3 ᠰᠠᠷ᠎ᠠ ᠶᠢᠨ 11 ᠤ ᠡᠳᠦᠷ᠂ ︽ᠠᠷᠠᠳ ᠤᠨ ᠡᠳᠦᠷ ᠤᠨ ᠰᠣᠨᠢᠨ︾᠂ ᠠᠷᠠᠳ ᠤᠨ ᠰᠦᠯᠵᠢᠶᠡᠨ ᠤ ᠰᠤᠷᠪᠤᠯᠵᠢᠯᠠᠬᠤ ᠳᠤᠭᠤᠶᠢᠯᠠᠩ ᠮᠠᠨ ᠤ | ᠬᠤᠰᠢᠭᠤᠨ ᠳᠤ ᠭᠦᠨᠵᠡᠭᠡᠶᠢᠷᠡᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ᠂ ᠡᠯᠡᠰᠦ ᠶᠢ | ᠰᠡᠷᠭᠡᠶᠢᠯᠡᠵᠦ ᠡᠯᠡᠰᠦ ᠶᠢ ᠵᠠᠰᠠᠬᠤ ᠵᠡᠷᠭᠡ ᠠᠵᠢᠯ ᠢ ᠪᠠᠶᠢᠴᠠᠭᠠᠨ ᠰᠤᠳᠤᠯᠵᠤ ᠰᠤᠷᠪᠤᠯᠵᠢᠯᠠᠪᠠ᠃ | ᠰᠤᠷᠪᠤᠯᠵᠢᠯᠠᠬᠤ ᠳᠤᠭᠤᠶᠢᠯᠠᠩ ᠤᠷᠢᠳ ᠬᠤᠵᠢᠳ ᠥᠪᠥᠷ ᠮᠣᠩᠭᠤᠯ ᠤᠨ ᠰᠢ ᠮᠧᠩ ᠦᠷ᠎ᠡ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠮᠧᠩ ᠬᠠᠢ | ᠪᠠᠯᠭᠠᠰᠤᠨ ᠤ ᠬᠤᠩ ᠵᠢᠶᠠᠨ ᠲᠣᠰᠬᠤᠨ ᠤ ᠲᠦᠮᠡᠨ ᠮᠦ ᠪᠤᠭᠤᠳᠠᠢ ᠵᠠᠯᠭᠠᠯᠳᠤᠭᠤᠯᠤᠨ ᠲᠠᠷᠢᠬᠤ ᠵᠢᠱᠢᠶ᠎ᠡ ᠦᠵᠡᠭᠦᠯᠬᠦ ᠰᠠᠭᠤᠷᠢᠨ᠂ ᠰᠠᠨ ᠳ᠋ᠤᠤ ᠴᠢᠶᠣᠤ ᠪᠠᠯᠭᠠᠰᠤᠨ ᠤ | ᠵᠦᠩ ᠴᠧᠩ ᠮᠠᠯ ᠠᠵᠤ ᠠᠬᠤᠢ᠂ ᠬᠠᠳᠤᠨ ᠭᠤᠣᠯ ᠤᠨ ︽ᠬᠡᠳᠦᠨ ᠦᠰᠦᠭᠲᠦ ᠮᠤᠷᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠵᠠᠰᠠᠯᠲᠠ ᠶᠢᠨ ᠵᠢᠱᠢᠶ᠎ᠡ | ᠦᠵᠡᠭᠦᠯᠬᠦ ᠣᠷᠣᠨ᠂ ᠱᠠ ᠬᠠᠢ ᠪᠠᠯᠭᠠᠰᠤᠨ ᠤ ᠲᠦᠮᠡᠨ ᠮᠦ ᠠᠯᠢᠮ᠎ᠠ ᠵᠢᠮᠢᠰ ᠤᠨ ᠠᠵᠤ ᠦᠢᠯᠡᠰ ᠤᠨ ᠬᠦᠷᠢᠶᠡᠯᠡᠩ ᠵᠡᠷᠭᠡ ᠰᠤᠷᠪᠤᠯᠵᠢᠯᠠᠬᠤ ᠴᠡᠭ ᠲᠤ ᠬᠦᠷᠴᠦ | ᠪᠠᠶᠢᠴᠠᠭᠠᠨ ᠰᠤᠳᠤᠯᠤᠯᠲᠠ ᠬᠢᠵᠦ ᠰᠤᠷᠪᠤᠯᠵᠢᠯᠠᠪᠠ᠃ | ᠤᠯᠤᠰ ᠤᠨ ᠳᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰᠵᠢᠭᠰᠡᠨ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠤᠨ ᠥᠪᠥᠷ ᠮᠣᠩᠭᠤᠯ ᠤᠨ ᠰᠢ ᠮᠧᠩ ᠦᠷ᠎ᠡ ᠶᠢᠨ ᠦᠢᠯᠡᠰ ᠤᠨ ᠬᠢᠵᠠᠭᠠᠷᠲᠤ | ᠺᠣᠮᠫᠠᠨᠢ ᠳᠤ᠂ ᠰᠤᠷᠪᠤᠯᠵᠢᠯᠠᠬᠤ ᠳᠤᠭᠤᠶᠢᠯᠠᠩ ᠤᠨ ᠬᠢᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠮᠡᠷᠭᠡᠵᠢᠯ ᠤᠨ ᠳᠡᠮᠵᠢᠯᠭᠡ ᠶᠢᠨ ᠨᠥᠬᠦᠴᠡᠯ᠂ | ᠦᠷ᠎ᠡ ᠡᠳ᠋ ᠤᠨ ᠡᠬᠢ ᠪᠠᠶᠠᠯᠢᠭ ᠤᠨ ᠣᠳᠣᠬᠢ ᠪᠠᠶᠢᠳᠠᠯ᠂ ᠦᠷ᠎ᠡ ᠪᠤᠶᠢᠵᠢᠭᠤᠯᠬᠤ ᠮᠡᠷᠭᠡᠵᠢᠯ ᠤᠨ ᠴᠢᠭᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠣᠳᠣ | ᠦᠶ᠎ᠡ ᠶᠢᠨ ᠠᠮᠢᠳᠤ ᠪᠣᠳᠠᠰ ᠤᠨ ᠦᠷ᠎ᠡ ᠪᠤᠶᠢᠵᠢᠭᠤᠯᠬᠤ ᠮᠡᠷᠭᠡᠵᠢᠯ ᠢ ᠭᠤᠣᠯᠳᠠᠯᠭ᠎ᠠ ᠲᠠᠢ ᠭᠦᠨᠵᠡᠭᠡᠢ ᠠᠭᠤᠳᠠᠯᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠭᠰᠡᠨ | ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠬᠦ ᠶᠢ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ | ᠠᠮᠢᠳᠤᠯᠢᠭ ᠦᠢᠯᠡᠳᠦᠯᠭᠡ᠂ ᠠᠵᠤ ᠠᠬᠤᠶᠢᠯᠠᠯ ᠪᠣᠯᠤᠨ ᠲᠠᠷᠢᠶᠠᠴᠢᠨ ᠡᠷᠦᠬᠡ ᠶᠢᠨ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠬᠦ ᠭᠤᠶᠢᠳᠠ ᠰᠠᠶᠢᠬᠠᠨ | ᠦᠯᠢᠭᠡᠷ ᠢ ᠰᠣᠨᠣᠰᠪᠠ᠃ ᠬᠤᠩ ᠵᠢᠶᠠᠨ ᠲᠣᠰᠬᠤᠨ ᠤ ᠲᠦᠮᠡᠨ ᠮᠦ ᠪᠤᠭᠤᠳᠠᠢ ᠵᠠᠯᠭᠠᠯᠳᠤᠭᠤᠯᠤᠨ ᠲᠠᠷᠢᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ᠂ | ᠰᠤᠷᠪᠤᠯᠵᠢᠯᠠᠬᠤ ᠳᠤᠭᠤᠶᠢᠯᠠᠩ ᠪᠠᠯᠭᠠᠰᠤᠨ ᠤ ᠺᠠᠳ᠋ᠷ᠂ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠤ ᠠᠷᠠᠳ ᠲᠠᠢ ︽ᠨᠢᠭᠡᠳᠦᠯᠲᠡᠢ ᠲᠠᠷᠢᠵᠤ | ᠬᠠᠮᠲᠤ ᠪᠠᠷ ᠪᠠᠶᠠᠵᠢᠬᠤ︾ ᠵᠠᠭᠪᠤᠷ ᠤᠨ ᠨᠡᠶᠢᠲᠡᠯᠢᠭ ᠲᠤᠷᠰᠢᠯᠭ᠎ᠠ ᠪᠠᠨ ᠰᠣᠯᠢᠯᠴᠠᠨ ᠰᠣᠯᠢᠯᠴᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠨᠠᠷᠢᠨ | ᠪᠠᠶᠢᠳᠠᠯ ᠢ ᠰᠤᠷᠪᠤᠯᠵᠢᠯᠠᠨ ᠰᠡᠭᠦᠳᠡᠷᠯᠡᠪᠡ᠃ | ᠰᠠᠨ ᠳ᠋ᠤᠤ ᠴᠢᠶᠣᠤ ᠪᠠᠯᠭᠠᠰᠤᠨ ᠤ ᠵᠦᠩ ᠴᠧᠩ ᠮᠠᠯ ᠠᠵᠤ ᠠᠬᠤᠢ ᠳᠤ᠂ ᠾᠧ ᠫᠢᠩ ᠲᠣᠰᠬᠤᠨ ᠤ ᠨᠠᠮ ᠤᠨ ᠡᠭᠦᠷ ᠤᠨ ᠱᠦᠵᠢ ᠪᠢᠶᠠᠨ ᠵᠢᠶᠦ᠋ᠨ ᠹᠧᠩ ︽ | ᠣᠯᠠᠨ ᠢᠶᠠᠷ ᠢᠶᠠᠨ ᠲᠥᠯᠥᠪᠯᠡᠬᠦ︾ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠬᠥᠭᠵᠢᠯᠲᠡ ᠶᠢᠨ ᠵᠠᠭᠪᠤᠷ ᠢ ᠬᠠᠶᠢᠨ ᠰᠦᠪᠡᠭᠴᠢᠯᠡᠬᠦ ᠪᠠᠷ ᠳᠠᠮᠵᠢᠭᠤᠯᠤᠨ᠂ | ᠬᠠᠩᠭᠢᠨ ᠬᠤᠶᠢᠲᠤ ᠬᠤᠰᠢᠭᠤᠨ ᠤ ᠵᠦᠩ ᠴᠧᠩ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠤᠰᠬᠠᠢ ᠬᠤᠷᠰᠢ᠊ ᠡᠶ᠎ᠡ ᠶᠢ ᠲᠦᠷᠦᠭᠦᠯᠡᠨ ᠪᠠᠶᠢᠭᠤᠯᠵᠤ᠂ ᠰᠦ ᠶᠢᠨ | ᠦᠢᠯᠡᠰ ᠤᠨ ᠠᠵᠤ ᠦᠢᠯᠡᠰᠵᠢᠯᠲᠡ ᠶᠢᠨ ᠬᠥᠭᠵᠢᠯᠲᠡ᠂ ᠡᠷᠴᠢᠮᠵᠢᠭᠦᠯᠦᠭᠰᠡᠨ ᠡᠵᠡᠩᠨᠡᠯᠲᠡ ᠶᠢᠨ ᠪᠠᠶᠠᠵᠢᠯ ᠤᠨ ᠵᠠᠮ ᠢᠶᠠᠷ ᠵᠠᠮᠨᠠᠭᠰᠠᠨ ᠦᠯᠢᠭᠡᠷ ᠢ ᠰᠤᠷᠪᠤᠯᠵᠢᠯᠠᠨ | ᠪᠠᠶᠢᠴᠠᠭᠠᠬᠤ ᠳᠤᠭᠤᠶᠢᠯᠠᠩ ᠤᠨ ᠠᠩᠬᠠᠷᠤᠯ ᠢ ᠲᠠᠲᠠᠵᠤ᠂ ᠲᠡᠭᠦᠨ ᠤ ᠰᠠᠭᠠᠯᠢ ᠶᠢᠨ ᠦᠨᠢᠶ᠎ᠡ ᠶᠢᠨ ᠠᠵᠤ ᠦᠢᠯᠡᠰ ᠤᠨ ᠬᠥᠭᠵᠢᠯᠲᠡ ᠶᠢᠨ ᠶᠠᠪᠤᠴᠠ ᠳᠤ᠂ ᠲᠣᠰᠬᠤᠨ ᠤ | ᠠᠷᠠᠳ ᠢ ᠳᠠᠭᠠᠭᠤᠯᠤᠨ ᠠᠵᠢᠯᠴᠢ ᠬᠥᠳᠡᠯᠮᠦᠷᠢᠴᠢ ᠪᠠ ᠣᠶᠤᠨ ᠤᠬᠠᠭᠠᠨ ᠢᠶᠠᠷ ᠵᠣᠯ ᠵᠢᠷᠭᠠᠯᠲᠤ ᠠᠮᠢᠳᠤᠷᠠᠯ ᠢ ᠡᠭᠦᠳᠦᠨ ᠪᠦᠲᠦᠭᠡᠵᠦ᠂ ᠦᠨᠳᠦᠰᠦᠨ ᠱᠠᠲᠤᠨ ᠤ | ᠵᠠᠰᠠᠯᠲᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠨᠡᠶᠢᠲᠡᠯᠢᠭ ᠵᠢᠱᠢᠶ᠎ᠡ ᠶᠢ ᠭᠦᠨᠵᠡᠭᠡᠢ ᠰᠤᠷᠪᠤᠯᠵᠢᠯᠠᠪᠠ᠃ | ᠣᠶᠢᠷ᠎ᠠ ᠳᠤ᠂ ᠮᠠᠨ ᠤ ᠬᠤᠰᠢᠭᠤᠨ ᠤ ︽ᠭᠤᠷᠪᠠᠨ ᠤᠮᠠᠷᠠᠲᠤ︾ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠬᠠᠲᠤᠨ ᠭᠤᠣᠯ ᠤᠨ ︽ᠬᠡᠳᠦᠨ | ᠦᠰᠦᠭ︾ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠰᠤᠷᠪᠤᠯᠵᠢᠯᠠᠬᠤ ᠳᠤᠭᠤᠶᠢᠯᠠᠩ ᠤᠨ ᠬᠢᠨ ᠲᠥᠷᠥᠯ ᠵᠦᠢᠯ ᠤᠨ | ᠣᠷᠣᠨ ᠪᠠ ᠱᠠ ᠬᠠᠢ ᠪᠠᠯᠭᠠᠰᠤᠨ ᠤ ᠲᠦᠮᠡᠨ ᠮᠦ ᠠᠯᠢᠮ᠎ᠠ ᠵᠢᠮᠢᠰ ᠤᠨ ᠠᠵᠤ ᠦᠢᠯᠡᠰ ᠤᠨ ᠬᠦᠷᠢᠶᠡᠯᠡᠩ ᠳᠤ ᠭᠦᠨᠵᠡᠭᠡᠶᠢᠷᠡᠵᠦ᠂ ᠪᠦᠬᠦ ᠠᠷᠠᠳ ᠢᠶᠠᠷ ᠢᠶᠠᠨ ᠵᠠᠰᠠᠬᠤ᠂ | ᠰᠢᠨᠵᠢᠯᠡᠬᠦ ᠤᠬᠠᠭᠠᠨᠴᠢ ᠪᠠᠷ ᠵᠠᠰᠠᠬᠤ᠂ ᠠᠵᠤ ᠦᠢᠯᠡᠰ ᠢᠶᠠᠷ ᠵᠠᠰᠠᠬᠤ᠂ ᠤᠷᠲᠤ ᠬᠤᠭᠤᠴᠠᠭ᠎ᠠ ᠪᠠᠷ ᠪᠦᠲᠦᠮᠵᠢᠲᠡᠢ ᠵᠠᠰᠠᠬᠤ ︽ᠳᠥᠷᠪᠡ ᠶᠢ ᠵᠠᠰᠠᠬᠤ ᠶᠢ | ᠠᠭᠤᠰᠤᠯᠴᠠᠭᠤᠯᠬᠤ︾ ᠡᠯᠡᠰᠦ ᠶᠢ ᠵᠠᠰᠠᠬᠤ ᠵᠠᠭᠪᠤᠷ ᠢ ᠣᠶᠢᠯᠠᠭᠠᠭᠰᠠᠨ ᠪᠥᠭᠡᠳ ᠮᠠᠨ ᠤ ᠬᠤᠰᠢᠭᠤᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠬᠠᠮᠢᠶ᠎ᠠ | ᠪᠦᠬᠦᠢ ᠠᠵᠢᠯ ᠢ ᠦᠷᠭᠦᠯᠵᠢᠯᠡᠨ ᠠᠩᠬᠠᠷᠴᠤ᠂ ᠣᠯᠠᠨ ᠵᠢᠯ ᠤᠨ ᠲᠤᠷᠰᠢᠬᠢ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠤᠨ ᠣᠯᠤᠭᠰᠠᠨ ᠦᠷ᠎ᠡ | ᠪᠦᠲᠦᠮᠵᠢ ᠶᠢ ᠤᠬᠠᠭᠤᠯᠤᠨ ᠳᠡᠯᠭᠡᠨ ᠦᠵᠡᠭᠦᠯᠵᠦ᠂ ᠬᠠᠩᠭᠢᠨ ᠬᠤᠶᠢᠲᠤ ᠬᠤᠰᠢᠭᠤᠨ ᠤ ᠬᠠᠲᠤᠨ ᠭᠤᠣᠯ ᠤᠨ ︽ᠬᠡᠳᠦᠨ ᠦᠰᠦᠭ︾ ᠤᠨ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠰᠠᠶᠢᠲᠤᠷ ᠬᠢᠬᠦ ᠳᠤ ᠬᠦᠴᠦᠨ ᠨᠡᠮᠡᠷᠢᠯᠡᠨ᠎ᠡ ᠭᠡᠵᠡᠢ᠃ | ᠳᠠᠷᠠᠭᠠᠴᠢ ᠶᠢᠨ ᠠᠯᠬᠤᠮ ᠳᠤ᠂ ᠬᠠᠩᠭᠢᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠭᠢᠯᠠᠰ ᠴᠡᠭ ᠤᠨ ᠠᠵᠢᠯ ᠤᠨ | ᠲᠤᠷᠰᠢᠯᠭ᠎ᠠ ᠪᠠᠨ ᠲᠠᠰᠤᠷᠠᠯᠲᠠ ᠥᠬᠡᠶ ᠠᠭᠤᠳᠠᠯᠵᠤ᠂ ᠡᠯ᠎ᠡ ᠱᠠᠲᠤᠨ ᠤ ᠵᠠᠭᠤᠴᠢᠯᠠᠭᠤᠷ ᠯᠤᠭ᠎ᠠ ᠶᠢᠨ ᠪᠠᠶᠢᠩᠭᠤ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠠᠳᠠᠯᠢ | ᠪᠤᠰᠤ ᠬᠠᠷᠠᠭᠠᠰᠤ ᠪᠠᠷ ᠳᠠᠮᠵᠢᠭᠤᠯᠤᠨ ᠬᠠᠩᠭᠢᠨ ᠬᠤᠶᠢᠲᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠬᠦᠴᠦᠷᠬᠡᠭ ᠶᠡᠭᠡ | ᠪᠠᠶᠢᠳᠠᠯ ᠢ ᠭᠦᠢᠴᠡᠳ ᠢᠯᠡᠷᠡᠭᠦᠯᠵᠦ᠂ ᠬᠠᠩᠭᠢᠨ ᠬᠤᠶᠢᠲᠤ ᠬᠤᠰᠢᠭᠤᠨ ᠤ ᠠᠯᠳᠠᠷᠰᠢᠯ᠂ ᠢᠷᠠᠭᠤ ᠠᠯᠳᠠᠷ ᠤᠨ ᠬᠡᠮᠵᠢᠶ᠎ᠡ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠪᠠ᠃ |