ᠤᠯᠤᠰ ᠲᠥᠷᠥ ᠶᠢᠨ ᠬᠠᠷᠢᠭᠤᠴᠠᠯᠭ᠎ᠠ ᠶᠢ ᠦᠷᠭᠦᠯᠵᠢᠯᠡᠨ ᠪᠠᠲᠤ ᠡᠭᠦᠷᠭᠡᠯᠡᠵᠦ᠂ ᠠᠮᠤ ᠪᠤᠳᠠᠭᠠᠨ ᠤ ᠨᠥᠬᠦᠪᠥᠷᠢ ᠶᠢᠨ ᠲᠥᠷᠥ ᠶᠢᠨ | ᠪᠣᠳᠣᠯᠭ᠎ᠠ ᠶᠢ ᠰᠠᠶᠢᠲᠤᠷ ᠬᠡᠷᠡᠭᠯᠡᠵᠦ᠂ ᠳᠠᠷᠢᠬᠤ ᠡᠭᠦᠷᠭᠡ ᠶᠢ ᠵᠦᠶ ᠵᠣᠬᠢᠰᠲᠠᠶ ᠳᠣᠭᠢᠷᠠᠭᠤᠯᠤᠨ᠂ ᠪᠤᠭᠤᠳᠠᠢ᠂ ᠡᠷᠳᠡᠨᠢ ᠰᠢᠰᠢ ᠶᠢ ᠵᠠᠯᠭᠠᠯᠳᠤᠭᠤᠯᠤᠨ ᠳᠠᠷᠢᠬᠤ ᠶᠢ | ᠶᠡᠭᠡ ᠪᠠᠷ ᠳᠡᠯᠭᠡᠷᠡᠭᠦᠯᠪᠡ᠃ | ᠭᠤᠷᠪᠠ ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠣᠶᠢᠷ᠎ᠠ ᠶᠢᠨ | ᠬᠤᠭᠤᠴᠠᠭ᠎ᠠ ᠠᠴᠠ 6 ᠰᠠᠷ᠎ᠠ ᠪᠣᠯᠲᠠᠯ᠎ᠠ᠂ ᠳ᠋ᠦᠩ ᠹᠠᠩ ᠬᠤᠩ ᠲᠣᠰᠬᠤᠨ᠂ ᠲᠠᠢ ᠱᠧᠩ ᠲᠣᠰᠬᠤᠨ᠂ ᠰᠢ ᠴᠢᠦᠶ ᠲᠣᠰᠬᠤᠨ ᠳᠤ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠥᠲᠥᠭᠡᠨ ᠪᠠᠶᠢᠭᠤᠯᠤᠯᠲᠠ ᠬᠢᠵᠦ᠂ ᠬᠠᠮᠢᠶ᠎ᠠ ᠪᠥᠬᠦᠶ ᠲᠣᠰᠬᠤᠨ ᠤ ᠬᠤᠷᠰᠢᠶ᠎ᠠ ᠨᠢ ᠨᠡᠪᠲᠡᠷᠡᠯᠴᠡᠭᠡ ᠪᠠᠨ ᠴᠢᠩᠭᠠᠳᠬᠠᠵᠤ᠂ ᠭᠡᠰᠢᠭᠦᠳ ᠲᠠᠢ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠡᠯ᠎ᠡ ᠲᠥᠷᠥᠯ ᠤᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠪᠥᠬᠦ ᠬᠦᠴᠦᠨ ᠢᠶᠠᠷ ᠢᠶᠠᠨ | ᠪᠠᠲᠤᠯᠠᠬᠤ ᠬᠡᠷᠡᠭᠲᠡᠶ᠃ | ᠲᠦᠷᠪᠡ ᠳᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠠᠭᠠᠨ | ᠰᠠᠷ᠎ᠠ ᠶᠢᠨ ᠬᠤᠭᠤᠴᠠᠭᠠᠨ ᠳᠤ ᠦᠢᠯᠡᠳᠪᠦᠷᠢᠯᠡᠯ ᠠᠮᠢᠳᠤᠷᠠᠯ ᠤᠨ ᠦᠯᠡᠳᠡᠭᠳᠡᠯ ᠬᠤᠭ ᠨᠣᠪᠰᠢ ᠶᠢ ᠲᠦᠢᠯᠪᠤᠷᠢᠲᠠᠢ ᠠᠷᠢᠯᠭᠠᠵᠤ᠂ ᠲᠣᠰᠬᠤᠨ ᠤ ᠠᠷᠠᠳ ᠢ ᠲᠠᠶᠢᠴᠢᠯᠠᠨ | ᠵᠠᠮ ᠤᠨ ᠬᠤᠶᠠᠷ ᠬᠠᠵᠠᠭᠤ᠂ ᠲᠣᠰᠬᠤᠨ ᠤ ᠳᠣᠲᠣᠨ᠎ᠠ ᠭᠠᠳᠠᠨ᠎ᠠ᠂ ᠭᠡᠷ ᠤᠨ ᠡᠮᠦᠨ᠎ᠡ ᠬᠤᠶᠢᠨ᠎ᠠ ᠠᠴᠠ ᠨᠢ ᠶᠡᠭᠡ ᠪᠠᠷ ᠴᠡᠪᠡᠷᠯᠡᠵᠦ᠂ ᠪᠠᠶᠠᠷ ᠤᠨ ᠡᠳᠦᠷ ᠤᠨ ᠳᠠᠷᠠᠭᠠᠬᠢ | ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠡᠪᠡᠰᠦ ᠲᠦᠯᠡᠭᠡ | ᠣᠪᠣᠭᠠᠯᠠᠬᠤ᠂ ᠪᠠᠭᠠᠰᠤ ᠰᠢᠭᠡᠰᠦ ᠣᠪᠣᠭᠠᠯᠠᠬᠤ᠂ ᠡᠯᠳᠡᠪ ᠶᠠᠭᠤᠮ᠎ᠠ ᠣᠪᠣᠭᠠᠯᠠᠬᠤ ᠶᠢ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ᠬᠥᠮᠦᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ᠃ | ᠲᠠᠪᠤ ᠳᠤ᠂ ᠭᠠᠵᠠᠷ ᠬᠡᠷᠡᠭᠯᠡᠬᠦ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠲᠣᠰᠬᠤᠨ ᠤ ︽ᠬᠤᠶᠠᠷ ᠵᠥᠪᠯᠡᠯ︾ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ | ᠨᠠᠷᠢᠨ ᠬᠢᠨᠠᠮᠠᠭᠠᠢ ᠭᠦᠢᠴᠡᠳᠬᠡᠵᠦ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠪᠠᠷ ᠪᠠᠶᠢᠭᠤᠯᠤᠭᠰᠠᠨ ᠭᠡᠷ ᠪᠠᠶᠢᠰᠢᠩ ᠵᠢᠴᠢ ᠪᠤᠰᠤᠳ ᠪᠠᠷᠢᠯᠭ᠎ᠠ ᠶᠢᠨ | ᠬᠦᠰᠡᠯ ᠰᠠᠨᠠᠭ᠎ᠠ ᠲᠠᠢ ᠤᠯᠠᠨ ᠲᠦᠮᠡᠨ ᠳᠤ ᠬᠠᠤᠯᠢ ᠶᠣᠰᠣᠭᠠᠷ ᠭᠠᠵᠠᠷ ᠬᠡᠷᠡᠭᠯᠡᠬᠦ ᠭᠠᠷ ᠭᠦᠢᠴᠡᠳᠬᠡᠯ ᠬᠢᠬᠦ ᠶᠢ ᠮᠡᠳᠡᠭᠳᠡᠵᠦ᠂ ᠬᠠᠤᠯᠢ ᠶᠢ ᠵᠥᠷᠢᠴᠡᠨ ᠭᠠᠵᠠᠷ ᠬᠡᠷᠡᠭᠯᠡᠬᠦ | ᠠᠰᠠᠭᠤᠳᠠᠯ ᠭᠠᠷᠬᠤ ᠠᠴᠠ ᠵᠠᠶᠢᠯᠠᠰᠬᠢᠪᠡ᠃ | ᠬᠤᠷᠠᠯ ᠠᠴᠠ᠂ ᠨᠢᠭᠡ ᠳᠤ᠂ ᠦᠵᠡᠯ ᠰᠠᠨᠠᠭᠠᠨ ᠤ ᠵᠣᠭᠰᠣᠴᠠ ᠪᠠᠨ ᠳᠡᠭᠡᠭᠰᠢᠯᠡᠭᠦᠯᠵᠦ᠂ ᠬᠥᠭᠵᠢᠯᠲᠡ ᠶᠢᠨ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ | ᠬᠡᠷᠡᠭᠲᠡᠢ᠃ ︽ᠪᠠᠶᠠᠷ ᠤᠨ ᠡᠳᠦᠷ ᠤᠨ ᠳᠠᠷᠠᠭᠠᠬᠢ ᠶᠡᠷᠦᠩᠬᠡᠶᠢᠯᠡᠭᠰᠡᠨ ᠬᠡᠮ︾ ᠢ ᠲᠠᠶᠠᠭᠳᠠᠵᠤ᠂ ᠰᠡᠳᠬᠢᠯ ᠰᠠᠨᠠᠭ᠎ᠠ ᠪᠠᠨ ᠦᠳᠲᠡᠷ ᠲᠦᠷᠭᠡᠨ ᠬᠤᠷᠢᠶᠠᠨ ᠣᠷᠣᠨ | ᠪᠠᠶᠢᠷᠢ ᠳᠤᠨᠢ ᠣᠷᠣᠭᠤᠯᠵᠤ᠂ ︽ᠠᠮᠠᠷᠠᠯᠲᠠ ᠶᠢᠨ ᠪᠠᠶᠢᠳᠠᠯ︾ ᠠᠴᠠ ︽ᠠᠵᠢᠯ ᠤᠨ ᠵᠠᠭᠪᠤᠷ︾ ᠪᠣᠯᠭᠠᠨ ᠬᠤᠪᠢᠷᠠᠭᠤᠯᠵᠤ᠂ ᠣᠷᠭᠢᠯᠤᠮ᠎ᠠ ᠬᠠᠯᠠᠭᠤᠨ ᠰᠡᠳᠬᠢᠯᠭᠡ᠂ | ᠴᠤᠭ ᠪᠠᠳᠠᠷᠠᠩᠭᠤᠶ ᠲᠡᠮᠡᠴᠡᠯ ᠤᠨ ᠵᠣᠷᠢᠭ ᠢᠶᠠᠷ ᠠᠵᠢᠯ ᠤᠨ ᠳᠤᠮᠳᠠ ᠪᠠᠨ ᠣᠷᠣᠭᠤᠯᠵᠤ᠂ ᠦᠵᠡᠯ ᠰᠠᠨᠠᠭ᠎ᠠ ᠪᠠᠨ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠠᠵᠢᠯ ᠢᠶᠠᠨ | ᠠᠬᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠶ᠃ ᠬᠤᠶᠠᠷ ᠲᠤ᠂ ᠠᠵᠢᠯᠯᠠᠭ᠎ᠠ ᠶᠢ ᠨᠠᠷᠢᠯᠢᠭ ᠨᠠᠶᠢᠳᠠᠪᠤᠷᠢᠵᠢᠭᠤᠯᠵᠤ᠂ ᠠᠵᠢᠯ ᠤᠨ | ᠦᠷ᠎ᠡ ᠪᠦᠲᠦᠮᠵᠢ ᠶᠢ ᠠᠬᠢᠭᠤᠯᠬᠤ ᠬᠡᠷᠡᠭᠲᠡᠶ᠃ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠡᠷᠲᠡ ᠠᠴᠠ ᠠᠷᠭ᠎ᠠ ᠰᠦᠪᠡᠭᠴᠢᠯᠡᠵᠦ᠂ ᠠᠮᠤ ᠪᠤᠳᠠᠭ᠎ᠠ ᠲᠠᠷᠢᠬᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ | ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠢᠯᠡᠭᠦᠬᠡᠨ ᠠᠵᠢᠯᠯᠠᠵᠤ ᠲᠦᠷᠭᠡᠨ ᠠᠵᠢᠯᠯᠠᠬᠤ᠂ | ᠡᠷᠡᠯᠬᠡᠭᠯᠡᠨ ᠲᠡᠮᠡᠴᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠭᠤᠷᠪᠠ ᠳᠤ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ | ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ | ᠨᠢᠭᠡ ᠱᠠᠲᠤ ᠨᠢ ᠨᠢᠭᠡ ᠱᠠᠲᠤ ᠪᠠᠨ ᠳᠠᠭᠠᠭᠤᠯᠤᠨ ᠠᠵᠢᠯᠯᠠᠵᠤ᠂ ᠳᠡᠭᠡᠳᠦ ᠱᠠᠲᠤ ᠨᠢ ᠳᠣᠤᠷᠠᠳᠤ ᠱᠠᠲᠤ ᠪᠠᠨ ᠳᠠᠶᠢᠴᠢᠯᠠᠨ᠂ ᠱᠠᠲᠤ ᠱᠠᠲᠤ ᠪᠠᠷ ᠵᠢᠱᠢᠶ᠎ᠡ ᠦᠵᠡᠭᠦᠯᠵᠦ᠂ | ᠡᠯ ᠳ᠋ᠤᠤ ᠴᠢᠶᠣᠤ ᠪᠠᠯᠭᠠᠰᠤᠨ ᠤ ᠺᠠᠳ᠋ᠷ ᠤᠨ ᠡᠩᠨᠡᠭᠡ ᠶᠢᠨ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠵᠤ᠂ ᠪᠥᠬᠦ ᠪᠠᠯᠭᠠᠰᠤᠨ ᠤ ᠬᠥᠭᠵᠢᠯᠲᠡ ᠳᠤ ᠪᠠᠲᠤ | ᠴᠢᠩᠭ᠎ᠠ ᠰᠤᠷᠲᠠᠯ ᠤᠨ ᠪᠠᠲᠤᠯᠠᠭ᠎ᠠ ᠬᠠᠩᠭᠠᠬᠤ ᠬᠡᠷᠡᠭᠲᠡᠶ᠃ ᠨᠡᠩ ᠪᠣᠳᠠᠲᠠᠢ ᠶᠢ ᠡᠷᠬᠢᠮᠯᠡᠬᠦ ᠰᠤᠷᠲᠠᠯ᠂ ᠨᠡᠩ ᠴᠢᠩᠭ᠎ᠠ ᠣᠪᠣᠷ᠂ ᠨᠡᠩ ᠥᠨᠳᠥᠷ ᠪᠦᠲᠦᠮᠵᠢᠲᠡᠢ | ᠠᠵᠢᠯ ᠢᠶᠠᠷ ᠡᠯ ᠳ᠋ᠤᠤ ᠴᠢᠶᠣᠤ ᠪᠠᠯᠭᠠᠰᠤᠨ ᠤ ᠡᠯ᠎ᠡ ᠵᠦᠢᠯ ᠤᠨ ᠦᠢᠯᠡᠰ ᠤᠨ ᠲᠠᠰᠤᠷᠠᠯᠲᠠ ᠦᠭᠡᠢ ᠤᠷᠤᠭᠰᠢ ᠬᠥᠭᠵᠢᠬᠦ ᠶᠢ ᠠᠬᠢᠭᠤᠯᠬᠤ ᠬᠡᠷᠡᠭᠲᠡᠢ᠃ | |