ᠯᠸᠢ ᠹᠧᠩ ᠤᠨ ᠵᠣᠷᠢᠭ ᠰᠠᠨᠠᠭ᠎ᠠ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠣᠯᠠᠨ ᠲᠦᠮᠡᠨ ᠤ ᠡᠯ᠎ᠡ ᠲᠥᠷᠥᠯ ᠤᠨ ᠲᠤᠬᠠᠶᠢᠯᠠᠭᠰᠠᠨ ᠠᠵᠢᠯ ᠤᠨ ᠲᠤᠬᠠᠶ | ᠣᠶᠢᠯᠠᠭᠠᠯᠲᠠ ᠶᠢ ᠨᠡᠮᠡᠭᠳᠡᠭᠦᠯᠬᠦ ᠶᠢᠨ ᠲᠥᠯᠥᠭᠡ᠂ ᠯᠸᠢ ᠹᠧᠩ ᠤᠨ ᠳᠤᠷᠠᠰᠬᠠᠯ ᠤᠨ ᠡᠳᠦᠷ ᠪᠠ ᠰᠠᠶᠢᠨ ᠳᠤᠷ᠎ᠠ ᠶᠢᠨ ᠠᠵᠢᠯᠯᠠᠭᠴᠢᠳ ᠤᠨ ᠦᠢᠯᠡᠴᠢᠯᠡᠭᠡᠨ ᠤ ᠡᠳᠦᠷ | ᠬᠦᠷᠴᠦ ᠢᠷᠡᠬᠦ ᠲᠠᠰᠢᠷᠠᠮ ᠢᠶᠠᠷ᠂ ᠬᠠᠩᠭᠢᠨ ᠬᠤᠶᠢᠲᠤ ᠬᠤᠰᠢᠭᠤᠨ ᠤ ᠵᠠᠰᠠᠭ ᠤᠨ ᠶᠠᠪᠤᠳᠠᠯ ᠤᠨᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠡᠭᠦᠷ ᠡᠯ᠎ᠡ ᠰᠠᠯᠠᠭ᠎ᠠ | ᠮᠥᠴᠢᠷ ᠤᠨ ᠨᠠᠮ ᠤᠨ ᠭᠡᠰᠢᠭᠦᠨ ᠲᠠᠢ ᠬᠠᠮᠲᠤᠷᠠᠨ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠤᠬᠠᠭᠤᠯᠭ᠎ᠠ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ | ᠥᠷᠨᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠬᠤᠷᠳᠤᠴᠠ ᠶᠢᠨ ᠲᠠᠯ᠎ᠠ ᠪᠠᠷ ᠨᠠᠩ ᠶᠡᠭᠡ ᠪᠠᠲᠤᠯᠠᠭ᠎ᠠ ᠲᠠᠢ ᠪᠣᠯᠭᠠᠪᠠ᠃ | | | ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠳᠠᠯᠢ ᠪᠤᠰᠤ ᠰᠠᠯᠠᠭ᠎ᠠ ᠮᠥᠴᠢᠷ ᠤᠨ ᠨᠠᠮ ᠤᠨ ᠭᠡᠰᠢᠭᠦᠨ ᠰᠠᠶᠢᠨ ᠳᠤᠷ᠎ᠠ ᠶᠢᠨ ᠦᠢᠯᠡᠴᠢᠯᠡᠭᠴᠢᠳ ᠠᠴᠠ | ᠠᠰᠠᠭᠤᠨ ᠯᠠᠪᠯᠠᠬᠤ ᠪᠠᠷ ᠢᠷᠡᠭᠰᠡᠨ ᠣᠯᠠᠨ ᠲᠦᠮᠡᠨ ᠳᠤ ᠨᠠᠷᠢᠨ ᠨᠢᠮᠪᠠᠶ ᠪᠡᠯᠡᠳᠬᠡᠭᠰᠡᠨ ᠤᠬᠠᠭᠤᠯᠭ᠎ᠠ ᠶᠢᠨ ᠮᠠᠲ᠋ᠧᠷᠢᠶᠠᠯ ᠢ ᠲᠦᠭᠡᠭᠡᠨ ᠥᠭᠭᠦᠭᠰᠡᠨ ᠪᠥᠭᠡᠳ | ᠨᠡᠶᠢᠭᠡᠮ ᠤᠨ ᠪᠠᠲᠤᠯᠠᠭ᠎ᠠ᠂ ᠥᠯᠥ ᠬᠥᠳᠡᠯᠬᠦ ᠬᠥᠷᠥᠩᠭᠡ᠂ ᠭᠠᠶᠢᠯᠢ ᠶᠢᠨ ᠶᠠᠪᠤᠳᠠᠯ᠂ ᠵᠠᠮ ᠬᠠᠷᠢᠯᠴᠠᠭ᠎ᠠ᠂ ᠬᠤᠲᠠ ᠶᠢᠨ ᠬᠢᠨᠠᠯᠲᠠ ᠬᠠᠮᠢᠶᠠᠷᠤᠯᠲᠠ ᠵᠡᠷᠭᠡ ᠣᠯᠠᠨ | ᠲᠦᠮᠡᠨ ᠤ ᠠᠩᠬᠠᠷᠤᠯ ᠢ ᠶᠡᠬᠡᠲᠡ ᠲᠠᠲᠠᠭᠰᠠᠨ ᠠᠵᠢᠯ ᠤᠨ ᠬᠦᠷᠢᠶ᠎ᠡ ᠶᠢᠨ ᠲᠣᠭᠤᠷᠢᠨ ᠳᠤ ᠣᠯᠠᠨ ᠲᠦᠮᠡᠨ ᠳᠤ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠬᠠᠤᠯᠢ | ᠲᠣᠭᠲᠠᠭᠠᠯ᠂ ᠭᠦᠢᠴᠡᠳᠭᠡᠬᠦ ᠶᠠᠪᠤᠴᠠ ᠪᠠ ᠠᠩᠬᠠᠷᠬᠤ ᠵᠦᠢᠯᠡᠰ ᠢ ᠬᠦᠯᠢᠴᠡᠩᠭᠦᠶ ᠪᠠᠷ ᠨᠠᠷᠢᠨ ᠨᠢᠮᠪᠠᠶ ᠲᠠᠶᠢᠯᠪᠤᠷᠢᠯᠠᠪᠠ᠃ ᠬᠢᠯᠪᠠᠷ ᠣᠶᠢᠯᠠᠭᠠᠮᠵᠢᠲᠠᠶ ᠦᠭᠡ ᠬᠡᠯᠡ ᠪᠠᠷ | ᠨᠠᠷᠢᠨ ᠪᠤᠳᠤᠯᠢᠶᠠᠨᠲᠠᠶ ᠲᠤᠬᠠᠶᠢᠯᠠᠭᠰᠠᠨ ᠠᠵᠢᠯ ᠤᠨ ᠮᠡᠳᠡᠯᠭᠡ ᠶᠢ ᠣᠯᠠᠨ ᠲᠦᠮᠡᠨ ᠨᠢᠭᠡᠪᠦᠷᠢ ᠳᠤ ᠲᠣᠳᠣᠷᠬᠠᠶ ᠳᠠᠮᠵᠢᠭᠤᠯᠤᠨ᠎ᠠ᠃ ᠨᠠᠰᠤᠲᠠᠶᠢᠴᠤᠳ᠂ ᠵᠡᠮᠳᠡᠭᠴᠦᠳ | ᠵᠡᠷᠭᠡ ᠣᠨᠴᠠᠭᠠᠶ ᠬᠠᠮᠲᠤᠯᠢᠭ ᠲᠤ ᠴᠢᠭᠯᠡᠭᠦᠯᠦᠨ᠂ ᠨᠠᠮ ᠤᠨ ᠭᠡᠰᠢᠭᠦᠳ ᠨᠠᠩ ᠴᠤ ᠰᠠᠨᠠᠭᠠᠴᠢᠯᠠᠭ᠎ᠠ ᠠᠴᠠ ᠪᠠᠨ ᠤᠷᠤᠭᠰᠢᠯᠠᠵᠤ᠂ ᠨᠢᠭᠡ ᠨᠢᠭᠡ ᠪᠠᠷ ᠳᠣᠲᠣᠨᠣ | ᠦᠢᠯᠡᠴᠢᠯᠡᠭᠡ ᠬᠠᠩᠭᠠᠵᠤ᠂ ᠲᠡᠳᠡᠨ ᠤ ᠰᠣᠨᠣᠰᠤᠨ ᠣᠶᠢᠯᠠᠭᠠᠬᠤ᠂ ᠤᠷᠤᠭᠰᠢᠲᠠᠶ ᠭᠦᠢᠴᠡᠳᠭᠡᠬᠦ ᠶᠢ ᠦᠨᠡᠨ ᠬᠦ ᠪᠠᠲᠤᠯᠠᠪᠠ᠃ | | | ᠤᠬᠠᠭᠤᠯᠬᠤ ᠪᠠ ᠮᠠᠳᠠᠭ ᠲᠠᠢ ᠠᠰᠠᠭᠤᠳᠠᠯ ᠢ ᠰᠢᠢᠳᠪᠦᠷᠢᠯᠡᠬᠦ ᠠᠴᠠ ᠭᠠᠳᠠᠨ᠎ᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠪᠠᠰᠠ ᠠᠵᠢᠯ ᠶᠠᠪᠤᠳᠠᠯ | ᠭᠦᠢᠴᠡᠳᠭᠡᠬᠦ ᠤᠯᠠᠨ ᠲᠦᠮᠡᠨ ᠳᠤ ᠠᠯᠢ ᠤᠯᠠᠨ ᠳᠣᠲᠣᠨᠣ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠪᠠ᠃ ᠵᠠᠷᠢᠮ ᠨᠢ ᠥᠪᠡᠰᠦᠪᠡᠨ ᠦᠢᠯᠡᠴᠢᠯᠡᠬᠦ | ᠲᠥᠬᠦᠭᠡᠷᠦᠮᠵᠢ ᠶᠢᠨ ᠠᠵᠢᠯ ᠢ ᠰᠠᠶᠢᠨ ᠮᠡᠳᠡᠬᠦ ᠦᠭᠡᠢ ᠣᠯᠠᠨ ᠲᠦᠮᠡᠨ ᠢ ᠬᠠᠪᠰᠤᠷᠤᠨ ᠲᠤᠬᠠᠶᠢᠯᠠᠭᠰᠠᠨ ᠠᠵᠢᠯ ᠬᠢᠯᠭᠡᠵᠦ᠂ ᠵᠠᠷᠢᠮ ᠨᠢ ᠨᠠᠰᠤᠲᠠᠶᠢᠴᠤᠳ ᠢ | ᠬᠠᠪᠰᠤᠷᠤᠨ ᠡᠯ᠎ᠡ ᠲᠥᠷᠥᠯ ᠤᠨ ᠲᠤᠬᠠᠶᠢᠯᠠᠭᠰᠠᠨ ᠠᠵᠢᠯ ᠤᠨ ᠬᠦᠰᠦᠨᠦᠭᠲᠦ ᠶᠢ ᠲᠠᠭᠯᠠᠵᠤ᠂ ᠪᠠᠰᠠ ᠵᠠᠷᠢᠮ ᠨᠢ ᠣᠯᠠᠨ ᠲᠦᠮᠡᠨ ᠢ ᠰᠠᠨᠠᠭᠠᠴᠢᠯᠠᠭ᠎ᠠ ᠠᠴᠠ ᠪᠠᠨ | ᠬᠥᠲᠥᠯᠥᠨ ᠵᠢᠯᠣᠭᠤᠳᠴᠤ ᠪᠠᠶᠢᠭᠠᠳ ᠡᠮᠬᠢ ᠵᠢᠷᠤᠮ ᠲᠠᠢ ᠪᠠᠷ ᠮᠥᠷᠯᠡᠭᠦᠯᠵᠦ᠂ ᠶᠡᠭᠡ ᠲᠢᠩᠬᠢᠮ ᠤᠨ ᠡᠮᠬᠢ ᠵᠢᠷᠤᠮ ᠢ ᠬᠠᠮᠠᠭᠠᠯᠠᠪᠠ᠃ ᠰᠠᠶᠢᠨ ᠳᠤᠷ᠎ᠠ ᠶᠢᠨ | ᠠᠵᠢᠯᠯᠠᠭᠴᠢᠳ ᠤᠨ ᠬᠠᠯᠠᠭᠤᠮᠰᠤᠭ ᠢᠶᠠᠷ ᠦᠢᠯᠡᠴᠢᠯᠡᠵᠦ᠂ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠤ ᠨᠢᠭᠡᠳᠦᠯᠲᠡᠶ ᠰᠠᠶᠢᠨ ᠦᠨᠡᠯᠡᠯᠲᠡ ᠶᠢ ᠤᠯᠪᠠ᠃ | ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠢ ᠭᠦᠢᠴᠡᠳᠭᠡᠬᠦ ᠪᠠᠷ ᠢᠷᠡᠭᠰᠡᠨ ᠨᠢᠭᠡ ᠠᠪᠠᠭ᠎ᠠ ᠪᠠᠶᠠᠷᠲᠠᠶ ᠪᠠᠷ᠄ ︽ᠲᠥᠷᠥ ᠶᠢᠨ ᠪᠣᠳᠣᠯᠭ᠎ᠠ ᠳᠤ ᠬᠤᠪᠢᠷᠠᠯᠲᠠ | ᠭᠠᠷᠬᠤ ᠠᠴᠠ ᠠᠶᠤᠵᠤ᠂ ᠭᠠᠷ ᠭᠦᠢᠴᠡᠳᠭᠡᠯ ᠢ ᠬᠢᠬᠦ ᠳᠤ ᠬᠦᠴᠢᠷ ᠭᠡᠵᠦ ᠠᠶᠤᠵᠤ ᠪᠠᠶᠢᠭᠰᠠᠨ ᠳᠤ᠂ ᠢᠷᠡᠭᠰᠡᠨ ᠤ ᠳᠠᠷᠠᠭ᠎ᠠ ᠰᠠᠶᠢᠨ ᠳᠤᠷ᠎ᠠ ᠶᠢᠨ ᠦᠢᠯᠡᠴᠢᠯᠡᠭᠴᠢ | ᠬᠠᠪᠰᠤᠷᠤᠨ᠂ ᠶᠠᠭᠤ ᠠᠰᠠᠭᠤᠪᠠᠯ ᠶᠠᠭᠤ ᠳᠤ ᠨᠢ ᠬᠠᠷᠢᠭᠤᠯᠵᠤ ᠦᠭᠴᠦ᠂ ᠰᠡᠳᠭᠢᠯ ᠮᠠᠰᠢ ᠶᠡᠭᠡ ᠲᠠᠶᠢᠪᠤᠰᠢᠷᠠᠪᠠ︾ ᠭᠡᠵᠦ ᠬᠡᠯᠡᠪᠡ᠃ | | | ᠲᠣᠰ ᠤᠳᠠᠭᠠᠨ ᠤ ᠯᠸᠢ ᠹᠧᠩ ᠠᠴᠠ ᠲᠠᠭᠠᠨ ᠰᠤᠷᠤᠯᠴᠠᠬᠤ ᠤᠬᠠᠭᠤᠯᠭ᠎ᠠ ᠶᠢᠨ ᠠᠵᠢᠯᠯᠠᠭ᠎ᠠ ᠶᠢᠨ ᠡᠳᠦᠷ ᠪᠣᠯ ᠵᠠᠰᠠᠭ ᠤᠨ ᠶᠠᠪᠤᠳᠠᠯ ᠤᠨ ᠦᠢᠯᠡᠴᠢᠯᠡᠭᠡ | ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠡᠭᠦᠷ ᠤᠨ ᠨᠠᠮ ᠤᠨ ᠪᠠᠶᠢᠭᠤᠯᠤᠯᠲᠠ ᠪᠣᠯᠤᠨ ᠲᠤᠬᠠᠶᠢᠯᠠᠭᠰᠠᠨ ᠠᠵᠢᠯ ᠤᠨ ᠭᠦᠨᠵᠡᠭᠡᠶ | ᠠᠭᠤᠰᠤᠯᠴᠠᠯ ᠢ ᠠᠬᠢᠭᠤᠯᠤᠭᠰᠠᠨ ᠨᠢᠭᠡ ᠤᠳᠠᠭᠠᠨ ᠤ ᠠᠮᠢᠳᠤᠯᠢᠭ ᠦᠢᠯᠡᠳᠦᠯᠭᠡ ᠪᠤᠯᠤᠨ᠎ᠠ᠂ ᠡᠨᠡ ᠨᠢ ᠨᠠᠮ ᠤᠨ ᠭᠡᠰᠢᠭᠦᠨ ᠺᠠᠳ᠋ᠷᠴᠤᠳ ᠤᠨ ᠪᠥᠬᠦ ᠰᠡᠳᠬᠢᠯ ᠪᠥᠬᠦ | ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢᠨ ᠤᠬᠠᠮᠰᠠᠷ ᠢ ᠭᠦᠶ᠋ᠴᠡᠳ ᠢᠯᠡᠷᠡᠭᠦᠯᠦᠭᠰᠡᠨ ᠪᠠᠶᠢᠨ᠎ᠠ᠃ ᠬᠤᠶᠢᠰᠢᠳᠠ᠂ ᠵᠠᠰᠠᠭ ᠤᠨ | ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠨᠠᠮ ᠤᠨ ᠡᠭᠦᠷ ᠦᠷᠭᠦᠯᠵᠢᠯᠡᠨ ᠯᠸᠢ ᠹᠧᠩ ᠤᠨ ᠵᠣᠷᠢᠭ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠦᠢᠯᠡᠴᠢᠯᠡᠭᠡᠨ ᠤ ᠶᠠᠪᠤᠴᠠ ᠶᠢ | ᠲᠠᠰᠤᠷᠠᠯᠲᠠ ᠥᠬᠡᠶ ᠰᠢᠯᠢᠳᠡᠭᠵᠢᠭᠦᠯᠦᠨ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠣᠯᠠᠨ ᠲᠦᠮᠡᠨ ᠳᠤ ᠨᠠᠩ ᠴᠢᠨᠠᠷ ᠰᠠᠶᠢᠲᠠᠶ᠂ ᠥᠨᠳᠥᠷ | ᠪᠦᠲᠦᠮᠵᠢᠲᠡᠶ᠂ ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠠᠩᠭᠠᠵᠤ᠂ ᠯᠸᠢ ᠹᠧᠩ ᠤᠨ ᠵᠣᠷᠢᠭ ᠰᠠᠨᠠᠭ᠎ᠠ ᠶᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠦᠷᠢᠶᠡᠨ ᠳᠤ ᠨᠠᠩ ᠰᠠᠶᠢᠨ ᠰᠠᠶᠢᠬᠠᠨ ᠬᠡᠷᠡᠯ ᠭᠢᠯᠪᠠᠭ᠎ᠠ ᠪᠠᠨ ᠰᠠᠴᠤᠷᠠᠭᠤᠯᠤᠨ᠎ᠠ᠃ | | |