ᠱᠠᠮᠪᠠ ᠶᠠᠭᠤᠨ ᠤ ᠤᠴᠢᠷ ᠠᠴᠠ ᠶᠠᠫᠤᠨ ᠢ ᠡᠰᠡᠷᠭᠦᠴᠡᠬᠦ ᠲᠠᠶᠢᠨ ᠤ ᠨᠡᠷᠡᠳᠤ ᠪᠠᠯᠭᠠᠰᠤ ᠭᠡᠳᠡᠭ ᠪᠤᠯ︖ | | | | ᠱᠠᠮᠪᠠ ᠶᠢᠨ ᠪᠣᠷᠣᠲᠣᠬᠤᠢ ᠶᠢᠨ ᠲᠠᠯ᠎ᠠ ᠭᠠᠵᠠᠷ ᠲᠤ ᠵᠠᠭᠤ ᠭᠠᠷᠤᠶ ᠵᠢᠯ ᠤᠨ ᠲᠡᠤᠬᠡ ᠲᠠᠢ ᠴᠤᠭᠯᠠᠭ᠎ᠠ ᠪᠠᠯᠭᠠᠰᠤ ᠪᠣᠯᠬᠤ ᠪᠥᠭᠡᠳ ᠨᠡᠷ᠎ᠡ ᠨᠢᠳᠡᠷ ᠲᠡᠭᠡᠨ | ᠨᠡᠶᠢᠴᠡᠭᠰᠡᠨ ᠶᠠᠫᠣᠨ ᠢ ᠡᠰᠡᠷᠭᠦᠴᠡᠬᠦ ᠨᠡᠷᠡᠲᠦ ᠪᠠᠯᠭᠠᠰᠤ ᠪᠣᠯᠤᠨ᠎ᠠ᠃ | ᠱᠠᠮᠪᠡ ᠨᠢ ᠴᠢᠩ ᠤᠯᠤᠰ ᠤᠨ ᠪᠠᠳᠠᠷᠠᠭᠤᠯᠲᠤ ᠲᠥᠷᠥ ᠶᠢᠨ ᠦᠶ᠎ᠡ ᠳᠤ ᠨᠢᠭᠡᠨᠲᠡ ᠠᠩᠬ᠎ᠠ ᠠᠯᠬᠤᠮ ᠬᠡᠪᠴᠢᠶᠡᠵᠢᠵᠦ᠂ ᠡᠭᠦᠨ ᠳᠤ ᠬᠠᠮᠤᠭ ᠡᠷᠲᠡ ᠶᠢᠨ | ᠪᠦᠷᠢᠯᠳᠦᠭᠦᠨ ᠨᠢ ᠶᠤᠸᠠᠨ ᠽᠢ ᠴᠢᠤᠢ ᠲᠠᠢ ᠬᠤᠯᠪᠤᠭ᠎ᠠ ᠲᠠᠢ ᠪᠣᠯᠵᠠᠢ᠃ ᠶᠤᠸᠠᠨ ᠽᠢ ᠴᠢᠤᠢ ︵ᠬᠠᠭᠤᠴᠢᠨ ᠨᠡᠷ᠎ᠡ ᠨᠢ ᠰᠢᠷ᠎ᠠ ᠮᠥᠷᠡᠨ ᠭᠤᠣᠯ︶ ᠡᠷᠳᠡ ᠦᠶ᠎ᠡ ᠳᠤ | ᠬᠠᠳᠤᠨ ᠭᠤᠤᠯ ᠤᠮᠠᠷ᠎ᠠ ᠵᠦᠭ ᠤᠷᠤᠰᠴᠤ ᠤᠮᠠᠷ᠎ᠠ ᠭᠤᠣᠯ ︵ᠦᠵᠦᠬᠦᠷ ᠭᠤᠣᠯ︶ ᠳᠤ ᠤᠷᠤᠰᠤᠨ ᠤᠷᠤᠭᠰᠠᠨ ᠪᠠᠶᠢᠭᠠᠯᠢ ᠶᠢᠨ ᠰᠠᠯᠪᠤᠷᠢ ᠤᠷᠤᠰᠬᠠᠯ ᠪᠤᠯᠤᠨ᠎ᠠ᠂ | ᠲᠤᠬᠠᠢ ᠶᠢᠨ ᠦᠶ᠎ᠡ ᠳᠤ ᠭᠤᠣᠯ ᠮᠦᠷᠡᠨ ᠦᠷᠭᠡᠨ ᠠᠭᠤᠳᠠᠮ᠂ ᠤᠷᠤᠰᠬᠠᠯ ᠶᠡᠭᠡ᠃ ᠱᠠᠨ ᠰᠢ ᠶᠢᠨ ᠬᠤᠳᠠᠯᠳᠤᠭᠠᠴᠢᠳ ᠠᠭᠠᠷ ᠤᠨ ᠲᠡᠭᠡᠭᠡᠪᠦᠷᠢ ᠶᠢᠨ ᠨᠦᠬᠦᠴᠡᠯ ᠢ | ᠪᠦᠷᠢᠳᠦᠭᠦᠯᠵᠦ᠂ ᠱᠠᠮᠪᠠ ᠶᠢᠨ ᠭᠠᠵᠠᠷ ᠣᠷᠣᠨ ᠳᠤ ᠪᠠᠰᠠ ᠤᠰᠤᠨ ᠴᠥᠭᠦᠷᠥᠮ ᠵᠣᠭᠰᠣᠩᠭᠢᠷᠠᠭᠰᠠᠨ ᠤᠰᠤᠨ ᠣᠷᠣᠨ ᠢ ᠪᠦᠷᠢᠳᠦᠭᠦᠯᠵᠦ᠂ ᠤᠮᠠᠷᠠᠲᠤ ᠶᠢᠨ ᠴᠠᠢ ᠶᠢᠨ | ᠪᠠᠷᠢᠯᠭ᠎ᠠ ᠶᠢᠨ ᠡᠷᠲᠡᠨ ᠤ ᠵᠠᠮ ᠤᠨ ᠲᠡᠭᠡᠭᠡᠪᠦᠷᠢ ᠶᠢᠨ ᠲᠥᠬᠦᠮ ᠦᠵᠡᠭᠦᠯᠬᠦ ᠶᠢᠨ ᠲᠥᠯᠥᠭᠡ᠂ ᠱᠠᠮᠪᠠ ᠳᠤ ᠤᠰᠤᠨ ᠭᠠᠷᠠᠮ ᠪᠠᠶᠢᠭᠤᠯᠤᠨ ᠪᠠᠷᠠᠭ᠎ᠠ ᠵᠥᠭᠡᠭᠡᠪᠦᠷᠢᠯᠡᠪᠡ᠃ | ᠡᠳᠡᠭᠡᠷ ᠡᠳ᠋ ᠪᠠᠷᠠᠭ᠎ᠠ ᠶᠢ ᠱᠠᠮᠪᠡ ᠳᠤ ᠪᠠᠭᠤᠯᠭᠠᠬᠰᠡᠨ ᠤ ᠲᠠᠷᠠᠭ᠎ᠠ᠂ ᠵᠠᠷᠢᠮ ᠨᠢ ᠮᠠᠨ ᠬᠦᠢ ᠬᠤᠳᠠ ᠳᠤ ᠠᠷᠠᠯᠵᠢᠶ᠎ᠠ ᠬᠢᠵᠦ᠂ ᠵᠠᠷᠢᠮ ᠨᠢ ᠬᠤᠳᠠᠯᠳᠤᠭᠠᠴᠢᠨ ᠪᠣᠯᠬᠤ | ᠢᠤᠢ ᠯᠦᠩ ᠶᠦᠩ᠂ ᠳ᠋ᠠ ᠹᠠ ᠭᠦᠩ ᠳᠤ ᠣᠴᠢᠵᠠᠢ᠃ ᠮᠠᠢ ᠬᠦᠢ ᠬᠤᠲᠠᠨ ᠳᠤ ᠬᠤᠳᠠᠯᠳᠤᠭ᠎ᠠ ᠬᠢᠵᠦ ᠪᠠᠶᠢᠭᠰᠠᠨ ᠪᠠᠷᠠᠭ᠎ᠠ ᠨᠤᠭᠤᠳ ᠳᠠᠯᠠᠭᠠᠢ ᠠᠭᠤᠯᠠᠨ ᠠᠮᠠ | ᠡᠰᠡᠬᠦᠯ᠎ᠡ ᠤᠪᠤᠯᠠᠭ ᠠᠴᠠ ᠮᠤᠩᠭᠤᠯ ᠤᠨ ᠲᠠᠯ᠎ᠠ ᠨᠤᠲᠤᠭ ᠬᠦᠷᠲᠡᠯ᠎ᠡ ᠤᠮᠠᠷᠠᠳᠤ ᠣᠷᠣᠨ ᠤ ᠪᠠᠷᠠᠭ᠎ᠠ ᠵᠥᠭᠡᠭᠡᠪᠦᠷᠢᠯᠡᠬᠦ ᠵᠠᠮ ᠪᠣᠯᠤᠭᠰᠠᠨ ᠪᠠᠶᠢᠨ᠎ᠠ᠃ ᠪᠠᠳᠠᠷᠠᠭᠤᠯᠲᠤ | ᠲᠥᠷᠥ ᠶᠢᠨ ᠦᠶ᠎ᠡ ᠳᠤ ᠭᠠᠳᠠᠭᠠᠳᠤ ᠶᠢᠨ ᠬᠠᠷ᠎ᠠ ᠯᠠᠮᠠ ᠠᠳᠡᠬᠢ ᠬᠥᠭᠵᠢᠯᠲᠡ ᠶᠢᠨ ᠨᠥᠭᠡᠴᠡ ᠬᠦᠴᠦᠨ ᠢ ᠣᠯᠵᠤ ᠦᠵᠡᠭᠡᠳ ᠳᠤᠭᠠᠩ᠂ ᠱᠠᠰᠢᠨ ᠤ ᠰᠤᠷᠭᠠᠭᠤᠯᠢ ᠪᠠ | ᠮᠠᠶᠢᠮᠠᠢ ᠬᠢᠬᠦ ᠫᠦᠰᠡ ᠶᠢ ᠣᠯᠵᠤ ᠦᠵᠡᠭᠡᠳ ᠱᠠᠮᠪᠠ ᠨᠢ ᠠᠭᠠᠵᠢᠮ ᠢᠶᠠᠷ ᠬᠥᠭᠵᠢᠭᠰᠡᠨ ᠪᠠᠶᠢᠨ᠎ᠠ᠃ | ᠶᠠᠫᠤᠨ ᠢ ᠡᠰᠡᠷᠭᠦᠴᠡᠬᠦ ᠳᠠᠶᠢᠨ ᠡᠭᠦᠰᠦᠭᠰᠡᠨ ᠤ ᠳᠠᠷᠠᠭ᠎ᠠ᠂ ᠶᠠᠫᠤᠨᠴᠤᠳ ᠰᠦᠢᠶᠤᠸᠠᠨ ᠮᠤᠵᠢ ᠶᠢ ᠶᠡᠭᠡ ᠪᠠᠷ ᠳᠠᠭᠠᠷᠢᠪᠠ᠂ 1939 ᠣᠨ ᠤ 2 ᠰᠠᠷ᠎ᠠ ᠳᠤ ᠹᠦ᠋ | ᠽᠦᠸᠧ ᠢ ᠵᠠᠩᠵᠤᠨ ᠨᠠᠢᠮᠠᠳᠤᠭᠠᠷ ᠪᠠᠶᠢᠯᠳᠤᠭᠠᠨ ᠤ ᠲᠣᠭᠤᠷᠢᠭ ᠤᠨ ᠳᠡᠳ᠋ ᠰᠧᠯᠢᠩ ᠳᠠᠷᠤᠭ᠎ᠠ ᠶᠢᠨ ᠬᠡᠯᠲᠡᠰ ᠪᠠ ᠰᠦᠢᠶᠤᠸᠠᠨ ᠮᠤᠵᠢ ᠶᠢᠨ ᠨᠠᠮ᠂ ᠵᠠᠰᠠᠭ᠂ ᠴᠡᠷᠢᠭ᠂ | ᠬᠤᠷᠢᠶ᠎ᠠ ᠶᠢᠨ ᠪᠠᠶᠢᠭᠤᠯᠭ᠎ᠠ ᠶᠢᠨ ᠠᠵᠢᠯᠲᠠᠳ ᠢ ᠳᠠᠭᠠᠭᠤᠯᠤᠨ᠂ ᠪᠣᠷᠣᠲᠣᠬᠤᠢ ᠳᠤ ᠢᠷᠡᠵᠦ᠂ ᠱᠠᠮᠪᠠ ᠶᠢ ᠰᠦᠢᠶᠤᠸᠠᠨ ᠮᠤᠵᠢ ᠶᠢᠨ ᠲᠦᠷ ᠴᠠᠭ ᠤᠨ ᠮᠤᠵᠢ ᠶᠢᠨ | ᠲᠥᠪ ᠪᠣᠯᠭᠠᠵᠤ᠂ ᠪᠣᠷᠣᠲᠣᠬᠤᠢ ᠶᠢᠨ ᠴᠡᠷᠢᠭ ᠠᠷᠠᠳ ᠢ ᠤᠳᠤᠷᠢᠳᠤᠨ ᠶᠠᠫᠣᠨ ᠢ ᠡᠰᠡᠷᠭᠦᠴᠡᠵᠦ ᠤᠯᠤᠰ ᠢᠶᠠᠨ ᠠᠪᠤᠷᠠᠨ᠂ ᠭᠠᠳᠠᠭᠠᠳᠤ ᠶᠢᠨ ᠳᠣᠷᠣᠮᠵᠢᠯᠠᠯ ᠢ | ᠡᠰᠡᠷᠭᠦᠴᠡᠵᠦ᠂ ᠱᠠᠮᠪᠠ ᠨᠢ ᠪᠠᠷᠠᠭᠤᠨ ᠬᠤᠶᠢᠲᠤ ᠶᠢᠨ ᠶᠠᠫᠣᠨ ᠢ ᠡᠰᠡᠷᠭᠦᠴᠡᠬᠦ ᠳᠠᠶᠢᠨ ᠤ ᠪᠠᠬᠢᠯᠡᠯᠲᠡ ᠪᠣᠯᠭᠠᠪᠠ᠃ ᠹᠦ᠋ ᠽᠦᠸᠧ ᠢ ᠵᠠᠩᠵᠤᠨ ᠦᠨᠳᠦᠷ ᠶᠡᠭᠡ | ᠵᠢᠯᠤᠭᠤᠳᠤᠯᠭ᠎ᠠ ᠪᠠᠷ ᠰᠠᠶ᠋ᠢ ᠶᠠᠫᠣᠨ ᠢ ᠡᠰᠡᠷᠭᠦᠴᠡᠬᠦ ᠵᠣᠷᠢᠭ ᠰᠢᠭᠤᠳᠴᠤ᠂ ᠤᠷᠢᠳ ᠬᠤᠵᠢᠳ ᠰᠦᠢᠶᠤᠸᠠᠨ ᠤ ᠪᠠᠷᠠᠭᠤᠨ ᠲᠠᠯ᠎ᠠ ᠶᠢᠨ ᠳᠠᠶᠢᠯᠠᠯᠳᠤᠭᠠᠨ᠂ | ᠪᠤᠭᠤᠲᠤ ᠶᠢᠨ ᠳᠠᠶᠢᠯᠠᠯᠳᠤᠭᠠᠨ᠂ ᠪᠠᠲᠤᠬᠠᠭᠠᠯᠭ᠎ᠠ ᠰᠦᠮ᠎ᠡ ᠶᠢᠨ ᠳᠠᠶᠢᠯᠠᠯᠳᠤᠭᠠᠨ ᠪᠠ ᠠᠯᠳᠠᠷᠲᠤ ᠦᠶᠤᠸᠠᠨ ᠳᠠᠶᠢᠯᠠᠯᠳᠤᠭᠠᠨ ᠢ ᠵᠢᠯᠣᠭᠤᠳᠴᠤ᠂ ᠣᠨᠴᠠᠭᠠᠶᠢᠯᠠᠨ | ᠦᠶᠤᠸᠠᠨ ᠤ ᠳ᠋ᠠ ᠵᠢᠶᠧ ᠠᠴᠠ ᠹᠦ᠋ ᠽᠦᠸᠧ ᠢ ᠵᠠᠩᠵᠤᠨ ᠢᠶᠠᠷ ᠳᠡᠯᠡᠬᠡᠢ ᠳ᠋ᠠᠬᠢᠨ ᠳᠤ ᠨᠡᠷ᠎ᠡ ᠠᠯᠳᠠᠷᠰᠢᠭᠤᠯᠵᠤ᠂ ᠮᠥᠨ ᠴᠤ ᠱᠠᠮᠪᠠ ᠶᠢ ᠳᠡᠯᠡᠬᠡᠢ ᠳ᠋ᠠᠬᠢᠨ ᠳᠤ ᠨᠡᠷ᠎ᠡ | ᠠᠯᠳᠠᠷᠰᠢᠭᠰᠠᠨ ᠪᠠᠶᠢᠨ᠎ᠠ᠃ | ᠦᠶᠤᠸᠠᠨ ᠤ ᠳᠠᠶᠢᠯᠠᠯᠳᠤᠭᠠᠨ ᠤ ᠢᠯᠠᠯᠲᠠ ᠪᠣᠯ ᠶᠠᠫᠣᠨ ᠢ ᠡᠰᠡᠷᠭᠦᠴᠡᠬᠦ ᠳᠠᠶᠢᠨ ᠠᠴᠠ ᠨᠠᠰᠢ᠂ ᠭᠤᠮᠢᠨᠳᠠᠩ ᠤᠨ ᠴᠡᠷᠢᠭ ᠠᠩᠭᠢ ᠠᠯᠳᠠᠭᠰᠠᠨ ᠭᠠᠵᠠᠷ ᠢᠶᠠᠨ | ᠡᠭᠡᠭᠦᠯᠦᠨᠠᠪᠤᠭᠰᠠᠨ ᠨᠢᠭᠡ ᠤᠳᠠᠭᠠᠨ ᠤ ᠴᠢᠬᠤᠯᠠ ᠳᠠᠶᠢᠯᠠᠯᠳᠤᠭᠠᠨ ᠮᠥᠨ ᠴᠤ ᠪᠦᠬᠦ ᠤᠯᠤᠰ ᠴᠢᠨᠠᠭᠰᠢᠯᠠᠪᠠᠯ ᠳᠡᠯᠡᠬᠡᠶ ᠶᠢᠨ ᠹᠠᠱᠢᠰ ᠢ ᠡᠰᠡᠷᠭᠦᠴᠡᠬᠦ ᠹᠷᠣᠨᠲ ᠲᠤ | ᠯᠤᠲᠤ ᠶᠡᠭᠡ ᠲᠤᠰᠬᠠᠯ ᠭᠠᠷᠴᠤ᠂ ᠪᠦᠬᠦ ᠤᠯᠤᠰ ᠤᠨ ᠡᠯ᠎ᠡ ᠨᠠᠮ ᠤᠨ ᠪᠦᠯᠬᠦᠮ ᠵᠠᠯᠭᠠᠭ᠎ᠠ ᠪᠠᠷ ᠴᠠᠬᠢᠯᠭᠠᠨ ᠢᠷᠡᠭᠦᠯᠵᠦ ᠪᠠᠶᠠᠷ ᠬᠦᠷᠭᠡᠪᠡ᠃ ᠠᠯᠳᠠᠷᠲᠤ ᠵᠣᠬᠢᠶᠠᠯᠴᠢ | ᠯᠤᠤ ᠱᠧᠦ᠂ ᠠᠯᠳᠠᠷᠲᠤ ᠳᠠᠭᠤᠤ ᠬᠥᠭᠵᠢᠮᠴᠢᠨ ᠰᠢᠶᠠᠨ ᠰᠢᠩ ᠬᠠᠢ ᠵᠡᠷᠭᠡ ᠬᠥᠮᠦᠰ ᠵᠢᠴᠢ ᠮᠠᠰᠢ ᠤᠯᠠᠨ ᠤᠯᠤᠰ ᠢᠶᠠᠨ ᠬᠠᠶᠢᠷᠠᠯᠠᠬᠤ ᠳᠤᠮᠳᠠᠳᠤ ᠶᠢᠨ ᠬᠠᠷᠢᠶᠠᠲᠤ | ᠨᠠᠷ ᠤᠨ ᠪᠦᠯᠬᠦᠮ ᠱᠠᠮᠪᠠ ᠳᠤ ᠢᠷᠡᠵᠦ ᠲᠣᠬᠤᠨᠢᠭᠤᠯᠪᠠ ᠬᠢᠪᠡ᠃ ᠤᠯᠤᠰ ᠤᠨ ᠳᠣᠲᠣᠭᠠᠳᠤ ᠶᠢᠨ ᠵᠠᠷᠢᠮ ᠰᠣᠨᠢᠨ ᠳᠡᠭᠡᠷ᠎ᠡ ᠦᠶᠤᠸᠠᠨ ᠤ ᠳᠠᠶᠢᠯᠠᠯᠳᠤᠭᠠᠨ ᠪᠣᠯ ︽ | ᠭᠤᠣᠯ ᠮᠥᠷᠡᠨ ᠢ ᠲᠦᠢᠪᠡᠭᠡᠭᠰᠡᠨ ᠶᠤᠸᠡᠢ︾᠂ ︽ᠲᠡᠦᠬᠡᠨ ᠳᠡᠭᠡᠷ᠎ᠡ ᠤᠷᠢᠳ ᠡᠮᠦᠨ᠎ᠡ ᠭᠠᠷᠤᠭ᠎ᠠ ᠦᠭᠡᠢ ᠠᠭᠤᠤ ᠠᠮᠵᠢᠯᠲᠠ︾᠂ ︽ᠬᠥᠮᠥᠨ ᠲᠥᠷᠥᠯᠬᠢᠲᠡᠨ ᠤ | ᠲᠡᠦᠬᠡᠨ ᠳᠡᠭᠡᠷᠡᠬᠢ ᠭᠡᠷᠡᠯ ᠰᠠᠴᠤᠷᠠᠩᠭᠤᠢ ᠲᠡᠮᠳᠡᠭᠯᠡᠯ︾ ᠭᠡᠵᠦ ᠮᠠᠭᠲᠠᠨ ᠰᠠᠶᠢᠰᠢᠶᠠᠳᠠᠭ᠃ | 1942 ᠣᠨ ᠤ 9 ᠰᠠᠷ᠎ᠠ ᠳᠤ ᠹᠦ᠋ ᠽᠦᠸᠧ ᠢ ᠨᠢᠩᠰᠢᠶᠠ ᠶᠢᠨ ᠬᠤᠸᠠᠩ ᠴᠢᠦᠶ ᠴᠢᠶᠣᠤ ᠬᠥᠭᠦᠷᠭᠡ ᠶᠢᠨ ᠲᠡᠮᠡᠴᠡᠯ ᠪᠠᠭ᠎ᠠ ᠰᠤᠷᠭᠠᠭᠤᠯᠢ ᠶᠢ ᠱᠠᠮᠪᠠ ᠳᠤ | ᠨᠡᠭᠦᠯᠭᠡᠬᠦ ᠶᠢᠨ ᠬᠠᠮᠲᠤ ᠲᠡᠮᠡᠴᠡᠯ ᠳᠤᠮᠳᠠᠳᠤ ᠰᠤᠷᠭᠠᠭᠤᠯᠢ ᠶᠢ ᠪᠠᠶᠢᠭᠤᠯᠪᠠ᠂ ᠡᠨᠡ ᠪᠣᠯ ᠪᠣᠷᠣᠲᠣᠬᠤᠢ ᠶᠢᠨ ᠬᠠᠮᠤᠭ ᠤᠨ ᠡᠷᠲᠡ ᠳᠤᠮᠳᠠᠳᠤ ᠰᠤᠷᠭᠠᠭᠤᠯᠢ ᠪᠣᠯᠤᠨ᠎ᠠ᠃ | ᠡᠨᠡ ᠬᠦ ᠬᠤᠭᠤᠴᠠᠭᠠᠨ ᠳᠤ ᠱᠠᠮᠪᠠ ᠤᠷᠤᠨ ᠳᠤ ᠪᠠᠰᠠ ᠶᠠᠷᠢᠶᠠᠳᠤ ᠵᠦᠴᠦᠬᠡ ᠶᠢᠨ ᠪᠦᠯᠬᠦᠮ᠂ ᠱᠠᠨ ᠰᠢ ᠵᠦᠴᠦᠬᠡ ᠶᠢᠨ ᠪᠦᠯᠬᠦᠮ᠂ ᠪᠡᠬᠡᠵᠢᠩ ᠰᠢ ᠶᠢᠨ ᠪᠦᠯᠬᠦᠮ | ᠵᠡᠷᠬᠡ ᠲᠤᠯᠤᠭᠠᠨ ᠤᠷᠠᠯᠢᠭ ᠤᠨ ᠪᠦᠯᠬᠦᠮ ᠪᠠᠶᠢᠭᠤᠯᠤᠭᠳᠠᠵᠠᠢ᠃ ᠹᠦ᠋ ᠽᠦᠸᠧ ᠢ ᠵᠠᠩᠵᠤᠨ ᠤ ᠶᠡᠬᠡᠪᠡᠷ ᠰᠠᠨᠠᠭᠠᠴᠢᠯᠠᠭᠰᠠᠨ᠂ ᠰᠢᠭᠤᠳ ᠣᠳᠣᠷᠢᠳᠣᠯᠭ᠎ᠠ ᠪᠠ | ᠢᠳᠡᠪᠬᠢᠲᠠᠢ ᠲᠡᠮᠵᠢᠯᠭᠡ ᠲᠣᠣᠷ᠎ᠠ᠂ ᠱᠠᠮᠪᠠ ᠶᠢᠨ ᠣᠳᠬ᠎ᠠ ᠣᠷᠠᠯᠢᠭ ᠤᠨ ᠠᠵᠢᠯᠯᠠᠭ᠎ᠠ ᠪᠦᠯᠬᠦᠮ ᠬᠦᠭᠵᠢᠨ ᠴᠡᠴᠡᠭᠯᠡᠵᠦ᠂ ᠪᠣᠷᠣᠲᠣᠬᠤᠢ ᠶᠢᠨ ᠭᠠᠵᠠᠷ ᠣᠷᠣᠨ ᠤ ᠰᠢ | ᠲᠠᠭᠤᠤᠷᠢᠯᠢᠭ ᠤᠨ ᠰᠣᠶᠣᠯ ᠤᠨ ᠦᠯᠦᠭᠡᠢ ᠪᠣᠯᠣᠭᠰᠠᠨ ᠪᠠᠶᠢᠨ᠎ᠠ᠃ | ᠡᠨᠡ ᠦᠶ᠎ᠡ ᠳᠤ ︽ᠲᠡᠮᠡᠴᠡᠯ ᠡᠳᠦᠷ ᠤᠨ ᠰᠣᠨᠢᠨ︾ ᠪᠤᠢ ᠪᠣᠯᠵᠤ᠂ ᠪᠣᠷᠣᠲᠣᠬᠤᠢ ᠶᠢᠨ ᠠᠩᠬᠠᠳᠠᠭᠴᠢ ᠰᠣᠨᠢᠨ ᠪᠣᠯᠪᠠ᠃ ︽ᠲᠡᠮᠡᠴᠡᠯ ᠤᠨ ᠡᠳᠦᠷ ᠤᠨ | ᠰᠣᠨᠢᠨ︾ ᠨᠢ ᠱᠠᠨ ᠰᠢ ᠶᠢᠨ ᠨᠠᠭᠤᠷᠲᠤ ᠵᠦᠴᠦᠭᠡ ᠠᠴᠠ ᠡᠭᠦᠳᠦᠨ ᠪᠠᠶᠢᠭᠤᠯᠤᠭᠰᠠᠨ ᠪᠣᠯᠪᠠᠴᠤ ᠪᠠᠶᠢᠯᠳᠤᠭᠠᠨ ᠤ ᠰᠠᠮᠠᠭᠤᠷᠠᠯ ᠠᠴᠠ ᠪᠣᠯᠵᠤ ᠦᠨᠳᠦᠰᠦᠨ ᠳᠤ ᠪᠠᠨ | ᠠᠵᠢᠯᠯᠠᠬᠤ ᠶᠢᠨ ᠠᠷᠭ᠎ᠠ ᠦᠭᠡᠢ ᠪᠣᠯᠵᠠᠢ᠃ ᠦᠶᠤᠶᠠᠨ ᠤ ᠳᠠᠢᠯᠠᠯᠳᠤᠭᠠᠨ ᠤ ᠳᠠᠷᠠᠭ᠎ᠠ ︽ᠲᠡᠮᠡᠴᠡᠯ ᠤᠨ ᠡᠳᠦᠷ ᠤᠨ ᠰᠣᠨᠢᠨ︾ ᠢ ᠱᠠᠮᠪᠠ ᠳᠤ ᠠᠯᠪᠠᠨ ᠶᠣᠰᠣᠭᠠᠷ | ᠲᠠᠷᠬᠠᠭᠠᠭᠰᠠᠨ ᠪᠠᠶᠢᠨ᠎ᠠ᠃ ᠡᠭᠦᠨ ᠤ ᠵᠡᠷᠭᠡ ᠪᠠᠷ ᠱᠠᠮᠪᠠ ᠶᠢᠨ ᠡᠮᠦᠨ᠎ᠡ ᠡᠭᠦᠳᠡᠨ ᠤ ᠭᠠᠳᠠᠨᠠᠬᠢ ᠶᠤᠸᠠᠨ ᠴᠠᠩ ᠢ ᠭᠧ ᠳ᠋ᠠᠨ ︵ᠣᠳᠣ ᠶᠢᠨ ᠱᠠᠮᠪᠠ ᠪᠠᠯᠭᠠᠰᠤ ᠶᠢᠨ | ᠹᠧᠩ ᠴᠠᠨ ᠲᠣᠰᠬᠤᠨ︶ ᠳᠤ ᠬᠡᠪᠯᠡᠬᠦ ᠦᠢᠯᠡᠳᠪᠦᠷᠢ ᠪᠠᠶᠢᠭᠤᠯᠵᠠᠢ᠃ | 1942 ᠣᠨ ᠤ 5 ᠰᠠᠷ᠎ᠠ ᠳᠤ ᠰᠦᠢᠶᠤᠸᠠᠨ ᠮᠤᠵᠢ ᠶᠢᠨ ᠠᠩᠬᠠᠳᠠᠭᠴᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠪᠠᠶᠢᠭᠤᠯᠤᠮᠵᠢ -ᠰᠦᠢᠶᠤᠸᠠᠨ | ᠮᠤᠵᠢ ᠶᠢᠨ ᠵᠠᠰᠠᠮᠠᠯ ᠵᠠᠮ ᠤᠨ ᠬᠠᠮᠢᠶᠠᠷᠤᠯᠲᠠ ᠱᠠᠮᠪᠡ ᠳᠤ ᠪᠠᠶᠢᠭᠤᠯᠤᠭᠳᠠᠪᠠ᠃ 1943 ᠣᠨ ᠠᠴᠠ ᠡᠬᠢᠯᠡᠨ ᠵᠠᠮ ᠢ ᠨᠡᠶᠢᠲᠡᠮ ᠵᠠᠰᠠᠵᠤ᠂ ᠡᠯ᠎ᠡ ᠵᠦᠢᠯ ᠤᠨ | ᠲᠡᠭᠡᠭᠡᠪᠦᠷᠢ ᠶᠢᠨ ᠠᠩᠭᠢ ᠶᠢ ᠪᠠᠶᠢᠭᠤᠯᠵᠠᠢ᠃ 1942 ᠣᠨ ᠤ 5 ᠰᠠᠷ᠎ᠠ ᠳᠤ ᠤᠤᠯ ᠤᠨ ᠪᠠᠷᠠᠭᠤᠨ ᠬᠤᠶᠢᠲᠤ ᠶᠢᠨ ᠵᠠᠰᠠᠮᠠᠯ ᠵᠠᠮ ᠤᠨ ᠲᠣᠪᠴᠢᠶ᠎ᠠ᠂ ᠨᠢᠩᠰᠢᠶᠠ ᠶᠢᠨ | ᠲᠡᠭᠡᠭᠡᠪᠦᠷᠢ ᠶᠢᠨ ᠬᠤᠪᠢᠶᠠᠷᠢ ᠭᠠᠵᠠᠷ ᠨᠢ ᠲᠤᠰ ᠲᠤᠰ ᠬᠥᠮᠦᠨ ᠲᠣᠮᠢᠯᠠᠨ ᠱᠠᠮᠪᠡ ᠳᠤ ᠣᠴᠢᠭᠤᠯᠵᠤ᠂ ᠬᠠᠮᠲᠤ ᠳᠤ ᠪᠠᠨ ᠮᠠᠰᠢᠨ ᠲᠡᠷᠭᠡᠨ ᠤ ᠲᠡᠭᠡᠭᠡᠪᠦᠷᠢ ᠶᠢᠨ | ᠥᠷᠲᠡᠭᠡ ᠶᠢ ᠪᠠᠶᠢᠭᠤᠯᠤᠭᠰᠠᠨ ᠪᠥᠭᠡᠳ ᠱᠠᠨᠨᠢᠩ᠂ ᠱᠠᠨᠯᠠᠨ ︵ᠯᠠᠨᠵᠧᠦ︶ ᠵᠡᠷᠭᠡ ᠭᠠᠵᠠᠷ ᠤᠨ ᠬᠤᠳᠠᠯᠳᠤᠭᠠᠨ ᠤ ᠲᠡᠭᠡᠭᠡᠪᠦᠷᠢ ᠶᠢ ᠭᠠᠷᠠᠭ ᠪᠣᠯᠭᠠᠨ ᠢᠯᠡ ᠪᠠᠷ ᠨᠡᠭᠡᠭᠡᠬᠦ | ᠪᠣᠯᠵᠠᠢ᠃ ᠡᠨᠡ ᠪᠤᠯ ᠰᠦᠢᠶᠤᠸᠠᠨ ᠮᠤᠵᠢ ᠶᠢᠨ ᠬᠠᠮᠤᠭ ᠠᠩᠬᠠᠨ ᠤ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠪᠠᠶᠢᠭᠤᠯᠤᠮᠵᠢ ᠪᠤᠯᠤᠨ ᠤᠯᠤᠰ ᠤᠨ ᠮᠠᠰᠢᠨ | ᠲᠡᠷᠭᠡᠨ ᠤ ᠦᠷᠲᠡᠭᠡ ᠪᠤᠯᠤᠨ᠎ᠠ᠃ | ᠶᠤᠸᠠᠨ ᠽᠢ ᠴᠦᠢ ᠰᠤᠪᠠᠭ ᠤᠨ ᠠᠮᠠᠰᠠᠷ ᠪᠣᠯ ᠪᠣᠷᠣᠲᠣᠬᠤᠢ ᠶᠢᠨ ︽ᠤᠰᠤᠨ ᠭᠠᠩ ᠤᠨ ᠭᠠᠷᠠᠮ︾ ᠪᠣᠯᠤᠨ᠎ᠠ᠃ 1944 ᠣᠨ ᠳᠤ ᠰᠦᠢᠶᠤᠸᠠᠨ | ᠮᠤᠵᠢ ᠶᠢᠨ ᠵᠠᠰᠠᠮᠠᠯ ᠵᠠᠮ ᠤᠨ ᠵᠠᠬᠢᠷᠭ᠎ᠠ ᠨᠢ ᠰᠦᠢᠶᠤᠸᠠᠨ ᠮᠤᠵᠢ ᠶᠢᠨ ᠠᠭᠠᠷ ᠤᠨ ᠠᠶᠠᠯᠠᠯ ᠤᠨ ᠬᠠᠮᠢᠶᠠᠷᠤᠯᠲᠠ ᠶᠢᠨ ᠬᠡᠰᠡᠭ ᠢ ᠪᠠᠶᠢᠭᠤᠯᠵᠤ᠂ ᠤᠤᠯ ᠤᠨ ᠤᠰᠤᠨ | ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠢ ᠴᠢᠩᠭᠠᠳᠬᠠᠪᠠ᠃ ᠲᠤᠬᠠᠢ ᠶᠢᠨ ᠦᠶ᠎ᠡ ᠳᠤ ᠬᠥᠬᠡᠨᠠᠭᠤᠷ᠂ ᠭᠠᠨᠰᠦ᠂ ᠨᠢᠩᠰᠢᠶᠠ ᠠᠴᠠ ᠪᠣᠷᠣᠲᠣᠬᠤᠢ ᠳᠤ ᠢᠷᠡᠭᠰᠡᠨ | ᠣᠩᠭᠤᠴᠠ ᠲᠠᠰᠤᠷᠠᠯᠲᠠ ᠦᠭᠡᠢ ᠣᠯᠠᠰᠢᠷᠠᠵᠤ᠂ ᠵᠥᠭᠡᠭᠡᠪᠦᠷᠢᠯᠡᠵᠦ ᠠᠪᠴᠢᠷᠠᠭᠰᠠᠨ ᠮᠣᠳᠣᠨ ᠮᠠᠲ᠋ᠧᠷᠢᠶᠠᠯ᠂ ᠤᠰᠤᠨ ᠲᠠᠮᠠᠬᠢ᠂ ᠠᠷᠠᠰᠤ ᠨᠣᠣᠰᠣ᠂ ᠡᠮ ᠤᠨ | ᠮᠠᠲ᠋ᠧᠷᠢᠶᠠᠯ᠂ ᠱᠠᠭᠠᠵᠠᠩ ᠡᠳ᠋ᠯᠡᠯ᠂ ᠨᠡᠭᠦᠷᠡᠰᠦ᠂ ᠪᠥᠰ ᠪᠠᠷᠠᠭ᠎ᠠ ᠵᠡᠷᠭᠡ ᠶᠢ ᠪᠠᠭᠲᠠᠭᠠᠵᠤ᠂ ᠵᠥᠭᠡᠭᠡᠪᠦᠷᠢᠯᠡᠵᠦ ᠭᠠᠷᠭᠠᠭᠰᠠᠨ ᠪᠠᠷᠠᠭ᠎ᠠ ᠨᠢ ᠭᠤᠣᠯᠳᠠᠭᠤ ᠠᠮᠤ ᠪᠤᠳᠠᠭ᠎ᠠ᠂ | ᠲᠣᠰᠣ ᠵᠡᠷᠭᠡ ᠨᠤᠲᠤᠭ ᠤᠨ ᠣᠨᠴᠠ ᠭᠠᠷᠤᠯᠲᠠ ᠪᠠᠶᠢᠵᠤ᠂ ᠱᠠᠮᠪᠠ ᠶᠢᠨ ᠬᠤᠳᠠᠯᠳᠤᠭ᠎ᠠ ᠡᠳᠦᠷ ᠢᠷᠡᠬᠦᠶ᠎ᠡ ᠴᠡᠴᠡᠭᠯᠡᠨ ᠬᠥᠭᠵᠢᠵᠦ ᠪᠠᠶᠢᠪᠠ᠃ | 1942 ᠣᠨ ᠤ ᠬᠠᠪᠤᠷ᠂ ᠹᠦ᠋ ᠽᠦᠸᠧ ᠢ ᠵᠢᠭᠠᠪᠤᠷᠢ ᠥᠭᠴᠦ᠂ ᠳᠡᠳ᠋ ᠳᠠᠷᠤᠭ᠎ᠠ ᠶᠢᠨ ᠬᠡᠯᠲᠡᠰ ᠠᠴᠠ ᠬᠥᠮᠥᠨ ᠲᠣᠮᠢᠯᠠᠨ ︽ᠱᠠᠮᠪᠠ ᠶᠢᠨ ᠨᠢᠰᠬᠡᠯ ᠤᠨ | ᠪᠠᠭᠤᠳᠠᠯ︾ ᠢ ᠵᠠᠰᠠᠪᠠ᠃ ᠡᠨᠡ ᠬᠦ ᠨᠢᠰᠬᠡᠯ ᠤᠨ ᠪᠠᠭᠤᠳᠠᠯ ᠱᠠᠮᠪᠡ ᠠᠴᠠ ᠪᠠᠷᠠᠭᠤᠨ ᠡᠮᠦᠨᠡᠰᠢ 10 ᠺᠢᠯᠣᠮᠧᠳ᠋ᠷ ᠵᠠᠶᠢᠲᠠᠶ ︵ᠣᠳᠣ ᠶᠢᠨ ᠱᠠᠨᠳᠧᠩ ᠵᠠᠰᠠᠮᠠᠯ ᠵᠠᠮ ᠤᠨ | ᠾᠧᠪᠧᠶ ᠶᠢᠨ ᠳᠡᠯᠭᠡᠭᠦᠷ ᠤᠨ ᠵᠠᠮ ᠤᠨ ᠵᠡᠭᠦᠨ ᠬᠤᠶᠢᠲᠤ ᠬᠡᠰᠡᠭ︶ ᠳᠤ ᠪᠠᠶᠢᠷᠢᠯᠠᠵᠤ᠂ 1 ᠲᠦᠮᠡ ᠭᠠᠷᠤᠶ ᠲᠡᠭᠰᠢ ᠳᠥᠷᠪᠡᠯᠵᠢᠨ ᠮᠧᠳ᠋ᠷ ᠲᠠᠯᠠᠪᠠᠢ ᠲᠠᠢ᠃ 1942 | ᠣᠨ ᠳᠤ ᠵᠠᠩ ᡁᠢ ᠵᠦᠩ ᠪᠣᠷᠣᠲᠣᠬᠤᠢ ᠳᠤ ᠢᠷᠡᠵᠦ ᠠᠵᠢᠯ ᠪᠠᠶᠢᠴᠠᠭᠠᠪᠠ᠂ 1945 ᠣᠨ ᠳᠤ ᠠᠮᠧᠷᠢᠺᠠ ᠴᠡᠷᠢᠭ ᠤᠨ ᠵᠠᠩᠵᠤᠨ ᠸᠧᠢ ᠳ᠋ᠧ ᠮᠠᠢ ᠱᠠᠮᠪᠠ ᠳᠤ | ᠢᠷᠡᠵᠦ᠂ ᠲᠤᠰ ᠨᠢᠰᠬᠡᠯ ᠤᠨ ᠪᠠᠭᠤᠳᠠᠯ ᠳᠤ ᠪᠠᠭᠤᠵᠠᠢ᠃ | 1942 ᠣᠨ ᠳᠤ ᠹᠦ᠋ ᠽᠦᠸᠧ ᠢ ᠪᠡᠯᠡ ᠴᠤᠭᠯᠠᠭᠤᠯᠵᠤ ᠱᠠᠮᠪᠠ ᠳᠤ ᠣᠯᠠᠨ ᠨᠡᠶᠢᠲᠡ ᠶᠢᠨ ᠴᠤᠭᠯᠠᠭᠠᠨ ᠤ ᠭᠡᠷ ᠪᠠ ᠤᠷᠠᠨ ᠰᠠᠶᠢᠬᠠᠨ ᠤ ᠲᠣᠭᠯᠠᠯᠲᠠ ᠶᠢᠨ | ᠭᠠᠵᠠᠷ ︽ᠵᠦᠩ ᠱᠠᠨ ᠲᠠᠩᠬᠢᠮ︾ ᠢ ᠪᠠᠶᠢᠭᠤᠯᠵᠠᠢ ︵ᠥᠨᠥ ᠶᠢᠨ ᠱᠠᠮᠪᠠ ᠪᠦᠷᠢᠨ ᠪᠠᠷᠠᠭᠠᠲᠤ ᠲᠣᠮᠣ ᠠᠰᠠᠷ ᠪᠠᠶᠢᠵᠤ᠂ 1992 ᠣᠨ ᠳᠤ ᠨᠤᠷᠠᠭᠠᠵᠤ ᠨᠡᠭᠦᠯᠭᠡᠪᠡ︶ | ᠃ ᠵᠦᠩ ᠱᠠᠨ ᠲᠠᠩᠬᠢᠮ ᠲᠤᠭᠤᠰᠬ᠎ᠠ ᠪᠠ ᠮᠤᠳᠤᠨ ᠪᠦᠳᠦᠴᠡ ᠲᠠᠢ ᠪᠦᠭᠡᠳ ᠰᠦᠷ ᠳᠠᠯᠠᠶᠢᠴᠠᠲᠠᠢ ᠪᠠᠶᠢᠳᠠᠭ ᠠᠴᠠ ᠣᠯᠠᠨ ᠤ ᠳᠣᠩᠰᠤᠯᠭᠠᠭᠰᠠᠨ ᠪᠠᠶᠢᠨ᠎ᠠ᠃ | 1944 ᠣᠨ ᠳᠤ ᠹᠦ᠋ ᠽᠦᠸᠧ ᠢ ᠪᠠᠰᠠ ᠲᠤᠰᠬᠠᠶᠢᠯᠠᠨ ᠬᠦᠨᠳᠦᠲᠦ ᠵᠣᠴᠢᠳ ᠢ ᠬᠦᠯᠢᠶᠡᠨ ᠠᠪᠬᠤ ︽ᠪᠣᠭᠤᠮᠲᠠ ᠶᠢᠨ ᠭᠠᠳᠠᠨᠠᠬᠢ ᠰᠢᠨ᠎ᠡ ᠭᠡᠷ︾ ᠪᠠᠶᠢᠭᠤᠯᠪᠠ ︵ | ᠥᠨᠥ ᠶᠢᠨ ᠬᠠᠩᠭᠢᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠬᠤᠶᠢᠲᠤ ᠶᠡᠭᠡ ᠴᠡᠴᠡᠷᠯᠢᠭ ᠤᠨ ᠬᠦᠷᠢᠶ᠎ᠡ ᠪᠤᠯᠤᠨ᠎ᠠ᠂ ᠣᠳᠤ ᠨᠢᠭᠡᠨᠲᠡ ᠨᠤᠷᠠᠭᠠᠵᠠᠢ︶᠃ ᠡᠨᠡ | ᠬᠤᠶᠠᠷ ᠵᠦᠢᠯ ᠤᠨ ᠪᠠᠷᠢᠯᠭ᠎ᠠ ᠲᠤᠬᠠᠢ ᠶᠢᠨ ᠦᠶ᠎ᠡ ᠳᠤ ᠱᠠᠮᠪᠠ ᠶᠢᠨ ᠭᠠᠵᠠᠷ ᠵᠦᠢ ᠶᠢᠨ ᠪᠡᠯᠭᠡ ᠲᠡᠮᠲᠡᠭᠲᠦ ᠪᠦᠬᠦᠢ ᠪᠠᠷᠢᠯᠭ᠎ᠠ ᠪᠣᠯᠤᠭᠰᠠᠨ ᠪᠠᠶᠢᠨ᠎ᠠ᠃ | 1943 ᠣᠨ ᠳᠤ ᠳᠡᠯᠡᠬᠡᠢ ᠶᠢᠨ ᠠᠯᠳᠠᠷᠲᠤ ᠶᠠᠫᠣᠨ ᠢ ᠡᠰᠡᠷᠭᠦᠴᠡᠬᠦ ᠪᠠᠶᠢᠭᠤᠯᠤᠮᠵᠢ ︽ᠳᠤᠮᠳᠠᠳᠤ ᠠᠮᠧᠷᠢᠺᠠ ᠶᠢᠨ ᠪᠣᠯᠪᠠᠰᠤᠷᠠᠯ ᠤᠨ ᠠᠩᠭᠢ︾ ᠱᠠᠮᠪᠠ ᠳᠤ | ᠪᠠᠶᠢᠭᠤᠯᠤᠭᠳᠠᠵᠤ᠂ ︵ᠲᠤᠰ ᠪᠣᠯᠪᠠᠰᠤᠷᠠᠯ ᠤᠨ ᠠᠩᠭᠢ ᠪᠦᠬᠦ ᠤᠯᠤᠰ ᠲᠤ ᠵᠥᠪᠬᠡᠨ ᠨᠠᠢᠮᠨ ᠶᠢᠰᠦᠬᠡᠨ ᠪᠠᠶᠢᠨ᠎ᠠ︶᠃ ᠡᠨᠡ ᠨᠢ ᠤᠯᠤᠰ ᠣᠷᠣᠨ ᠳᠤ 200 ᠭᠠᠷᠤᠢ | ᠨᠢᠭᠤᠴᠠ ᠮᠡᠳᠡᠭᠡ ᠳᠡᠯᠪᠡᠴᠢᠬᠦ ᠵᠡᠷᠭᠡ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠵᠦ ᠥᠭᠴᠦ᠂ ᠡᠳᠡᠭᠡᠷ ᠬᠥᠮᠦᠰ ᠤᠨ ᠣᠯᠠᠩᠬᠢ ᠨᠢ ᠳᠠᠯᠠᠨ ᠬᠠᠷ᠎ᠠ ᠠᠭᠤᠯᠠ ᠶᠢᠨ | ᠶᠠᠫᠣᠨ ᠢ ᠡᠰᠡᠷᠭᠦᠴᠡᠬᠦ ᠳᠠᠶᠢᠨ ᠠᠴᠠ ᠡᠮᠦᠨ᠎ᠡ ᠹᠷᠣᠨᠲ ᠲᠤ ᠲᠣᠮᠢᠯᠠᠭᠳᠠᠨ ᠳᠠᠶᠢᠰᠦᠨ ᠢ ᠤᠰᠠᠳᠬᠠᠨ ᠭᠠᠪᠢᠶ᠎ᠠ ᠪᠠᠶᠢᠭᠤᠯᠵᠠᠢ᠃ | ᠬᠦᠴᠦᠲᠦ ᠶᠡᠭᠡ ᠶᠠᠫᠣᠨ ᠢ ᠡᠰᠡᠷᠭᠦᠴᠡᠬᠦ ᠳᠠᠶᠢᠨ ᠤ ᠳᠤᠮᠳᠠ᠂ ᠨᠢᠭᠡ ᠦᠶ᠎ᠡ ᠶᠢᠨ ᠶᠠᠫᠣᠨ ᠢ ᠡᠰᠡᠷᠭᠦᠴᠡᠬᠦ ᠨᠡᠷᠡᠲᠦ ᠵᠠᠩᠵᠤᠨ ᠪᠣᠶᠢᠵᠢᠵᠦ᠂ ᠨᠢᠭᠡ ᠵᠠᠩᠵᠤᠨ | ᠨᠢᠭᠡ ᠡᠷᠲᠡᠨ ᠤ ᠪᠠᠯᠭᠠᠰᠤ ᠶᠢ ᠬᠦᠭᠵᠢᠶᠡᠨ᠂ ᠱᠠᠮᠪᠠ ᠶᠢᠨ ᠶᠠᠫᠣᠨ ᠢ ᠡᠰᠡᠷᠭᠦᠴᠡᠬᠦ ᠨᠡᠷᠡᠲᠦ ᠪᠠᠯᠭᠠᠰᠤ ᠪᠣᠯᠬᠤ ᠪᠠᠶᠢᠷᠢ ᠰᠠᠭᠤᠷᠢ ᠶᠢ ᠪᠠᠲᠤᠯᠠᠭᠰᠠᠨ ᠪᠠᠶᠢᠨ᠎ᠠ᠃ | | | | | | | | | | | | | | | | |