ᠬᠠᠩᠭᠢᠨ ᠬᠤᠶᠢᠲᠤ ᠬᠤᠰᠢᠭᠤᠨ ᠤ ᠬᠦᠮᠦᠨ ᠠᠮᠠ ᠶᠢᠨ ᠪᠦᠷᠢᠳᠭᠡᠯ ᠵᠢᠴᠢ᠂ ᠦᠨᠳᠦᠰᠦᠲᠡᠨ ᠪᠠ ᠱᠠᠰᠢᠨ ᠰᠤᠷᠲᠠᠭᠤᠨ
ᠨᠡᠶᠢᠲᠡᠯᠡᠭᠰᠡᠨ ᠴᠠᠭ᠄
2025/3/11
         2024 ᠣᠨ ᠤ ᠵᠢᠯ ᠤᠨ ᠡᠴᠦᠰ ᠲᠤ ᠪᠦᠬᠦ ᠬᠤᠰᠢᠭᠤᠨ ᠤ ᠪᠠᠶᠢᠩᠭᠤ ᠰᠠᠭᠤᠭ᠎ᠠ ᠬᠥᠮᠦᠨ ᠠᠮᠠ 20.87 ᠲᠦᠮᠡ ᠪᠠᠶᠢᠵᠤ᠂ ᠡᠭᠦᠨ ᠳᠤ ᠬᠤᠲᠠ ᠪᠠᠯᠭᠠᠰᠤᠨ ᠤ ᠬᠥᠮᠦᠨ ᠠᠮᠠ 11.26 ᠲᠦᠮᠡ ᠪᠠᠶᠢᠵᠤ᠂ ᠶᠡᠷᠦᠩᠬᠡᠶ ᠬᠥᠮᠦᠨ ᠠᠮᠠ ᠶᠢ ᠡᠵᠡᠯᠡᠬᠦ ᠬᠤᠪᠢ ᠶᠢᠨ ᠵᠢᠩ ᠨᠢ 53.95%᠂ ᠬᠥᠳᠡᠭᠡ ᠲᠣᠰᠬᠤᠨ ᠤ ᠬᠥᠮᠦᠨ ᠠᠮᠠ 9.61 ᠲᠦᠮᠡ ᠪᠠᠶᠢᠵᠤ᠂ ᠶᠡᠷᠦᠩᠬᠡᠶ ᠬᠥᠮᠦᠨ ᠠᠮᠠ ᠶᠢᠨ ᠡᠵᠡᠯᠡᠬᠦ ᠬᠤᠪᠢ ᠶᠢᠨ ᠵᠢᠩ ᠨᠢ 46.05% ᠪᠣᠯᠤᠨ᠎ᠠ᠃      ᠦᠨᠳᠦᠰᠦᠲᠡᠨ ᠤᠭᠰᠠᠭ᠎ᠠ᠄ ᠬᠠᠩᠭᠢᠨ ᠬᠤᠶᠢᠲᠤ ᠬᠤᠰᠢᠭᠤ ᠪᠣᠯ ᠨᠢᠭᠡᠨ ᠣᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠪᠠ ᠲᠠᠷᠠᠬᠠᠢ ᠰᠠᠭᠤᠵᠤ ᠪᠠᠶᠢᠭ᠎ᠠ ᠭᠠᠵᠠᠷ ᠣᠷᠣᠨ ᠪᠠᠶᠢᠵᠤ᠂ ᠪᠥᠬᠦ ᠬᠤᠰᠢᠭᠤᠨ ᠳᠤ ᠮᠣᠩᠭᠤᠯ ᠦᠨᠳᠦᠰᠦᠲᠡᠨ᠂ ᠬᠢᠲᠠᠳ ᠦᠨᠳᠦᠰᠦᠲᠡᠨ᠂ ᠬᠤᠲᠣᠩ ᠦᠨᠳᠦᠰᠦᠲᠡᠨ᠂ ᠮᠠᠨᠵᠤ ᠦᠨᠳᠦᠰᠦᠲᠡᠨ᠂ ᠰᠣᠯᠣᠩᠭᠤᠰ ᠦᠨᠳᠦᠰᠦᠲᠡᠨ᠂ ᠳᠠᠭᠤᠷ ᠦᠨᠳᠦᠰᠦᠲᠡᠨ᠂ ᠡᠸᠡᠩᠬᠢ ᠦᠨᠳᠦᠰᠦᠲᠡᠨ᠂ ᠣᠷᠴᠣᠨ ᠦᠨᠳᠦᠰᠦᠲᠡᠨ᠂ ᠵᠤᠸᠠᠩ ᠦᠨᠳᠦᠰᠦᠲᠡᠨ᠂ ᠲᠥᠪᠡᠳ ᠦᠨᠳᠦᠰᠦᠲᠡᠨ᠂ ᠰᠢᠪᠡᠭᠡ ᠦᠨᠳᠦᠰᠦᠲᠡᠨ᠂ ᠮᠢᠶᠣᠣ ᠦᠨᠳᠦᠰᠦᠲᠡᠨ᠂ ᠲᠦᠵᠢᠶᠠ ᠦᠨᠳᠦᠰᠦᠲᠡᠨ᠂ ᠢ ᠦᠨᠳᠦᠰᠦᠲᠡᠨ᠂ ᠤᠶᠢᠭᠤᠷ ᠦᠨᠳᠦᠰᠦᠲᠡᠨ ᠭᠡᠬᠦᠴᠢᠯᠡᠨ 15 ᠦᠨᠳᠦᠰᠦᠲᠡᠨ ᠪᠠᠶᠢᠨ᠎ᠠ᠃      ᠱᠠᠰᠢᠨ ᠰᠤᠷᠲᠠᠬᠤᠨ᠄ ᠪᠦᠬᠦ ᠬᠤᠰᠢᠭᠤᠨ ᠳᠤ ᠺᠠᠲ᠋ᠤᠯᠢᠭ ᠱᠠᠰᠢᠨ᠂ ᠾᠷᠢᠰᠲ᠋ᠤᠰ ᠤᠨ ᠱᠠᠰᠢᠨ᠂ ᠪᠤᠷᠬᠠᠨ ᠤ ᠱᠠᠰᠢᠨ᠂ ᠢᠰᠯᠠᠮ ᠤᠨ ᠱᠠᠰᠢᠨ ᠵᠡᠷᠭᠡ ᠲᠦᠷᠪᠡᠨ ᠵᠦᠢᠯ ᠤᠨ ᠱᠠᠰᠢᠨ ᠪᠤᠢ᠃ ᠺᠠᠲ᠋ᠤᠯᠢᠭ ᠱᠠᠰᠢᠨ ᠤ ᠡᠬᠡ ᠤᠷᠤᠨᠴᠢ ᠵᠦᠪᠯᠡᠯ᠂ ᠺᠠᠲ᠋ᠤᠯᠢᠭ ᠱᠠᠰᠢᠨ ᠤ ︽ᠭᠤᠷᠪᠠᠨ ᠦᠪᠡᠷ︾ ᠪᠠᠶᠢᠬᠤ ᠡᠬᠡ ᠤᠷᠤᠨᠴᠢ ᠬᠦᠳᠡᠯᠭᠡᠭᠡᠨ ᠤ ᠵᠦᠪᠯᠡᠯ᠂ ᠾᠷᠢᠰᠲ᠋ᠤᠰ ᠤᠨ ᠱᠠᠰᠢᠨ ᠤ ᠨᠡᠶᠢᠭᠡᠮᠯᠢᠭ᠂ ᠢᠰᠯᠠᠮ ᠤᠨ ᠱᠠᠰᠢᠨ ᠤ ᠨᠡᠶᠢᠭᠡᠮᠯᠢᠭ᠂ ᠪᠤᠷᠬᠠᠨ ᠤ ᠱᠠᠰᠢᠨ ᠤ ᠨᠡᠶᠢᠭᠡᠮᠯᠢᠭ ᠵᠡᠷᠭᠡ ᠬᠠᠤᠯᠢ ᠶᠤᠰᠤᠭᠠᠷ ᠪᠠᠶᠢᠭᠤᠯᠤᠭᠳᠠᠭᠰᠠᠨ 6 ᠱᠠᠰᠢᠨ ᠤ ᠪᠦᠯᠬᠦᠮ ᠪᠠᠶᠢᠪᠠ᠃ ᠬᠠᠤᠯᠢ ᠶᠣᠰᠣᠭᠠᠷ ᠳᠠᠩᠰᠠᠯᠠᠭᠤᠯᠤᠭᠰᠠᠨ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠠᠢ ᠨᠡᠶᠢᠲᠡ 19 ᠪᠠᠶᠢᠨ᠎ᠠ᠃       
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠰᠦᠯᠵᠢᠶ᠎ᠡ