2 ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠥᠬᠦ ᠣᠷᠣᠨ ᠤ ᠴᠢᠬᠤᠯᠠ ᠶᠡᠭᠡ ᠲᠥᠷᠥᠯ ᠵᠦᠢᠯ ᠢ | ᠤᠬᠠᠭᠠᠯᠠᠨ ᠲᠥᠯᠥᠪᠵᠢᠭᠦᠯᠬᠦ ᠠᠵᠢᠯᠯᠠᠭ᠎ᠠ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠪᠥᠬᠦ | ᠣᠷᠣᠨ ᠤ ᠬᠤᠶᠠᠷ ᠬᠤᠷᠠᠯ ᠤᠨ ᠭᠤᠣᠯᠳᠠᠯᠭ᠎ᠠ ᠲᠠᠢ ᠡᠭᠦᠷᠭᠡ ᠶᠢ ᠳᠠᠬᠢᠨ ᠲᠣᠬᠢᠷᠠᠭᠤᠯᠵᠤ ᠳᠠᠬᠢᠨ ᠨᠠᠶᠢᠳᠠᠪᠤᠷᠢᠵᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ | ᠴᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠸᠠᠩ ᡁᠢ ᠴᠢᠶᠠᠩ᠂ ᠴᠢᠬᠤᠯᠠ ᠶᠡᠭᠡ ᠲᠥᠷᠥᠯ ᠵᠦᠢᠯ ᠪᠣᠯ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠴᠢᠬᠤᠯᠠ ᠠᠴᠢᠶᠠᠯᠠᠪᠤᠷᠢ ᠪᠣᠯᠣᠨ᠎ᠠ᠂ ᠴᠢᠬᠤᠯᠠ | ᠶᠡᠭᠡ ᠲᠥᠷᠥᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠨ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ | ᠲᠤᠯᠭᠠᠭᠤᠷᠢᠯᠠᠯ ᠬᠠᠩᠭᠠᠬᠤ ᠬᠡᠷᠡᠭᠲᠡᠢ᠃ ᠲᠦᠷᠭᠡᠨ ᠡᠬᠢᠯᠡᠭᠦᠯᠵᠦ᠂ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠴᠢᠬᠤᠯᠠ ᠬᠦᠴᠦᠨ ᠵᠦᠢᠯ ᠢ ᠪᠠᠲᠤᠯᠠᠬᠤ᠂ ᠪᠦᠲᠦᠭᠡᠨ | ᠪᠠᠶᠢᠭᠤᠯᠤᠯᠲᠠ ᠬᠢᠵᠦ ᠠᠰᠢᠭᠯᠠᠯᠲᠠ ᠳᠤ ᠣᠷᠣᠭᠤᠯᠬᠤ ᠲᠠᠯ᠎ᠠ ᠪᠠᠷ ᠥᠷᠯᠥᠭᠡ ᠦᠳᠡᠰᠢ ᠶᠢ ᠲᠡᠮᠡᠴᠡᠵᠦ ᠴᠠᠭ ᠮᠥᠴᠡ ᠲᠠᠢ ᠤᠷᠤᠯᠳᠤᠨ ᠠᠵᠢᠯᠯᠠᠵᠤ᠂ ᠡᠪᠦᠯ ᠤᠨ | ᠤᠯᠠᠷᠢᠯ ᠤᠨ 1900 ᠭᠠᠷᠤᠢ ᠪᠠᠷᠢᠯᠭ᠎ᠠ ᠶᠢᠨ ᠠᠵᠢᠯ ᠢ ᠪᠥᠬᠦᠨ ᠢ ᠦᠨᠡᠨ ᠪᠣᠳᠠᠲᠠᠢ ᠡᠬᠢᠯᠡᠭᠦᠯᠬᠦ ᠬᠡᠷᠡᠭᠲᠡᠢ᠃ ᠰᠡᠳᠬᠢᠴᠡ ᠪᠠᠨ ᠰᠢᠨᠡᠴᠢᠯᠡᠵᠦ᠂ ᠲᠥᠷᠥᠯ ᠵᠦᠢᠯ ᠤᠨ | ᠪᠡᠯᠡ ᠣᠷᠤᠭᠤᠯᠤᠯᠲᠠ ᠶᠢᠨ ᠪᠥᠬᠦ ᠦᠶᠡᠯᠡᠯ ᠤᠨ ᠬᠤᠭᠤᠴᠠᠭ᠎ᠠ ᠠᠴᠠ ᠤᠬᠠᠭᠠᠯᠠᠨ ᠲᠥᠯᠥᠪᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠬᠦᠷᠲᠡᠯ᠎ᠡ ︽ᠨᠢᠭᠡ ᠵᠢᠯ ᠳᠤ | ᠣᠯᠠᠨ ᠤᠳᠠᠭ᠎ᠠ︾ ᠦᠷᠭᠦᠯᠵᠢᠯᠡᠨ ᠠᠬᠢᠭᠤᠯᠬᠤ ᠰᠢᠨ᠎ᠡ ᠲᠣᠭᠲᠠᠴᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠡᠯᠡ ᠣᠷᠤᠭᠤᠯᠤᠯᠲᠠ ᠶᠢᠨ ᠥᠨᠳᠥᠷ ᠰᠠᠭᠤᠷᠢ | ᠲᠣᠭᠠᠨ ᠤ ᠳᠡᠭᠡᠷ᠎ᠡ ᠦᠷᠭᠦᠯᠵᠢᠯᠡᠨ ᠥᠨᠳᠥᠷ ᠨᠡᠮᠡᠭᠳᠡᠯ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠠᠵᠢᠯ ᠬᠢᠬᠦ ᠶᠢ ᠲᠡᠷᠢᠭᠦᠨ ᠳᠤ ᠲᠠᠯᠪᠢᠵᠤ᠂ ᠲᠥᠯᠥᠪᠵᠢᠭᠦᠯᠭᠡ᠂ | ᠲᠥᠷᠥ ᠶᠢᠨ ᠪᠣᠳᠣᠯᠭ᠎ᠠ᠂ ᠠᠵᠤ ᠦᠢᠯᠡᠰ᠂ ᠡᠬᠢ ᠪᠠᠶᠠᠯᠢᠭ᠂ ᠪᠡᠯᠡ ᠮᠥᠩᠭᠦ ᠶᠢᠨ ᠲᠣᠭᠤᠷᠢᠨ ᠳᠤ ᠨᠡᠩ ᠣᠯᠠᠨ ᠰᠠᠶᠢᠨ ᠲᠥᠷᠥᠯ ᠵᠦᠢᠯ ᠢ ᠰᠠᠶᠢᠲᠤᠷ ᠤᠬᠠᠭᠠᠯᠠᠨ | ᠲᠥᠯᠥᠪᠵᠢᠭᠦᠯᠵᠦ ᠬᠡᠷᠡᠭᠵᠢᠭᠦᠯᠦᠨ᠂ ᠲᠦᠷᠦᠭᠦᠦ ᠤᠯᠠᠷᠢᠯ ᠳᠤ ︽ᠰᠠᠶᠢᠨ ᠡᠬᠢᠯᠡᠯᠲᠡ︾ ᠲᠠᠢ ᠪᠠᠶᠢᠬᠤ ᠶᠢ ᠪᠠᠲᠤᠯᠠᠵᠤ᠂ ︽ᠪᠥᠬᠦ ᠵᠢᠯ ᠳᠤ ᠰᠠᠶᠢᠨ ᠪᠠᠶᠢᠬᠤ︾ ᠳᠤ | ᠪᠠᠲᠤ ᠰᠠᠭᠤᠷᠢ ᠶᠢ ᠲᠠᠯᠪᠢᠬᠤ ᠬᠡᠷᠡᠭᠲᠡᠢ ᠭᠡᠪᠡ᠃ |