2025 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2025/2/8
           2025 ᠣᠨ ᠤ 1 ᠰᠠᠷ᠎ᠠ ᠶᠢᠨ 14 ᠤ ᠡᠳᠦᠷ ᠬᠠᠩᠭᠢᠨ ᠬᠤᠶᠢᠲᠤ ᠬᠤᠰᠢᠭᠤᠨ ᠳᠤ     ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠡᠭᠡᠷ᠎ᠡ           ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ    ᠰᠦᠨ ᡁᠢ ᠭᠠᠩ ᠲᠥᠯᠥᠭᠡᠯᠡᠭᠴᠢᠳ ᠡ᠄      ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠬᠤ ᠨᠥᠬᠦᠳ ᠰᠠᠨᠠᠯ ᠢᠶᠠᠨ ᠳᠤᠷᠠᠳᠬᠤ ᠪᠣᠯᠪᠠᠤ᠃      ᠨᠢᠭᠡ᠂ 2024 ᠣᠨ ᠤ ᠠᠵᠢᠯ ᠤᠨ ᠡᠷᠭᠢᠴᠡᠭᠦᠯᠦᠯ      ᠥᠩᠭᠡᠷᠡᠭᠰᠡᠨ ᠨᠢᠭᠡ ᠵᠢᠯ ᠳᠤ᠂ ᠪᠡᠷᠬᠡ ᠬᠠᠲᠠᠭᠤᠵᠢᠯᠲᠠᠶ ᠨᠦᠰᠡᠷ ᠬᠦᠨᠳᠦ ᠥᠭᠡᠷᠡᠴᠢᠯᠡᠯᠲᠡ ᠬᠥᠭᠵᠢᠯᠲᠡ ᠶᠢᠨ ᠡᠭᠦᠷᠭᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶ᠎ᠠ ᠪᠢᠳᠡᠨ ᠢ ᠳᠠᠭᠠᠭᠤᠯᠤᠨ ᠨᠠᠷᠢᠯᠢᠭ ᠤᠨᠤᠪᠴᠢᠲᠠᠢ ᠪᠠᠷ ᠠᠩᠬᠠᠷᠤᠯ ᠢᠶᠠᠨ ᠲᠥᠪᠯᠡᠷᠡᠭᠦᠯᠵᠦ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠰᠢᠨ᠎ᠡ ᠬᠠᠩᠭᠢᠨ ᠬᠤᠶᠢᠲᠤ ᠬᠤᠰᠢᠭᠤ ᠶᠢ ᠬᠠᠮᠲᠤ ᠪᠠᠷ ᠴᠢᠨᠡᠭᠡᠯᠢᠭᠵᠢᠭᠦᠯᠬᠦ ᠣᠮᠤᠭ ᠵᠣᠷᠢᠭ ᠠᠤᠭ᠎ᠠ ᠵᠣᠷᠢᠭ ᠪᠠ ᠥᠷᠨᠢᠭᠦᠨ ᠬᠦᠴᠦᠨ ᠢ ᠪᠠᠳᠠᠷᠠᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠯᠠᠪᠳᠠᠭᠤᠨ ᠪᠠᠲᠤᠲᠠᠶ ᠠᠯᠬᠤᠮ ᠢ ᠠᠯᠬᠤᠪᠠ᠃      ᠨᠢᠭᠡ ᠵᠢᠯ ᠤᠨ ᠲᠤᠷᠰᠢ᠂ ᠪᠢᠳᠡ ᠤᠯᠤᠰ ᠲᠥᠷᠥ ᠶᠢᠨ ᠵᠢᠯᠣᠭᠤᠳᠤᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠰᠢᠭᠤ ᠪᠠᠨ ᠬᠦᠴᠦᠷᠬᠡᠭᠵᠢᠭᠦᠯᠬᠦ ᠡᠭᠦᠷᠭᠡ ᠬᠠᠷᠢᠭᠤᠴᠠᠯᠭ᠎ᠠ ᠪᠠᠷ ᠡᠷᠡᠯᠬᠡᠭᠯᠡᠨ ᠤᠷᠤᠭᠰᠢᠯᠠᠬᠤ ᠬᠥᠳᠡᠯᠭᠡᠬᠦ ᠬᠦᠴᠦᠨ ᠢᠶᠠᠨ ᠲᠥᠪ ᠪᠣᠯᠭᠠᠪᠠ᠃ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ 24 ᠦᠰᠦᠭ ᠤᠨ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠬᠦᠴᠦᠯᠡᠨ ᠴᠢᠷᠮᠠᠶᠢᠵᠤ᠂ ᠪᠥᠬᠦ ᠵᠢᠯ ᠳᠤ 12.4 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠣᠷᠣᠭᠤᠯᠤᠨ ᠠᠪᠴᠢᠷᠠᠵᠤ᠂ ᠱᠠᠮᠪᠠ ᠶᠢᠨ ᠵᠠᠩ ᠹᠠᠩ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ᠂ ᠡᠯ ᠳ᠋ᠤᠤ ᠴᠢᠶᠣᠤ ᠨᠡᠷᠡᠨ ᠦᠨᠳᠦᠷ ᠲᠥᠬᠦᠭᠡᠷᠦᠮᠵᠢᠲᠦ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠵᠡᠷᠭᠡ ᠨᠢᠭᠡ ᠪᠦᠯᠦᠭ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠰᠠᠭᠤᠷᠢᠨ ᠭᠠᠵᠠᠷ ᠢ ᠪᠠᠶᠢᠭᠤᠯᠤᠨ ᠳᠠᠭᠤᠰᠬᠠᠵᠤ ᠦᠷ᠎ᠡ ᠪᠦᠲᠦᠮᠵᠢ ᠣᠯᠵᠤ᠂ ᠬᠤᠸᠠ ᠾᠧᠩ ᠠᠮᠢᠳᠤ ᠪᠣᠳᠠᠰ ᠤᠨ ᠭᠤᠷᠪᠠᠳᠤᠭᠠᠷ ᠬᠤᠭᠤᠴᠠᠭ᠎ᠠ᠂ ᠰᠢᠤᠢ ᠢ ᠰᠦ ᠶᠢᠨ ᠦᠢᠯᠡᠰ᠂ ᠯᠦ ᠹᠦ᠋ ᠭᠤᠸᠠᠨ ᠬᠤᠶᠠᠳᠤᠭᠠᠷ ᠬᠤᠭᠤᠴᠠᠭ᠎ᠠ᠂ ᠨᠠᠭᠤᠷ ᠤᠨ ᠰᠢᠨ᠎ᠡ ᠮᠠᠲ᠋ᠧᠷᠢᠶᠠᠯ ᠵᠡᠷᠭᠡ 32 ᠴᠢᠬᠤᠯᠠ ᠶᠡᠭᠡ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ᠂ ᠺᠠᠩ ᠶᠠᠩ ᠬᠦᠷᠢᠶᠡᠯᠡᠩ᠂ ᠭᠤᠷᠪᠠᠳᠤᠭᠠᠷ ᠬᠡᠦᠬᠡᠳ ᠤᠨ ᠴᠡᠴᠡᠷᠯᠢᠭ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠰᠠᠷ ᠵᠡᠷᠭᠡ ᠨᠢᠭᠡ ᠪᠦᠯᠦᠭ ᠠᠯᠪᠠᠨ ᠠᠴᠠ ᠪᠠᠶᠢᠭᠤᠯᠬᠤ ᠲᠥᠬᠦᠭᠡᠷᠦᠮᠵᠢ ᠶᠢ ᠠᠰᠢᠭᠯᠠᠯᠲᠠ ᠳᠤ ᠣᠷᠣᠭᠤᠯᠵᠤ᠂ ︽ᠱᠠᠮᠪᠠ ᠶᠢᠨ ᠦᠨᠦᠷ ᠠᠮᠲᠠ︾ ᠳᠠᠭᠤᠤ ᠬᠥᠭᠵᠢᠮ ᠤᠨ ᠵᠢᠶᠠ ᠨᠢᠶᠠᠨ ᠬᠤᠸᠠ᠂ ︽ᠱᠠᠮᠪᠠ ᠳᠤ ᠰᠠᠭᠤᠵᠤ · ᠮᠤᠨᠢ ᠠᠭᠤᠯᠠ ᠶᠢ ᠭᠡᠲᠦᠯᠬᠦ︾ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢᠨ ᠤᠮᠠᠷᠠᠲᠤ ᠬᠢᠯᠢ ᠬᠢᠵᠠᠭᠠᠷ ᠢᠶᠠᠷ ᠬᠦᠭᠵᠢᠮᠳᠡᠪᠡ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 3.3% ᠪᠠᠷ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 14.2% ᠢᠶᠠᠷ ᠨᠡᠮᠡᠭᠳᠡᠭᠦᠯᠦᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢ 4% ᠪᠠᠷ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 5.9% ᠪᠠᠷ ᠨᠡᠮᠡᠭᠳᠡᠭᠦᠯᠦᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 5.7%᠂ 5.1% ᠪᠠᠷ ᠨᠡᠮᠡᠭᠳᠡᠭᠦᠯᠪᠡ᠃    ᠨᠢᠭᠡ ᠵᠢᠯ ᠤᠨ ᠲᠤᠷᠰᠢ᠂ ᠪᠢᠳᠡ ︽ᠵᠢᠷᠭᠤᠭᠠᠨ ᠢᠨᠵᠧᠨᠧᠷᠢᠩ︾ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠤᠷᠤᠭᠰᠢᠯᠠᠬᠤ ᠴᠢᠭᠯᠡᠯ ᠢ ᠬᠥᠲᠥᠯᠪᠡ᠃ 111 ᠵᠦᠢᠯ ᠤᠨ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠣᠨᠣᠪᠴᠢᠲᠠᠶ ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠤ 36.6 ᠳ᠋ᠦᠩᠰᠢᠭᠤᠷ ᠲᠥᠭᠦᠷᠢᠭ ᠤᠨ ︽ᠵᠢᠩᠬᠢᠨᠢ ᠠᠯᠲᠠ ᠮᠥᠩᠭᠦ︾ ᠶᠢ ᠭᠥᠷᠳᠡᠪᠡ᠃ ᠬᠡᠷᠡᠯ ᠴᠡᠨᠡᠭ ᠢ ᠨᠢᠭᠡ ᠴᠤᠭᠴᠠᠵᠢᠭᠤᠯᠤᠭᠰᠠᠨ ᠣᠨᠳᠣᠤ ᠭᠠᠵᠠᠷ ᠤᠨ ᠡᠯᠡᠰᠦᠷᠬᠡᠭ ᠣᠷᠣᠨ ᠢ ᠵᠠᠰᠠᠬᠤ ᠢᠨᠵᠧᠨᠧᠷᠢᠩ ᠢ 2.72 ᠲᠦᠮᠡᠨ ᠮᠥ ᠪᠡᠶᠡᠯᠡᠭᠦᠯᠵᠦ᠂ 12 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ᠵᠥᠩ ᠬᠤᠸᠠᠨ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠲᠥᠷᠥᠯ ᠵᠦᠢᠯ ᠢ ᠡᠬᠢᠯᠡᠨ ᠪᠠᠶᠢᠭᠤᠯᠵᠤ᠂ ᠥᠩᠭᠡᠷᠡᠭᠰᠡᠨ ᠤ ᠮᠠᠭᠤ ᠭᠠᠵᠠᠷ ᠶᠠᠭ ᠨᠣᠭᠤᠭᠠᠨ ᠳᠠᠪᠠᠯᠭᠠᠨ ᠬᠥᠬᠡ ᠲᠠᠩᠭᠢᠰ ᠪᠣᠯᠵᠣ ᠪᠠᠶᠢᠨ᠎ᠠ᠃ ᠬᠤᠲᠠ ᠬᠥᠳᠡᠭᠡ ᠶᠢᠨ ᠳᠤᠯᠠᠭᠠᠯᠠᠭ᠎ᠠ ᠶᠢᠨ ᠢᠨᠵᠧᠨᠧᠷᠢᠩ ᠢ ᠨᠢᠭᠡ ᠴᠣᠭᠴᠠᠵᠢᠭᠤᠯᠤᠨ ᠠᠬᠢᠭᠤᠯᠵᠤ᠂ 3.5 ᠲᠦᠮᠡᠨ ᠡᠷᠦᠬᠡ ᠰᠠᠭᠤᠭᠠᠯᠢ ᠠᠷᠠᠳ ᠤᠨ ᠳᠤᠯᠠᠭᠠᠯᠠᠭ᠎ᠠ ᠶᠢᠨ ᠨᠥᠬᠦᠴᠡᠯ ᠢ ᠢᠯᠡᠳᠲᠡ ᠰᠠᠶᠢᠵᠢᠷᠠᠭᠤᠯᠵᠤ᠂ 12345 ᠬᠠᠯᠠᠭᠤᠨ ᠤᠲᠠᠰᠤᠨ ᠤ ᠢᠯᠴᠢ ᠬᠠᠩᠭᠠᠬᠤ ᠠᠵᠢᠯ ᠤᠨ ᠬᠠᠭᠤᠳᠠᠰᠤ ᠶᠢ 78 % ᠪᠠᠷ ᠪᠠᠭᠤᠷᠠᠭᠤᠯᠪᠠ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠪᠠ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠬᠠᠮᠵᠢᠯᠴᠠᠨ ᠠᠬᠢᠭᠤᠯᠪᠠ᠃ ᠡᠷᠳᠡᠨᠢ ᠰᠢᠰᠢ ᠶᠢᠨ ᠤᠰᠤ ᠪᠤᠷᠳᠤᠭᠤᠷ ᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠲᠣᠨᠣᠭᠯᠠᠯ ᠨᠢ 2024 ᠳᠤᠮᠳᠠᠳᠤ ᠤᠯᠤᠰ ᠤᠨ ᠲᠠᠷᠢᠶᠠᠯᠠᠩ ᠬᠥᠳᠡᠭᠡ ᠲᠣᠰᠬᠤᠨ ᠤ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠦᠷ᠎ᠡ ᠪᠦᠲᠦᠭᠡᠯ ᠢᠶᠠᠷ ᠰᠣᠩᠭᠤᠭᠳᠠᠵᠤ᠂ ᠤᠯᠤᠰ ᠤᠨ ᠥᠨᠳᠥᠷ ᠪᠦᠲᠦᠮᠵᠢᠲᠡᠢ ᠤᠰᠤ ᠠᠷᠪᠢᠯᠠᠵᠤ ᠤᠨᠠᠯᠲᠠ ᠶᠢ ᠨᠡᠮᠡᠭᠳᠡᠭᠦᠯᠬᠦ ᠮᠡᠷᠭᠡᠵᠢᠯ ᠤᠨ ᠬᠤᠷᠠᠮᠠᠯ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠪᠠ᠃ ᠭᠠᠳᠠᠭᠠᠲᠦ ᠠᠷᠠᠯᠵᠢᠶᠠᠨ ᠤ ᠭᠠᠳᠠᠭᠠᠲᠦ ᠳᠤ ᠭᠠᠷᠭᠠᠬᠤ ᠪᠠᠷᠠᠭᠠᠨ ᠤ ᠶᠡᠷᠦᠩᠭᠡᠢ ᠬᠡᠮᠵᠢᠶ᠎ᠡ᠂ ᠭᠠᠳᠠᠭᠠᠲᠦ ᠳᠤ ᠭᠠᠷᠭᠠᠬᠤ ᠶᠡᠷᠦᠩᠬᠡᠢ ᠬᠡᠮᠵᠢᠶ᠎ᠠ ᠳᠤᠰ ᠳᠤᠰ 12.1 %᠂ 14.5 % ᠪᠠᠷ ᠨᠡᠮᠡᠭᠳᠡᠵᠦ᠂ ᠯᠠᠩᠭᠤᠸᠠ ᠶᠢᠨ ᠦᠷ᠎ᠡ ᠶᠢᠨ ᠭᠠᠳᠠᠭᠠᠲᠦ ᠳᠤ ᠭᠠᠷᠭᠠᠬᠤ ᠬᠡᠮᠵᠢᠶ᠎ᠡ ᠪᠦᠬᠦ ᠬᠤᠳᠠ ᠳᠤ ᠳᠡᠷᠢᠭᠦᠨ ᠳᠤ ᠤᠷᠤᠪᠠ᠃      ᠨᠢᠭᠡ ᠵᠢᠯ ᠤᠨ ᠲᠤᠷᠰᠢ᠂ ᠪᠢᠳᠡ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠷᠢᠭᠲᠠᠢ ᠪᠠᠷ ᠬᠢᠵᠦ ᠴᠢᠳᠠᠮᠠᠭᠠᠢ ᠪᠠᠷ ᠠᠵᠢᠯᠯᠠᠬᠤ ᠪᠠᠷ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠪᠡ᠃ ᠠᠯᠳᠠᠭ᠎ᠠ ᠪᠤᠷᠤᠭᠤ ᠶᠢ ᠥᠭᠡᠷᠡᠴᠢᠯᠡᠬᠦ᠂ ᠲᠣᠭᠲᠠᠴᠠ ᠶᠢ ᠥᠭᠡᠷᠡᠴᠢᠯᠡᠬᠦ᠂ ᠪᠠᠶᠢᠷᠢᠰᠢᠯ ᠢ ᠥᠭᠡᠷᠡᠴᠢᠯᠡᠬᠦ᠂ ᠰᠤᠷᠲᠠᠯ ᠢ ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃ ︽ᠠᠵᠤ ᠠᠬᠤᠶᠢᠯᠠᠯ ᠢ ᠰᠤᠷᠪᠤᠯᠵᠢᠯᠠᠨ ᠬᠡᠷᠡᠭᠴᠡᠭᠡ · ᠠᠵᠤ ᠠᠬᠤᠶᠢᠯᠠᠯ ᠢ ᠳᠤᠯᠠᠭᠠᠯᠠᠨ ᠠᠶᠠᠯᠠᠯ ᠬᠠᠮᠠᠭᠠᠯᠠᠬᠤ︾ ︽ᠳᠥᠷᠪᠡᠨ ᠭᠤᠷᠪᠠ︾ ᠶᠢᠨ ᠠᠷᠭ᠎ᠠ ᠬᠡᠮᠵᠢᠶ᠎ᠡ ᠶᠢ ᠣᠨᠣᠪᠴᠢᠲᠠᠶ ᠨᠠᠶᠢᠳᠠᠪᠤᠷᠢᠵᠢᠭᠤᠯᠵᠤ᠂ 5 ᠲᠥᠷᠥᠯ ᠵᠦᠢᠯ ᠢ ᠲᠤᠬᠠᠶ ᠶᠢᠨ ᠵᠢᠯ ᠳᠤ ᠭᠡᠷ᠎ᠡ ᠲᠣᠭᠲᠠᠬᠤ᠂ ᠲᠤᠬᠠᠶ ᠶᠢᠨ ᠵᠢᠯ ᠳᠤ ᠠᠰᠢᠭᠯᠠᠯᠲᠠ ᠳᠤ ᠣᠷᠣᠭᠤᠯᠬᠤ ᠶᠢ ᠪᠡᠶᠡᠯᠡᠭᠦᠯᠪᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠶᠡᠭᠡ ᠬᠢᠲᠤᠭ᠎ᠠ ᠪᠠᠷ ᠲᠣᠮᠣ ᠰᠦᠬᠡ ᠪᠠᠷ ᠠᠬᠢᠭᠤᠯᠵᠤ᠂ ᠲᠤᠰᠬᠠᠶ ᠬᠢᠨᠠᠨ ᠪᠣᠳᠣᠯᠲᠠ ᠪᠠᠷ ᠳᠠᠮᠵᠢᠭᠤᠯᠤᠨ ᠵᠢᠨᠴᠧᠩ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠤᠬᠢᠷᠠᠯ ᠢ ᠬᠢᠵᠠᠭᠠᠷᠯᠠᠵᠤ᠂ ᠬᠥᠩᠭᠡᠨ ᠬᠠᠭᠤᠳᠠᠮ ᠢᠶᠠᠷ ᠪᠠᠶᠢᠯᠳᠤᠵᠤ᠂ ᠪᠦᠲᠦᠴᠡ ᠶᠢ ᠰᠢᠯᠢᠳᠡᠭᠵᠢᠭᠦᠯᠬᠦ᠂ ᠠᠵᠢᠯ ᠲᠥᠷᠥᠯ ᠬᠤᠪᠢᠶᠠᠨ ᠡᠵᠡᠩᠨᠡᠬᠦ ᠵᠠᠷᠴᠢᠮ ᠶᠣᠰᠣᠭᠠᠷ ᠵᠢᠨᠴᠠᠩ ᠤᠨ ᠠᠵᠤ ᠦᠢᠯᠡᠰ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ᠂ ᠵᠢᠨᠭᠤᠸᠠᠨ ᠵᠢᠷᠭᠤᠭᠠᠨ ᠡᠷᠳᠡᠮ 3 ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠣᠳᠠᠲᠤ ᠴᠣᠭᠴᠠᠲᠤ ᠠᠵᠢᠯᠯᠠᠭᠠᠨ ᠢ ᠠᠬᠢᠭᠤᠯᠪᠠ᠃      ᠨᠢᠭᠡ ᠵᠢᠯ ᠤᠨ ᠲᠤᠷᠰᠢ᠂ ᠪᠢᠳᠡ ᠦᠷ᠎ᠡ ᠠᠰᠢᠭ ᠤᠨ ᠳᠡᠭᠡᠭᠰᠢᠯᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠬ᠎ᠠ ᠳᠡᠯᠭᠡᠭᠦᠷ ᠤᠨ ᠰᠡᠳᠬᠢᠬᠦᠶ ᠪᠠᠷ ᠠᠷᠠᠳ ᠢ ᠪᠠᠶᠠᠵᠢᠭᠤᠯᠬᠤ ᠠᠵᠤ ᠦᠢᠯᠡᠰ ᠢ ᠪᠤᠵᠠᠭᠠᠶᠢᠷᠠᠭᠤᠯᠪᠠ᠃ ᠬᠡᠯᠬᠢᠶᠡᠵᠢᠭᠰᠡᠨ ᠰᠡᠳᠬᠢᠬᠦᠶ ᠪᠠᠷ ᠬᠦᠴᠦᠨ ᠢᠶᠠᠨ ᠲᠥᠪᠯᠡᠷᠡᠭᠦᠯᠦᠨ ᠣᠳᠣ ᠦᠶ᠎ᠡ ᠶᠢᠨ ᠥᠨᠳᠥᠷ ᠪᠦᠲᠦᠮᠵᠢᠲᠡᠶ ᠲᠠᠷᠢᠶᠠᠯᠠᠩ ᠢ ᠬᠥᠭᠵᠢᠭᠦᠯᠵᠦ᠂ ᠬᠡᠪᠴᠢᠶᠡᠵᠢᠭᠰᠡᠨ᠂ ᠠᠵᠤ ᠦᠶᠢᠯᠡᠰᠵᠢᠭᠰᠡᠨ᠂ ᠨᠡᠷᠡᠲᠦ ᠲᠥᠷᠥᠯ ᠲᠡᠮᠳᠡᠭᠵᠢᠭᠰᠡᠨ ᠬᠥᠭᠵᠢᠯᠲᠡ ᠶᠢ ᠠᠬᠢᠭᠤᠯᠤᠨ᠎ᠠ᠃ ︽ᠵᠠᠰᠠᠭ ᠠᠵᠤ ᠠᠬᠤᠶᠢᠯᠠᠯ ᠲᠣᠰᠬᠤᠨ ᠲᠠᠷᠢᠶᠠᠴᠢᠨ︾ ᠢ ᠬᠠᠮᠲᠤ ᠪᠠᠷ ᠪᠠᠶᠢᠭᠤᠯᠬᠤ᠂ ︽ᠪᠦᠲᠦᠭᠡᠨ ᠪᠠᠶᠢᠭᠤᠯᠵᠤ ᠬᠠᠮᠢᠶᠠᠷᠴᠤ ᠬᠡᠷᠡᠭᠯᠡᠬᠦ︾ ᠶᠢ ᠨᠢᠭᠡ ᠴᠤᠭᠴᠠᠵᠢᠭᠤᠯᠬᠤ ᠂ ︽ᠬᠤᠵᠢᠷ ᠢ ᠰᠠᠶᠢᠵᠢᠷᠠᠭᠤᠯᠵᠤ ᠬᠤᠵᠢᠷ ᠢ ᠵᠠᠰᠠᠬᠤ︾ ᠪᠠᠷ ᠳᠠᠮᠵᠢᠭᠤᠯᠤᠨ᠂ 5.13 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ ᠵᠠᠩ ᠹᠠᠩ ᠲᠣᠰᠬᠤᠨ ᠤ ᠲᠥᠷᠥᠯ ᠵᠦᠢᠯ ᠤᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ 3000 ᠲᠥᠭᠦᠷᠢᠭ ᠠᠴᠠ ᠳᠡᠭᠡᠭᠰᠢ ᠳᠤ ᠬᠦᠷᠴᠦ᠂ ᠥᠩᠭᠡᠷᠡᠭᠰᠡᠨ ᠤ ︽ᠴᠢᠬᠢ ᠶᠢ ᠪᠠᠷᠢᠵᠤ ᠳᠡᠶᠢᠯᠬᠦ ᠥᠬᠡᠶ ᠪᠤᠯᠤᠭᠰᠠᠨ︾ ᠬᠤᠵᠢᠷᠯᠢᠭ ᠭᠠᠵᠠᠷ ᠪᠣᠯᠵᠣ᠂ ᠪᠥᠬᠦ ᠤᠯᠤᠰ᠂ ᠪᠥᠬᠦ ᠣᠷᠣᠨ ᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠶᠢᠨ ᠬᠤᠷᠠᠯ ᠢ ᠠᠮᠵᠢᠯᠲᠠ ᠲᠠᠢ ᠳᠠᠭᠠᠭᠠᠨ ᠡᠷᠭᠢᠯᠡᠪᠡ᠃      ᠨᠢᠭᠡ ᠵᠢᠯ ᠤᠨ ᠲᠤᠷᠰᠢ᠂ ᠪᠢᠳᠡ ᠠᠮᠢ ᠠᠬᠤᠢ ᠮᠠᠰᠢ ᠰᠠᠶᠢᠨ ᠪᠠᠶᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠰᠲ᠋ᠧᠮ ᠲᠠᠢ ᠵᠠᠰᠠᠬᠤ ᠪᠠᠷ ᠨᠣᠭᠤᠭᠠᠨ ᠥᠩᠭᠡ ᠶᠢᠨ ᠠᠭᠤᠯᠬᠤᠨ ᠢ ᠵᠤᠵᠠᠭᠠᠳᠬᠠᠪᠠ᠃ ︽ᠲᠦᠷᠪᠡ ᠶᠢ ᠵᠠᠰᠠᠬᠤ︾ ᠡᠯᠡᠰᠦ ᠶᠢ ᠠᠭᠤᠰᠤᠯᠴᠠᠭᠤᠯᠤᠨ ᠡᠯᠡᠰᠦ ᠶᠢ ᠵᠠᠰᠠᠬᠤ ᠵᠠᠭᠪᠤᠷ ᠲᠤ ᠰᠢᠨ᠎ᠡ ᠶᠢ ᠡᠭᠦᠳᠦᠨ ᠬᠡᠷᠡᠭᠯᠡᠵᠦ᠂ ᠬᠤᠰᠢᠭᠤᠴᠢ ᠲᠦᠷᠢ ᠪᠠᠶᠢᠳᠠᠯ ᠢᠶᠠᠷ ᠬᠠᠳᠤᠨ ᠭᠤᠣᠯ ᠤᠨ ︽ᠬᠡᠳᠦᠨ ᠦᠰᠦᠭᠲᠦ ᠮᠤᠷᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠤᠷᠢᠳᠠᠪᠠᠷ ᠬᠢᠵᠦ᠂ ︽ᠭᠤᠷᠪᠠᠨ ᠤᠮᠠᠷᠠᠲᠤ︾ ᠶᠢᠨ ᠵᠢᠷᠭᠤᠳᠤᠭᠠᠷ ᠬᠤᠭᠤᠴᠠᠭᠠᠨ ᠤ ᠣᠨ ᠤ ᠡᠭᠦᠷᠭᠡ ᠶᠢ 1.82 ᠲᠦᠮᠡᠨ ᠮᠦ ᠴᠢᠨᠠᠷ ᠰᠠᠶᠢᠲᠠᠢ ᠪᠡᠶᠡᠯᠡᠭᠦᠯᠵᠦ᠂  ᠤᠯᠠᠨᠪᠦᠭᠡ ᠶᠢᠨ ᠶᠡᠷᠦᠩᠬᠡᠶᠢᠯᠡᠨ ᠵᠠᠰᠠᠬᠤ ᠵᠢᠱᠢᠶ᠎ᠡ ᠦᠵᠡᠭᠦᠯᠬᠦ ᠣᠷᠣᠨ ᠢ ᠪᠠᠶᠢᠭᠤᠯᠵᠤ᠂ ᠤᠯᠠᠨᠪᠦᠭᠡ ᠶᠢᠨ ᠡᠯᠡᠰᠦᠨ ᠤ ᠵᠡᠭᠦᠨ ᠢᠷᠮᠡᠭ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃ ︽ᠭᠤᠷᠪᠠᠨ ᠬᠤᠪᠢ ᠶᠢᠨ ᠲᠥᠷᠥᠯ᠂ ᠳᠣᠯᠤᠭ᠎ᠠ ᠶᠢ ᠬᠤᠪᠢᠳᠠᠨ ᠬᠠᠮᠢᠶᠠᠷᠬᠤ︾ ᠶᠢ ᠪᠠᠷᠢᠮᠲᠠᠯᠠᠨ᠂ ᠨᠣᠭᠤᠭᠠᠷᠠᠭᠤᠯᠤᠯᠲᠠ ᠶᠢᠨ ᠢᠨᠵᠧᠨᠧᠷᠢᠩ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢ ᠴᠢᠩᠭᠠᠳᠬᠠᠵᠤ᠂ ᠨᠢᠭᠡ ᠶᠢ ᠳᠠᠷᠢᠪᠠᠯ ᠨᠢᠭᠡ ᠶᠢ ᠠᠮᠢᠯᠠᠭᠤᠯᠵᠤ᠂ ᠨᠢᠭᠡ ᠬᠡᠰᠡᠭ ᠢ ᠨᠢᠭᠡ ᠬᠡᠰᠡᠭ ᠪᠣᠯᠭᠠᠬᠤ ᠶᠢ ᠦᠨᠡᠨ ᠬᠦ ᠪᠠᠲᠤᠯᠠᠵᠤ᠂ 94.7 ᠺᠢᠯᠣᠮᠧᠳ᠋ᠷ ᠤᠨ ᠲᠠᠰᠤᠷᠬᠠᠢ ᠣᠢ ᠶᠢᠨ ᠪᠦᠰᠡ ᠶᠢ ᠪᠦᠬᠦᠨ ᠢ ᠨᠡᠪᠲᠡᠷᠡᠭᠦᠯᠵᠦ᠂ ᠱᠤᠸᠠᠩ ᠮᠢᠶᠣᠣ ᠪᠠ ᠡᠯ ᠳ᠋ᠤᠤ ᠴᠢᠶᠣᠤ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠰᠢᠶᠠᠩ ᠪᠠᠯᠭᠠᠰᠤ ᠶᠢ ᠪᠠᠶᠢᠭᠤᠯᠤᠨ ᠳᠠᠭᠤᠰᠬᠠᠵᠤ᠂ ᠣᠶ ᠰᠢᠭᠤᠢ ᠡᠪᠡᠰᠦ ᠪᠡᠯᠴᠢᠭᠡᠷ ᠤᠨ ᠴᠢᠭᠢᠭᠯᠢᠭ ᠭᠠᠵᠠᠷ ᠢ ᠨᠡᠶᠢᠳᠡᠮ ᠪᠠᠶᠢᠴᠠᠭᠠᠬᠤ ᠲᠤᠷᠰᠢᠯᠲᠠ ᠶᠢᠨ ᠴᠡᠭ ᠤᠨ ᠲᠤᠷᠰᠢᠯᠭ᠎ᠠ ᠶᠢ ᠪᠥᠬᠦ ᠤᠯᠤᠰ ᠤᠨ ᠬᠡᠪ ᠳᠠᠭᠤᠷᠢᠶᠠᠯ ᠪᠣᠯᠭᠠᠪᠠ᠃      ᠨᠢᠭᠡ ᠵᠢᠯ ᠤᠨ ᠲᠤᠷᠰᠢ᠂ ᠪᠢᠳᠡ ᠠᠷᠠᠳ ᠲᠦᠮᠡᠨ ᠤ ᠠᠩᠬᠠᠷᠤᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠭᠡᠮᠡᠯ ᠬᠠᠷᠠᠭᠠᠯᠵᠠᠯ ᠢᠶᠠᠷ ᠬᠠᠮᠲᠤ ᠪᠠᠷ ᠡᠳ᠋ᠯᠡᠵᠦ ᠲᠣᠭᠲᠠᠭᠤᠨ ᠵᠣᠯ ᠵᠢᠷᠭᠠᠯᠲᠤ ᠠᠮᠢᠳᠤᠷᠠᠯ ᠢ ᠡᠳ᠋ᠯᠡᠪᠡ᠃ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ᠂ ᠨᠡᠶᠢᠭᠡᠮ ᠤᠨ ᠠᠪᠤᠷᠠᠨ ᠲᠤᠰᠠᠯᠠᠯᠲᠠ᠂ ᠨᠢᠭᠡ ᠨᠠᠰᠤᠲᠠᠨ ᠨᠢᠭᠡ ᠨᠢᠯᠬ᠎ᠠ ᠬᠡᠤᠬᠡᠳ ᠤᠨ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ ᠠᠷᠠᠳ ᠤᠨ ᠠᠮᠢᠳᠤᠷᠠᠯ ᠳᠤ ᠬᠡᠷᠡᠭᠯᠡᠬᠦ ᠬᠤᠪᠢ ᠶᠢᠨ ᠵᠢᠩ ᠢ 70% ᠠᠴᠠ ᠳᠠᠪᠠᠭᠤᠯᠤᠨ᠎ᠠ᠃ ᠰᠤᠷᠭᠠᠨ ᠬᠦᠮᠦᠵᠢᠯ᠂ ᠡᠮ ᠡᠮᠨᠡᠯᠭᠡ ᠶᠢ ᠬᠠᠮᠤᠭ ᠤᠨ ᠶᠡᠭᠡ ᠠᠷᠠᠳ ᠤᠨ ᠠᠮᠢᠳᠤᠷᠠᠯ ᠪᠤᠯᠭᠠᠵᠤ᠂ ᠴᠢᠩᠭ᠎ᠠ ᠠᠳᠬᠤᠬᠤ ᠬᠡᠷᠡᠭᠳᠡᠢ᠃ ᠬᠤᠰᠢᠭᠤᠨ ᠤ ᠡᠳ᠋ ᠤᠨ ᠵᠠᠰᠠᠭ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠥᠩᠭᠡᠷᠡᠭᠰᠡᠨ ᠵᠢᠯ ᠤᠳ ᠲᠤ ᠪᠠᠭᠰᠢ ᠶᠢᠨ ᠬᠤᠪᠢ ᠬᠥᠮᠦᠨ ᠤ ᠬᠠᠷᠠᠭᠠᠯᠵᠠᠯ ᠤᠨ ᠬᠡᠰᠡᠭ ᠢ ᠪᠦᠬᠦᠨ ᠢ ᠪᠡᠶᠡᠯᠡᠭᠦᠯᠪᠡ᠃ ᠪᠦᠬᠦ ᠨᠡᠶᠢᠭᠡᠮ ᠢᠶᠠᠷ ᠢᠶᠠᠨ ᠰᠤᠷᠭᠠᠨ ᠬᠥᠮᠦᠵᠢᠯ ᠢ ᠬᠠᠯᠠᠮᠵᠢᠯᠠᠨ ᠠᠩᠬᠠᠷᠴᠤ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠪᠡᠯᠡ ᠮᠥᠩᠭᠦ ᠬᠠᠨᠳᠢᠪᠯᠠᠨ ᠰᠤᠷᠤᠯᠭ᠎ᠠ ᠶᠢ ᠲᠡᠳᠬᠦᠬᠦ ᠪᠡᠯᠡ ᠮᠥᠩᠭᠦ 1000 ᠲᠦᠮᠡᠨ ᠲᠥᠭᠦᠷᠢᠭ ᠢ ᠳᠠᠪᠠᠪᠠ᠃ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠢ ᠢᠯᠡ ᠪᠠᠷ ᠰᠢᠯᠢᠨ ᠰᠣᠩᠭᠤᠵᠤ᠂ ᠵᠠᠩᠭᠢᠯᠠᠭ᠎ᠠ ᠶᠢᠨ ᠺᠠᠳ᠋ᠷ ᠢ ᠬᠠᠯᠠᠰᠢᠷᠠᠯ ᠦᠭᠡᠢ ᠰᠣᠩᠭᠤᠵᠤ᠂ ᠨᠣᠮ ᠪᠢᠴᠢᠭ ᠢ ᠯᠡ ᠬᠥᠭᠡᠭᠡᠴᠡᠯᠳᠦᠬᠦ ᠦᠭᠡᠢ᠂ ᠳᠡᠭᠡᠳᠦᠯᠡᠬᠦ ᠶᠢ ᠬᠥᠭᠡᠭᠡᠴᠡᠯᠳᠦᠬᠦ ᠦᠭᠡᠢ᠂ ᠪᠣᠳᠠᠲᠠᠢ ᠶᠢ ᠯᠡ ᠡᠷᠬᠢᠮᠯᠡᠵᠦ᠂ ᠨᠡᠩ ᠤᠯᠠᠨ ᠰᠢᠯᠢᠳᠡᠭ ᠪᠠᠭᠰᠢ ᠶᠢ ᠵᠠᠩᠭᠢᠯᠠᠭ᠎ᠠ ᠶᠢᠨ ᠠᠵᠢᠯ ᠤᠨ ᠪᠠᠶᠢᠷᠢ ᠳᠤ ᠭᠠᠷᠭᠠᠬᠤ ᠬᠡᠷᠡᠭᠲᠡᠢ᠃ ᠰᠦᠷ ᠳᠠᠯᠠᠶᠢᠴᠠᠲᠠᠶ ᠦᠯᠢᠭᠡᠷ ᠳᠠᠭᠤᠷᠢᠶᠠᠯ ᠢ ᠰᠣᠩᠭᠤᠨ ᠱᠤᠭᠤᠵᠤ᠂ ᠨᠠᠷᠠᠲᠤ ᠪᠠᠭᠰᠢ ᠶᠢ ᠱᠠᠩᠨᠠᠨ ᠬᠥᠬᠢᠭᠦᠯᠵᠦ᠂ ᠰᠢᠨ᠎ᠡ ᠪᠠᠷ ᠰᠢᠨ᠎ᠡ ᠶᠢ ᠪᠤᠶᠢᠵᠢᠭᠤᠯᠤᠨ᠂ ᠥᠷᠭᠡᠨ ᠣᠯᠠᠨ ᠪᠠᠭᠰᠢ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠵᠢᠭᠠᠨ ᠰᠤᠷᠭᠠᠯᠲᠠ ᠳᠤ ᠣᠷᠣᠯᠴᠠᠭᠰᠠᠨ ᠡᠷᠴᠢ ᠵᠣᠷᠢᠭ ᠢᠶᠠᠨ ᠬᠥᠪᠴᠢᠯᠡᠵᠦ᠂ ᠨᠡᠶᠢᠭᠡᠮ ᠳᠠᠶᠠᠭᠠᠷ ᠢᠶᠠᠨ ᠰᠤᠷᠭᠠᠨ ᠬᠥᠮᠦᠵᠢᠯ ᠢ ᠬᠠᠯᠠᠮᠵᠢᠯᠠᠵᠤ᠂ ᠰᠤᠷᠭᠠᠨ ᠬᠥᠮᠦᠵᠢᠯ ᠢ ᠴᠢᠬᠤᠯᠠᠴᠢᠯᠠᠬᠤ ᠠᠭᠤᠷ ᠠᠮᠢᠰᠬᠤᠯ ᠢ ᠨᠠᠩ ᠥᠳᠬᠡᠨ ᠪᠣᠯᠭᠠᠪᠠ᠃      ᠨᠢᠭᠡ ᠵᠢᠯ ᠤᠨ ᠲᠤᠷᠰᠢ᠂ ᠪᠢᠳᠡ ᠵᠥᠷᠢᠴᠡᠯ ᠢ ᠠᠷᠢᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠡᠳᠬᠢᠬᠦᠶ ᠪᠠᠷ ᠵᠠᠰᠠᠯᠲᠠ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠪᠡ᠃ ᠲᠤᠭ ᠲᠡᠮᠳᠡᠭ ᠲᠣᠳᠣᠷᠬᠠᠢ ᠪᠠᠷ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠳᠤ ︽ᠬᠢᠳᠤᠭ᠎ᠠ ᠡᠷᠭᠢᠭᠦᠯᠦᠨ ᠰᠡᠯᠡᠮ᠎ᠡ ᠪᠠᠨ ᠲᠣᠳᠣᠷᠠᠭᠤᠯᠵᠤ︾᠂ ᠤᠯᠠᠨ ᠤ ᠤᠬᠠᠭᠠᠨ ᠬᠠᠮᠲᠤ ᠶᠢᠨ ᠬᠦᠴᠦᠨ ᠢᠶᠠᠷ 10 ᠵᠢᠯ ᠠᠴᠠ ᠳᠡᠭᠡᠭᠰᠢᠬᠢ ︽ᠶᠠᠰᠤᠨ ᠬᠡᠷᠡᠭ︾ 25 ᠵᠦᠢᠯ ᠢ ᠰᠢᠢᠳᠪᠦᠷᠢᠯᠡᠵᠡᠢ᠃ ︽ᠬᠠᠭᠤᠴᠢᠨ ᠳᠠᠩᠰᠠ ᠶᠢ ᠰᠢᠢᠳᠪᠦᠷᠢᠯᠡᠬᠦ︾ ᠮᠥᠷᠲᠡᠭᠡᠨ ᠪᠠᠰᠠ ︽ᠬᠠᠭᠤᠴᠢᠨ ᠳᠠᠩᠰᠠ ᠶᠢ ᠰᠢᠢᠳᠪᠦᠷᠢᠯᠡᠬᠦ︾ ᠶᠢ ᠪᠠᠷᠢᠮᠲᠠᠯᠠᠵᠤ᠂ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠬᠠᠤᠯᠢ ᠴᠠᠭᠠᠵᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠳᠠᠭᠠᠭᠠᠴᠢᠯᠠᠨ ᠬᠤᠯᠪᠣᠭᠠᠯᠠᠬᠤ ᠨᠢᠭᠡᠴᠡ ᠬᠠᠮᠵᠢᠯᠴᠠᠨ ᠬᠦᠴᠦᠯᠡᠵᠦ᠂ ᠴᠠᠭ ᠢ ᠬᠢᠵᠠᠭᠠᠷᠯᠠᠨ ᠲᠦᠭᠵᠢᠷᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ᠂ 10 ᠡᠳᠦᠷ ᠤᠨ ᠬᠤᠭᠤᠴᠠᠭᠠᠨ ᠳᠤ 176 ᠡᠷᠦᠬᠡ ᠶᠢ ᠲᠥᠪᠯᠡᠷᠡᠭᠦᠯᠦᠨ ᠪᠣᠭᠤᠮᠲᠠ ᠰᠢᠪᠲᠤᠯᠵᠤ ᠰᠢᠢᠳᠪᠦᠷᠢᠯᠡᠨ᠂ ᠠᠷᠠᠳ ᠤᠯᠠᠨ ᠳᠤ ᠠᠯᠳᠠᠭ᠎ᠠ ᠪᠤᠷᠤᠭᠤ ᠦᠭᠡᠢ ᠪᠠᠶᠢᠬᠤ ᠶᠢ ᠪᠠᠷᠢᠮᠲᠠᠯᠠᠵᠤ᠂ ᠲᠤᠰᠬᠠᠢ ᠠᠩᠬᠢ ᠪᠠᠷ ᠠᠬᠢᠭᠤᠯᠵᠤ᠂ ᠲᠥᠪᠯᠡᠷᠡᠭᠦᠯᠦᠨ ᠠᠯᠪᠠᠯᠠᠵᠤ᠂ ︽ᠦᠨᠡᠮᠯᠡᠯ ᠠᠪᠬᠤ ᠳᠤ ᠬᠦᠴᠢᠷ︾ ︽ᠦᠨᠡᠮᠯᠡᠯ ᠠᠪᠬᠤ ᠳᠤ ᠬᠦᠴᠢᠷ︾ ᠪᠠᠶᠢᠭ᠎ᠠ 1303 ᠡᠷᠦᠬᠡ ᠶᠢ ᠲᠥᠪᠯᠡᠷᠡᠭᠦᠯᠦᠨ ᠰᠢᠢᠳᠪᠦᠷᠢᠯᠡᠵᠦ᠂ ︽ᠪᠤᠴᠠᠵᠤ ᠨᠡᠭᠦᠬᠦ ᠳᠤ ᠬᠦᠴᠢᠷ︾ ︽ᠦᠨᠡᠮᠯᠡᠯ ᠠᠪᠬᠤ ᠳᠤ ᠬᠦᠴᠢᠷ︾ ᠪᠠᠶᠢᠭ᠎ᠠ ᠳᠤᠪᠤᠶᠢᠮ᠎ᠠ ᠵᠥᠷᠢᠴᠡᠯ ᠢ ᠶᠡᠬᠡᠪᠡᠷ ᠨᠠᠮᠳᠠᠭᠤᠯᠵᠤ᠂ ᠺᠠᠳ᠋ᠷ ᠤᠨ ᠵᠥᠷᠢᠴᠡᠯ ᠢ ᠰᠢᠢᠳᠪᠦᠷᠢᠯᠡᠬᠦ ᠢᠲᠡᠭᠡᠯ ᠵᠣᠷᠢᠭ᠂ ᠴᠢᠳᠠᠪᠤᠷᠢ᠂ ᠬᠢᠷᠢ ᠲᠦᠪᠰᠢᠨ ᠶᠡᠬᠡᠪᠡᠷ ᠳᠡᠭᠡᠭᠰᠢᠯᠡᠪᠡ᠃ ᠴᠢᠩᠭ᠎ᠠ ᠠᠩᠬᠠᠷᠴᠤ ᠲᠦᠷᠭᠡᠨ ᠡᠷᠬᠢᠯᠡᠬᠦ ᠠᠷᠭ᠎ᠠ ᠠᠪᠴᠤ᠂ 98 ᠰᠠᠭᠤᠷᠢ ᠰᠤᠷᠭᠠᠭᠤᠯᠢ ᠶᠢᠨ ᠠᠰᠠᠷ ᠪᠠᠶᠢᠰᠢᠩ᠂ ᠥᠨᠳᠥᠷ ᠳᠠᠪᠬᠤᠷᠭ᠎ᠠ ᠶᠢᠨ ᠣᠷᠣᠨ ᠰᠠᠭᠤᠴᠠ ᠶᠢᠨ ᠭᠠᠯ ᠤᠨᠲᠠᠷᠠᠭᠠᠬᠤ ᠶᠢ ᠰᠢᠯᠭᠠᠨ ᠠᠪᠬᠤ ᠠᠵᠢᠯ ᠢ ᠪᠦᠬᠦᠨ ᠢ ᠪᠡᠶᠡᠯᠡᠭᠦᠯᠵᠦ᠂ ᠠᠶᠤᠯ ᠲᠦᠭᠰᠢᠭᠦᠷᠢ ᠶᠢᠨ ᠳᠠᠯᠳᠠ ᠬᠡᠮ ᠢ ᠪᠦᠬᠦᠨ ᠢ ᠠᠷᠢᠯᠭᠠᠪᠠ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠪᠠ ᠢᠳᠡᠭᠡᠨ ᠤᠮᠳᠠᠭᠠᠨ ᠤ ᠵᠠᠷᠤᠳᠠᠯ ᠤᠨ ᠬᠠᠮᠢᠶᠠᠷᠤᠯᠲᠠ᠂ ᠳᠠᠪᠬᠤᠷᠳᠠᠭᠰᠠᠨ ᠠᠨᠠᠭᠠᠬᠤ ᠤᠬᠠᠭᠠᠨ ᠤ ᠪᠠᠶᠢᠴᠠᠭᠠᠯᠲᠠ ᠪᠠᠶᠢᠴᠠᠭᠠᠯᠲᠠ᠂ ᠣᠷᠣᠰᠢᠭᠤᠯᠭ᠎ᠠ ᠶᠢᠨ ᠬᠦᠷᠢᠶᠡᠨ ᠳᠠᠬᠢ ᠢᠯᠵᠠᠷᠠᠯ ᠤᠨ ᠡᠮᠬᠢ ᠵᠠᠮᠪᠠᠷᠠᠭ᠎ᠠ ᠥᠬᠡᠶ ᠪᠠᠶᠢᠳᠠᠯ ᠵᠡᠷᠭᠡ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃      ᠲᠥᠯᠥᠭᠡᠯᠡᠭᠴᠢᠳ ᠡ︕ ᠨᠢᠭᠡ ᠵᠢᠯ ᠤᠨ ᠲᠤᠷᠰᠢ᠂ ᠪᠢᠳᠡ ᠤᠷᠢᠳᠠᠪᠠᠷ ᠱᠠᠲᠤ ᠶᠢ ᠰᠠᠶᠢᠲᠤᠷ ᠲᠠᠯᠪᠢᠵᠤ᠂ ᠰᠠᠨᠠᠭᠠᠴᠢᠯᠠᠭᠠᠲᠤ ᠳᠠᠶᠢᠯᠠᠯᠳᠤᠭᠠᠨ ᠢ ᠰᠠᠶᠢᠲᠤᠷ ᠬᠢᠵᠦ᠂ ᠬᠠᠮᠤᠭ ᠤᠨ ᠬᠦᠴᠢᠷ ᠠᠰᠠᠭᠤᠳᠠᠯ ᠳᠤ ᠪᠣᠭᠤᠮᠲᠠ ᠰᠢᠪᠲᠤᠯᠵᠤ᠂ ᠬᠠᠮᠤᠭ ᠤᠨ ᠵᠣᠪᠠᠭᠤᠷᠢ ᠲᠠᠢ ᠭᠠᠵᠠᠷ ᠲᠤ ᠬᠦᠴᠦᠯᠡᠵᠦ᠂ ᠬᠦᠴᠢᠷ ᠪᠡᠷᠬᠡᠰᠢᠶᠡᠯ ᠤᠨ ᠳᠤᠮᠳᠠ ᠠᠮᠵᠢᠯᠲᠠ ᠣᠯᠵᠤ᠂ ᠶᠡᠷᠦ ᠪᠤᠰᠤ ᠶᠢᠨ ᠬᠥᠭᠵᠢᠯᠲᠡ ᠶᠢᠨ ᠬᠠᠷᠢᠭᠤᠯᠲᠠ ᠶᠢᠨ ᠬᠠᠭᠤᠳᠠᠰᠤ ᠲᠤᠰᠢᠶᠠᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ ᠢᠲᠡᠭᠡᠯ ᠵᠣᠷᠢᠭ ᠨᠠᠩ ᠪᠠᠲᠤᠵᠢᠵᠤ᠂ ᠵᠣᠷᠢᠭ ᠰᠠᠨᠠᠭ᠎ᠠ ᠨᠠᠩ ᠴᠤᠭ ᠪᠠᠳᠠᠷᠠᠩᠭᠤᠶ᠂ ᠬᠥᠳᠡᠯᠭᠡᠬᠦ ᠬᠦᠴᠦᠨ ᠨᠠᠩ ᠬᠦᠴᠦᠲᠡᠶ ᠪᠣᠯᠭᠠᠪᠠ᠃ ᠬᠠᠩᠭᠢᠨ ᠬᠤᠶᠢᠲᠤ ᠬᠤᠰᠢᠭᠤᠨ ᠤ ᠬᠥᠭᠵᠢᠯᠲᠡ ᠶᠢᠨ ᠣᠯᠤᠭᠰᠠᠨ ᠠᠮᠵᠢᠯᠲᠠ ᠨᠢᠭᠡᠪᠦᠷᠢ᠂ ᠡᠭᠦᠰᠦᠭᠰᠡᠨ ᠬᠤᠪᠢᠷᠠᠯᠲᠠ ᠨᠢᠭᠡᠪᠦᠷᠢ ᠨᠢ ᠬᠠᠮᠤᠭ ᠤᠨ ᠦᠨᠳᠦᠰᠦ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠳᠤ ᠪᠠᠶᠢᠨ᠎ᠠ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ᠂ ᠵᠥᠪ ᠣᠨᠣᠪᠴᠢᠲᠠᠶ ᠰᠢᠢᠳᠪᠦᠷᠢᠲᠦ ᠪᠣᠳᠣᠯᠭ᠎ᠠ ᠶᠢᠨ ᠦᠷ᠎ᠡ ᠳ᠋ᠦᠩ ᠮᠥᠨ᠂ ᠬᠤᠰᠢᠭᠤᠨ ᠤ ᠨᠠᠮ ᠤᠨ ᠬᠤᠷᠢᠶ᠎ᠠ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠰᠥᠷᠦᠨ ᠤᠷᠤᠭᠰᠢᠯᠠᠵᠤ᠂ ᠡᠷᠡᠯᠬᠡᠭᠯᠡᠨ ᠲᠡᠮᠡᠴᠡᠭᠰᠡᠨ ᠤ ᠦᠷ᠎ᠡ ᠳ᠋ᠦᠩ ᠮᠥᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠦᠲᠦᠮᠵᠢᠲᠡᠶ ᠬᠢᠨᠠᠯᠲᠠ᠂ ᠬᠦᠴᠦᠲᠡᠶ ᠳᠡᠮᠵᠢᠯᠭᠡ ᠶᠢᠨ ᠦᠷ᠎ᠡ ᠳ᠋ᠦᠩ ᠮᠥᠨ᠂ ᠬᠠᠷᠢᠭᠤᠴᠠᠯᠭ᠎ᠠ ᠡᠭᠦᠷᠭᠡᠯᠡᠬᠦ ᠶᠢ ᠴᠡᠭᠡᠵᠢ ᠳᠦᠷᠢᠨ ᠡᠭᠦᠷᠭᠡᠯᠡᠵᠦ ᠪᠠᠶᠢᠭ᠎ᠠ ᠲᠡᠮᠡᠴᠡᠭᠴᠢ ᠨᠢᠭᠡᠪᠦᠷᠢ ᠴᠥᠮ ᠰᠢᠷᠭᠠᠭᠤ ᠬᠠᠲᠠᠭᠤᠵᠢᠯᠲᠠᠶ ᠴᠢᠷᠮᠠᠶᠢᠯᠭ᠎ᠠ ᠭᠠᠷᠭᠠᠭᠰᠠᠨ ᠪᠠᠶᠢᠨ᠎ᠠ︕ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠥᠬᠦ ᠬᠤᠰᠢᠭᠤᠨ ᠤ ᠡᠯ᠎ᠡ ᠹᠷᠣᠨᠲ ᠲᠤ ᠡᠷᠡᠯᠬᠡᠭᠯᠡᠨ ᠲᠡᠮᠡᠴᠡᠵᠦ ᠪᠠᠶᠢᠭ᠎ᠠ ᠥᠷᠭᠡᠨ ᠣᠯᠠᠨ ᠺᠠᠳ᠋ᠷ ᠣᠯᠠᠨ ᠲᠦᠮᠡᠨ᠂ ᠬᠠᠩᠭᠢᠨ ᠬᠤᠶᠢᠲᠤ ᠬᠤᠰᠢᠭᠤᠨ ᠤ ᠬᠥᠭᠵᠢᠯᠲᠡ ᠶᠢ ᠬᠠᠯᠠᠮᠵᠢᠯᠠᠨ ᠳᠡᠮᠵᠢᠵᠦ ᠪᠠᠶᠢᠭ᠎ᠠ ᠨᠥᠬᠦᠳ᠂ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕      ᠪᠢᠳᠡᠨ ᠢ ᠣᠨᠴᠠᠭᠠᠶᠢᠯᠠᠨ ᠳᠣᠭᠳᠣᠯᠤᠭᠤᠯᠤᠭᠰᠠ ᠨᠢ᠂ ᠮᠠᠰᠢ ᠤᠯᠠᠨ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ᠂ ᠥᠷᠭᠡᠨ ᠤᠯᠠᠨ ᠳᠤᠮᠳᠠᠳᠤ ᠰᠤᠷᠭᠠᠭᠤᠯᠢ ᠶᠢᠨ ᠨᠠᠶᠢᠵᠠ᠂ ᠲᠤᠭ᠎ᠠ ᠲᠣᠮᠰᠢ ᠦᠭᠡᠢ ᠬᠠᠶᠢᠷ᠎ᠠ ᠬᠠᠯᠠᠮᠵᠢ ᠲᠠᠢ ᠬᠥᠮᠦᠰ ᠰᠤᠷᠭᠠᠨ ᠬᠥᠮᠦᠵᠢᠯ ᠲᠠᠢ ᠰᠡᠳᠬᠢᠯ ᠵᠢᠷᠦᠬᠡ ᠪᠠᠨ ᠬᠤᠯᠪᠣᠵᠤ᠂ ᠬᠠᠷᠠᠮ ᠦᠭᠡᠢ ᠬᠠᠪᠰᠤᠷᠤᠨ ᠪᠠᠭᠰᠢᠯᠠᠵᠤ᠂ ᠪᠢᠳᠡ ᠰᠤᠷᠭᠠᠨ ᠬᠥᠮᠦᠵᠢᠯ ᠢ ᠴᠢᠬᠤᠯᠠᠴᠢᠯᠠᠵᠤ᠂ ᠰᠤᠷᠭᠠᠨ ᠬᠥᠮᠦᠵᠢᠯ ᠢ ᠳᠡᠮᠵᠢᠬᠦ ᠠᠭᠤᠷ ᠠᠮᠢᠰᠬᠤᠯ ᠤᠷᠢᠳ ᠡᠮᠦᠨ᠎ᠡ ᠪᠠᠶᠢᠭ᠎ᠠ ᠦᠭᠡᠢ ᠭᠦᠨ ᠵᠤᠵᠠᠭᠠᠨ ᠪᠠᠶᠢᠨ᠎ᠠ᠃ ᠪᠢᠳᠡᠨ ᠢ ᠤᠷᠮ᠎ᠠ ᠵᠣᠷᠢᠭ ᠲᠠᠢ ᠪᠣᠯᠭᠠᠭᠰᠠᠨ ᠶᠠᠪᠤᠳᠠᠯ ᠪᠣᠯ ᠰᠦ ᠶᠢᠨ ᠦᠢᠯᠡᠰ ᠤᠨ ᠮᠠᠭᠤᠵᠢᠷᠠᠭᠰᠠᠨ ᠬᠤᠭᠤᠴᠠᠭᠠᠨ ᠳᠤ ᠵᠣᠷᠢᠭᠲᠠᠢ ᠪᠠᠷ ᠥᠭᠡᠳᠡ ᠡᠰᠡᠷᠡᠭ ᠤᠷᠤᠭᠰᠢᠯᠠᠵᠤ᠂ 3.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠰᠢᠦᠢ ᠢ ᠰᠦ ᠶᠢᠨ ᠦᠢᠯᠡᠰ ᠢ ᠪᠦᠲᠦᠭᠡᠨ ᠪᠠᠶᠢᠭᠤᠯᠵᠤ᠂ ᠰᠦ ᠶᠢᠨ ᠦᠢᠯᠡᠰ ᠤᠨ ᠤᠷᠤᠭᠤᠳᠠᠬᠤ ᠳᠤ ᠬᠦᠴᠦᠨ ᠨᠡᠮᠡᠷᠢᠯᠡᠨ᠎ᠡ᠃ ᠣᠨᠴᠠᠭᠠᠶᠢᠯᠠᠨ ᠪᠢᠳᠡᠨ ᠢ ᠪᠠᠶᠠᠷᠯᠠᠭᠤᠯᠤᠭᠰᠠᠨ ᠨᠢ᠂ ᠪᠦᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠡᠷᠡᠰ ᠬᠠᠲᠠᠭᠤ ᠲᠡᠮᠡᠴᠡᠯ ᠤᠨ ᠵᠣᠷᠢᠭ ᠢ ᠡᠪᠦᠷᠯᠡᠨ᠂ ᠦᠷᠭᠦᠯᠵᠢᠯᠡᠨ ᠪᠠᠶᠢᠯᠳᠤᠬᠤ ᠬᠠᠳᠠᠨ ᠵᠣᠷᠢᠭ ᠢ ᠪᠠᠲᠤᠯᠠᠵᠤ᠂ ᠪᠣᠭᠤᠮᠲᠠ ᠰᠢᠪᠲᠤᠯᠬᠤ ᠳᠠᠶᠢᠯᠠᠯᠳᠤᠭᠠᠨ᠂ ᠰᠥᠨᠥᠭᠡᠬᠦ ᠳᠠᠶᠢᠯᠠᠯᠳᠤᠭᠠᠨ᠂ ᠵᠢᠭᠰᠠᠭᠠᠯ ᠤᠨ ᠪᠠᠶᠢᠯᠳᠤᠭᠠᠨ ᠳᠤ ᠢᠯᠠᠯᠲᠠ ᠣᠯᠵᠤ᠂ ᠨᠠᠮ ᠳᠠᠭᠠᠨ ᠣᠰᠣᠯᠳᠠᠬᠤ ᠦᠭᠡᠢ᠂ ᠠᠷᠠᠳ ᠲᠦᠮᠡᠨ ᠳᠡᠭᠡᠨ ᠣᠰᠣᠯᠳᠠᠬᠤ ᠦᠭᠡᠢ ᠴᠤ᠋ ᠰᠢᠨ᠎ᠡ ᠠᠮᠵᠢᠯᠲᠠ ᠪᠦᠲᠦᠮᠵᠢ ᠶᠢ ᠡᠭᠦᠳᠪᠡ᠃      ᠨᠢᠭᠡ ᠵᠢᠯ ᠤᠨ ᠲᠤᠷᠰᠢᠬᠢ ᠠᠵᠢᠯ ᠢ ᠡᠷᠭᠢᠴᠡᠭᠦᠯᠬᠦ ᠳᠤ ᠪᠠᠨ᠄ ᠪᠢᠳᠡ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠤᠷᠤᠭᠰᠢᠯᠠᠵᠤ᠂ ᠡᠯ᠎ᠡ ᠵᠦᠢᠯ ᠤᠨ ᠠᠵᠢᠯ ᠦᠢᠯᠡᠰ ᠤᠨ ᠥᠷᠨᠢᠨ ᠬᠥᠭᠵᠢᠬᠦ ᠶᠢ ᠯᠠᠪᠲᠠᠢ ᠠᠬᠢᠭᠤᠯᠵᠤ ᠴᠢᠳᠠᠨ᠎ᠠ ᠭᠡᠳᠡᠭ ᠢ ᠭᠦᠨᠵᠡᠭᠡᠢ ᠣᠶᠢᠯᠠᠭᠠᠪᠠ᠃      ᠲᠥᠯᠥᠭᠡᠯᠡᠭᠴᠢᠳ ᠡ︕ ᠠᠮᠵᠢᠯᠲᠠ ᠪᠦᠲᠦᠮᠵᠢ ᠶᠢ ᠨᠢᠳᠦ ᠪᠠᠷ ᠢᠶᠠᠨ ᠦᠵᠡᠵᠦ᠂ ᠠᠰᠠᠭᠤᠳᠠᠯ ᠢ ᠪᠣᠳᠠᠲᠠᠢ ᠰᠢᠢᠳᠪᠦᠷᠢᠯᠡᠬᠦ ᠬᠡᠷᠡᠭᠲᠡᠢ᠃ ᠭᠠᠵᠠᠷ ᠰᠢᠷᠣᠶ᠂ ᠡᠨᠧᠷᠭᠢ ᠶᠢᠨ ᠬᠤᠷᠣᠭᠳᠠᠭᠤᠯᠤᠯ᠂ ᠤᠰᠤᠨ ᠤ ᠡᠬᠢ ᠪᠠᠶᠠᠯᠢᠭ᠂ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠵᠡᠷᠭᠡ ᠬᠦᠴᠦᠨ ᠵᠦᠢᠯ ᠤᠨ ᠬᠢᠵᠠᠭᠠᠷᠯᠠᠯ ᠡᠳᠦᠷ ᠢᠷᠡᠬᠦᠶ᠎ᠡ ᠴᠢᠩᠭᠠᠷᠠᠵᠤ᠂ ︽ᠭᠤᠷᠪᠠ ᠶᠢ ᠪᠠᠲᠤᠯᠠᠬᠤ︾ ᠳᠠᠷᠤᠯᠲᠠ ᠪᠠ ᠵᠠᠶᠢᠯᠠᠰᠢ ᠥᠬᠡᠶ ᠵᠠᠷᠤᠯᠭ᠎ᠠ ᠤᠯᠠᠮ ᠠᠴᠠ ᠤᠯᠠᠮ ᠶᠡᠭᠡ ᠪᠣᠯᠪᠠ᠃ ᠨᠡᠶᠢᠭᠡᠮ ᠤᠨ ᠦᠢᠯᠡᠰ᠂ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠶᠡᠭᠡ ᠬᠡᠮᠵᠢᠶᠡᠨ ᠤ ᠳᠤᠲᠠᠭᠲᠠᠯ ᠪᠠᠭᠤᠷᠠᠢ ᠲᠠᠯ᠎ᠠ ᠣᠷᠣᠰᠢᠵᠤ᠂ ᠮᠠᠰᠢ ᠤᠯᠠᠨ ᠠᠷᠠᠳ ᠤᠯᠠᠨ ᠤ ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ ᠴᠢᠳᠠᠭᠠᠳᠤᠢ ᠪᠠᠶᠢᠨ᠎ᠠ᠃ ᠰᠤᠷᠴᠤ ᠬᠡᠷᠡᠭᠯᠡᠬᠦ ᠶᠢ ᠤᠶᠠᠯᠳᠤᠭᠤᠯᠤᠭᠰᠠᠨ ᠨᠢ ᠨᠢᠭᠲᠠ ᠪᠤᠰᠤ᠂ ᠵᠢᠯᠣᠭᠤᠳᠤᠨ ᠠᠬᠢᠭᠤᠯᠤᠭᠰᠠᠨ ᠨᠢ ᠭᠦᠢᠴᠡᠳ ᠪᠤᠰᠤ᠂ ᠵᠢᠱᠢᠶ᠎ᠡ ᠦᠵᠡᠭᠦᠯᠦᠨ ᠬᠥᠲᠥᠯᠥᠨ ᠵᠢᠯᠣᠭᠤᠳᠬᠤ ᠨᠢ ᠲᠣᠪᠤᠶᠢᠮ᠎ᠠ ᠦᠭᠡᠢ ᠵᠡᠷᠭᠡ ᠠᠰᠠᠭᠤᠳᠠᠯ ᠮᠥᠨ ᠬᠦ ᠠᠳᠠᠯᠢ ᠪᠤᠰᠤ ᠬᠡᠮᠵᠢᠶ᠎ᠡ ᠪᠠᠷ ᠣᠷᠣᠰᠢᠵᠤ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠦᠬᠦ ᠬᠦᠴᠦᠨ ᠢᠶᠠᠷ ᠢᠶᠠᠨ ᠨᠠᠷᠢᠨ ᠬᠢᠨᠠᠮᠠᠭᠠᠢ ᠰᠢᠢᠳᠪᠦᠷᠢᠯᠡᠵᠦ᠂ ᠠᠷᠠᠳ ᠲᠦᠮᠡᠨ ᠤ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ᠃          ᠬᠤᠶᠠᠷ᠂ 2025 ᠣᠨ ᠤ ᠠᠵᠢᠯ ᠤᠨ ᠲᠣᠬᠢᠷᠠᠭᠤᠯᠤᠯᠲᠠ      2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠪᠡᠶᠡᠯᠡᠭᠦᠯᠬᠦ ᠡᠴᠦᠰ ᠤᠨ ᠵᠢᠯ ᠮᠥᠨ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠪᠠᠶᠢᠷᠢᠯᠠᠭᠤᠯᠤᠯᠲᠠ ᠶᠢ ᠲᠥᠯᠥᠪᠵᠢᠭᠦᠯᠬᠦ ᠵᠢᠯ ᠮᠥᠨ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠤᠷᠤᠭᠰᠢᠯᠠᠬᠤ︾ ᠪᠠᠷ ᠬᠦᠴᠦᠷᠬᠡᠭ ᠶᠡᠭᠡ ᠤᠯᠤᠰ ᠲᠥᠷᠥ ᠶᠢᠨ ᠵᠢᠯᠣᠭᠤᠳᠤᠮᠵᠢ ᠪᠣᠯᠭᠠᠵᠤ᠂ ᠨᠢᠭᠡ ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠭᠦᠨᠵᠡᠭᠡᠶᠢᠷᠡᠭᠦᠯᠵᠦ᠂ ︽ᠲᠠᠪᠤᠨ ᠥᠨᠳᠥᠷ ᠲᠠᠪᠤᠨ ᠲᠣᠭᠤᠷᠢᠭ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ 24 ᠦᠰᠦᠭ ᠤᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠬᠠᠳᠤᠨ ᠭᠤᠣᠯ ᠤᠨ ︽ᠭᠤᠷᠪᠠᠨ ᠶᠡᠭᠡ ᠳᠠᠪᠠᠭᠤᠯᠢᠭ ᠠᠵᠤ ᠦᠢᠯᠡᠰ︾ ᠢ ᠬᠦᠴᠦᠷᠬᠡᠭᠵᠢᠭᠦᠯᠵᠦ᠂ ︽ᠭᠤᠷᠪᠠᠨ ᠶᠡᠭᠡ ᠵᠢᠱᠢᠶ᠎ᠡ ᠦᠵᠡᠭᠦᠯᠬᠦ ᠰᠠᠭᠤᠷᠢᠨ︾ ᠢ ᠬᠦᠴᠦᠷᠬᠡᠭᠵᠢᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ ᠬᠥᠭᠵᠢᠭᠦᠯᠬᠦ ᠶᠢ ᠡᠷᠢᠯᠬᠢᠯᠡᠵᠦ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠰᠢᠨ᠎ᠡ ᠬᠠᠩᠭᠢᠨ ᠬᠤᠶᠢᠲᠤ ᠬᠤᠰᠢᠭᠤ ᠶᠢ ᠬᠠᠮᠲᠤ ᠪᠠᠷ ᠴᠢᠨᠡᠭᠡᠯᠢᠭᠵᠢᠭᠦᠯᠬᠦ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕      ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 3.5% ᠣᠷᠴᠢᠮ ᠨᠡᠮᠡᠭᠳᠡᠭᠦᠯᠦᠨ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 2% ᠣᠷᠴᠢᠮ ᠨᠡᠮᠡᠭᠳᠡᠭᠦᠯᠦᠨ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠯᠦᠭᠡ ᠦᠨᠳᠦᠰᠦᠨ ᠳᠡᠭᠡᠨ ᠠᠳᠠᠯᠢ ᠪᠣᠯᠭᠠᠨ᠎ᠠ᠃      ᠡᠨᠡ ᠵᠢᠯ ᠤᠨ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠬᠥᠮᠦᠨ ᠳᠤ ᠪᠤᠢ᠂ ᠵᠠᠩᠭᠢᠯᠠᠭ᠎ᠠ ᠨᠢ ᠦᠨᠡᠨ ᠬᠦ ᠠᠳᠬᠤᠵᠤ ᠪᠣᠳᠠᠲᠠᠢ ᠠᠵᠢᠯᠯᠠᠬᠤ ᠳᠤ ᠪᠣᠢ᠂ ᠪᠢᠳᠡ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭ᠎ᠠ ᠪᠣᠳᠠᠲᠠᠢ ᠬᠢᠵᠦ᠂ ᠵᠠᠰᠠᠭ ᠤᠨ ᠣᠷᠳᠣᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠨᠢᠭᠡ ᠳᠤ᠂ ᠤᠯᠤᠰ ᠲᠦᠷᠦ ᠶᠢᠨ ᠰᠦᠭ ᠰᠦᠨᠡᠰᠦ ᠶᠢ ᠱᠤᠭᠤᠬᠤ ᠶᠢ ᠪᠠᠷᠢᠮᠲᠠᠯᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠪᠠᠶᠠᠨᠨᠠᠭᠤᠷ ᠤᠨ ᠴᠢᠩ ᠰᠡᠳᠬᠢᠯ ᠤᠨ ᠨᠠᠶᠢᠳᠠᠯᠭ᠎ᠠ ᠶᠢ ᠦᠨᠳᠦᠰᠦᠨ ᠵᠢᠷᠤᠮᠯᠠᠯ ᠪᠣᠯᠭᠠᠵᠤ᠂ ᠵᠥᠪ ᠣᠨᠣᠪᠴᠢᠲᠠᠢ ᠵᠠᠰᠠᠭ ᠤᠨ ᠠᠵᠢᠯ ᠤᠨ ᠪᠦᠲᠦᠮᠵᠢ ᠶᠢᠨ ᠦᠵᠡᠯᠲᠡ ᠶᠢ ᠪᠠᠲᠤ ᠪᠤᠢ ᠪᠣᠯᠭᠠᠵᠤ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ᠂ ᠪᠦᠬᠦ ᠶᠠᠪᠤᠴᠠ ᠳᠤ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠪᠠᠨ ᠵᠦᠢᠯ ᠤᠨ ᠤᠬᠠᠮᠰᠠᠷ ᠢ ᠦᠷᠭᠦᠯᠵᠢᠯᠡᠨ ᠴᠢᠩᠭᠠᠳᠬᠠᠵᠤ᠂ ᠠᠷᠪᠠᠨ ᠵᠦᠢᠯ ᠤᠨ ᠰᠤᠷᠲᠠᠯ ᠢ ᠬᠤᠪᠢᠷᠠᠭᠤᠯᠵᠤ᠂ ᠠᠷᠪᠠᠨ ᠵᠦᠢᠯ ᠤᠨ ᠺᠠᠳ᠋ᠷ ᠢ ᠬᠥᠮᠦᠵᠢᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠠᠷᠪᠠᠨ ᠬᠡᠯᠪᠡᠷᠢ ᠶᠢᠨ ᠵᠠᠰᠠᠭ ᠤᠨ ᠣᠷᠳᠣᠨ ᠪᠤᠳᠤᠬᠤ ᠬᠡᠷᠡᠭᠲᠡᠢ᠃ ᠬᠤᠶᠠᠷ ᠲᠤ᠂ ᠰᠤᠷᠤᠯᠴᠠᠬᠤ ᠪᠠᠷ ᠠᠵᠢᠯᠯᠠᠭ᠎ᠠ ᠶᠢ ᠠᠬᠢᠭᠤᠯᠬᠤ ᠶᠢ ᠪᠠᠷᠢᠮᠲᠠᠯᠠᠬᠤ ᠬᠡᠷᠡᠭᠲᠡᠢ᠃ ︽ᠬᠠᠶᠢᠷ ᠲᠣᠭᠤᠭ᠎ᠠ ᠶᠢ ᠡᠴᠦᠰ ᠲᠤᠨᠢ ᠲᠤᠯᠲᠠᠯ᠎ᠠ ᠠᠰᠠᠭᠤᠬᠤ︾ ᠵᠣᠷᠢᠭ ᠰᠠᠨᠠᠭ᠎ᠠ ᠪᠠᠷ ︽ᠣᠳᠣᠬᠠᠨ ᠳᠤ ᠪᠠᠴᠢᠮ ᠬᠡᠷᠡᠭᠴᠡᠭᠡ᠂ ᠠᠵᠢᠯ ᠳᠤ ᠡᠷᠬᠡᠪᠰᠢ ᠱᠠᠭᠠᠷᠳᠠᠭᠳᠠᠬᠤ᠂ ᠦᠢᠯᠡᠳᠦᠯᠭᠡ ᠶᠢ ᠪᠠᠶᠢᠩᠭᠤ ᠬᠡᠷᠡᠭᠴᠡᠭᠡ︾ ᠵᠡᠷᠭᠡ ᠡᠯ᠎ᠡ ᠵᠦᠢᠯ ᠤᠨ ᠮᠡᠳᠡᠯᠭᠡ ᠶᠢ ᠪᠦᠬᠦ ᠲᠠᠯ᠎ᠠ ᠪᠠᠷ ᠭᠦᠨᠵᠡᠭᠡᠢ ᠰᠤᠷᠤᠯᠴᠠᠵᠤ᠂ ᠰᠤᠷᠤᠯᠴᠠᠯᠭ᠎ᠠ ᠶᠢ ᠬᠡᠪ ᠤᠨ ᠪᠠᠶᠢᠳᠠᠯ ᠪᠣᠯᠭᠠᠵᠤ᠂ ᠠᠵᠢᠯ ᠢ ᠦᠨᠡᠨ ᠬᠦ ᠪᠠᠶᠢᠳᠠᠯ ᠳᠤ ᠣᠷᠣᠭᠤᠯᠬᠤ ᠬᠡᠷᠡᠭᠲᠡᠢ᠃ ᠭᠤᠷᠪᠠ ᠳᠤ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠬᠤ ᠶᠢ ᠪᠠᠷᠢᠮᠲᠠᠯᠠᠬᠤ ᠬᠡᠷᠡᠭᠲᠡᠢ᠃ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠪᠣᠯᠤᠨ ᠥᠷᠭᠡᠨ ᠣᠯᠠᠨ ᠺᠠᠳ᠋ᠷ ᠠᠵᠢᠯ ᠶᠠᠪᠤᠳᠠᠯ ᠢ ᠪᠣᠳᠣᠯᠬᠢᠯᠠᠬᠤ ᠠᠷᠭ᠎ᠠ ᠪᠣᠳᠣᠯᠭ᠎ᠠ ᠲᠠᠢ ᠪᠠᠶᠢᠵᠤ᠂ ᠠᠵᠢᠯ ᠶᠠᠪᠤᠳᠠᠯ ᠢ ᠪᠦᠲᠦᠭᠡᠬᠦ ᠳᠤ ᠵᠦᠭᠯᠡᠭᠦᠷ ᠲᠠᠢ ᠪᠠᠶᠢᠬᠤ ᠬᠡᠷᠡᠭᠲᠡᠶ︔ ᠮᠥᠷᠥᠨ ᠳᠡᠭᠡᠷ᠎ᠡ ᠪᠠᠨ ᠬᠠᠷᠢᠭᠤᠴᠠᠯᠭ᠎ᠠ ᠲᠠᠢ ᠪᠠᠶᠢᠵᠤ᠂ ᠠᠵᠢᠯ ᠤᠨ ᠪᠠᠶᠢᠷᠢ ᠳᠠᠭᠠᠨ ᠪᠠᠶᠢᠵᠤ᠂ ᠡᠭᠦᠷᠭᠡ ᠬᠠᠷᠢᠭᠤᠴᠠᠯᠭ᠎ᠠ ᠪᠠᠨ ᠪᠣᠳᠣᠯᠬᠢᠯᠠᠵᠤ᠂ ᠤᠷᠢᠳ ᠢᠶᠠᠷ ᠬᠢᠵᠦ᠂ ᠵᠢᠱᠢᠶ᠎ᠡ ᠦᠵᠡᠭᠦᠯᠵᠦ᠂ ᠰᠠᠶᠢᠨ ᠭᠦᠢᠴᠡᠳᠭᠡᠭᠴᠢ ᠪᠤᠯᠵᠤ᠂ ᠦᠢᠯᠡ ᠠᠵᠢᠯᠯᠠᠭ᠎ᠠ ᠪᠠᠷ ᠢᠶᠠᠨ ᠰᠠᠨᠠᠭᠠᠴᠢᠯᠠᠭ᠎ᠠ ᠠᠴᠠ ᠪᠠᠨ ᠬᠢᠬᠦ ᠬᠡᠷᠡᠭᠲᠡᠢ︔ ᠬᠠᠷᠠᠭ᠎ᠠ ᠲᠠᠢ ᠪᠠᠶᠢᠵᠤ᠂ ᠬᠡᠵᠢᠶᠡᠳᠡ ︽ᠠᠮᠤ ᠪᠤᠳᠠᠭ᠎ᠠ ᠡᠷᠢᠵᠦ︾᠂ ᠠᠵᠢᠯ ᠢᠶᠠᠨ ᠰᠠᠨᠠᠭᠠᠴᠢᠯᠠᠭ᠎ᠠ ᠠᠴᠠ ᠪᠠᠨ ᠬᠢᠵᠦ᠂ ᠠᠷᠭ᠎ᠠ ᠪᠦᠬᠦᠨ ᠢ ᠰᠦᠪᠡᠭᠴᠢᠯᠡᠨ ᠬᠢᠵᠦ᠂ ᠬᠢᠪᠡᠰᠦ ᠪᠦᠲᠦᠭᠡᠵᠦ᠂ ᠬᠢᠪᠡᠯ ᠰᠠᠶᠢᠨ ᠬᠢᠬᠦ ᠬᠡᠷᠡᠭᠲᠡᠢ︔ ᠭᠠᠷ ᠲᠠᠭᠠᠨ ᠠᠵᠢᠯ ᠲᠠᠢ ᠪᠠᠶᠢᠵᠤ᠂ ᠨᠡᠷ᠎ᠡ ᠠᠰᠢᠭ ᠢ ᠬᠥᠭᠡᠭᠡᠴᠡᠯᠳᠦᠬᠦ ᠦᠭᠡᠢ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ ᠪᠠᠶᠢᠵᠤ᠂ ᠨᠢᠭᠡ ᠰᠡᠳᠬᠢᠯ ᠢᠶᠠᠷ ᠠᠵᠢᠯ ᠬᠢᠵᠦ᠂ ᠦᠨᠡᠨ ᠰᠡᠳᠬᠢᠯ ᠠᠴᠠ ᠪᠠᠨ ᠤᠯᠠᠨ ᠲᠦᠮᠡᠨ ᠤ ᠠᠩᠬᠠᠷᠴᠤ ᠪᠠᠶᠢᠭ᠎ᠠ ᠪᠠᠭ᠎ᠠ ᠶᠠᠪᠤᠳᠠᠯ ᠪᠠ ᠪᠣᠳᠠᠲᠤ ᠶᠠᠪᠤᠳᠠᠯ ᠢ ᠰᠠᠶᠢᠲᠤᠷ ᠬᠢᠬᠦ ᠬᠡᠷᠡᠭᠲᠡᠢ᠃ ᠲᠦᠷᠪᠡ ᠳᠤ᠂ ᠬᠠᠤᠯᠢᠵᠢᠯ ᠤᠨ ᠦᠨᠳᠦᠰᠦ ᠶᠢ ᠪᠠᠬᠢᠵᠢᠭᠦᠯᠬᠦ ᠶᠢ ᠪᠠᠷᠢᠮᠲᠠᠯᠠᠬᠤ ᠬᠡᠷᠡᠭᠲᠡᠢ᠃ ᠬᠠᠤᠯᠢ ᠪᠠᠷ ᠵᠠᠰᠠᠬᠤ ᠰᠡᠳᠬᠢᠬᠦᠶ᠂ ᠬᠠᠤᠯᠢ ᠪᠠᠷ ᠵᠠᠰᠠᠬᠤ ᠱᠠᠭᠠᠷᠳᠠᠯᠭ᠎ᠠ ᠶᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ ᠲᠤᠤᠱᠯᠠᠭᠤᠯᠵᠤ᠂ ᠬᠠᠤᠯᠢ ᠶᠣᠰᠣᠭᠠᠷ ᠰᠢᠶ᠋ᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠠᠵᠢᠯᠯᠠᠬᠤ ᠶᠢ ᠢᠮᠠᠭᠲᠠ ᠪᠡᠶᠡᠯᠡᠭᠦᠯᠬᠦ ᠬᠡᠷᠡᠭᠲᠡᠶ᠃ ᠲᠥᠯᠥᠭᠡᠯᠡᠭᠴᠢᠳ ᠭᠡᠰᠢᠭᠦᠳ ᠪᠣᠯᠤᠨ ᠡᠯ᠎ᠡ ᠲᠠᠯ᠎ᠠ ᠶᠢᠨ ᠰᠣᠳᠣ ᠮᠡᠷᠭᠡᠨ ᠦᠭᠡ ᠶᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠥᠭᠵᠢᠯᠲᠡ ᠶᠢ ᠠᠬᠢᠭᠤᠯᠬᠤ᠂ ᠬᠦᠴᠢᠷ ᠠᠰᠠᠭᠤᠳᠠᠯ ᠢ ᠰᠢᠶ᠋ᠳᠪᠦᠷᠢᠯᠡᠬᠦ ᠶᠢᠨ ᠲᠤᠰᠠᠲᠠᠶ ᠠᠷᠭ᠎ᠠ ᠪᠣᠳᠣᠯᠭ᠎ᠠ ᠪᠣᠯᠭᠠᠨ ᠬᠤᠪᠢᠷᠠᠭᠤᠯᠵᠤ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠪᠣᠯᠤᠨ ᠣᠯᠠᠨ ᠨᠡᠶᠢᠲᠡ ᠳᠤ ᠢᠲᠡᠭᠡᠭᠦᠯᠬᠦ ᠬᠦᠴᠦᠨ ᠢ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠶ᠃ ᠲᠠᠪᠤ ᠳᠤ᠂ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠨᠢᠭᠡ ᠮᠥᠴᠡ ᠴᠦ ᠭᠡᠰᠡᠨ ᠰᠤᠯᠠᠷᠠᠭᠤᠯᠤᠯ ᠦᠭᠡᠢ᠂ ᠥᠴᠦᠬᠡᠨ ᠴᠦ ᠰᠤᠯᠠᠷᠠᠭᠤᠯᠤᠯ ᠦᠭᠡᠢ ᠪᠠᠷ ︽ᠳᠦᠷᠪᠡᠨ ᠰᠤᠷᠲᠠᠯ︾ ᠢ ᠵᠠᠯᠠᠷᠠᠭᠤᠯᠤᠨ ᠵᠠᠰᠠᠵᠤ ᠂ ᠪᠣᠳᠠᠲᠠᠢ ᠶᠢ ᠡᠷᠬᠢᠮᠯᠡᠭᠰᠡᠨ ᠪᠢᠴᠢᠭ ᠲᠠᠷᠬᠠᠭᠠᠵᠤ᠂ ᠲᠤᠰᠠᠲᠠᠢ ᠬᠤᠷᠠᠯ ᠬᠢᠵᠦ᠂ ᠦᠨᠳᠦᠰᠦᠨ ᠱᠠᠲᠤᠨ ᠤ ᠬᠦᠯᠢᠶᠡᠰᠦ ᠶᠢ ᠰᠤᠯᠠᠷᠠᠭᠤᠯᠵᠤ ᠳᠠᠷᠤᠭᠠᠰᠤ ᠶᠢ ᠦᠨᠡᠨᠬᠦ ᠬᠥᠩᠭᠡᠷᠡᠭᠦᠯᠦᠨ᠎ᠡ᠃      ᠡᠨᠡ ᠵᠢᠯ ᠤᠨ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠪᠢᠳᠡ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠰᠢᠨ᠎ᠡ ᠴᠠᠭ ᠦᠶ᠎ᠡ ᠶᠢᠨ ᠭᠤᠣᠯ ᠰᠡᠳᠦᠪ ᠢ ᠪᠠᠲᠤ ᠡᠵᠡᠮᠳᠡᠵᠦ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠬᠠᠷᠢᠴᠠᠭᠤᠯᠤᠭᠰᠠᠨ ᠳᠠᠪᠠᠭᠤᠯᠢᠭ ᠢᠶᠠᠨ ᠪᠠᠳᠠᠷᠠᠭᠤᠯᠵᠤ᠂ ᠲᠤᠭᠤᠷ ᠠᠴᠠ ᠨᠢ ᠳᠠᠪᠰᠢᠵᠤ᠂ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ ᠢ ᠲᠠᠰᠤᠷᠠᠯᠲᠠ ᠦᠭᠡᠢ ᠬᠤᠷᠠᠮᠳᠤᠭᠤᠯᠬᠤ ᠬᠡᠷᠡᠭᠲᠡᠢ᠃ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠨᠢ ᠨᠢᠭᠡᠳᠦᠯᠲᠡᠶ ᠲᠥᠯᠥᠪᠯᠡᠬᠦ ᠤᠬᠠᠮᠰᠠᠷ᠂ ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ ︽ᠲᠠᠪᠤ ᠶᠢ ᠨᠢᠭᠡ ᠯᠡ ᠳᠡᠭᠡᠷ᠎ᠡ ᠶᠠᠪᠤᠭᠤᠯᠬᠤ︾ ᠮᠥᠷᠲᠡᠭᠡᠨ ᠪᠠᠰᠠ ︽ᠠᠷᠪᠠᠨ ᠬᠤᠷᠤᠭᠤ ᠪᠠᠷ ᠬᠤᠭᠤᠷ ᠳᠠᠷᠤᠬᠤ︾ ᠬᠡᠷᠡᠭᠲᠡᠶ᠃ ᠨᠢᠭᠡ ᠪᠦᠯᠦᠭ ᠭᠤᠣᠯᠳᠠᠯᠭ᠎ᠠ ᠲᠠᠢ ᠲᠦᠷᠦᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠲᠤᠮᠤ ᠲᠦᠷᠦᠯ ᠵᠦᠢᠯ ᠢ ︽ᠤᠰᠤ ᠬᠠᠳᠠᠭᠠᠯᠠᠬᠤ ᠴᠥᠭᠦᠷᠥᠮ︾ ᠤᠨ ᠰᠠᠭᠤᠷᠢᠨ ᠳᠡᠭᠡᠷ᠎ᠡ᠂ ᠪᠡᠯᠡ ᠮᠥᠩᠭᠦ ᠨᠢ ᠲᠦᠷᠦᠯ ᠵᠦᠢᠯ ᠢ ᠳᠠᠭᠠᠵᠤ᠂ ᠺᠠᠳ᠋ᠷ ᠲᠦᠷᠦᠯ ᠵᠦᠢᠯ ᠢ ᠲᠣᠭᠤᠷᠢᠨ ᠶᠠᠪᠤᠵᠤ᠂ ᠰᠠᠯᠠᠭ᠎ᠠ ᠮᠥᠴᠢᠷ ᠤᠨ ᠬᠢᠨ ᠭᠤᠣᠯᠳᠠᠯᠭ᠎ᠠ ᠶᠢᠨ ᠲᠣᠭᠤᠷᠢᠨ ᠳᠤ ᠠᠵᠢᠯᠯᠠᠵᠤ᠂ ︽ᠥᠪᠡᠷ ᠥᠪᠡᠷ ᠤᠨ ᠨᠣᠭᠤᠭ᠎ᠠ ᠰᠠᠷᠢᠭᠠᠯᠠᠵᠤ᠂ ᠬᠠᠮᠲᠤᠪᠠᠷ ᠨᠢᠭᠡ ᠲᠠᠪᠠᠭ ᠣᠷᠣᠨ ᠪᠠᠶᠢᠷᠢ ᠡᠷᠬᠢᠯᠡᠵᠦ︾᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠢ ᠪᠠᠶᠢᠭᠤᠯᠬᠤ ᠬᠡᠷᠡᠭᠲᠡᠢ᠃ ᠨᠢᠭᠡ ᠪᠦᠯᠦᠭ ᠭᠤᠣᠯᠳᠠᠯᠭ᠎ᠠ ᠲᠠᠢ ᠬᠦᠷᠢᠶᠡᠯᠡᠩ ᠲᠣᠭᠤᠷᠢᠭ ᠢ ᠨᠢᠭᠡᠳᠦᠯᠲᠡᠢ ᠲᠥᠯᠥᠪᠵᠢᠭᠦᠯᠦᠨ ᠪᠠᠶᠢᠭᠤᠯᠵᠤ᠂ ᠡᠬᠢ ᠪᠠᠶᠠᠯᠢᠭ ᠤᠨ ᠳᠠᠪᠠᠭᠤᠯᠢᠭ᠂ ᠭᠤᠣᠯᠯᠠᠬᠤ ᠠᠵᠤ ᠦᠢᠯᠡᠰ᠂ ᠬᠥᠭᠵᠢᠯᠲᠡ ᠶᠢᠨ ᠴᠢᠭᠯᠡᠯ ᠤᠨ ᠲᠣᠭᠤᠷᠢᠨ ᠳᠤ᠂ ᠤᠨᠢᠨ ᠳᠡᠭᠡᠷ᠎ᠡ ᠨᠢ ᠪᠠᠶᠢᠷᠢ ᠲᠣᠭᠲᠠᠭᠠᠵᠤ᠂ ᠵᠥᠷᠢᠶᠡᠲᠦ ᠬᠥᠭᠵᠢᠭᠦᠯᠵᠦ᠂ ᠲᠤᠰᠬᠠᠶᠢᠵᠢᠭᠤᠯᠬᠤ᠂ ᠣᠨᠴᠠᠯᠢᠭᠵᠢᠭᠤᠯᠬᠤ᠂ ᠪᠣᠬᠢᠷᠲᠤᠯ ᠦᠭᠡᠢ᠂ ᠡᠷᠴᠢᠮᠵᠢᠭᠦᠯᠬᠦ ᠲᠠᠯ᠎ᠠ ᠪᠠᠷ ᠨᠢᠭᠡ ᠪᠦᠯᠦᠭ ᠵᠢᠱᠢᠶ᠎ᠡ ᠦᠵᠡᠭᠦᠯᠬᠦ ᠵᠠᠭᠪᠤᠷ ᠢ ᠡᠭᠦᠳᠬᠦ ᠬᠡᠷᠡᠭᠲᠡᠢ᠃ ᠨᠢᠭᠡ ᠪᠦᠯᠦᠭ ᠭᠤᠣᠯᠳᠠᠯᠭ᠎ᠠ ᠲᠠᠢ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠷᠠᠳ ᠲᠦᠮᠡᠨ ᠶᠠᠮᠠᠷ ᠬᠦᠰᠡᠯ ᠡᠷᠡᠮᠡᠯᠵᠡᠯ ᠲᠠᠢ ᠪᠠᠶᠢᠬᠤ᠂ ᠪᠢᠳᠡ ᠶᠠᠭᠤ ᠶᠢ ᠠᠳᠬᠤᠨ ᠶᠠᠭᠤ ᠶᠢ ᠠᠬᠢᠭᠤᠯᠬᠤ ᠶᠢ ᠪᠠᠷᠢᠮᠲᠠᠯᠠᠵᠤ᠂ ᠪᠠᠶᠢᠭᠤᠯᠤᠮᠵᠢ ᠲᠣᠭᠲᠠᠴᠠ ᠶᠢᠨ ᠬᠦᠯᠢᠶᠡᠰᠦᠯᠡᠯ ᠢ ᠵᠣᠷᠢᠭᠲᠠᠢ ᠪᠠᠷ ᠡᠪᠳᠡᠵᠦ᠂ ᠦᠨᠡᠨ ᠪᠣᠳᠠᠲᠠᠢ ᠥᠭᠡᠷᠡᠴᠢᠯᠡᠯᠲᠡ ᠶᠢᠨ ᠦᠷ᠎ᠡ ᠪᠦᠲᠦᠮᠵᠢ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠨᠢᠭᠡ ᠪᠦᠯᠦᠭ ᠭᠤᠣᠯᠳᠠᠯᠭ᠎ᠠ ᠲᠠᠢ ᠬᠦᠷᠢᠶ᠎ᠡ ᠶᠢ ᠨᠢᠭᠡᠳᠦᠯᠲᠡᠢ ᠲᠥᠯᠥᠪᠵᠢᠭᠦᠯᠦᠨ ᠰᠢᠪᠲᠤᠯᠵᠤ᠂ ᠪᠦᠬᠦ ᠲᠠᠯ᠎ᠠ ᠶᠢ ᠪᠣᠳᠣᠯᠬᠢᠯᠠᠨ᠂ ᠭᠤᠣᠯᠳᠠᠯᠭ᠎ᠠ ᠲᠠᠢ ᠰᠢᠪᠲᠤᠯᠤᠯᠲᠠ ᠬᠢᠬᠦ ᠶᠢ ᠪᠠᠷᠢᠮᠲᠠᠯᠠᠵᠤ᠂ ︽ᠲᠠᠪᠤᠨ ᠶᠡᠭᠡ ᠡᠭᠦᠷᠭᠡ︾ ᠶᠢ ᠠᠬᠢᠭᠤᠯᠬᠤ ᠳᠤᠮᠳᠠ ᠲᠦᠷᠦᠯ ᠵᠦᠢᠯ ᠢ ᠡᠷᠢᠯᠬᠢᠯᠡᠵᠦ᠂ ᠬᠥᠭᠵᠢᠯᠲᠡ ᠶᠢ ᠠᠳᠬᠤᠵᠤ᠂ ︽ᠵᠢᠷᠭᠤᠭᠠᠨ ᠠᠵᠢᠯᠯᠠᠭ᠎ᠠ︾ ᠶᠢ ᠬᠡᠷᠡᠭᠵᠢᠭᠦᠯᠬᠦ ᠳᠤᠮᠳᠠ ᠠᠵᠠ ᠲᠣᠬᠢᠶᠠᠯ ᠢ ᠠᠳᠬᠤᠵᠤ᠂ ᠰᠢᠪᠲᠤᠯᠤᠯᠲᠠ ᠭᠠᠷᠭᠠᠬᠤ ᠪᠠᠷ ᠴᠢᠷᠮᠠᠶᠢᠬᠤ ᠬᠡᠷᠡᠭᠲᠡᠢ᠃ ᠨᠢᠭᠡ ᠪᠦᠯᠦᠭ ᠭᠤᠣᠯᠳᠠᠯᠭ᠎ᠠ ᠲᠠᠢ ᠠᠰᠠᠭᠤᠳᠠᠯ ᠢ ᠨᠢᠭᠡᠳᠦᠯᠲᠡᠢ ᠲᠥᠯᠥᠪᠵᠢᠭᠦᠯᠦᠨ ᠰᠢᠢᠳᠪᠦᠷᠢᠯᠡᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ ᠬᠠᠳᠠᠭᠠᠯᠠᠭᠳᠠᠴᠠ ᠶᠢ ᠪᠠᠭᠠᠰᠬᠠᠬᠤ ᠪᠠᠷ ᠪᠠᠷᠠᠬᠤ ᠦᠭᠡᠢ ᠪᠠᠰᠠ ᠨᠡᠮᠡᠭᠳᠡᠯ ᠢ ᠴᠢᠩᠭ᠎ᠠ ᠬᠠᠮᠢᠶᠠᠷᠤᠨ ᠡᠵᠡᠮᠳᠡᠵᠦ᠂ ᠠᠰᠠᠭᠤᠳᠠᠯ ᠢ ᠦᠨᠡᠨ ᠬᠦ ᠰᠡᠷᠭᠡᠶᠢᠯᠡᠨ ᠠᠷᠢᠯᠭᠠᠬᠤ ᠶᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠬᠤ ᠬᠡᠷᠡᠭᠲᠡᠢ᠃      ᠡᠨᠡ ᠵᠢᠯ ᠳᠣᠣᠷᠠᠬᠢ ᠨᠠᠢᠮᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ᠄      ︵ᠨᠢᠭᠡ︶ ᠰᠢᠶᠠᠨ ᠤ ᠬᠡᠪᠴᠢᠶᠡᠨ ᠤ ᠪᠠᠶᠢᠷᠢᠰᠢᠭᠤᠯᠤᠯ ᠢ ᠨᠢᠭᠡᠳᠦᠯᠲᠡᠶ ᠲᠥᠯᠥᠪᠯᠡᠨ᠂ ᠠᠵᠤ ᠠᠬᠤᠶ ᠶᠢᠨ ᠲᠦᠷᠭᠡᠨ ᠬᠥᠭᠵᠢᠬᠦ ᠶᠢ ᠲᠦᠯᠬᠢᠨ ᠠᠬᠢᠭᠤᠯᠤᠨ᠎ᠠ᠃     ᠲᠥᠷᠥᠯ ᠵᠦᠢᠯ ᠢᠶᠠᠷ ᠭᠤᠤᠯ ᠪᠣᠯᠭᠠᠬᠤ ᠶᠢ ᠪᠠᠷᠢᠮᠲᠠᠯᠠᠨ᠎ᠠ᠃ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠥᠷᠨᠢᠭᠦᠯᠵᠦ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠲᠥᠷᠥ ᠶᠢᠨ ᠶᠠᠪᠤᠳᠠᠯ ᠤᠨ ᠬᠤᠷᠢᠶᠠᠨ ᠤ ︽ᠰᠠᠨᠠᠯ︾ ᠵᠡᠷᠭᠡ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠨᠢᠭᠲᠠ ᠳᠠᠭᠠᠵᠤ᠂ ᠵᠠᠩᠭᠢᠯᠠᠭ᠎ᠠ ᠶᠢᠨ ᠴᠢᠨᠠᠷᠲᠠᠶ᠂ ᠬᠥᠲᠥᠯᠦᠨ ᠳᠠᠭᠠᠭᠤᠯᠬᠤ ᠴᠢᠨᠠᠷᠲᠠᠶ᠂ ᠲᠤᠯᠭᠠᠭᠤᠷᠢᠯᠠᠬᠤ ᠴᠢᠨᠠᠷᠲᠠᠶ ᠴᠢᠨᠠᠷ ᠰᠠᠶᠢᠲᠠᠶ ᠲᠥᠷᠥᠯ ᠵᠦᠢᠯ ᠢ ᠦᠷᠭᠦᠯᠵᠢᠯᠡᠨ ᠨᠠᠷᠢᠯᠢᠭ ᠲᠥᠯᠥᠪᠵᠢᠭᠦᠯᠵᠦ᠂ ᠲᠤᠬᠠᠶ ᠶᠢᠨ ᠵᠢᠯ ᠳᠤ ᠰᠢᠨ᠎ᠡ ᠪᠠᠷ ᠬᠥᠮᠥᠷᠭᠡ ᠳᠤ ᠣᠷᠣᠭᠤᠯᠬᠤ ᠲᠥᠷᠥᠯ ᠵᠦᠢᠯ ᠢ 50 ᠠᠴᠠ ᠳᠡᠭᠡᠭᠰᠢ ᠪᠡᠶᠡᠯᠡᠭᠦᠯᠬᠦ ᠪᠠᠷ ᠴᠢᠷᠮᠠᠶᠢᠨ᠎ᠠ᠃      ᠬᠦᠷᠢᠶᠡᠯᠡᠩ ᠲᠣᠭᠤᠷᠢᠭ ᠢᠶᠠᠷ ᠭᠤᠤᠯ ᠪᠣᠯᠭᠠᠬᠤ ᠶᠢ ᠪᠠᠷᠢᠮᠲᠠᠯᠠᠨ᠎ᠠ᠃ ᠬᠦᠷᠢᠶᠡᠯᠡᠩ ᠲᠣᠭᠤᠷᠢᠭ ᠪᠣᠯ ᠰᠢᠶᠠᠨ ᠤ ᠬᠡᠪᠴᠢᠶᠡᠨ ᠤ ᠠᠵᠤ ᠠᠬᠤᠶ ᠶᠢᠨ ᠭᠤᠤᠯ ᠳᠠᠶᠢᠨ ᠤ ᠲᠠᠯᠠᠪᠤᠷ ᠪᠣᠯᠬᠤ ᠪᠥᠭᠡᠳ ᠪᠠᠰᠠ ᠴᠤ ᠣᠨᠴᠠᠯᠢᠭᠲᠤ ᠠᠵᠤ ᠦᠢᠯᠡᠰ ᠢ ᠪᠤᠶᠢᠵᠢᠭᠤᠯᠬᠤ ᠲᠣᠮᠣ ᠲᠠᠪᠴᠠᠩ ᠪᠣᠯᠤᠨ᠎ᠠ᠃ ᠬᠡᠪᠴᠢᠶᠡᠵᠢᠭᠰᠡᠨ ᠲᠠᠷᠢᠮᠠᠯ ᠤᠨ ᠬᠦᠷᠢᠶᠡᠯᠡᠩ ᠲᠣᠭᠤᠷᠢᠭ ᠢ ᠬᠦᠴᠦᠯᠡᠨ ᠪᠦᠲᠦᠭᠡᠨ ᠪᠠᠶᠢᠭᠤᠯᠤᠨ᠎ᠠ᠃ ᠥᠨᠳᠥᠷ ᠪᠠᠷᠢᠮᠵᠢᠶᠠᠲᠤ ᠲᠠᠷᠢᠶ᠎ᠠ᠂ ᠲᠠᠷᠢᠶᠠᠯᠠᠩ ᠤᠨ ᠮᠠᠰᠢᠨ ᠤ ᠲᠠᠷᠢᠶ᠎ᠠ᠂ ᠰᠠᠶᠢᠨ ᠡᠭᠦᠯᠳᠡᠷ ᠤᠨ ᠲᠠᠷᠢᠶ᠎ᠠ᠂ ᠨᠡᠶᠢᠭᠡᠮᠴᠢᠯᠡᠭᠰᠡᠨ ᠦᠢᠯᠡᠴᠢᠯᠡᠭᠡ᠂ ᠣᠯᠠᠨ ᠡᠬᠢᠲᠦ ᠪᠣᠬᠢᠷᠲᠤᠯ ᠢ ᠵᠠᠰᠠᠬᠤ᠂ ︽ᠨᠢᠭᠡᠳᠦᠯᠲᠡᠶ ᠳᠠᠷᠢᠵᠤ ᠬᠠᠮᠲᠤ ᠪᠠᠷ ᠪᠠᠶᠠᠵᠢᠬᠤ︾ ᠣᠯᠠᠨ ᠲᠠᠯ᠎ᠠ ᠶᠢᠨ ᠬᠠᠮᠢᠶᠠᠷᠤᠯᠲᠠ ᠶᠢ ᠵᠡᠷᠭᠡ ᠪᠠᠷ ᠬᠡᠷᠡᠭᠵᠢᠭᠦᠯᠵᠦ᠂ ᠠᠵᠤ ᠠᠬᠤᠶᠢᠯᠠᠯ᠂ ᠴᠢᠳᠠᠪᠤᠷᠢᠲᠠᠨ᠂ ᠮᠡᠷᠭᠡᠵᠢᠯ ᠢ ᠲᠥᠪᠯᠡᠷᠡᠭᠦᠯᠦᠨ ᠲᠥᠪᠯᠡᠷᠡᠭᠦᠯᠵᠦ᠂ ᠲᠦᠮᠡᠨ ᠮᠥ ᠪᠣᠭᠤᠳᠠᠶ ᠶᠢᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠵᠢᠱᠢᠶ᠎ᠡ ᠦᠵᠡᠭᠦᠯᠬᠦ ᠬᠦᠷᠢᠶᠡᠯᠡᠩ ᠢ 4 ᠪᠠᠶᠢᠭᠤᠯᠵᠤ᠂ ᠲᠦᠮᠡᠨ ᠮᠥ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠣᠷᠣᠨ 9 ᠪᠠᠶᠢᠵᠤ᠂ ᠲᠦᠮᠡᠨ ᠮᠥ ᠯᠠᠵᠤᠤ ᠳᠠᠷᠢᠬᠤ ᠬᠦᠷᠢᠶᠡᠯᠡᠩ ᠲᠣᠭᠤᠷᠢᠭ 2 ᠪᠠᠶᠢᠭᠤᠯᠪᠠ᠃ ᠣᠨᠴᠠᠯᠢᠭᠲᠤ ᠪᠡᠯᠡᠳᠬᠡᠮᠵᠢ ᠶᠢᠨ ᠬᠦᠷᠢᠶᠡᠯᠡᠩ ᠲᠣᠭᠤᠷᠢᠭ ᠢ ᠬᠦᠴᠦᠯᠡᠨ ᠪᠠᠶᠢᠭᠤᠯᠤᠨ᠎ᠠ᠃ ᠡᠯ ᠳ᠋ᠤᠤ ᠴᠢᠶᠣᠤ ᠬᠥᠭᠦᠷᠭᠡ ᠶᠢᠨ ᠳ᠋ᠦᠩ ᠹᠠᠩ ᠾᠦᠩ ᠲᠠᠢ ᠱᠧᠩ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ᠂ ᠱᠠᠮᠪᠠ ᠣᠲᠣ ᠦᠶ᠎ᠡ ᠶᠢᠨ ᠲᠠᠷᠢᠶᠠᠯᠠᠩ ᠤᠨ ᠴᠡᠴᠡᠷᠯᠢᠭ ᠤᠨ ᠵᠢᠮᠢᠰ ᠢᠳᠡᠰᠢᠨ ᠨᠣᠭᠤᠭ᠎ᠠ ᠶᠢᠨ ᠴᠢᠬᠢ ᠪᠤᠶᠢᠵᠢᠭᠤᠯᠬᠤ ᠠᠵᠤ ᠦᠢᠯᠡᠰ ᠤᠨ ᠬᠦᠷᠢᠶᠡᠯᠡᠩ ᠤᠨ ᠲᠥᠬᠦᠭᠡᠷᠦᠮᠵᠢ ᠶᠢᠨ ᠲᠠᠷᠢᠶᠠᠯᠠᠩ ᠢ ᠲᠣᠰ ᠲᠣᠰ 8000 ᠮᠥ᠂ 7000 ᠮᠥ ᠳᠤ ᠬᠦᠷᠦᠭᠦᠯᠬᠦ ᠪᠠᠷ ᠴᠢᠷᠮᠠᠶᠢᠵᠤ᠂ ᠮᠤᠩ ᠬᠠᠶ ᠬᠥᠬᠡ ᠵᠢᠮᠢᠰᠭᠡᠨ᠎ᠡ᠂ ᠡᠯ ᠳ᠋ᠤᠤ ᠴᠢᠶᠣᠤ ᠶᠡᠭᠡ ᠪᠡᠷᠢ ᠶᠢᠨ ᠡᠪᠦᠯ ᠤᠨ ᠴᠢᠪᠠᠭ᠎ᠠ ᠵᠡᠷᠭᠡ ᠣᠨᠴᠠᠯᠢᠭᠲᠤ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠢ 8 ᠭᠤᠤᠯᠳᠠᠯᠭ᠎ᠠ ᠲᠠᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠪᠡᠯᠡᠳᠬᠡᠮᠵᠢᠲᠦ ᠮᠠᠯ ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ ᠢ ᠬᠢᠨᠠᠮᠠᠭᠠᠶ ᠨᠠᠶᠢᠳᠠᠪᠤᠷᠢᠵᠢᠭᠤᠯᠵᠤ᠂ ᠮᠠᠯ ᠠᠵᠤ ᠠᠬᠤᠶ ᠶᠢᠨ ᠬᠦᠷᠢᠶᠡᠯᠡᠩ ᠲᠣᠭᠤᠷᠢᠭ ᠤᠨ ᠲᠣᠭᠲᠠᠭᠤᠨ ᠢᠶᠠᠷ ᠬᠥᠭᠵᠢᠬᠦ ᠶᠢ ᠲᠡᠳᠬᠦᠬᠦ ᠬᠡᠷᠡᠭᠲᠡᠶ᠃ ᠮᠠᠨ ᠬᠤᠢ ᠶᠢᠨ ᠤ ᠪᠠᠢ ᠹᠦ ᠣᠳᠣᠬᠢᠴᠢᠯᠠᠭᠰᠠᠨ ᠥᠨᠳᠡᠭᠡᠨ ᠲᠠᠬᠢᠶᠠᠨ ᠤ ᠠᠵᠤ ᠦᠢᠯᠡᠰ ᠤᠨ ᠬᠦᠷᠢᠶᠡᠯᠡᠩ᠃ ᠰᠠᠨ ᠳ᠋ᠤᠤ ᠴᠢᠶᠤᠤ ᠶᠢᠨ ᠪᠡᠯᠡᠳᠬᠡᠮᠵᠢᠲᠦ ᠵᠢᠭᠠᠰᠤᠨ ᠠᠵᠤ ᠠᠬᠤᠢ ᠶᠢᠨ ᠣᠷᠴᠢᠯ ᠠᠵᠤ ᠠᠬᠤᠢ ᠶᠢᠨ ᠪᠣᠬᠢᠷᠲᠤᠯ ᠦᠭᠡᠢ ᠠᠵᠤ ᠦᠢᠯᠡᠰ ᠤᠨ ᠬᠦᠷᠢᠶᠡᠯᠡᠩ ᠵᠡᠷᠭᠡ ᠠᠵᠤ ᠦᠢᠯᠡᠳᠪᠦᠷᠢᠵᠢᠭᠦᠯᠦᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠰᠢᠨ᠎ᠡ ᠪᠠᠷ ᠥᠭᠡᠷᠡᠴᠢᠯᠡᠨ ᠥᠷᠭᠡᠳᠬᠡᠨ ᠪᠠᠶᠢᠭᠤᠯᠵᠤ᠂ ᠪᠦᠬᠦ ᠣᠷᠣᠨ ᠤ ᠬᠠᠮᠤᠭ ᠤᠨ ᠶᠡᠭᠡ ᠵᠢᠭᠠᠰᠤᠨ ᠤ ᠦᠷ᠎ᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠤᠨ᠎ᠠ᠃ ︽ᠭᠤᠷᠪᠠᠯᠵᠢᠨ︾ ᠤᠨ ᠪᠠᠢᠯᠳᠤᠬᠤ ᠪᠣᠳᠣᠯᠭ᠎ᠠ ᠶᠢ ᠬᠦᠴᠦᠯᠡᠨ ᠬᠡᠷᠡᠭᠵᠢᠭᠦᠯᠵᠦ᠃      ᠠᠵᠤ ᠦᠢᠯᠡᠰ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠃ ᠠᠷᠢᠬᠢᠨ ᠤ ᠵᠦᠢᠯ ᠨᠡᠷᠡᠬᠦ᠂ ᠠᠮᠢᠳᠤ ᠪᠣᠳᠠᠰ ᠤᠨ ᠨᠡᠶᠢᠯᠡᠮᠡᠯ᠂ ᠴᠠᠭᠠᠨ ᠢᠳᠡᠭᠡᠨ ᠦᠢᠯᠡᠳᠬᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳᠰᠢᠭᠦᠯᠬᠦ᠂ ᠦᠷ᠎ᠡ ᠶᠢᠨ ᠠᠷᠠᠯᠵᠢᠶ᠎ᠠ ᠶᠢᠨ ᠵᠡᠷᠭᠡ ᠠᠵᠤ ᠦᠢᠯᠡᠰ ᠤᠨ ᠰᠦᠷᠦᠭᠵᠢᠯ ᠤᠨ ᠲᠣᠭᠤᠷᠢᠨ ᠳᠤ ᠦᠷᠭᠦᠯᠵᠢᠯᠡᠨ ᠬᠡᠯᠬᠢᠶᠡᠰᠦ ᠶᠢ ᠤᠷᠲᠤᠳᠬᠠᠨ ᠬᠡᠯᠬᠢᠶᠡᠰᠦ ᠶᠢ ᠨᠥᠬᠦᠪᠥᠷᠢᠯᠡᠵᠦ ᠬᠡᠯᠬᠢᠶᠡᠰᠦ ᠶᠢ ᠬᠦᠴᠦᠷᠬᠡᠭᠵᠢᠭᠦᠯᠵᠦ᠂ ᠳᠠᠪᠠᠭᠤᠯᠢᠭ ᠣᠨᠴᠠᠯᠢᠠᠠᠳᠣ ᠠᠵᠤ ᠦᠢᠯᠡᠰ ᠢ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠶᠢᠨ ᠨᠢᠷᠤᠭᠤᠪᠴᠢ ᠪᠣᠯᠭᠠᠨ᠎ᠠ᠃ ᠪᠣᠷᠣᠲᠣᠬᠤᠶ ᠶᠢᠨ ᠠᠷᠢᠬᠢᠨ ᠤ ᠦᠢᠯᠡᠰ ᠤᠨ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠶᠢ ᠳᠡᠭᠡᠭᠰᠢᠯᠡᠭᠦᠯᠬᠦ ᠶᠢ ᠳᠡᠮᠵᠢᠵᠦ᠂ ᠦᠢᠯᠡᠳᠬᠦᠨ ᠤ ᠥᠷᠲᠡᠭ᠂ ᠭᠠᠶᠢᠯᠢ ᠲᠠᠲᠠᠪᠤᠷᠢ ᠶᠢ ᠵᠡᠷᠭᠡ ᠪᠠᠷ ᠨᠡᠮᠡᠭᠳᠡᠭᠦᠯᠦᠨ᠎ᠡ᠃      ︵ᠬᠤᠶᠠᠷ︶ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠨᠢᠭᠡᠳᠦᠯᠲᠡᠢ ᠲᠥᠯᠥᠪᠵᠢᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃      ᠤᠯᠤᠰ ᠤᠨ ᠠᠮᠤ ᠪᠤᠳᠠᠭᠠᠨ ᠤ ᠠᠮᠤᠷ ᠲᠥᠪᠰᠢᠨ ᠢ ᠦᠨᠡᠨᠬᠦᠦ ᠪᠠᠲᠤᠯᠠᠵᠤ᠃ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠬᠠᠮᠢᠶᠠᠷᠤᠯᠲᠠ ᠶᠢ ᠴᠢᠩᠳᠠᠯᠠᠵᠤ᠂ ᠲᠠᠷᠢᠶᠠᠨ ᠭᠠᠵᠠᠷ ᠢ ᠬᠠᠮᠠᠭᠠᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠱᠠᠲᠤ ᠬᠤᠪᠢᠶᠠᠨ ᠨᠠᠶᠢᠳᠠᠪᠤᠷᠢᠵᠢᠭᠤᠯᠤᠨ᠎ᠠ᠃ 36.7 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠬᠡᠷᠡᠭᠵᠢᠭᠦᠯᠬᠦ ᠪᠠᠷ ᠴᠢᠷᠮᠠᠶᠢᠵᠤ᠂ ᠰᠢᠶᠠᠩ ᠪᠠᠯᠭᠠᠰᠤᠨ ᠤ ᠵᠠᠭᠠᠭ ᠢ ᠡᠪᠳᠡᠵᠦ᠂ ᠪᠦᠯᠬᠦᠮᠳᠡᠯ ᠲᠠᠢ᠂ ᠮᠠᠨ ᠬᠤᠢ᠂ ᠱᠠ ᠬᠠᠢ 3 ᠪᠠᠯᠭᠠᠰᠤ ᠶᠢᠨ 15 ᠲᠣᠰᠬᠤᠨ ᠤ ᠲᠥᠯᠥᠪᠵᠢᠭᠦᠯᠭᠡ ᠳᠤ 16.5 ᠲᠦᠮᠡᠨ ᠮᠦ ᠬᠠᠮᠤᠭ ᠤᠨ ᠶᠡᠭᠡ ᠲᠠᠩ ᠴᠣᠭᠴᠠ ᠶᠢᠨ ᠲᠦᠷᠦᠯ ᠵᠦᠢᠯ ᠤᠨ ᠣᠷᠣᠨ ᠢ ᠬᠤᠪᠢᠶᠠᠷᠢᠯᠠᠨ ᠪᠠᠶᠢᠭᠤᠯᠤᠨ᠎ᠠ᠃      ᠬᠥᠳᠡᠭᠡ ᠠᠵᠤ ᠠᠬᠤᠢ ᠶᠢᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠵᠤ᠃ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮ ᠪᠣᠯ ᠲᠠᠷᠢᠶᠠᠯᠠᠩ ᠤᠨ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ᠂ ᠲᠠᠷᠢᠶᠠᠴᠢᠳ ᠤᠨ ᠪᠠᠶᠠᠵᠢᠨ ᠴᠢᠨᠡᠭᠡᠯᠢᠭᠵᠢᠬᠦ ᠶᠢᠨ ᠬᠦᠴᠦᠲᠡᠢ ᠲᠤᠯᠭᠠᠭᠤᠷᠢᠯᠠᠯ ᠪᠣᠯᠤᠨ᠎ᠠ᠃ ᠭᠤᠤᠯ ᠴᠣᠭᠴᠠ ᠶᠢᠨ ᠬᠦᠴᠦᠷᠬᠡᠭᠵᠢᠯ ᠢ ᠲᠦᠷᠭᠡᠳᠬᠡᠨ᠎ᠡ᠃ ᠪᠤᠭᠤᠳᠠᠢ᠂ ᠡᠷᠳᠡᠨᠢ ᠰᠢᠰᠢ᠂ ᠨᠡᠷᠡᠨ ᠬᠤᠸᠠᠷ᠂ ᠲᠥᠪᠡᠳ ᠬᠠᠰᠢ᠂ ᠯᠠᠵᠤᠤ᠂ ᠯᠠᠩᠭᠤᠸᠠ ᠶᠢᠨ ᠦᠷ᠎ᠡ ᠵᠡᠷᠭᠡ ᠡᠬᠢ ᠪᠠᠶᠠᠯᠢᠭ ᠤᠨ ᠳᠠᠪᠠᠭᠤᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠬᠡᠪᠴᠢᠶᠡᠵᠢᠭᠦᠯᠦᠨ ᠳᠠᠷᠢᠬᠤ᠂ ᠲᠠᠷᠢᠶᠠᠨ ᠭᠠᠵᠠᠷ ᠢ ᠨᠠᠶᠢᠳᠠᠨ ᠬᠠᠮᠢᠶᠠᠷᠤᠭᠤᠯᠬᠤ᠂ ᠦᠢᠯᠡᠳᠬᠦᠨ ᠤ ᠭᠦᠢᠯᠭᠡᠭᠡ᠂ ᠨᠠᠷᠢᠯᠢᠭ ᠭᠦᠨᠵᠡᠭᠡᠢ ᠡᠳ᠋ᠰᠢᠭᠦᠯᠬᠦ ᠵᠡᠷᠭᠡ ᠡᠵᠡᠩᠨᠡᠯᠲᠡ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠡᠯ᠎ᠡ ᠲᠦᠷᠦᠯ ᠤᠨ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠲᠥᠯᠥᠪᠵᠢᠭᠦᠯᠭᠡ ᠶᠢ ᠥᠷᠭᠡᠳᠬᠡᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠶᠡᠬᠡᠪᠡᠷ ᠠᠬᠢᠭᠤᠯᠵᠤ᠂ ︽ᠦᠢᠯᠡᠳᠪᠦᠷᠢᠯᠡᠵᠦ ᠡᠳ᠋ᠰᠢᠭᠦᠯᠵᠦ ᠪᠣᠷᠣᠯᠠᠭᠤᠯᠬᠤ᠂ ᠲᠠᠷᠢᠶᠠᠯᠠᠩ ᠰᠣᠶᠣᠯ ᠵᠤᠭᠠᠴᠠᠯ᠂ ᠰᠢᠨᠵᠢᠯᠡᠬᠦ ᠤᠬᠠᠭᠠᠨ ᠠᠵᠤ ᠦᠢᠯᠡᠳᠪᠦᠷᠢ ᠶᠢᠨ ᠠᠷᠠᠯᠵᠢᠶ᠎ᠠ︾ ᠶᠢᠨ ᠪᠦᠬᠦ ᠬᠡᠯᠬᠢᠶ᠎ᠡ ᠠᠴᠠ ᠬᠦᠴᠦᠯᠡᠵᠦ᠂ ᠲᠠᠷᠢᠶᠠᠯᠠᠩ ᠠᠵᠤ ᠠᠬᠤᠶᠢᠯᠠᠯ ᠤᠨ ᠨᠢᠭᠲᠠ ᠬᠡᠯᠪᠡᠷᠢ ᠶᠢᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠦᠷᠭᠡᠳᠬᠡᠨ ᠪᠠᠶᠢᠭᠤᠯᠤᠨ᠎ᠠ᠃      ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠡᠷᠡᠰ ᠰᠠᠶᠢᠲᠤᠷ ᠠᠳᠬᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠵᠢᠷᠤᠭ ᠲᠥᠯᠥᠪᠯᠡᠭᠡ ᠶᠢ ︽ᠠᠷᠪᠠᠨ ᠲᠠᠪᠤᠳᠤᠭᠠᠷ ᠲᠠᠪᠤᠨ ᠵᠢᠯ︾ ᠤᠨ ᠣᠳᠣᠬᠢᠴᠢᠯᠠᠭᠰᠠᠨ ᠤᠰᠤᠯᠠᠯᠲᠠ ᠶᠢᠨ ᠣᠷᠣᠨ ᠤ ᠥᠭᠡᠷᠡᠴᠢᠯᠡᠯᠲᠡ ᠶᠢᠨ ᠲᠥᠷᠥᠯ ᠵᠦᠢᠯ ᠤᠨ ᠲᠥᠯᠥᠪᠵᠢᠭᠦᠯᠭᠡ ᠲᠠᠢ ᠨᠢᠭᠲᠠ ᠵᠣᠯᠭᠠᠭᠤᠯᠵᠤ᠂ ᠨᠢᠭᠡ ᠴᠣᠭᠴᠠᠵᠢᠭᠤᠯᠤᠨ ᠵᠢᠷᠤᠵᠤ ᠲᠥᠯᠥᠪᠯᠡᠬᠦ᠂ ᠵᠡᠷᠭᠡ ᠪᠠᠷ ᠪᠥᠲᠥᠭᠡᠨ ᠪᠠᠶᠢᠭᠤᠯᠬᠤ ᠶᠢ ᠪᠡᠶᠡᠯᠡᠭᠦᠯᠦᠨ᠎ᠡ᠃      ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠨ᠎ᠡ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠲᠡ ᠪᠠ ᠣᠷᠣᠯᠭ᠎ᠠ ᠪᠠᠭᠠᠲᠠᠶ ᠬᠥᠮᠦᠨ ᠠᠮᠠ ᠶᠢ ᠬᠠᠪᠰᠤᠷᠤᠨ ᠲᠡᠳᠬᠦᠬᠦ ᠬᠤᠶᠠᠷ ᠵᠦᠢᠯ ᠤᠨ ᠵᠣᠯᠭᠠᠯᠴᠠᠭ᠎ᠠ ᠶᠢ ᠠᠬᠢᠭᠤᠯᠵᠤ᠂ ᠬᠠᠮᠤᠷᠬᠤ ᠬᠡᠪᠴᠢᠶ᠎ᠡ ᠶᠢ ᠨᠠᠩ ᠥᠷᠭᠡᠨ᠂ ᠬᠠᠨᠳᠤᠯᠭᠠᠲᠤ ᠴᠢᠨᠠᠷ ᠢ ᠨᠠᠩ ᠴᠢᠩᠭ᠎ᠠ ᠪᠣᠯᠭᠠᠨ᠎ᠠ᠃ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠡᠵᠡᠩᠨᠡᠯᠲᠡ ᠬᠠᠮᠢᠶᠠᠷᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠬᠠᠮᠲᠤ ᠶᠢᠨ ︽ᠭᠤᠷᠪᠠᠨ ᠡᠳ᠋ ᠬᠥᠷᠥᠩᠭᠡ︾ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠬᠠᠮᠢᠶᠠᠷᠤᠭᠴᠢ ᠶᠢ ᠰᠢᠯᠢᠳᠡᠭ ᠢ ᠨᠢ ᠰᠣᠩᠭᠤᠨ ᠴᠢᠩᠭ᠎ᠠ ᠲᠣᠬᠢᠷᠠᠭᠤᠯᠵᠤ᠂ ᠲᠣᠰᠬᠤᠨ ᠤ ᠬᠠᠮᠲᠤ ᠶᠢᠨ ︽ᠡᠳ᠋ ᠬᠥᠷᠥᠩᠭᠡ︾ ᠶᠢ ᠪᠠᠲᠤ ᠰᠠᠬᠢᠬᠤ ᠬᠡᠷᠡᠭᠲᠡᠶ᠃      ︵ᠭᠤᠷᠪᠠ︶ ᠬᠠᠩᠭᠠᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠨᠢᠭᠡᠳᠦᠯᠲᠡᠶ ᠲᠥᠯᠥᠪᠯᠡᠨ᠂ ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠲᠦᠷᠭᠡᠳᠬᠡᠨ᠎ᠡ᠃      ᠬᠡᠷᠡᠭᠯᠡᠭᠡᠨ ᠤ ︽ᠰᠢᠨ᠎ᠡ ᠪᠠᠶᠢᠳᠠᠯ︾ ᠢ ᠡᠭᠦᠳᠬᠦ ᠬᠡᠷᠡᠭᠲᠡᠢ᠃ ᠣᠯᠠᠨ ᠵᠦᠢᠯ ᠤᠨ ᠠᠷᠭ᠎ᠠ ᠵᠠᠮ ᠢᠶᠠᠷ ᠣᠷᠣᠯᠭ᠎ᠠ ᠪᠠᠨ ᠨᠡᠮᠡᠭᠳᠡᠭᠦᠯᠵᠦ᠂ ︽ᠬᠤᠶᠠᠷ ᠢ ᠴᠢᠬᠤᠯᠠᠴᠢᠯᠠᠬᠤ︾ ︽ᠬᠤᠶᠠᠷ ᠰᠢᠨ᠎ᠡ︾ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠨᠠᠩ ᠣᠯᠠᠨ ᠬᠥᠮᠦᠨ ᠢ ᠬᠡᠷᠡᠭᠯᠡᠵᠦ ᠴᠢᠳᠠᠬᠤ᠂ ᠵᠣᠷᠢᠭᠲᠠᠶ ᠪᠠᠷ ᠬᠡᠷᠡᠭᠯᠡᠬᠦ᠂ ᠬᠡᠷᠡᠭᠯᠡᠭᠡ ᠬᠢᠬᠦ ᠳᠤᠷᠠᠲᠠᠶ ᠪᠣᠯᠭᠠᠨ᠎ᠠ᠃ ᠠᠩᠬᠠᠳᠠᠭᠴᠢ ᠳᠡᠯᠭᠡᠭᠦᠷ ᠢ ᠠᠩᠬ᠎ᠠ ᠲᠠᠷᠬᠠᠭᠠᠬᠤ᠂ ᠨᠤᠲᠤᠭ ᠤᠨ ᠤᠯᠤᠰ ᠤᠨ ᠤᠷᠤᠰᠬᠠᠯ᠂ ᠤᠷᠮ᠎ᠠ ᠶᠢᠨ ᠬᠡᠷᠡᠭᠯᠡᠭᠡ᠂ ᠬᠢᠯᠢ ᠠᠯᠤᠰᠯᠠᠨ ᠬᠤᠯᠢᠯᠳᠤᠭᠤᠯᠬᠤ ᠵᠡᠷᠭᠡ ᠰᠢᠨ᠎ᠡ ᠵᠠᠭᠪᠤᠷ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠳᠡᠮᠵᠢᠵᠦ᠂ ᠶᠠᠰᠤ ᠴᠢᠨᠠᠷ ᠢ ᠳᠡᠭᠡᠭᠰᠢᠯᠡᠭᠦᠯᠬᠦ ᠪᠠᠷ ᠬᠡᠷᠡᠭᠯᠡᠭᠡ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠳᠡᠮᠵᠢᠨ᠎ᠡ᠃ ︽ᠱᠠᠮᠪᠠ ᠶᠢᠨ ᠦᠨᠦᠷ ᠠᠮᠲᠠ︾ ᠠᠮᠲᠠᠲᠤ ᠢᠳᠡᠭᠡᠨ ᠤ ᠵᠡᠭᠡᠯᠢ ᠸᠠᠩ ᠵᠦᠩ ᠱᠠᠨ ᠡᠮᠦᠨ᠎ᠡ ᠵᠠᠮ ᠤᠨ ᠶᠠᠪᠠᠭᠠᠨ ᠵᠡᠭᠡᠯᠢ ᠬᠢᠵᠦ ᠬᠠᠭᠠᠰ ᠬᠤᠲᠠ ᠶᠢᠨ ᠭᠠᠯ ᠤᠨ ᠠᠶᠤᠯ ᠢ ᠠᠷᠢᠯ ᠭᠠᠶ᠎ᠠ᠃      ᠠᠷᠠᠯᠵᠢᠶ᠎ᠠ ᠬᠤᠳᠠᠯᠳᠤᠭᠠᠨ ᠤ ︽ᠰᠢᠨ᠎ᠡ ᠬᠥᠳᠡᠯᠭᠡᠬᠦ ᠡᠨᠧᠷᠭᠢ︾ ᠶᠢ ᠪᠤᠶᠢᠵᠢᠭᠤᠯᠤᠨ᠎ᠠ᠃ ᠬᠥᠮᠥᠷᠭᠡᠯᠡᠨ ᠬᠠᠳᠠᠭᠠᠯᠠᠬᠤ᠂ ᠪᠣᠭᠤᠳᠠᠯᠯᠠᠬᠤ᠂ ᠡᠳ᠋ᠰᠢᠭᠦᠯᠬᠦ᠂ ᠪᠠᠷᠠᠭᠠᠨ ᠤ ᠭᠦᠢᠯᠭᠡᠭᠡ ᠵᠡᠷᠭᠡ ᠶᠢ ᠤᠷᠲᠤᠳᠬᠠᠬᠤ ᠠᠵᠤ ᠦᠢᠯᠡᠰ ᠢ ᠬᠥᠭᠵᠢᠭᠦᠯᠵᠦ᠂ ᠬᠠᠮᠲᠤᠪᠠᠷ ᠳᠣᠭᠢᠷᠠᠭᠤᠯᠤᠨ ᠬᠦᠷᠭᠡᠬᠦ᠂ ᠰᠠᠩ ᠬᠥᠮᠥᠷᠭᠡ ᠶᠢ ᠨᠢᠭᠡ ᠴᠤᠭᠴᠠᠵᠢᠭᠤᠯᠬᠤ ᠵᠡᠷᠭᠡ ᠡᠷᠴᠢᠮᠵᠢᠭᠦᠯᠦᠭᠰᠡᠨ ᠵᠠᠭᠪᠤᠷ ᠤᠨ ᠰᠢᠨ᠎ᠡ ᠶᠢ ᠡᠭᠦᠳᠴᠦ᠂ ᠱᠠᠮᠪᠠ ᠪᠠᠷ ᠭᠤᠤᠯ ᠪᠣᠯᠭᠠᠭᠰᠠᠨ᠂ ᠪᠠᠯᠭᠠᠰᠤ ᠲᠠᠯᠠᠪᠠᠶ ᠪᠠᠷ ᠭᠤᠤᠯᠳᠠᠯᠭ᠎ᠠ ᠪᠣᠯᠭᠠᠭᠰᠠᠨ᠂ ᠲᠣᠰᠬᠤᠨ ᠳᠤᠭᠤᠶᠢᠯᠠᠩ ᠢᠶᠠᠷ ᠰᠠᠭᠤᠷᠢ ᠪᠣᠯᠭᠠᠭᠰᠠᠨ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠥᠷᠨᠢᠭᠦᠯᠵᠦ᠂ ᠠᠵᠤ ᠦᠢᠯᠡᠰ ᠤᠨ ᠰᠢᠯᠵᠢᠯᠲᠡ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠨᠡᠭᠡᠭᠡᠯᠲᠡ ᠶᠢᠨ ᠵᠠᠮ ᠢᠶᠠᠷ ᠵᠠᠮᠨᠠᠵᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠳᠡᠬᠦ ᠶᠢ ᠠᠬᠢᠭᠤᠯᠤᠨ᠎ᠠ᠃      ᠰᠣᠶᠣᠯ ᠤᠨ ︽ᠰᠢᠨ᠎ᠡ ᠨᠡᠷ᠎ᠡ ᠶᠢᠨ ᠬᠠᠭᠤᠳᠠᠰᠤ︾ ᠶᠢ ᠡᠭᠦᠳᠦᠨ᠎ᠡ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠪᠠᠷ ᠬᠥᠲᠥᠯᠦᠮᠵᠢ ᠪᠣᠯᠭᠠᠵᠤ᠂ ᠰᠣᠶᠣᠯ ᠤᠨ ᠠᠵᠤ ᠦᠢᠯᠡᠰ ᠢ ᠬᠥᠭᠵᠢᠭᠦᠯᠵᠦ᠂ ᠮᠠᠨ ᠤ ᠥᠪᠡᠷᠮᠢᠴᠡ ᠣᠨᠴᠠᠯᠢᠭ ᠲᠠᠢ ᠰᠠᠶᠢᠬᠠᠨ ᠦᠵᠡᠮᠵᠢ ᠶᠢᠨ ᠠᠮᠲᠠᠲᠤ ᠢᠳᠡᠭᠡᠨ᠂ ᠵᠠᠩ ᠵᠠᠩᠰᠢᠯ ᠠᠷᠠᠳ ᠤᠨ ᠪᠠᠶᠢᠳᠠᠯ᠂ ᠲᠡᠤᠬᠡ ᠰᠣᠶᠣᠯ ᠤᠨ ᠰᠤᠳᠠᠰᠤ ᠶᠢ ᠨᠢᠭᠡ ᠴᠣᠭᠴᠠ ᠪᠣᠯᠭᠠᠵᠤ᠂ ᠪᠣᠷᠣᠲᠣᠬᠤᠢ ᠶᠢᠨ ᠰᠣᠶᠣᠯ ᠢᠶᠠᠷ ᠭᠤᠤᠯ ᠰᠡᠳᠦᠪ ᠪᠣᠯᠭᠠᠭᠰᠠᠨ ᠨᠢᠭᠡ ᠪᠦᠯᠦᠭ ᠤᠳᠬ᠎ᠠ ᠤᠷᠠᠯᠢᠭ ᠤᠨ ᠪᠦᠲᠦᠭᠡᠯ᠂ ᠦᠵᠡᠰᠬᠦᠯᠡᠩ ᠤᠨ ᠦᠵᠡᠰᠬᠦᠯᠡᠩ ᠤᠨ ᠴᠤᠭᠯᠠᠭᠠᠨ᠂ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠲᠥᠰᠦᠪᠯᠡᠨ ᠭᠠᠷᠭᠠᠵᠤ᠂ ᠬᠠᠩᠭᠢᠨ ᠬᠤᠶᠢᠲᠤ ᠬᠤᠰᠢᠭᠤᠨ ᠤ ᠥᠯᠢᠭᠡᠷ ᠢ ᠠᠮᠢᠳᠤᠯᠢᠭ ᠰᠠᠶᠢᠬᠠᠨ ᠶᠠᠷᠢᠵᠤ ᠥᠭᠪᠡ᠃      ︵ᠲᠦᠷᠪᠡ︶ ᠪᠦᠲᠦᠭᠡᠨ ᠪᠠᠶᠢᠭᠤᠯᠬᠤ ᠪᠠ ᠬᠠᠮᠢᠶᠠᠷᠬᠤ ᠶᠢ ᠨᠢᠭᠡ ᠴᠣᠭᠴᠠᠵᠢᠭᠤᠯᠬᠤ ᠶᠢ ᠨᠢᠭᠡᠳᠦᠯᠲᠡᠢ ᠲᠥᠯᠥᠪᠯᠡᠨ᠂ ᠵᠢᠷᠤᠭ ᠮᠡᠲᠦ ᠣᠷᠣᠰᠢᠨ ᠰᠠᠭᠤᠬᠤ ᠳᠤ ᠲᠣᠬᠢᠷᠠᠮᠵᠢᠲᠠᠢ ᠭᠡᠷ ᠣᠷᠣᠨ ᠢ ᠴᠣᠭᠴᠠᠯᠠᠨ ᠪᠠᠶᠢᠭᠤᠯᠤᠨ᠎ᠠ᠃      ︽ᠪᠠᠶᠢᠭᠤᠯᠬᠤ︾ ᠳᠤᠲᠠᠭᠤᠳᠠᠯ ᠢ ᠨᠥᠬᠦᠪᠥᠷᠢᠯᠡᠨ᠎ᠡ᠃ ᠱᠠᠮᠪᠠ ᠬᠤᠲᠠ ᠶᠢᠨ ᠲᠣᠭᠤᠷᠢᠭ ᠤᠨ ᠡᠵᠡᠮᠰᠢᠯ ᠤᠨ ᠴᠢᠨᠠᠷᠲᠠᠶ ᠨᠠᠷᠢᠨ ᠲᠥᠯᠥᠪᠵᠢᠭᠦᠯᠭᠡ᠂ 18 ᠲᠣᠰᠬᠤᠨ ᠤ ᠲᠥᠯᠥᠪᠵᠢᠭᠦᠯᠭᠡ ᠶᠢ ᠪᠡᠶᠡᠯᠡᠭᠦᠯᠦᠨ᠎ᠡ᠃ ᠬᠤᠲᠠ ᠶᠢᠨ ᠪᠡᠶ᠎ᠡ ᠶᠢᠨ ᠪᠠᠶᠢᠴᠠᠭᠠᠯᠲᠠ ᠪᠠ ᠰᠢᠨᠡᠴᠢᠯᠡᠯᠲᠡ ᠶᠢ ᠨᠢᠭᠡ ᠴᠣᠭᠴᠠᠵᠢᠭᠤᠯᠤᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠡᠯ᠎ᠡ ᠵᠦᠢᠯ ᠤᠨ ᠪᠠᠷᠢᠯᠭ᠎ᠠ ᠶᠢ ᠲᠤᠰ ᠵᠢᠯ ᠳᠤᠨᠢ ᠠᠵᠢᠯ ᠡᠬᠢᠯᠡᠭᠦᠯᠵᠦ᠂ ᠲᠤᠰ ᠵᠢᠯ ᠳᠤᠨᠢ ᠠᠵᠢᠯ ᠳᠠᠭᠤᠰᠬᠠᠨ᠎ᠠ᠃ ᠰᠠᠢ ᠱᠠᠩ ᠰᠢᠩ ᠤᠨ ᠪᠦᠷᠢᠨ ᠪᠦᠲᠦᠨ ᠨᠡᠶᠢᠭᠡᠮ ᠲᠣᠭᠤᠷᠢᠭ ᠢ ᠪᠠᠶᠢᠭᠤᠯᠵᠤ᠂ 6 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠰᠢᠤᠳᠠᠨ ᠤ ᠪᠠᠷᠠᠭᠤᠨ ᠵᠡᠭᠡᠯᠢ ᠶᠢ ᠨᠡᠪᠲᠡᠷᠡᠭᠦᠯᠵᠦ᠂ ᠬᠤᠲᠠ ᠶᠢᠨ ᠲᠣᠭᠤᠷᠢᠭ ᠤᠨ ᠬᠤᠭᠤᠯᠠᠶ ᠶᠢᠨ ᠲᠣᠤᠷ ᠢ 26 ᠺᠢᠯᠣᠮᠧᠳ᠋ᠷ ᠳᠡᠰ ᠳᠡᠪᠰᠢᠭᠦᠯᠦᠨ᠎ᠡ᠃ ︽ᠬᠤᠸᠠᠷ ᠬᠠᠳᠭᠤᠮᠠᠯ︾ ᠡᠷᠳᠡᠮ ᠢᠶᠠᠷ ᠬᠤᠲᠠ ᠶᠢᠨ ᠰᠡᠯᠪᠢᠨ ᠵᠠᠰᠠᠬᠤ ᠶᠢ ᠲᠦᠯᠬᠢᠨ ᠠᠬᠢᠭᠤᠯᠤᠶ᠎ᠠ᠃ ᠳᠤᠯᠠᠭᠠᠴᠠᠬᠤ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠢᠯᠴᠢ ᠬᠠᠩᠭᠠᠬᠤ ᠬᠤᠭᠤᠯᠠᠶ ᠶᠢᠨ ᠲᠣᠤᠷ᠂ ᠢᠯᠴᠢ ᠰᠣᠯᠢᠯᠴᠠᠬᠤ ᠥᠷᠲᠡᠭᠡ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠨᠢᠭᠡ ᠴᠣᠭᠴᠠᠵᠢᠭᠤᠯᠤᠨ ᠰᠠᠶᠢᠲᠤᠷ ᠠᠳᠬᠤᠵᠤ᠂ ︽ᠳᠤᠯᠠᠭᠠᠨ ᠳᠤᠯᠠᠭᠠᠨ ᠤ ᠰᠡᠷᠭᠡᠶᠢᠯᠡᠯᠲᠡ ᠶᠢᠨ ᠱᠤᠭᠤᠮ︾ ᠢ ᠦᠨᠡᠨ ᠬᠦ ᠪᠠᠬᠢᠵᠢᠭᠦᠯᠦᠨ᠎ᠡ᠃      ︽ᠬᠠᠮᠢᠶᠠᠷᠬᠤ︾ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠴᠡᠪᠡᠷ︾ ᠪᠠᠶᠢᠬᠤ ᠳᠡᠭᠡᠷ᠎ᠡ ᠬᠦᠴᠦ ᠲᠠᠯᠪᠢᠬᠤ ᠬᠡᠷᠡᠭᠲᠡᠶ᠃ ᠬᠤᠲᠠ ᠬᠥᠳᠡᠭᠡ ᠶᠢᠨ ᠬᠤᠭ ᠨᠣᠪᠰᠢ ᠶᠢ ᠳᠠᠮᠵᠢᠭᠤᠯᠤᠨ ᠲᠡᠭᠡᠭᠡᠪᠦᠷᠢᠯᠡᠬᠦ ᠴᠡᠭ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ︽ᠬᠥᠮᠦᠨ ᠮᠠᠰᠢᠨ ᠤ ᠦᠢᠯᠡᠳᠦᠯ ᠴᠢᠳᠠᠪᠤᠷᠢ︾ ᠶᠢ ᠳᠡᠭᠡᠭᠰᠢᠯᠡᠭᠦᠯᠦᠨ᠂ ᠰᠠᠭᠤᠭᠠᠯᠢ ᠠᠷᠠᠳ ᠢ ᠭᠠᠷ ᠲᠤ ᠪᠠᠷᠢᠭᠳᠠᠬᠤ᠂ ᠰᠠᠨᠠᠭ᠎ᠠ ᠠᠮᠤᠷ ᠰᠠᠭᠤᠵᠤ ᠪᠣᠯᠬᠤ ᠬᠤᠲᠠ ᠶᠢᠨ ᠣᠯᠠᠨ ᠨᠡᠶᠢᠲᠡ ᠶᠢᠨ ᠣᠷᠣᠨ ᠵᠠᠶ ᠶᠢ ᠪᠣᠶ ᠪᠣᠯᠭᠠᠨ᠎ᠠ᠃ ︽ᠵᠠᠰᠠᠬᠤ︾ ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠩᠨᠡᠭᠡᠨ ᠤ ︽ᠭᠤᠷᠪᠠ ᠶᠢ ᠬᠤᠪᠢᠷᠠᠭᠤᠯᠬᠤ ᠭᠤᠷᠪᠠ ᠶᠢ ᠥᠭᠡᠷᠡᠴᠢᠯᠡᠬᠦ ᠭᠤᠷᠪᠠ ᠶᠢ ᠳᠡᠭᠡᠭᠱᠢᠯᠡᠭᠦᠯᠬᠦ︾ ᠶᠢ ᠴᠡᠭᠴᠡᠯᠡᠨ ᠵᠠᠰᠠᠬᠤ ᠠᠵᠢᠯᠯᠠᠭ᠎ᠠ ᠶᠢ ᠲᠦᠯᠬᠢᠨ ᠠᠬᠢᠭᠤᠯᠤᠨ᠎ᠠ᠃      ︵ᠲᠠᠪᠤ︶ ᠨᠢᠭᠡᠳᠦᠯᠲᠡᠢ ᠲᠥᠯᠥᠪᠵᠢᠭᠦᠯᠦᠨ ᠬᠠᠮᠠᠭᠠᠯᠠᠨ ᠠᠰᠢᠭᠯᠠᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ᠃      ᠣᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠠᠲᠤᠨ ᠭᠤᠣᠯ ᠤᠨ ︽ᠬᠡᠳᠦᠨ ᠦᠰᠦᠭ︾ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠤᠯᠠᠭᠠᠨᠪᠤᠬ᠎ᠠ ᠶᠢᠨ ᠡᠯᠡᠰᠦ ᠶᠢ ᠶᠡᠷᠦᠩᠬᠡᠶᠢᠯᠡᠨ ᠵᠠᠰᠠᠬᠤ ᠵᠢᠱᠢᠶ᠎ᠡ ᠦᠵᠡᠭᠦᠯᠬᠦ ᠣᠷᠣᠨ ᠢ ᠳᠡᠰ ᠳᠡᠪᠰᠢᠭᠦᠯᠵᠦ᠂ ᠪᠦᠬᠦ ᠤᠯᠤᠰ ᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠲᠤᠬᠠᠢ ᠶᠢᠨ ᠲᠠᠯᠠᠪᠠᠢ ᠶᠢᠨ ᠬᠤᠷᠠᠯ ᠤᠨ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ ᠣᠢ ᠰᠢᠭᠤᠶ ᠡᠪᠡᠰᠦ ᠪᠡᠯᠴᠢᠭᠡᠷ ᠨᠤᠭᠤ ᠭᠠᠵᠠᠷ ᠢ ᠨᠢᠭᠡ ᠴᠣᠭᠴᠠᠵᠢᠭᠤᠯᠤᠨ ᠬᠠᠮᠠᠭᠠᠯᠠᠨ ᠰᠡᠷᠭᠦᠭᠡᠬᠦ ᠲᠥᠷᠥᠯ ᠵᠦᠢᠯ ᠢ ᠬᠡᠷᠡᠭᠵᠢᠭᠦᠯᠦᠨ᠎ᠡ      ᠣᠶ ᠰᠢᠭᠤᠶ ᠵᠢᠮᠢᠰ ᠤᠨ ᠠᠵᠤ ᠦᠶ᠋ᠯᠡᠰ ᠤᠨ ᠬᠥᠭᠵᠢᠯᠲᠡ ᠶᠢ ᠲᠦᠷᠭᠡᠳᠬᠡᠨ᠎ᠡ᠃ ᠱᠠ ᠬᠠᠢ᠂ ᠳᠧᠦ ᠳ᠋ᠤᠤ ᠴᠢᠶᠣᠤ ᠵᠠᠮ ᠤᠨ ᠡᠷᠲᠡ ᠬᠡᠦᠷᠡᠭ ᠠᠯᠢᠮ᠎ᠠ ᠶᠢᠨ ᠴᠢᠨᠠᠷ ᠰᠠᠶᠢᠲᠠᠢ᠂ ᠭᠦᠢᠯᠭᠡᠭᠡ ᠶᠢ ᠰᠢᠯᠤᠭᠤᠳᠬᠠᠵᠤ᠂ ᠵᠠᠬ᠎ᠠ ᠳᠡᠯᠭᠡᠭᠦᠷ ᠢ ᠥᠷᠭᠡᠳᠬᠡᠵᠦ᠂ ᠱᠠᠮᠪᠠ ᠶᠢᠨ ᠡᠷᠬᠢᠨ ᠲᠣᠭᠤᠷᠢᠨ ᠤ ᠲᠠᠬᠢᠶᠠᠨ ᠵᠢᠷᠦᠬᠡᠨ ᠵᠢᠮᠢᠰ ᠤᠨ ᠬᠡᠪᠴᠢᠶ᠎ᠡ ᠶᠢ ᠥᠷᠭᠡᠳᠬᠡᠬᠦ᠂ ᠲᠦᠷᠦᠯ ᠲᠡᠮᠳᠡᠭ ᠢ ᠱᠤᠭᠤᠬᠤ᠂ ᠦᠷ᠎ᠡ ᠠᠰᠢᠭ ᠢ ᠨᠡᠮᠡᠭᠳᠡᠭᠦᠯᠬᠦ ᠶᠢ ᠰᠠᠶᠢᠲᠤᠷ ᠠᠳᠬᠤᠵᠤ᠂ ᠱᠠ ᠬᠠᠢ ᠶᠢᠨ ᠠᠵᠤ ᠠᠬᠤᠢ ᠶᠢᠨ ᠤᠢ ᠲᠠᠷᠢᠶᠠᠯᠠᠩ ᠤᠨ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠵᠡᠷᠭᠡ ᠨᠢᠭᠡ ᠪᠦᠯᠦᠭ ᠤᠨᠴᠠᠯᠢᠬᠳᠤ ᠤᠢ ᠵᠢᠮᠢᠰ ᠤᠨ ᠠᠵᠤ ᠦᠢᠯᠡᠰ ᠤᠨ ᠬᠦᠷᠢᠶᠡᠯᠡᠩ ᠢ ᠦᠷᠭᠦᠯᠵᠢᠯᠡᠨ ᠪᠠᠶᠢᠭᠤᠯᠤᠨ᠎ᠠ᠃      ᠪᠣᠬᠢᠷᠳᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠬᠡᠷᠡᠭᠲᠡᠢ᠃ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠤᠰᠬᠠᠶ ᠠᠵᠢᠯᠯᠠᠭ᠎ᠠ ᠶᠢ ᠠᠬᠢᠭᠤᠯᠵᠤ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠪᠣᠬᠢᠷᠲᠤᠯ ᠭᠡᠳᠦ ᠪᠠᠭ᠎ᠠ ᠭᠠᠳᠠᠭᠰᠢᠯᠠᠭᠤᠯᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠠᠭᠠᠷ ᠮᠠᠨᠳᠠᠯ ᠤᠨ ᠶᠠᠰᠤ ᠴᠢᠨᠠᠷ ᠢ ᠬᠤᠶᠠᠳᠤᠭᠠᠷ ᠲᠡᠰ ᠤᠨ ᠪᠠᠷᠢᠮᠵᠢᠶ᠎ᠠ ᠳᠤ ᠬᠦᠷᠭᠡᠬᠦ ᠶᠢ ᠦᠨᠡᠨ ᠬᠦ ᠪᠠᠲᠤᠯᠠᠨ᠎ᠠ᠃      ︵ᠵᠢᠷᠭᠤᠭ᠎ᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠨᠢᠭᠡᠳᠦᠯᠲᠡᠢ ᠲᠥᠯᠥᠪᠵᠢᠭᠦᠯᠵᠦ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠪᠦᠲᠦᠮᠵᠢᠲᠡᠢ ᠬᠥᠭᠵᠢᠭᠡᠬᠦ ᠬᠡᠷᠡᠭᠲᠡᠢ᠃      ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠠᠬᠢᠭᠤᠯᠤᠨ᠎ᠠ᠃ ᠵᠠᠬ᠎ᠠ ᠳᠡᠯᠭᠡᠭᠦᠷ ᠤᠨ ᠰᠢᠰᠲ᠋ᠧᠮ ᠤᠨ ᠥᠭᠡᠷᠡᠴᠢᠯᠡᠯᠲᠡ ᠶᠢ ᠰᠠᠶᠢᠲᠤᠷ ᠠᠳᠬᠤᠨ᠎ᠠ ᠃ ᠤᠯᠤᠰ ᠤᠨ ᠥᠮᠴᠢᠯᠡᠯ ᠤᠨ 4 ᠺᠣᠮᠫᠠᠨᠢ ᠶᠢ ᠴᠥᠮ ᠲᠥᠰᠥᠪ ᠤᠨ ᠬᠠᠮᠢᠶᠠᠷᠤᠯᠲᠠ ᠳᠤ ᠣᠷᠣᠭᠤᠯᠵᠤ᠂ ᠥᠪᠡᠷ ᠢ ᠪᠠᠨ ᠲᠡᠵᠢᠭᠡᠬᠦ ᠰᠠᠭᠤᠷᠢᠨ ᠳᠡᠭᠡᠷ᠎ᠡ ᠠᠰᠢᠭ ᠬᠤᠨᠵᠢᠪᠣᠷᠢ ᠶᠢ ᠪᠦᠬᠦᠨ ᠢ ᠪᠡᠶᠡᠯᠡᠭᠦᠯᠦᠨ᠎ᠡ᠃ ᠡᠳ᠋ ᠤᠨ ᠵᠠᠰᠠᠭ᠂ ᠦᠨ᠎ᠡ ᠬᠠᠩᠰᠢ᠂ ᠠᠵᠤ ᠦᠢᠯᠡᠰ᠂ ᠭᠦᠢᠯᠭᠡᠭᠡ᠂ ᠪᠡᠯᠡ ᠣᠷᠣᠭᠤᠯᠤᠯᠲᠠ᠂ ᠬᠡᠷᠡᠭᠯᠡᠭᠡ ᠵᠡᠷᠭᠡ ᠥᠭᠡᠷᠡᠴᠢᠯᠡᠯᠲᠡᠡ ᠶᠢ ᠠᠯᠢ ᠣᠯᠠᠨ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ ᠢ ᠨᠡᠩ ᠪᠦᠲᠦᠮᠵᠢᠲᠡᠢ᠂ ᠵᠠᠰᠠᠭ ᠤᠨ ᠣᠷᠳᠣᠨ ᠢ ᠨᠡᠩ ᠪᠦᠲᠦᠮᠵᠢᠲᠡᠢ ᠪᠣᠯᠭᠠᠨ᠎ᠠ᠃ ︽ᠲᠠᠪᠤᠨ ᠶᠡᠭᠡ ᠡᠭᠦᠷᠭᠡ︾ ᠶᠢᠨ ᠥᠭᠡᠷᠡᠴᠢᠯᠡᠯᠲᠡ ᠶᠢ ᠪᠣᠳᠠᠲᠠᠢ ᠠᠳᠬᠤᠨ᠎ᠠ᠃ ᠬᠠᠮᠲᠤ ᠶᠢᠨ ᠣᠶ ᠰᠢᠭᠤᠶ ᠶᠢᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠠᠮᠢ ᠠᠬᠤᠶ ᠶᠢᠨ ᠦᠷ᠎ᠡ ᠪᠦᠲᠦᠭᠡᠯ ᠢ ᠤᠷᠲᠤ ᠬᠤᠭᠤᠴᠠᠭ᠎ᠠ ᠪᠠᠷ ᠪᠦᠲᠦᠮᠵᠢᠲᠡᠶ ᠬᠠᠮᠢᠶᠠᠷᠤᠨ ᠬᠠᠮᠠᠭᠠᠯᠠᠬᠤ᠂ ᠣᠶ ᠰᠢᠭᠤᠶ ᠡᠪᠡᠰᠦ ᠪᠡᠯᠴᠢᠭᠡᠷ ᠨᠤᠭᠤ ᠭᠠᠵᠠᠷ ᠠᠲᠠᠷ ᠢ ᠬᠠᠮᠠᠭᠠᠯᠠᠵᠤ ᠬᠢᠨᠠᠨ ᠬᠠᠮᠢᠶᠠᠷᠬᠤ᠂ ᠠᠮᠢ ᠠᠬᠤᠶ ᠶᠢᠨ ᠪᠦᠲᠦᠭᠡᠭᠳᠡᠬᠦᠨ ᠤ ᠥᠷᠲᠡᠭ ᠢ ᠪᠡᠶᠡᠯᠡᠭᠦᠯᠬᠦ ᠵᠡᠷᠭᠡ ᠲᠣᠭᠲᠠᠴᠠ ᠶᠢ ᠪᠦᠷᠢᠨᠰᠢᠭᠦᠯᠬᠦ ᠬᠡᠷᠡᠭᠲᠡᠶ᠃      ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠬᠥᠭᠵᠢᠭᠡᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ ᠢᠨᠵᠧᠨᠧᠷᠢᠩ ᠢ ᠭᠦᠨᠵᠡᠭᠡᠶ ᠥᠷᠨᠢᠭᠦᠯᠵᠦ᠂ ᠠᠵᠤ ᠠᠬᠤᠶᠢᠯᠠᠯ ᠢ ᠬᠠᠪᠰᠤᠷᠤᠨ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ 5 ᠬᠡᠷᠡᠭᠵᠢᠭᠦᠯᠬᠦ ᠪᠠᠷ ᠴᠢᠷᠮᠠᠶᠢᠵᠤ᠂ ᠠᠮᠢᠳᠤ ᠪᠣᠳᠠᠰ ᠦᠶ᠋ᠯᠡᠳᠬᠦ᠂ ᠲᠠᠷᠢᠶᠠᠯᠠᠩ ᠤᠨ ᠮᠠᠰᠢᠨ ᠲᠣᠨᠣᠭᠯᠠᠯ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ 18 ᠠᠵᠤ ᠠᠬᠤᠶᠢᠯᠠᠯ ᠢ ᠪᠤᠶᠢᠵᠢᠭᠤᠯᠤᠨ᠎ᠠ᠃ ︽ᠲᠠᠷᠢᠶᠠᠨ ᠦᠷ᠎ᠡ ᠰᠣᠩᠭᠤᠬᠤ︾ ᠲᠠᠪᠴᠠᠩ 3᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠣᠬᠢᠷᠲᠤᠯ ᠥᠬᠡᠶ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ 15 ᠶᠢ ᠪᠠᠶᠢᠭᠤᠯᠪᠠ᠃ ᠲᠠᠷᠢᠶᠠᠯᠠᠩ ᠤᠨ ᠮᠠᠰᠢᠨ ᠢ ᠤᠶᠤᠨᠴᠢᠯᠠᠨ ᠦᠶ᠋ᠯᠡᠳᠬᠦ᠂ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠵᠠᠩᠭᠢᠯᠠᠭ᠎ᠠ ᠶᠢᠨ ᠮᠡᠷᠭᠡᠵᠢᠯ ᠤᠨ 8 ᠵᠦᠢᠯ ᠤᠨ ᠪᠣᠭᠤᠮᠲᠠ ᠰᠢᠪᠲᠤᠯᠬᠤ ᠶᠢ ᠥᠷᠨᠢᠭᠦᠯᠦᠨ᠎ᠡ᠃      ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠢ ᠪᠣᠯᠭᠠᠨ᠎ᠠ᠃ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠬᠡᠬᠦ︾ ᠥᠭᠡᠷᠡᠴᠢᠯᠡᠯᠲᠡ ᠶᠢ ᠪᠠᠶᠢᠩᠭᠤᠵᠢᠭᠤᠯᠤᠨ ᠠᠬᠢᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠦᠷᠢᠮ ᠢ ᠲᠡᠭᠦᠯᠳᠡᠷᠵᠢᠭᠦᠯᠦᠨ ᠲᠡᠭᠦᠯᠳᠡᠷᠵᠢᠭᠦᠯᠵᠦ᠂ ᠬᠠᠩᠭᠢᠨ ᠬᠤᠶᠢᠲᠤ ᠬᠤᠰᠢᠭᠤᠨ ᠤ ᠬᠥᠮᠦᠰ ᠤᠨ ᠦᠨᠡᠨᠴᠢ ᠢᠲᠡᠭᠡᠮᠵᠢ ᠶᠢ ᠡᠷᠬᠢᠮᠯᠡᠬᠦ᠂ ᠢᠲᠡᠭᠡᠮᠵᠢ ᠲᠠᠢ ᠪᠠᠶᠢᠬᠤ ᠪᠠᠷ ᠬᠡᠷᠡᠭᠯᠡᠬᠦ ᠵᠥᠪ ᠲᠠᠯ᠎ᠠ ᠶᠢᠨ ᠲᠦᠷᠢ ᠲᠥᠷᠬᠦ ᠶᠢ ᠪᠠᠲᠤ ᠪᠠᠬᠢ ᠪᠤᠢ ᠪᠣᠯᠭᠠᠨ᠎ᠠ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠥᠷᠨᠢᠭᠦᠯᠵᠦ᠂ ︽ᠠᠵᠤ ᠠᠬᠤᠶᠢᠯᠠᠯ ᠢ ᠰᠤᠷᠪᠤᠯᠵᠢᠯᠠᠨ ᠬᠡᠷᠡᠭᠴᠡᠭᠡ ᠱᠠᠭᠠᠷᠳᠠᠯᠭ᠎ᠠ ᠶᠢ ᠠᠰᠠᠭᠤᠵᠤ᠂ ᠠᠵᠤ ᠠᠬᠤᠶᠢᠯᠠᠯ ᠢ ᠳᠤᠯᠠᠭᠠᠯᠠᠨ ᠠᠶᠠᠯᠠᠯ ᠢ ᠬᠠᠮᠠᠭᠠᠯᠠᠬᠤ︾ ᠶᠢ ᠰᠠᠶᠢᠲᠤᠷ ᠠᠳᠬᠤᠵᠤ᠂ ᠠᠵᠤ ᠠᠬᠤᠶᠢᠯᠠᠯ ᠤᠨ ᠠᠰᠠᠭᠤᠳᠠᠯ ᠢ ᠬᠡᠵᠢᠶ᠎ᠡ ᠠᠰᠠᠭᠤᠯᠳᠠ ᠶᠢ ᠬᠠᠷᠢᠭᠤᠯᠵᠤ᠂ ᠠᠵᠤ ᠠᠬᠤᠶᠢᠯᠠᠯ ᠤᠨ ᠤᠴᠢᠷ ᠶᠠᠪᠤᠳᠠᠯ ᠢ ᠴᠠᠭ ᠲᠤᠬᠠᠶ ᠳᠤᠨᠢ ᠳᠤᠷᠠᠳᠴᠤ᠂ ᠠᠵᠤ ᠠᠬᠤᠶᠢᠯᠠᠯ ᠤᠨ ᠬᠦᠴᠢᠷ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠠᠯᠪᠠᠨ ᠬᠡᠷ ᠲᠤ ᠲᠥᠷᠥ ᠶᠢᠨ ᠪᠣᠳᠣᠯᠭ᠎ᠠ ᠶᠢ ᠰᠤᠳᠤᠯᠵᠤ᠂ ᠬᠤᠷᠠᠯ ᠬᠢᠵᠦ ᠪᠣᠯᠬᠤ ᠥᠬᠡᠶ᠂ ᠪᠡᠶ᠎ᠡ ᠪᠠᠷ ᠢᠶᠠᠨ ᠨᠢᠭᠡᠳᠦᠭᠡᠷ ᠹᠷᠣᠨᠲ ᠲᠤ ᠬᠦᠷᠴᠦ᠂ ᠲᠤᠬᠠᠶ ᠶᠢᠨ ᠲᠠᠯᠠᠪᠠᠶ ᠳᠤ ᠠᠯᠪᠠᠯᠠᠨ᠂ ᠴᠠᠭ ᠬᠢᠵᠠᠭᠠᠷᠯᠠᠨ ᠰᠢᠢᠳᠪᠦᠷᠢᠯᠡᠬᠦ ᠬᠡᠷᠡᠭᠲᠡᠶ᠃      ︵ᠳᠤᠯᠤᠭ᠎ᠠ︶ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠨᠢᠭᠡᠳᠦᠯᠲᠡᠶ ᠲᠥᠯᠥᠪᠵᠢᠭᠦᠯᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠦᠨ᠎ᠡ      ᠪᠠᠲᠤᠯᠠᠭ᠎ᠠ ᠶᠢᠨ ᠰᠦᠯᠵᠢᠶ᠎ᠡ ᠶᠢ ᠨᠢᠭᠲᠠ ᠰᠦᠯᠵᠢᠬᠦ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠠᠵᠢᠯ ᠣᠯᠭᠤᠬᠤ ᠠᠵᠢᠯ ᠤᠨ ᠪᠠᠶᠢᠷᠢ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠵᠦ᠂ ᠭᠤᠤᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠨᠠᠷᠢᠯᠢᠭ ᠣᠨᠣᠴᠠᠲᠠᠶ ᠪᠠᠷ ᠰᠠᠶᠢᠲᠤᠷ ᠠᠳᠬᠤᠨ᠎ᠠ᠃ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠳᠤ ᠬᠦᠴᠢᠷ᠂ ᠣᠯᠠᠨ ᠲᠦᠮᠡᠨ ᠤ ᠠᠵᠢᠯ ᠣᠯᠬᠤ ᠳᠤ ᠬᠦᠴᠢᠷ ︽ᠬᠤᠶᠠᠷ ᠪᠡᠷᠬᠡ︾ ᠠᠰᠠᠭᠤᠳᠠᠯ ᠳᠤ ᠴᠢᠭᠯᠡᠭᠦᠯᠦᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠵᠡᠷᠭᠡ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠪᠠᠶᠢᠭᠤᠯᠤᠮᠵᠢ ᠨᠤᠭᠤᠳ ᠰᠠᠨᠠᠭᠠᠴᠢᠯᠠᠭ᠎ᠠ ᠠᠴᠠ ᠪᠠᠨ ᠭᠡᠷ ᠲᠤᠨᠢ ᠬᠦᠷᠴᠦ᠂ ᠲᠤᠰᠬᠠᠶ ᠴᠢᠳᠠᠪᠤᠷᠢᠲᠠᠨ ᠢ ᠬᠠᠨᠳᠤᠯᠭᠠᠲᠤ ᠴᠢᠨᠠᠷᠲᠠᠶ ᠪᠠᠷ ᠬᠥᠮᠦᠵᠢᠭᠦᠯᠵᠦ᠂ ᠠᠵᠢᠯ ᠣᠯᠭᠤᠯᠲᠠ ᠶᠢᠨ ᠪᠦᠲᠦᠴᠡ ᠶᠢᠨ ᠴᠢᠨᠠᠷᠲᠠᠶ ᠵᠥᠷᠢᠴᠡᠯ ᠢ ᠦᠨᠡᠨ ᠬᠦ ᠰᠢᠢᠳᠪᠦᠷᠢᠯᠡᠬᠦ ᠬᠡᠷᠡᠭᠲᠡᠶ᠃      ᠡᠷᠡᠭᠦᠯ ᠡᠩᠬᠡ ᠬᠠᠩᠭᠢᠨ ᠬᠤᠶᠢᠲᠤ ᠬᠤᠰᠢᠭᠤ ᠶᠢ ᠪᠥᠲᠥᠭᠡᠨ ᠪᠠᠶᠢᠭᠤᠯᠤᠨ᠎ᠠ᠃ ᠡᠮᠴᠢᠯᠡᠭᠡ ᠢ ᠡᠷᠬᠡᠪᠰᠢ ᠤᠷᠢᠳ ᠢᠶᠠᠷ ᠬᠥᠭᠵᠢᠭᠦᠯᠬᠦ ᠬᠡᠷᠡᠭᠲᠡᠢ᠃ ᠬᠤᠰᠢᠭᠤᠨ ᠤ ᠡᠮᠨᠡᠯᠭᠡ ᠶᠢᠨ ᠬᠤᠷᠢᠶᠠᠨ ᠤ ᠨᠡᠭᠦᠬᠦ ᠠᠵᠢᠯ ᠢ ᠪᠦᠬᠦ ᠲᠠᠯ᠎ᠠ ᠪᠠᠷ ᠲᠠᠭᠤᠰᠬᠠᠪᠠ᠃      ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠦᠮᠦᠵᠢᠯ ᠢ ᠰᠠᠶᠢᠲᠤᠷ ᠡᠷᠬᠢᠯᠡᠨ᠎ᠡ᠃ ᠰᠤᠷᠭᠠᠨ ᠬᠦᠮᠦᠵᠢᠯ ᠢ ᠡᠷᠬᠡᠪᠰᠢ ᠤᠷᠢᠳᠠᠪᠠᠷ ᠬᠦᠭᠵᠢᠭᠦᠯᠬᠦ ᠬᠡᠷᠡᠭᠲᠡᠢ᠃ ᠰᠤᠷᠭᠠᠭᠤᠯᠢ ᠶᠢᠨ ᠳᠠᠷᠤᠭ᠎ᠠ ᠶᠢᠨ ᠡᠨᠡᠬᠦ ᠵᠠᠩᠭᠢᠯᠠᠭ᠎ᠠ ᠶᠢ ᠠᠳᠬᠤᠵᠤ᠃ ᠰᠤᠷᠭᠠᠭᠤᠯᠢ ᠶᠢᠨ ᠵᠠᠬᠢᠷᠤᠯ ᠤᠨ ᠡᠩᠨᠡᠭᠡ ᠶᠢ ᠰᠠᠶᠢᠲᠤᠷ ᠬᠥᠮᠦᠵᠢᠭᠦᠯᠵᠦ᠂ ᠰᠠᠶᠢᠲᠤᠷ ᠰᠢᠯᠢᠨ ᠳᠡᠪᠰᠢᠭᠦᠯᠵᠦ᠂ ᠰᠠᠶᠢᠲᠤᠷ ᠬᠡᠷᠡᠭᠯᠡᠵᠦ᠂ ᠰᠠᠶᠢᠨ ᠬᠢᠭᠰᠡᠨ ᠰᠤᠷᠭᠠᠭᠤᠯᠢ ᠶᠢᠨ ᠵᠠᠬᠢᠷᠤᠯ ᠢ ᠢᠷᠠᠭᠤ ᠠᠯᠳᠠᠷ᠂ ᠪᠠᠶᠢᠷᠢ ᠰᠠᠭᠤᠷᠢ᠂ ᠲᠠᠪᠴᠠᠩ ᠣᠯᠭᠤᠵᠤ᠂ ᠥᠷᠭᠡᠨ ᠤᠯᠠᠨ ᠰᠤᠷᠭᠠᠭᠤᠯᠢ ᠶᠢᠨ ᠵᠠᠬᠢᠷᠤᠯ ᠤᠨ ᠰᠠᠶᠢᠨ ᠰᠤᠷᠭᠠᠭᠤᠯᠢ ᠶᠢᠨ ᠬᠥᠭᠵᠢᠯᠲᠡ ᠶᠢᠨ ︽ᠪᠤᠬ᠎ᠠ ᠲᠡᠷᠭᠡ︾ ᠪᠣᠯᠬᠤ ᠶᠢ ᠵᠣᠷᠢᠭᠵᠢᠭᠤᠯᠬᠤ ᠬᠡᠷᠡᠭᠲᠡᠢ᠃ ᠪᠠᠭᠰᠢ ᠭᠡᠬᠦ ᠡᠨᠡ ᠦᠨᠳᠦᠰᠦᠨ ᠵᠦᠢᠯ ᠢ ᠠᠳᠬᠤᠵᠤ᠃ ︽ᠤᠯᠠᠮᠵᠢᠯᠠᠬᠤ ᠬᠠᠪᠰᠤᠷᠬᠤ ᠳᠠᠭᠠᠭᠤᠯᠬᠤ︾ ︽ᠬᠠᠷᠠᠭᠠᠯᠵᠠᠯ ᠢ ᠪᠠᠲᠤᠯᠠᠬᠤ︾᠂ ︽ᠳᠠᠷᠤᠭᠠᠰᠤ ᠶᠢ ᠬᠥᠩᠭᠡᠷᠡᠭᠦᠯᠬᠦ︾ ᠪᠠᠷ ᠳᠠᠮᠵᠢᠭᠤᠯᠤᠨ᠂ ᠨᠠᠩ ᠣᠯᠠᠨ ᠰᠢᠯᠢᠳᠡᠭ ᠪᠠᠭᠰᠢ ᠪᠣᠯᠬᠤ ᠳᠤᠷᠠᠲᠠᠶ᠂ ᠬᠠᠭᠤᠷᠮᠠᠴᠢ ᠶᠢ ᠬᠠᠶᠢᠷᠠᠯᠠᠬᠤ᠂ ᠠᠩᠭᠢ ᠶᠢᠨ ᠡᠷᠬᠢᠯᠡᠭᠴᠢ ᠪᠣᠯᠬᠤ ᠬᠡᠷᠡᠭᠲᠡᠶ︔ ︽ᠪᠠᠭᠰᠢ ᠶᠢ ᠬᠦᠨᠳᠦᠳᠬᠡᠨ ᠪᠠᠭᠰᠢ ᠶᠢ ᠬᠠᠷᠠᠭᠠᠯᠵᠠᠬᠤ︾ ᠠᠵᠢᠯᠯᠠᠭ᠎ᠠ ᠶᠢ ᠥᠷᠨᠢᠭᠦᠯᠵᠦ᠂ ᠪᠠᠭᠰᠢ ᠶᠢ ᠴᠢᠩᠭ᠎ᠠ ᠬᠠᠮᠢᠶᠠᠷᠴᠤ ᠵᠢᠭᠠᠨ ᠰᠤᠷᠭᠠᠬᠤ ᠶᠢ ᠳᠡᠮᠵᠢᠬᠦ ᠪᠠᠷ ᠪᠠᠷᠠᠬᠤ ᠦᠭᠡᠢ ᠪᠠᠰᠠ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠨᠡᠶᠢᠭᠡᠮ ᠤᠨ ᠬᠡᠪ ᠰᠤᠷᠲᠠᠯ ᠢ ᠪᠠᠳᠠᠷᠠᠭᠤᠯᠵᠤ᠂ ᠥᠷᠭᠡᠨ ᠣᠯᠠᠨ ᠪᠠᠭᠰᠢ ᠶᠢ ᠬᠠᠯᠠᠭᠤᠨ ᠰᠡᠳᠬᠢᠯ ᠢᠶᠠᠷ ᠵᠢᠭᠠᠨ ᠰᠤᠷᠭᠠᠵᠤ᠂ ᠨᠠᠷᠢᠨ ᠨᠢᠮᠪᠠᠢ ᠰᠤᠳᠤᠯᠤᠨ ᠵᠢᠭᠠᠨ ᠰᠤᠷᠭᠠᠵᠤ᠂ ᠰᠠᠨᠠᠭ᠎ᠠ ᠠᠮᠤᠷ ᠵᠢᠭᠠᠨ ᠰᠤᠷᠭᠠᠬᠤ ᠬᠡᠷᠡᠭᠲᠡᠢ᠃      ︵ᠨᠠᠢᠮᠠ︶ ᠥᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃      ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠳᠠᠭᠠᠯᠠᠯᠲᠠ ᠶᠢ ᠦᠷᠭᠦᠯᠵᠢᠯᠡᠨ ᠠᠷᠢᠯᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠵᠣᠭᠤᠰ ᠢ ᠪᠥᠬᠦ ᠬᠦᠴᠦᠨ ᠢᠶᠠᠷ ᠢᠶᠠᠨ ᠠᠷᠢᠯᠭᠠᠵᠤ᠂ ᠵᠠᠰᠠᠭ ᠤᠨ ᠣᠷᠳᠣᠨ ᠤ ᠦᠯᠡᠳᠡᠭᠡᠯ ᠡᠳ᠋ ᠬᠥᠷᠥᠩᠭᠡ᠂ ᠪᠠᠯᠠ ᠮᠥᠩᠭᠦ᠂ ᠡᠬᠢ ᠪᠠᠶᠠᠯᠢᠭ ᠢ ᠴᠢᠯᠥᠭᠡᠲᠡᠶ ᠪᠣᠯᠭᠠᠵᠤ᠂ ᠡᠳ᠋ ᠤᠨ ᠵᠠᠰᠠᠭ ᠤᠨ ᠰᠠᠶᠢᠨ ᠠᠵᠢᠯᠯᠠᠭᠠᠨ ᠢ ᠠᠬᠢᠭᠤᠯᠤᠨ᠎ᠠ᠃ ᠠᠷᠪᠢᠴᠢ ᠭᠠᠮᠲᠠᠢ ᠠᠮᠢᠳᠤᠷᠠᠬᠤ ᠶᠢ ᠦᠷᠭᠦᠯᠵᠢᠯᠡᠨ ᠪᠠᠷᠢᠮᠲᠠᠯᠠᠵᠤ᠂ ᠬᠢᠨᠠᠨ ᠪᠤᠳᠤᠬᠤ᠂ ᠴᠠᠭᠳᠠᠨ ᠪᠠᠶᠢᠴᠠᠭᠠᠬᠤ ᠠᠷᠭ᠎ᠠ ᠪᠠᠷᠢᠯ ᠢ ᠰᠠᠶᠢᠲᠤᠷ ᠬᠡᠷᠡᠭᠯᠡᠵᠦ᠂ ᠡᠳ᠋ ᠤᠨ ᠵᠠᠰᠠᠭ ᠤᠨ ᠪᠡᠯᠡ ᠮᠥᠩᠭᠦ ᠶᠢ ᠪᠦᠷᠢᠯᠭᠡᠬᠦ ᠶᠢ ᠪᠠᠭᠠᠰᠬᠠᠵᠤ᠂ ᠬᠢᠵᠠᠭᠠᠷ ᠲᠠᠢ ᠡᠳ᠋ ᠤᠨ ᠵᠠᠰᠠᠭ ᠤᠨ ᠪᠡᠯᠡ ᠮᠥᠩᠭᠦ ᠶᠢ ᠬᠠᠮᠤᠭ ᠤᠨ ᠶᠡᠭᠡ ᠠᠵᠤ ᠠᠬᠤᠢ ᠪᠠ ᠨᠡᠶᠢᠭᠡᠮ ᠤᠨ ᠦᠷ᠎ᠡ ᠠᠰᠢᠭ ᠢ ᠪᠠᠳᠠᠷᠠᠭᠤᠯᠬᠤ ᠬᠡᠷᠡᠭᠲᠡᠢ᠃ ︽ᠱᠠᠲᠤ ᠳᠠᠪᠬᠤᠷᠭ᠎ᠠ ᠶᠢᠨ ᠰᠢᠭᠦᠯᠲᠡ ᠶᠢ ᠵᠢᠭᠰᠠᠭᠠᠨ ᠪᠠᠶᠢᠴᠠᠭᠠᠬᠤ᠂ ᠣᠯᠠᠨ ᠡᠶᠡᠳᠡᠭᠦᠯᠬᠦ ᠶᠢ ᠵᠣᠯᠭᠠᠭᠤᠯᠬᠤ ᠪᠠ ᠵᠢᠭᠤᠷᠠᠯᠳᠤᠭᠠᠨ ᠢ ᠰᠢᠢᠳᠪᠦᠷᠢᠯᠡᠬᠦ︾ ᠲᠣᠭᠲᠠᠴᠠ ᠶᠢᠨ ᠰᠢᠨ᠎ᠡ ᠶᠢ ᠡᠭᠦᠳᠴᠦ᠂ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠠᠷᠢᠯᠭᠠᠵᠤ᠂ ᠤᠷᠢᠳᠴᠢᠯᠠᠨ ᠰᠡᠷᠭᠡᠶᠢᠯᠡᠬᠦ ᠶᠢ ᠲᠡᠷᠢᠭᠦᠨ ᠳᠤ ᠲᠠᠯᠪᠢᠬᠤ ᠬᠡᠷᠡᠭᠲᠡᠶ᠃ ︽ᠲᠤᠰᠬᠠᠶ ᠮᠡᠷᠭᠡᠵᠢᠯ ᠤᠨ ᠲᠣᠭᠲᠠᠴᠠ ᠶᠢᠨ ᠲᠣᠮᠣ ᠳ᠋ᠠᠶᠢᠲ᠋ᠠ︾ ᠶᠢᠨ ᠰᠢᠨ᠎ᠡ ᠬᠡᠯᠪᠡᠷᠢ ᠶᠢᠨ ᠴᠠᠭᠳᠠᠭᠠᠨ ᠤ ᠶᠠᠪᠤᠳᠠᠯ ᠤᠨ ᠠᠵᠢᠯᠯᠠᠭᠠᠨ ᠤ ᠵᠠᠭᠪᠤᠷ ᠢ ᠪᠠᠶᠢᠭᠤᠯᠤᠨ ᠲᠡᠭᠦᠯᠳᠡᠷᠵᠢᠭᠦᠯᠵᠦ᠂ ᠰᠢᠨ᠎ᠡ ᠬᠡᠯᠪᠡᠷᠢ ᠶᠢᠨ ᠳᠣᠲᠣᠭᠠᠳᠤ ᠶᠢ ᠬᠠᠮᠠᠭᠠᠯᠠᠬᠤ ᠳᠠᠶᠢᠴᠢᠨ ᠬᠦᠴᠦᠨ ᠢ ᠪᠤᠶᠢᠵᠢᠭᠤᠯᠤᠨ ᠬᠥᠭᠵᠢᠭᠦᠯᠦᠨ᠎ᠡ᠃ ᠢᠳᠡᠭᠡᠨ ᠤ ᠵᠦᠢᠯ᠂ ᠡᠮ ᠤᠨ ᠵᠦᠢᠯ ᠤᠨ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ ᠤᠨ ᠪᠠᠷᠢᠮᠵᠢᠶᠠᠵᠢᠭᠰᠠᠨ ᠦᠢᠯᠡᠴᠢᠯᠡᠭᠡᠨ ᠤ ᠭᠠᠵᠠᠷ 1 ᠶᠢ ᠪᠠᠶᠢᠭᠤᠯᠤᠨ᠎ᠠ᠃ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ︽ᠨᠠᠢᠮᠠᠨ ᠶᠡᠭᠡ ᠠᠵᠢᠯᠯᠠᠭ᠎ᠠ︾ ᠶᠢ ᠥᠷᠨᠢᠭᠦᠯᠵᠦ ᠂ ᠪᠦᠬᠦ ᠬᠡᠯᠬᠢᠶ᠎ᠡ ᠶᠢᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠬᠠᠮᠤᠭ ᠤᠨ ᠶᠡᠭᠡ ᠴᠢᠷᠮᠠᠶᠢᠯᠭ᠎ᠠ ᠪᠠᠷ 2025 ᠣᠨ ᠤ ᠠᠶᠤᠯᠭᠦᠢ ᠦᠢᠯᠡᠳᠪᠦᠷᠢᠯᠡᠯ ᠤᠨ ︽ᠦᠬᠦᠯ ᠦᠭᠡᠢ︾ ᠪᠠᠶᠢᠬᠤ ᠶᠢ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠵᠠᠩ ᠳᠠᠳᠬᠠᠯ ᠢ ᠥᠭᠡᠷᠡᠴᠢᠯᠡᠬᠦ ᠶᠢ ᠦᠷᠭᠦᠯᠵᠢᠯᠡᠨ ᠰᠠᠶᠢᠲᠤᠷ ᠠᠳᠬᠤᠵᠤ᠂ ᠪᠣᠯᠪᠠᠰᠤᠨ ᠨᠤᠲᠤᠭ ᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠪᠣᠷᠣᠭᠵᠢᠭᠤᠨ ᠠᠷᠠᠳ ᠤᠨ ᠰᠤᠷᠲᠠᠯ ᠢ ᠤᠯᠠᠮᠵᠢᠯᠠᠨ ᠪᠠᠳᠠᠷᠠᠭᠤᠯᠤᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠦᠷ᠎ᠡ ᠬᠡᠦᠬᠡᠳ ᠢᠶᠠᠨ ᠬᠦᠷᠢᠶᠡᠯᠡᠵᠦ᠂ ᠰᠡᠳᠬᠢᠯ ᠨᠢᠭᠡᠳᠦᠨ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠭᠤᠤᠯ ᠰᠡᠳᠦᠪᠲᠦ ︽ᠠᠷᠪᠠᠨ ᠨᠢᠭᠡ︾ ᠶᠢᠨ ᠢᠨᠵᠧᠨᠧᠷᠢᠩ ᠢ ᠭᠦᠨᠵᠡᠭᠡᠶ ᠠᠬᠢᠭᠤᠯᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠪᠠᠶᠢᠭᠤᠯᠤᠨ᠎ᠠ᠃      ᠲᠥᠯᠥᠭᠡᠯᠡᠭᠴᠢᠳ ᠡ︕ ᠬᠠᠩᠭᠢᠨ ᠬᠤᠶᠢᠲᠤ ᠬᠤᠰᠢᠭᠤᠨ ᠤ ᠡᠨᠡᠬᠦ ᠬᠠᠯᠠᠭᠤᠨ ᠬᠥᠷᠥᠰᠥᠨ ᠳᠤ ᠵᠣᠪᠠᠭᠤᠷᠢ ᠵᠦᠳᠡᠭᠦᠷᠢ ᠶᠢ ᠲᠡᠰᠪᠦᠷᠢᠯᠡᠵᠦ᠂ ᠵᠣᠪᠠᠭᠤᠷᠢ ᠵᠦᠳᠡᠭᠦᠷᠢ ᠶᠢ ᠲᠡᠰᠪᠦᠷᠢᠯᠡᠵᠦ ᠪᠠᠶᠢᠭ᠎ᠠ ᠠᠷᠠᠳ ᠲᠦᠮᠡᠨ ᠢ ᠬᠥᠮᠦᠵᠢᠭᠦᠯᠵᠦ᠂ ᠪᠤᠴᠠᠯᠲᠠ ᠦᠭᠡᠢ ᠤᠷᠤᠭᠰᠢᠯᠠᠬᠤ ᠣᠷᠭᠢᠯᠤᠮ᠎ᠠ ᠰᠡᠳᠬᠢᠯᠭᠡ ᠪᠠᠨ ᠳᠠᠪᠲᠠᠨ ᠪᠣᠯᠪᠠᠰᠤᠷᠠᠭᠤᠯᠵᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠭᠰᠣᠬᠤ ᠦᠭᠡᠢ ᠵᠣᠷᠢᠭ ᠰᠠᠨᠠᠭ᠎ᠠ ᠪᠠᠨ ᠬᠥᠪᠴᠢᠯᠡᠵᠦ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠷᠯᠥᠭᠡ ᠦᠳᠡᠰᠢ ᠶᠢ ᠲᠡᠮᠡᠴᠡᠵᠦ᠂ ᠥᠨᠢ ᠤᠳᠠᠭᠠᠨ ᠴᠢᠷᠮᠠᠶᠢᠨ ᠠᠵᠢᠯᠯᠠᠵᠤ᠂ ᠰᠢᠨ᠎ᠡ ᠬᠠᠩᠭᠢᠨ ᠬᠤᠶᠢᠲᠤ ᠬᠤᠰᠢᠭᠤ ᠶᠢ ᠬᠠᠮᠲᠤ ᠪᠠᠷ ᠴᠢᠨᠡᠭᠡᠯᠢᠭᠵᠢᠭᠦᠯᠬᠦ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕   
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ