ᠬᠠᠩᠭᠢᠨ ᠬᠤᠶᠢᠲᠤ ᠬᠤᠰᠢᠭᠤᠨ ᠤ 2025 ᠣᠨ ᠤ ᠲᠠᠷᠢᠶᠠᠯᠠᠩ ᠤᠨ ᠣᠯᠠᠨ ᠡᠬᠢᠳᠤ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ ᠭᠦᠨᠵᠡᠭᠡᠶ ᠠᠬᠢᠭᠤᠯᠬᠤ ᠶᠢᠨ | ᠲᠥᠯᠥᠭᠡ᠂ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠲᠤᠬᠠᠶ ᠶᠢᠨ ᠭᠠᠵᠠᠷ ᠤᠨ ᠪᠣᠳᠠᠲᠠᠶ ᠲᠠᠢ ᠪᠠᠨ ᠤᠶᠠᠯᠳᠤᠭᠤᠯᠤᠨ᠂ ︽ᠬᠠᠩᠭᠢᠨ ᠬᠤᠶᠢᠲᠤ ᠬᠤᠰᠢᠭᠤᠨ ᠤ | 2025 ᠣᠨ ᠤ ᠲᠠᠷᠢᠶᠠᠯᠠᠩ ᠤᠨ ᠣᠯᠠᠨ ᠡᠬᠢᠳᠤ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠬᠦ ᠲᠥᠰᠦᠯ︾ ︵ᠳᠣᠷᠣᠭᠰᠢ ︽ᠲᠥᠰᠦᠯ︾ ᠭᠡᠵᠦ | ᠲᠣᠪᠴᠢᠯᠠᠨ᠎ᠠ︶ ᠢ ᠣᠨᠴᠠᠭᠠᠶᠢᠯᠠᠨ ᠲᠣᠭᠲᠠᠭᠠᠪᠠ᠃ ︽ᠲᠥᠰᠦᠯ︾ ᠨᠢ ᠲᠠᠷᠢᠶᠠᠯᠠᠩ ᠤᠨ ᠣᠯᠠᠨ ᠡᠬᠢᠳᠤ ᠪᠣᠬᠢᠷᠲᠤᠯ ᠢ ᠰᠡᠷᠭᠡᠶᠢᠯᠡᠨ ᠵᠠᠰᠠᠬᠤ ᠶᠢᠨ ᠲᠣᠭᠤᠷᠢᠨ ᠳᠤ᠂ | ᠵᠢᠯᠣᠭᠤᠳᠬᠤ ᠦᠵᠡᠯ ᠰᠠᠨᠠᠭ᠎ᠠ᠂ ᠶᠡᠷᠦᠩᠬᠡᠶ ᠬᠠᠷᠠᠯᠲᠠ᠂ ᠭᠤᠤᠯ ᠡᠭᠦᠷᠭᠡ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠲᠠᠷᠢᠶᠠᠯᠠᠩ ᠮᠠᠯ ᠠᠵᠤ | ᠠᠬᠤᠶ ᠶᠢᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠲᠠᠷᠢᠶᠠᠯᠠᠩ ᠤᠨ ᠣᠯᠠᠨ ᠡᠬᠢᠳᠤ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠶᠢᠨ ᠲᠥᠯᠥᠭᠡ ᠶᠤᠮ᠃ ᠳᠣᠤᠷᠠᠬᠢ ︽ᠲᠥᠰᠦᠯ︾ ᠳᠤ ᠨᠠᠷᠢᠨ ᠲᠠᠶᠢᠯᠤᠮᠵᠢ ᠬᠢᠪᠡ᠄ | ᠨᠢᠭᠡ᠂ ᠨᠡᠶᠢᠲᠡᠯᠡᠭᠰᠡᠨ ᠠᠬᠤᠶ ᠪᠠᠶᠢᠳᠠᠯ | ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠠᠮᠢ ᠠᠬᠤᠶ ᠶᠢᠨ ᠣᠷᠴᠢᠨ ᠲᠣᠭᠤᠷᠢᠨ ᠪᠠ ᠲᠠᠷᠢᠶᠠᠯᠠᠩ ᠤᠨ ᠦᠷᠭᠦᠯᠵᠢᠯᠡᠬᠦ ᠬᠥᠭᠵᠢᠯᠲᠡ ᠳᠤ ᠬᠠᠲᠠᠭᠤ ᠴᠢᠩᠭ᠎ᠠ | ᠥᠷᠢᠰᠥᠯᠳᠦᠭᠡᠨ ᠢ ᠪᠦᠷᠢᠯᠳᠦᠭᠦᠯᠵᠡᠶ᠃ ᠶᠡᠷᠦᠩᠬᠡᠶ ᠱᠦᠵᠢ ᠰᠢ ᠶᠢᠨ ᠫᠢᠩ ᠤᠨ ︽ᠨᠢᠭᠡ ᠨᠠᠭᠤᠷ ᠬᠤᠶᠠᠷ ᠲᠠᠩᠭᠢᠰ︾ ᠢ ᠶᠡᠷᠦᠩᠬᠡᠶᠢᠯᠡᠨ ᠵᠠᠰᠠᠬᠤ᠂ | ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠣᠲᠣ ᠦᠶ᠎ᠡ ᠶᠢᠨ ᠲᠠᠷᠢᠶᠠᠯᠠᠩ ᠢ ᠬᠥᠭᠵᠢᠭᠦᠯᠬᠦ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠵᠢᠴᠢ ᠥᠪᠥᠷ ᠮᠣᠩᠭᠤᠯ | ᠂ ᠪᠠᠶᠠᠨᠨᠠᠭᠤᠷ ᠢ ᠰᠢᠨᠵᠢᠯᠡᠨ ᠪᠠᠶᠢᠴᠠᠭᠠᠬᠤ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠶᠢᠨ ᠲᠥᠯᠥᠭᠡ᠂ ︽ᠪᠠᠶᠠᠨᠨᠠᠭᠤᠷ | ᠬᠤᠲᠠ ᠶᠢᠨ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠶᠡᠷᠦᠩᠬᠡᠶᠢᠯᠡᠨ ᠵᠠᠰᠠᠬᠤ ᠳᠥᠷᠪᠡᠨ ᠵᠢᠯ ᠤᠨ ᠲᠤᠰᠬᠠᠶ ᠠᠵᠢᠯᠯᠠᠭ᠎ᠠ ᠶᠢᠨ ᠲᠥᠰᠦᠯ︾ ︵ᠪᠠᠶᠠᠨᠨᠠᠭᠤᠷ | ᠵᠠᠰᠠᠭ ᠲᠠᠷᠬᠠᠭᠠᠭᠰᠠᠨ ﹇2020﹈ 2 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠬᠠᠩᠭᠢᠨ ᠬᠤᠶᠢᠲᠤ ᠬᠤᠰᠢᠭᠤᠨ ᠤ ᠪᠣᠳᠠᠲᠠᠶ ᠲᠠᠢ ᠪᠠᠨ | ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ ᠢ ᠡᠭᠦᠷᠢᠳᠡ ᠦᠷᠭᠦᠯᠵᠢᠯᠡᠨ ᠠᠰᠢᠭᠯᠠᠬᠤ | ᠪᠠ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠂ ᠲᠠᠷᠢᠶᠠᠯᠠᠩ ᠤᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠶᠢᠨ ᠲᠥᠯᠥᠭᠡ ᠶᠤᠮ᠃ | ᠬᠤᠶᠠᠷ᠂ ᠲᠣᠭᠲᠠᠭᠠᠭᠰᠠᠨ ᠶᠠᠪᠤᠴᠠ | ᠬᠠᠩᠭᠢᠨ ᠬᠤᠶᠢᠲᠤ ᠬᠤᠰᠢᠭᠤᠨ ᠤ ᠲᠠᠷᠢᠶᠠᠯᠠᠩ ᠤᠨ ᠣᠯᠠᠨ ᠡᠬᠢᠳᠤ ᠪᠣᠬᠢᠷᠲᠤᠯ ᠤᠨ ᠣᠳᠣᠬᠢ ᠪᠠᠶᠢᠳᠠᠯ ᠢ ᠭᠦᠢᠴᠡᠳ ᠪᠠᠶᠢᠴᠠᠭᠠᠨ ᠰᠤᠳᠤᠯᠵᠤ᠂ | ᠲᠠᠷᠢᠶᠠᠯᠠᠩ ᠤᠨ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠤᠨ ᠲᠤᠭ᠎ᠠ ᠪᠠᠷᠢᠮᠲᠠ ᠶᠢ ᠥᠷᠭᠡᠨ ᠢᠶᠠᠷ ᠴᠤᠭᠯᠠᠭᠤᠯᠵᠤ᠂ ᠲᠣᠰ ᠭᠠᠵᠠᠷ ᠤᠨ ᠲᠠᠷᠢᠶᠠᠯᠠᠩ ᠤᠨ | ᠬᠥᠭᠵᠢᠯᠲᠡ ᠶᠢᠨ ᠣᠨᠴᠠᠯᠢᠭ ᠪᠠ ᠣᠷᠴᠢᠨ ᠲᠣᠭᠤᠷᠢᠨ ᠤ ᠳᠠᠭᠠᠭᠠᠴᠠ ᠶᠢᠨ ᠴᠢᠳᠠᠪᠤᠷᠢ ᠶᠢ ᠭᠦᠨᠵᠡᠭᠡᠶ ᠵᠠᠳᠠᠯᠤᠭᠰᠠᠨ ᠰᠠᠭᠤᠷᠢᠨ ᠳᠡᠭᠡᠷ᠎ᠡ᠂ ᠳᠡᠭᠡᠳᠦ ᠱᠠᠲᠤᠨ ᠤ | ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠣᠯᠠᠨ ᠡᠭᠡᠯᠵᠢ ᠶᠢᠨ ᠲᠤᠰᠬᠠᠶ ᠮᠡᠷᠭᠡᠵᠢᠯᠲᠡᠨ ᠤ ᠨᠤᠲᠠᠯᠠᠯᠲᠠ ᠪᠠ ᠰᠠᠨᠠᠯ ᠴᠤᠭᠯᠠᠭᠤᠯᠬᠤ ᠪᠠᠷ | ᠳᠡᠮᠵᠢᠨ᠂ ᠡᠴᠦᠰ ᠲᠡᠭᠡᠨ ᠲᠣᠰ ᠬᠡᠷᠡᠭᠵᠢᠭᠦᠯᠬᠦ ᠲᠥᠰᠦᠯ ᠢ ᠪᠣᠶ ᠪᠣᠯᠭᠠᠵᠤ᠂ ᠲᠥᠰᠦᠯ ᠤᠨ ᠰᠢᠨᠵᠢᠯᠡᠬᠦ ᠤᠬᠠᠭᠠᠨᠴᠢ ᠴᠢᠨᠠᠷ᠂ ᠬᠠᠨᠳᠤᠯᠭᠠᠲᠤ ᠴᠢᠨᠠᠷ ᠪᠠ | ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠭᠤᠷᠪᠠ᠂ ᠭᠤᠤᠯ ᠠᠭᠤᠯᠭ᠎ᠠ | ︵ᠨᠢᠭᠡ︶᠂ ᠶᠡᠷᠦᠩᠬᠡᠶ ᠬᠠᠷᠠᠯᠲᠠ᠄ 2025 ᠣᠨ ᠤ ᠰᠡᠭᠦᠯᠴᠢ ᠪᠣᠯᠬᠤ ᠳᠤ᠂ ᠬᠢᠮᠢ ᠶᠢᠨ ᠪᠣᠷᠳᠣᠭᠤᠷ ᠤᠨ ᠮᠦ ᠪᠦᠷᠢ ᠶᠢᠨ ᠳᠤᠮᠳᠠᠴᠢ ᠬᠡᠮᠵᠢᠶ᠎ᠡ ᠶᠢ 2 | ᠺᠢᠯᠣᠭ᠍ᠷᠠᠮ ᠢ ᠪᠡᠶᠡᠯᠡᠭᠦᠯᠦᠨ᠎ᠡ᠃ ᠲᠠᠷᠢᠶᠠᠨ ᠡᠮ ᠤᠨ ᠮᠦ ᠪᠦᠷᠢ ᠶᠢᠨ ᠳᠤᠮᠳᠠᠴᠢ ᠬᠡᠮᠵᠢᠶ᠎ᠡ ᠶᠢ 3 ᠭᠷᠠᠮ ᠪᠠᠭᠠᠰᠬᠠᠨ᠎ᠠ︔ ᠰᠢᠨ᠎ᠡ ᠪᠠᠷ ᠨᠡᠮᠡᠭᠳᠡᠭᠰᠡᠨ ᠤᠰᠤ ᠪᠣᠷᠳᠣᠭᠤᠷ ᠢ | ᠨᠢᠭᠡ ᠴᠣᠭᠴᠠᠵᠢᠭᠤᠯᠤᠭᠰᠠᠨ ᠲᠠᠯᠠᠪᠠᠶ 12.5 ᠲᠦᠮᠡᠨ ᠮᠦ︔ ᠲᠤᠰ ᠤᠯᠠᠷᠢᠯ ᠤᠨ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠨᠣᠷᠮ᠎ᠠ | 85% ᠳᠤ ᠬᠦᠷᠪᠡ︔ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 91% ᠳᠤ ᠬᠦᠷᠦᠭᠦᠯᠪᠡ︔ ᠮᠠᠯ ᠵᠢᠭᠦᠷᠲᠡᠨ ᠤ ᠢᠯᠭᠠᠳᠠᠰᠤᠨ ᠪᠣᠬᠢᠷᠲᠤᠯ ᠢ | ᠶᠡᠷᠦᠩᠬᠡᠶᠢᠯᠡᠨ ᠠᠰᠢᠭᠯᠠᠬᠤ ᠨᠣᠷᠮ᠎ᠠ ᠶᠢ 92% ᠲᠤ ᠬᠦᠷᠭᠡᠪᠡ᠃ | ︵ᠬᠤᠶᠠᠷ︶ ᠭᠤᠣᠯ ᠡᠭᠦᠷᠭᠡ | 1. ᠪᠣᠷᠳᠣᠭᠤᠷ ᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠤᠨ᠎ᠠ᠄ ︽ᠨᠠᠷᠢᠯᠢᠭ᠂ ᠣᠷᠣᠯᠠᠭᠤᠯᠬᠤ᠂ ᠲᠣᠬᠢᠷᠠᠭᠤᠯᠬᠤ᠂ | ᠥᠭᠡᠷᠡᠴᠢᠯᠡᠬᠦ︾ ᠠᠷᠭ᠎ᠠ ᠵᠠᠮ ᠶᠣᠰᠣᠭᠠᠷ᠂ ᠲᠠᠷᠢᠶᠠᠨ ᠭᠠᠵᠠᠷ ᠤᠨ ᠶᠠᠰᠤ ᠴᠢᠨᠠᠷ ᠪᠠ ᠬᠢᠮᠢ ᠶᠢᠨ ᠪᠣᠷᠳᠣᠭᠤᠷ ᠤᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ | ᠨᠠᠷᠢᠯᠢᠭ ᠣᠨᠣᠴᠠᠲᠠᠢ ᠪᠠᠷ ᠪᠣᠷᠳᠣᠭᠤᠷ ᠣᠷᠣᠭᠤᠯᠬᠤ᠂ ᠣᠷᠭᠠᠨᠢᠭ ᠪᠣᠷᠳᠣᠭᠤᠷ ᠢᠶᠠᠷ ᠣᠷᠣᠯᠠᠭᠤᠯᠬᠤ᠂ ᠪᠣᠷᠳᠣᠭᠤᠷ ᠣᠷᠣᠭᠤᠯᠬᠤ ᠪᠦᠲᠦᠴᠡ ᠶᠢ ᠰᠢᠯᠢᠳᠡᠭᠵᠢᠭᠦᠯᠬᠦ᠂ | ᠪᠣᠷᠳᠣᠭᠤᠷ ᠣᠷᠣᠭᠤᠯᠬᠤ ᠠᠷᠭ᠎ᠠ ᠮᠠᠶ᠋ᠢᠭ ᠢ ᠰᠠᠶᠢᠵᠢᠷᠠᠭᠤᠯᠬᠤ ᠵᠡᠷᠭᠡ ᠠᠷᠭ᠎ᠠ ᠬᠡᠮᠵᠢᠶ᠎ᠡ ᠶᠢ ᠬᠠᠮᠤᠷᠤᠨ᠎ᠠ᠃ | 2. ᠡᠮ ᠢ ᠬᠢᠵᠠᠭᠠᠷᠯᠠᠨ ᠬᠤᠣᠷ ᠬᠥᠨᠥᠭᠡᠯ ᠢ ᠪᠠᠭᠠᠰᠬᠠᠬᠤ ᠶᠢ ᠬᠦᠴᠦᠲᠡᠶ ᠠᠬᠢᠭᠤᠯᠤᠨ᠎ᠠ᠄ ︽ᠰᠠᠯᠠᠭ᠎ᠠ᠂ ᠡᠵᠡᠮᠳᠡᠬᠦ᠂ ᠨᠢᠭᠡᠳᠦᠯᠲᠡᠢ ᠪᠠᠶᠢᠯᠭᠠᠬᠤ᠂ ᠬᠤᠷᠢᠶᠠᠬᠤ | ︾ ᠪᠠᠷ ᠠᠷᠭ᠎ᠠ ᠵᠠᠮ ᠪᠣᠯᠭᠠᠵᠤ᠂ ᠡᠪᠡᠳᠴᠢᠨ ᠬᠤᠷᠣᠬᠠᠢ ᠶᠢᠨ ᠬᠥᠨᠥᠭᠡᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠲᠠᠷᠢᠶᠠᠨ ᠡᠮ ᠤᠨ | ᠬᠡᠮᠵᠢᠶ᠎ᠡ ᠶᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ ᠢ ᠳᠡᠯᠭᠡᠷᠡᠭᠦᠯᠵᠦ᠂ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠪᠠ ᠨᠢᠭᠡᠳᠦᠯᠲᠡᠢ ᠰᠡᠷᠭᠡᠶᠢᠯᠡᠨ | ᠵᠠᠰᠠᠬᠤ ᠶᠢ ᠠᠭᠤᠰᠤᠯᠴᠠᠭᠤᠯᠬᠤ ᠶᠢ ᠪᠡᠶᠡᠯᠡᠭᠦᠯᠵᠦ᠂ ᠬᠠᠶᠠᠭᠳᠠᠮᠠᠯ ᠪᠣᠳᠠᠰ ᠢ ᠬᠤᠷᠢᠶᠠᠨ ᠠᠪᠬᠤ ᠶᠢ ᠰᠠᠶᠢᠲᠤᠷ ᠬᠢᠬᠦ ᠬᠡᠷᠡᠭᠲᠡᠢ᠃ | 3. ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ ᠭᠦᠨᠵᠡᠭᠡᠶ ᠬᠡᠷᠡᠭᠵᠢᠭᠦᠯᠦᠨ᠎ᠡ᠄ ︽ᠠᠵᠤ ᠦᠢᠯᠡᠳᠪᠦᠷᠢ᠂ ᠲᠠᠷᠢᠶᠠᠯᠠᠩ᠂ ᠬᠠᠮᠢᠶᠠᠷᠤᠯᠲᠠ︾ ᠶᠢᠨ | ᠠᠷᠭ᠎ᠠ ᠵᠠᠮ ᠢᠶᠠᠷ ᠳᠠᠮᠵᠢᠭᠤᠯᠤᠨ᠂ ᠤᠰᠤᠯᠠᠯᠲᠠ ᠶᠢᠨ ᠣᠷᠣᠨ ᠤ ᠥᠭᠡᠷᠡᠴᠢᠯᠡᠯᠲᠡ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠮᠡᠷᠭᠡᠵᠢᠯ ᠢ ᠳᠡᠯᠭᠡᠷᠡᠭᠦᠯᠦᠨ᠂ ᠲᠠᠷᠢᠮᠠᠯ ᠤᠨ ᠪᠦᠲᠦᠴᠡ ᠶᠢ ᠲᠣᠬᠢᠷᠠᠭᠤᠯᠵᠤ᠂ ᠤᠰᠤᠨ ᠤ | ᠦᠨ᠎ᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ | 4. ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠶᠢ ᠪᠥᠬᠦ ᠬᠦᠴᠦᠨ ᠢᠶᠠᠷ ᠠᠬᠢᠭᠤᠯᠤᠨ᠎ᠠ᠄ ︽ | ᠦᠢᠯᠡᠳᠪᠦᠷᠢᠯᠡᠬᠦ᠂ ᠪᠣᠷᠣᠯᠠᠭᠤᠯᠬᠤ᠂ ᠬᠡᠷᠡᠭᠯᠡᠬᠦ᠂ ᠬᠤᠷᠢᠶᠠᠬᠤ᠂ ᠰᠢᠢᠳᠪᠦᠷᠢᠯᠡᠬᠦ︾ ᠲᠠᠪᠤᠨ ᠭᠤᠭᠴᠤᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠰᠦᠯᠢᠶᠣᠣ | ᠪᠦᠷᠬᠦᠪᠴᠢ ᠶᠢᠨ ᠬᠡᠷᠡᠭᠯᠡᠯᠲᠡ ᠶᠢ ᠲᠣᠭᠲᠠᠭᠠᠯ ᠳᠤ ᠨᠡᠶᠢᠴᠡᠭᠦᠯᠬᠦ ᠶᠢ ᠦᠨᠡᠨᠬᠦ ᠪᠠᠲᠤᠯᠠᠵᠤ᠂ ᠥᠨᠳᠥᠷ ᠬᠦᠴᠦᠯᠡᠴᠡ ᠪᠠ ᠪᠥᠬᠦ ᠠᠮᠢᠳᠤ ᠪᠣᠳᠠᠰ ᠤᠨ ᠵᠠᠳᠠᠷᠠᠨ | ᠵᠠᠳᠠᠷᠠᠭᠰᠠᠨ ᠰᠦᠯᠢᠶᠣᠣ ᠪᠦᠷᠬᠦᠪᠴᠢ ᠶᠢ ᠳᠡᠯᠭᠡᠷᠡᠭᠦᠯᠵᠦ᠂ ᠡᠭᠡᠭᠦᠯᠦᠨ ᠬᠤᠷᠢᠶᠠᠵᠤ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | 5. ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠄ ︽ᠪᠣᠷᠳᠤᠭ᠎ᠠ ᠪᠣᠯᠭᠠᠬᠤ᠂ ᠪᠣᠷᠳᠤᠭᠤᠷᠵᠢᠭᠤᠯᠬᠤ᠂ | ᠲᠦᠯᠡᠰᠢᠵᠢᠭᠦᠯᠬᠦ︾ ᠠᠰᠢᠭᠯᠠᠬᠤ ᠠᠷᠭ᠎ᠠ ᠮᠠᠶ᠋ᠢᠭ ᠢ ᠳᠡᠯᠭᠡᠷᠡᠭᠦᠯᠵᠦ᠂ ᠬᠤᠷᠢᠶᠠᠨ ᠬᠠᠳᠠᠭᠠᠯᠠᠵᠤ ᠵᠥᠭᠡᠭᠡᠪᠦᠷᠢᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠡᠰᠢ ᠰᠦᠷᠡᠯ ᠤᠨ | ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃ | 6. ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠴᠢᠩᠭᠠᠳᠬᠠᠨ ᠠᠬᠢᠭᠤᠯᠤᠨ᠎ᠠ᠄ ᠢᠯᠭᠠᠳᠠᠰᠤᠨ ᠪᠣᠬᠢᠷᠲᠤᠯ ᠢ ᠲᠠᠷᠢᠶᠠᠨ | ᠭᠠᠵᠠᠷ ᠲᠤ ᠪᠤᠴᠠᠭᠠᠬᠤ ᠪᠠᠷ ᠬᠠᠷᠠᠯᠲᠠ ᠪᠣᠯᠭᠠᠵᠤ᠂ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ᠪᠠᠷ ᠵᠢᠱᠢᠶ᠎ᠡ ᠦᠵᠡᠭᠦᠯᠬᠦ᠂ ᠲᠠᠷᠢᠵᠤ ᠲᠡᠵᠢᠭᠡᠬᠦ ᠶᠢ | ᠤᠶᠠᠯᠳᠤᠭᠤᠯᠬᠤ ᠵᠠᠭᠪᠤᠷ ᠢ ᠪᠠᠶᠢᠭᠤᠯᠬᠤ ᠪᠠᠷ ᠳᠠᠮᠵᠢᠭᠤᠯᠤᠨ᠂ ᠠᠮᠢ ᠠᠬᠤᠶ ᠶᠢᠨ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠨ᠎ᠠ᠃ | ︵ᠭᠤᠷᠪᠠ︶ ᠪᠠᠲᠤᠯᠠᠭ᠎ᠠ ᠶᠢᠨ ᠠᠷᠭ᠎ᠠ ᠬᠡᠮᠵᠢᠶ᠎ᠡ᠄ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠬᠠᠤᠯᠢ ᠬᠡᠷᠡᠭᠵᠢᠭᠦᠯᠦᠯᠲᠡ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠤᠬᠠᠭᠤᠯᠭ᠎ᠠ ᠪᠣᠯᠪᠠᠰᠤᠷᠠᠭᠤᠯᠤᠯ᠂ ᠲᠥᠷᠥᠯ ᠵᠦᠢᠯ ᠢᠶᠠᠷ ᠳᠠᠶᠢᠴᠢᠯᠠᠬᠤ᠂ ᠵᠢᠱᠢᠶ᠎ᠡ ᠦᠵᠡᠭᠦᠯᠦᠨ ᠬᠥᠲᠥᠯᠥᠨ | ᠳᠠᠭᠠᠭᠤᠯᠬᠤ᠂ ᠬᠡᠪᠴᠢᠶᠡᠵᠢᠭᠦᠯᠦᠨ ᠵᠠᠰᠠᠬᠤ᠂ ᠰᠢᠰᠲ᠋ᠧᠮᠵᠢ ᠶᠢᠨ ᠪᠠᠶᠢᠭᠤᠯᠤᠯᠲᠠ ᠵᠢᠴᠢ ᠵᠠᠳᠠᠯᠤᠨ ᠦᠨᠡᠯᠡᠬᠦ ᠵᠡᠷᠭᠡ ᠣᠯᠠᠨ ᠲᠠᠯ᠎ᠠ ᠶᠢ ᠪᠠᠭᠲᠠᠭᠠᠵᠤ᠂ ᠲᠥᠰᠦᠯ ᠢ | ᠪᠦᠲᠦᠮᠵᠢᠲᠡᠶ ᠬᠡᠷᠡᠭᠵᠢᠭᠦᠯᠬᠦ ᠶᠢ ᠦᠨᠡᠨᠬᠦ ᠪᠠᠲᠤᠯᠠᠨ᠎ᠠ᠃ | ᠲᠠᠪᠤ᠂ ︽ᠲᠥᠰᠦᠯ︾ ᠢ ᠨᠡᠶᠢᠲᠡᠯᠡᠭᠰᠡᠨ ᠠᠴᠢ ᠬᠤᠯᠪᠣᠭᠳᠠᠯ | ︽ᠲᠥᠰᠦᠯ︾ ᠢ ᠨᠡᠶᠢᠲᠡᠯᠡᠨ ᠬᠡᠷᠡᠭᠵᠢᠭᠦᠯᠦᠭᠰᠡᠨ ᠪᠠ ᠬᠡᠷᠡᠭᠵᠢᠭᠦᠯᠦᠭᠰᠡᠨ ᠨᠢ ᠬᠢᠮᠢ ᠶᠢᠨ ᠪᠣᠷᠲᠣᠭᠤᠷ᠂ ᠲᠠᠷᠢᠶᠠᠨ ᠡᠮ᠂ ᠲᠠᠷᠢᠶᠠᠯᠠᠩ ᠤᠨ ᠵᠤᠯᠤᠮ᠎ᠠ | ᠪᠦᠷᠬᠦᠪᠴᠢ ᠵᠡᠷᠭᠡ ᠲᠠᠷᠢᠶᠠᠯᠠᠩ ᠤᠨ ᠣᠷᠣᠭᠤᠯᠤᠯᠲᠠ ᠶᠢᠨ ᠪᠣᠳᠠᠰ ᠤᠨ ᠬᠥᠷᠥᠰᠥ ᠰᠢᠷᠣᠶ᠂ ᠤᠰᠤᠨ ᠴᠣᠭᠴᠠ ᠪᠠ ᠠᠭᠠᠷ ᠲᠠᠬᠢ ᠪᠣᠬᠢᠷᠲᠤᠯ ᠢ ᠪᠦᠲᠦᠮᠵᠢᠲᠡᠶ | ᠪᠠᠭᠠᠰᠬᠠᠵᠤ᠂ ᠲᠠᠷᠢᠶᠠᠯᠠᠩ ᠤᠨ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠨ᠂ ᠠᠮᠢ ᠠᠬᠤᠶ ᠶᠢᠨ ᠲᠡᠩᠴᠡᠭᠦᠷᠢ ᠶᠢ ᠬᠠᠮᠠᠭᠠᠯᠠᠵᠤ᠂ ᠡᠭᠦᠨ ᠤ ᠤᠯᠠᠮ ᠢᠶᠠᠷ | ᠲᠠᠷᠢᠶᠠᠯᠠᠩ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠵᠤ ᠴᠢᠳᠠᠬᠤ ᠮᠥᠷᠲᠡᠭᠡᠨ ᠪᠠᠰᠠ ᠲᠠᠷᠢᠶᠠᠯᠠᠩ ᠤᠨ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢᠨ | ᠬᠤᠪᠢᠷᠠᠭᠤᠯᠤᠯᠲᠠ ᠶᠢ ᠠᠬᠢᠭᠤᠯᠵᠤ᠂ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠴᠢᠳᠠᠨ᠎ᠠ᠂ ᠵᠢᠱᠢᠶᠡᠯᠡᠪᠡᠯ ᠬᠢᠮᠢ ᠶᠢᠨ | ᠪᠣᠷᠲᠣᠭᠤᠷ ᠲᠠᠷᠢᠶᠠᠨ ᠡᠮ ᠤᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠬᠦ᠂ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠶᠢ | ᠪᠡᠶᠡᠯᠡᠭᠦᠯᠬᠦ᠂ ᠡᠰᠢ ᠰᠦᠷᠡᠯ ᠪᠠ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠬᠤ ᠵᠡᠷᠭᠡ ᠪᠣᠯᠤᠨ᠎ᠠ᠂ ᠡᠭᠦᠨ ᠢᠶᠠᠷ | ᠳᠠᠮᠵᠢᠭᠤᠯᠤᠨ ᠲᠠᠷᠢᠶᠠᠯᠠᠩ ᠤᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠵᠦ᠂ ᠤᠯᠤᠰ ᠤᠨ ᠴᠢᠬᠤᠯᠠ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠪᠠᠲᠤᠯᠠᠨ᠎ᠠ︔ ᠡᠭᠦᠨ ᠤ ᠬᠠᠮᠲᠤ ᠪᠠᠰᠠ | ᠤᠬᠠᠭᠤᠯᠤᠨ ᠪᠣᠯᠪᠠᠰᠤᠷᠠᠭᠤᠯᠬᠤ ᠪᠠᠷ ᠳᠠᠮᠵᠢᠭᠤᠯᠤᠨ ᠲᠠᠷᠢᠶᠠᠴᠢᠳ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠪᠠ ᠰᠢᠨᠵᠢᠯᠡᠬᠦ ᠤᠬᠠᠭᠠᠨᠴᠢ ᠪᠠᠷ | ᠳᠠᠷᠢᠵᠤ ᠲᠡᠵᠢᠭᠡᠨ ᠦᠷᠡᠵᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ ᠪᠣᠯᠤᠨ᠎ᠠ᠃ | |