ᠬᠤᠰᠢᠭᠤᠨ ᠤ ᠲᠠᠰ ᠤᠨ ᠠᠩᠬᠠᠳᠠᠭᠴᠢ ᠪᠦᠯᠦᠭ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠶᠢᠨ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠪᠠ ᠪᠥᠲᠥᠭᠡᠨ ᠪᠠᠶᠢᠭᠤᠯᠤᠯᠲᠠ ᠶᠢᠨ ᠡᠵᠡᠮᠳᠡᠯ ᠤᠨ ᠣᠷᠣᠨ ᠪᠦᠰᠡ ᠶᠢ ᠳᠣᠭᠢᠷᠠᠭᠤᠯᠬᠤ ᠪᠠ ᠳᠠᠬᠢᠨ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2025/3/24
ᠡᠯ᠎ᠡ ᠪᠠᠯᠭᠠᠰᠤ᠂ ᠲᠠᠢ ᠶᠠᠩ ᠮᠢᠶᠣᠣ ᠲᠠᠷᠢᠶᠠᠯᠠᠩ ᠤᠨ ᠲᠠᠯᠠᠪᠠᠢ᠂ ᠬᠤᠰᠢᠭᠤᠨ ᠤ ᠬᠠᠷᠢᠶ᠎ᠠ ᠡᠯ᠎ᠡ ᠰᠠᠯᠠᠭ᠎ᠠ ᠮᠥᠴᠢᠷ ᠲᠤ᠄      ᠮᠠᠨ ᠤ ᠬᠤᠰᠢᠭᠤᠨ ᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠦᠨᠡᠨ ᠬᠦ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠠᠵᠤ ᠠᠬᠤᠶ ᠶᠢᠨ ᠬᠥᠭᠵᠢᠯᠲᠡ ᠶᠢᠨ ᠬᠠᠷᠢᠴᠠᠭ᠎ᠠ ᠶᠢ ᠲᠣᠬᠢᠲᠠᠶ ᠰᠢᠢᠳᠪᠦᠷᠢᠯᠡᠬᠦ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ︾ ᠶᠢᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠣᠶᠢᠷ᠎ᠠ ᠶᠢᠨ ᠵᠢᠯ ᠤᠨ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠵᠢᠴᠢ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠳᠤ ᠲᠤᠯᠭᠠᠷᠠᠵᠤ ᠪᠠᠶᠢᠭ᠎ᠠ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠳᠦᠭᠡ ᠨᠢᠭᠡᠳᠦᠭᠡᠷ ᠪᠦᠯᠦᠭ ᠬᠤᠰᠢᠭᠤᠨ ᠤ ᠱᠠᠲᠤᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠶᠢᠨ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠪᠠ ᠪᠥᠲᠥᠭᠡᠨ ᠪᠠᠶᠢᠭᠤᠯᠤᠯᠲᠠ ᠶᠢᠨ ᠡᠵᠡᠮᠳᠡᠯ ᠤᠨ ᠣᠷᠣᠨ ᠪᠦᠰᠡ ᠳᠤ ᠲᠣᠬᠢᠷᠠᠭᠤᠯᠤᠯᠲᠠ ᠬᠢᠬᠦ ᠪᠠ ᠳᠠᠬᠢᠨ ᠨᠡᠶᠢᠲᠡᠯᠡᠪᠡ᠂ ᠤᠤᠯ ᠤᠨ ᠵᠠᠭᠠᠭᠯᠠᠨ ᠲᠣᠭᠲᠠᠭᠠᠭᠰᠠᠨ ᠪᠠ ᠨᠡᠶᠢᠲᠡᠯᠡᠭᠰᠡᠨ ᠬᠠᠮᠠᠭᠠᠯᠠᠯᠲᠠ ᠶᠢᠨ ᠬᠡᠪᠴᠢᠶ᠎ᠡ ᠪᠠ ᠪᠥᠲᠥᠭᠡᠨ ᠪᠠᠶᠢᠭᠤᠯᠤᠯᠲᠠ ᠶᠢᠨ ᠡᠵᠡᠮᠳᠡᠯ ᠤᠨ ᠣᠷᠣᠨ ᠪᠦᠰᠡ ᠶᠢ ᠬᠠᠮᠲᠤ ᠳᠤᠨᠢ ᠬᠦᠴᠦᠨ ᠥᠬᠡᠶ ᠪᠣᠯᠭᠠᠪᠠ᠃      1. ᠱᠠᠮᠪᠠ ᠬᠤᠳᠠ ᠶᠢᠨ ᠪᠠᠷᠠᠭᠤᠨ ᠲᠠᠯ᠎ᠠ ᠵᠢᠨ‌‍ᠪᠥ᠋ᠭᠳᠡᠷ ᠰᠦᠮ᠎ᠡ      ᠬᠠᠮᠠᠭᠠᠯᠠᠬᠤ ᠬᠦᠷᠢᠶ᠎ᠡ ᠬᠡᠪᠴᠢᠶ᠎ᠡ ᠪᠠ ᠪᠦᠳᠦᠭᠡᠨ ᠪᠠᠶᠢᠭᠤᠯᠤᠯᠲᠠ ᠶᠢᠨ ᠬᠢᠵᠠᠭᠠᠷᠯᠠᠬᠤ ᠣᠷᠣᠨ ᠪᠦᠰᠡ᠄ ᠲᠤᠰ ᠪᠠᠷᠢᠯᠭ᠎ᠠ ᠶᠢᠨ ᠲᠦᠷᠪᠡᠨ ᠬᠡᠷᠡᠮ ᠢᠶᠠᠷ ᠵᠠᠭᠠᠭ ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯ ᠤᠨ ᠤᠭ ᠴᠣᠭᠴᠠ ᠨᠢ ᠬᠠᠮᠠᠭᠠᠯᠠᠬᠤ ᠬᠦᠷᠢᠶ᠎ᠡ ᠬᠡᠪᠴᠢᠶ᠎ᠡ ᠪᠣᠯᠵᠤ᠂ ᠵᠡᠭᠦᠨ ᠲᠠᠯ᠎ᠠ ᠨᠢ 3 ᠮᠧᠲᠷ ᠤᠷᠳᠤ᠂ ᠡᠮᠦᠨ᠎ᠡ᠂ ᠪᠠᠷᠠᠭᠤᠨ᠂ ᠬᠤᠶᠢᠲᠤ ᠲᠠᠯ᠎ᠠ ᠨᠢ ᠲᠤᠰ ᠪᠦᠷᠢ ᠬᠦᠷᠢᠶᠡᠨ ᠤ ᠬᠡᠷᠡᠮ ᠨᠢ ᠪᠦᠳᠦᠭᠡᠨ ᠪᠠᠶᠢᠭᠤᠯᠤᠯᠲᠠ ᠶᠢᠨ ᠡᠵᠡᠮᠳᠡᠯ ᠤᠨ ᠣᠷᠣᠨ ᠪᠦᠰᠡ ᠪᠣᠯᠣᠨ᠎ᠠ᠃     2᠂ ᠰᠠᠨ ᠳ᠋ᠤᠤ ᠴᠢᠶᠣᠤ ᠬᠠᠩᠭᠠᠨ ᠪᠣᠷᠣᠯᠠᠭᠤᠯᠬᠤ ᠬᠤᠷᠰᠢᠶ᠎ᠠ     ᠬᠠᠮᠠᠭᠠᠯᠠᠬᠤ ᠬᠦᠷᠢᠶ᠎ᠡ ᠬᠡᠪᠴᠢᠶ᠎ᠡ ᠪᠠ ᠪᠦᠳᠦᠭᠡᠨ ᠪᠠᠶᠢᠭᠤᠯᠤᠯᠲᠠ ᠶᠢᠨ ᠬᠢᠵᠠᠭᠠᠷᠯᠠᠬᠤ ᠣᠷᠣᠨ ᠪᠦᠰᠡ᠄ ᠲᠤᠰ ᠪᠠᠷᠢᠯᠭ᠎ᠠ ᠶᠢᠨ ᠲᠦᠷᠪᠡᠨ ᠬᠡᠷᠡᠮ ᠢᠶᠠᠷ ᠵᠠᠭᠠᠭ ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠤᠭ ᠴᠣᠭᠴᠠ ᠨᠢ ᠬᠠᠮᠠᠭᠠᠯᠠᠬᠤ ᠬᠦᠷᠢᠶ᠎ᠡ ᠬᠡᠪᠴᠢᠶ᠎ᠡ ᠪᠣᠯᠵᠤ᠂ ᠪᠠᠷᠠᠭᠤᠨ ᠠᠴᠠ ᠲᠡᠦᠬᠡ ᠶᠢᠨ ᠳᠤᠷᠠᠰᠬᠠᠯᠲᠤ ᠵᠦᠢᠯᠡᠰ ᠤᠨ ᠤᠭ ᠴᠣᠭᠴᠠ ᠨᠢ ᠪᠠᠷᠠᠭᠤᠨ ᠬᠡᠷᠡᠮ᠂ ᠵᠡᠭᠦᠨ᠂ ᠡᠮᠦᠨ᠎ᠡ᠂ ᠬᠤᠶᠢᠲᠤ ᠲᠠᠯ᠎ᠠ ᠨᠢ ᠲᠤᠰ ᠪᠦᠷᠢ 2 ᠮᠧᠲᠷ ᠪᠦᠲᠦᠭᠡᠨ ᠪᠠᠶᠢᠭᠤᠯᠤᠯᠲᠠ ᠶᠢᠨ ᠡᠵᠡᠮᠰᠢᠯ ᠤᠨ ᠣᠷᠣᠨ ᠪᠦᠰᠡ ᠪᠣᠯᠣᠨ᠎ᠠ᠃      3. ᠶᠦᠩ ᠱᠧᠩ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠨᠢᠭᠡᠳᠦᠭᠡᠷ ᠬᠤᠳᠠᠯᠳᠤᠭ᠎ᠠ     ᠬᠠᠮᠠᠭᠠᠯᠠᠬᠤ ᠬᠡᠪᠴᠢᠶ᠎ᠡ ᠪᠠ ᠪᠦᠲᠦᠭᠡᠨ ᠪᠠᠶᠢᠭᠤᠯᠤᠯᠲᠠ ᠶᠢᠨ ᠬᠢᠵᠠᠭᠠᠷᠯᠠᠬᠤ ᠣᠷᠣᠨ ᠪᠦᠰᠡ᠄ ᠲᠤᠰ ᠪᠠᠷᠢᠯᠭ᠎ᠠ ᠶᠢᠨ ᠳᠥᠷᠪᠡᠨ ᠬᠡᠷᠡᠮ ᠢᠶᠠᠷ ᠵᠠᠭᠠᠭ ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠤᠭ ᠴᠣᠭᠴᠠ ᠨᠢ ᠬᠠᠮᠠᠭᠠᠯᠠᠬᠤ ᠬᠦᠷᠢᠶ᠎ᠡ ᠬᠡᠪᠴᠢᠶ᠎ᠡ ᠪᠣᠯᠵᠤ᠂ ᠵᠡᠭᠦᠨ᠂ ᠬᠤᠶᠢᠲᠤ ᠲᠠᠯ᠎ᠠ ᠨᠢ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠰ ᠪᠡᠶ᠎ᠡ ᠶᠢᠨ ᠬᠡᠷᠡᠮ ᠢᠶᠠᠷ ᠵᠠᠭᠠᠭ ᠪᠣᠯᠭᠠᠵᠤ᠂ ᠪᠠᠷᠠᠭᠤᠨ᠂ ᠡᠮᠦᠨ᠎ᠡ ᠲᠠᠯ᠎ᠠ ᠨᠢ ᠲᠤᠰ ᠪᠦᠷᠢ 2 ᠮᠧᠲᠷ ᠤᠷᠳᠤ᠂ ᠪᠦᠲᠦᠭᠡᠨ ᠪᠠᠶᠢᠭᠤᠯᠤᠯᠲᠠ ᠶᠢᠨ ᠡᠵᠡᠮᠳᠡᠬᠦ ᠪᠦᠰᠡ ᠪᠣᠯᠭᠠᠨ᠎ᠠ᠃      4. ᠳ᠋ᠠ ᠹᠠ ᠭᠦᠩ ᠺᠠᠲ᠋ᠤᠯᠢᠭ ᠱᠠᠰᠢᠨ ᠤ ᠲᠠᠩᠬᠢᠮ     ᠬᠠᠮᠠᠭᠠᠯᠠᠬᠤ ᠬᠦᠷᠢᠶ᠎ᠡ ᠬᠡᠪᠴᠢᠶ᠎ᠡ ᠪᠠ ᠪᠦᠲᠦᠭᠡᠨ ᠪᠠᠶᠢᠭᠤᠯᠤᠯᠲᠠ ᠶᠢᠨ ᠬᠢᠵᠠᠭᠠᠷᠯᠠᠬᠤ ᠣᠷᠣᠨ ᠪᠦᠰᠡ᠄ ᠲᠤᠰ ᠪᠠᠷᠢᠯᠭ᠎ᠠ ᠶᠢᠨ ᠳᠥᠷᠪᠡᠨ ᠬᠡᠷᠡᠮ ᠢᠶᠠᠷ ᠵᠠᠭᠠᠭ ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠤᠭ ᠴᠣᠭᠴᠠ ᠨᠢ ᠬᠠᠮᠠᠭᠠᠯᠠᠬᠤ ᠬᠦᠷᠢᠶ᠎ᠡ ᠬᠡᠪᠴᠢᠶ᠎ᠡ ᠪᠣᠯᠵᠤ᠂ ᠠᠭᠤᠯᠬᠤᠨ 2 ᠮᠧᠲᠷ ᠢᠶᠠᠷ ᠪᠦᠲᠦᠭᠡᠨ ᠪᠠᠶᠢᠭᠤᠯᠵᠤ ᠡᠵᠡᠮᠳᠡᠬᠦ ᠪᠦᠰᠡ ᠪᠣᠯᠭᠠᠨ᠎ᠠ᠃      5. ᠱᠤᠸᠠᠩ ᠮᠢᠶᠣᠣ ᠪᠠᠯᠭᠠᠰᠤᠨ ᠤ ᠠᠮᠤ ᠪᠤᠳᠠᠭᠠᠨ ᠤ ᠬᠥᠮᠥᠷᠭᠡ     ᠬᠠᠮᠠᠭᠠᠯᠠᠬᠤ ᠬᠦᠷᠢᠶ᠎ᠡ ᠬᠡᠪᠴᠢᠶ᠎ᠡ ᠪᠠ ᠪᠦᠲᠦᠭᠡᠨ ᠪᠠᠶᠢᠭᠤᠯᠤᠯᠲᠠ ᠶᠢᠨ ᠬᠢᠵᠠᠭᠠᠷᠯᠠᠬᠤ ᠣᠷᠣᠨ ᠪᠦᠰᠡ᠄ ᠲᠡᠦᠬᠡ ᠶᠢᠨ ᠳᠤᠷᠠᠰᠬᠠᠯᠲᠤ ᠵᠦᠢᠯᠡᠰ ᠤᠨ ᠤᠭ ᠴᠣᠭᠴᠠ ᠪᠠᠷ ᠵᠠᠭᠠᠭ ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠤᠭ ᠴᠣᠭᠴᠠ ᠶᠢ ᠬᠠᠮᠠᠭᠠᠯᠠᠬᠤ ᠬᠡᠪᠴᠢᠶ᠎ᠡ ᠪᠠ ᠪᠦᠲᠦᠭᠡᠨ ᠪᠠᠶᠢᠭᠤᠯᠤᠯᠲᠠ ᠶᠢ ᠡᠵᠡᠮᠳᠡᠬᠦ ᠣᠷᠣᠨ ᠪᠦᠰᠡ ᠪᠣᠯᠭᠠᠨ᠎ᠠ᠃      6. ᠲᠡᠷᠢᠭᠦᠨ ᠤ ᠳᠥᠷᠪᠡᠳᠦᠭᠡᠷ ᠬᠤᠷᠰᠢᠶᠠᠨ ᠤ ᠬᠥᠭᠦᠷᠭᠡ     ᠬᠠᠮᠠᠭᠠᠯᠠᠬᠤ ᠬᠦᠷᠢᠶ᠎ᠡ ᠬᠡᠪᠴᠢᠶ᠎ᠡ ᠪᠠ ᠪᠦᠲᠦᠭᠡᠨ ᠪᠠᠶᠢᠭᠤᠯᠤᠯᠲᠠ ᠶᠢᠨ ᠬᠢᠵᠠᠭᠠᠷᠯᠠᠬᠤ ᠣᠷᠣᠨ ᠪᠦᠰᠡ᠄ ᠬᠥᠭᠦᠷᠭᠡᠨ ᠪᠡᠶ᠎ᠡ ᠶᠢᠨ ᠤᠭ ᠴᠣᠭᠴᠠ ᠶᠢᠨ ᠪᠠᠷᠢᠯᠭ᠎ᠠ ᠪᠠᠷ ᠵᠠᠭᠠᠭ ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠤᠭ ᠴᠣᠭᠴᠠ ᠨᠢ ᠬᠠᠮᠠᠭᠠᠯᠠᠬᠤ ᠬᠦᠷᠢᠶ᠎ᠡ ᠬᠡᠪᠴᠢᠶ᠎ᠡ ᠪᠣᠯᠵᠤ᠂ ᠭᠠᠳᠠᠷ ᠲᠠᠯ᠎ᠠ ᠨᠢ 5 ᠮᠧᠲᠷ ᠤᠨ ᠪᠦᠲᠦᠭᠡᠨ ᠪᠠᠶᠢᠭᠤᠯᠤᠯᠲᠠ ᠶᠢᠨ ᠡᠵᠡᠮᠳᠡᠯ ᠤᠨ ᠣᠷᠣᠨ ᠪᠦᠰᠡ ᠪᠣᠯᠣᠨ᠎ᠠ᠃      7. ᠵᠢᠶᠧ ᠹᠠᠩ ᠬᠠᠰᠢᠯᠭ᠎ᠠ      ᠬᠠᠮᠠᠭᠠᠯᠠᠬᠤ ᠬᠦᠷᠢᠶ᠎ᠡ ᠬᠡᠪᠴᠢᠶ᠎ᠡ ᠪᠠ ᠪᠦᠲᠦᠭᠡᠨ ᠪᠠᠶᠢᠭᠤᠯᠤᠯᠲᠠ ᠶᠢᠨ ᠬᠢᠵᠠᠭᠠᠷᠯᠠᠬᠤ ᠣᠷᠣᠨ ᠪᠦᠰᠡ᠄ ᠬᠥᠭᠦᠷᠭᠡᠨ ᠪᠡᠶ᠎ᠡ ᠶᠢᠨ ᠤᠭ ᠴᠣᠭᠴᠠ ᠶᠢᠨ ᠪᠠᠷᠢᠯᠭ᠎ᠠ ᠪᠠᠷ ᠵᠠᠭᠠᠭ ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠤᠭ ᠴᠣᠭᠴᠠ ᠨᠢ ᠬᠠᠮᠠᠭᠠᠯᠠᠬᠤ ᠬᠦᠷᠢᠶ᠎ᠡ ᠬᠡᠪᠴᠢᠶ᠎ᠡ ᠪᠣᠯᠵᠤ᠂ ᠠᠭᠤᠯᠬᠤᠨ ᠨᠢ 5 ᠮᠧᠲᠷ ᠤᠨ ᠪᠦᠲᠦᠭᠡᠨ ᠪᠠᠶᠢᠭᠤᠯᠤᠯᠲᠠ ᠶᠢᠨ ᠡᠵᠡᠮᠳᠡᠯ ᠤᠨ ᠣᠷᠣᠨ ᠪᠦᠰᠡ ᠪᠣᠯᠭᠠᠨ᠎ᠠ᠃      8. ᠶᠠᠩ ᠵᠢᠶᠠ ᠡᠾᠧ ᠭᠤᠤᠯ ᠤᠨ ᠬᠠᠭᠤᠴᠢᠨ ᠭᠤᠯᠳᠤᠷᠢᠯ      ᠬᠠᠮᠠᠭᠠᠯᠠᠬᠤ ᠬᠦᠷᠢᠶ᠎ᠡ ᠬᠡᠪᠴᠢᠶ᠎ᠡ ᠪᠠ ᠪᠦᠲᠦᠭᠡᠨ ᠪᠠᠶᠢᠭᠤᠯᠤᠯᠲᠠ ᠶᠢᠨ ᠬᠢᠵᠠᠭᠠᠷᠯᠠᠬᠤ ᠣᠷᠣᠨ ᠪᠦᠰᠡ᠄ ᠭᠤᠣᠯ ᠤᠨ ᠬᠤᠩᠭᠢᠯ ᠤᠨ ᠤᠭ ᠪᠡᠶᠡᠲᠦ ᠪᠠᠷ ᠵᠠᠭᠠᠭ ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠤᠭ ᠴᠣᠭᠴᠠ ᠨᠢ ᠬᠠᠮᠠᠭᠠᠯᠠᠬᠤ ᠬᠦᠷᠢᠶ᠎ᠡ ᠬᠡᠪᠴᠢᠶ᠎ᠡ ᠪᠣᠯᠵᠤ᠂ ᠠᠭᠤᠯᠬᠤᠨ 5 ᠮᠧᠲᠷ ᠢᠶᠠᠷ ᠪᠦᠲᠦᠭᠡᠨ ᠪᠠᠶᠢᠭᠤᠯᠵᠤ ᠡᠵᠡᠮᠳᠡᠬᠦ ᠪᠦᠰᠡ ᠪᠣᠯᠭᠠᠨ᠎ᠠ᠃      9. ᠬᠤᠸᠠᠩ ᠶᠠᠩ ᠬᠠᠰᠢᠯᠭ᠎ᠠ ᠶᠢᠨ ᠤᠰᠤ ᠵᠠᠯᠠᠬᠤ ᠭᠠᠷᠠᠮ ᠤᠨ ᠪᠠᠷᠢᠯᠭ᠎ᠠ ᠶᠢᠨ ᠦᠯᠡᠳᠡᠭᠳᠡᠯ      ᠬᠠᠮᠠᠭᠠᠯᠠᠬᠤ ᠬᠦᠷᠢᠶ᠎ᠡ ᠬᠡᠪᠴᠢᠶ᠎ᠡ ᠪᠠ ᠪᠦᠲᠦᠭᠡᠨ ᠪᠠᠶᠢᠭᠤᠯᠤᠯᠲᠠ ᠶᠢᠨ ᠬᠢᠵᠠᠭᠠᠷᠯᠠᠬᠤ ᠣᠷᠣᠨ ᠪᠦᠰᠡ᠄ ᠦᠯᠡᠳᠡᠭᠳᠡᠯ ᠤᠨ ᠤᠭ ᠴᠣᠭᠴᠠ ᠪᠠᠷ ᠵᠠᠭᠠᠭ ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠤᠭ ᠴᠣᠭᠴᠠ ᠨᠢ ᠬᠠᠮᠠᠭᠠᠯᠠᠬᠤ ᠬᠦᠷᠢᠶ᠎ᠡ ᠬᠡᠪᠴᠢᠶ᠎ᠡ ᠪᠣᠯᠵᠤ᠂ ᠠᠭᠤᠯᠬᠤᠨ 5 ᠮᠧᠲᠷ ᠢᠶᠠᠷ ᠪᠦᠲᠦᠭᠡᠨ ᠪᠠᠶᠢᠭᠤᠯᠵᠤ ᠡᠵᠡᠮᠳᠡᠬᠦ ᠣᠷᠣᠨ ᠪᠦᠰᠡ ᠪᠣᠯᠭᠠᠨ᠎ᠠ᠃      10. ᠬᠤᠸᠠᠩ ᠶᠠᠩ ᠬᠠᠰᠢᠯᠭ᠎ᠠ ᠶᠢᠨ ᠰᠠᠭᠤᠷᠢ ᠪᠤᠯᠬᠤ ᠨᠦᠬᠡ      ᠬᠠᠮᠠᠭᠠᠯᠠᠬᠤ ᠬᠦᠷᠢᠶ᠎ᠡ ᠬᠡᠪᠴᠢᠶ᠎ᠡ ᠪᠠ ᠪᠦᠲᠦᠭᠡᠨ ᠪᠠᠶᠢᠭᠤᠯᠤᠯᠲᠠ ᠶᠢᠨ ᠬᠢᠵᠠᠭᠠᠷᠯᠠᠬᠤ ᠣᠷᠣᠨ ᠪᠦᠰᠡ᠄ ᠰᠠᠭᠤᠷᠢ ᠨᠦᠬᠡ ᠶᠢᠨ ᠤᠭ ᠴᠤᠭᠴᠠ ᠪᠠᠷ ᠵᠠᠭᠠᠭ ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠤᠭ ᠴᠣᠭᠴᠠ ᠨᠢ ᠬᠠᠮᠠᠭᠠᠯᠠᠬᠤ ᠬᠦᠷᠢᠶ᠎ᠡ ᠬᠡᠪᠴᠢᠶ᠎ᠡ  ᠪᠣᠯᠵᠤ᠂ ᠭᠠᠳᠠᠭᠰᠢᠯᠠᠭᠤᠯᠤᠭᠰᠠᠨ 5 ᠮᠧᠲᠷ ᠨᠢ ᠪᠦᠲᠦᠭᠡᠨ ᠪᠠᠶᠢᠭᠤᠯᠤᠯᠲᠠ ᠶᠢᠨ ᠡᠵᠡᠮᠳᠡᠬᠦ ᠣᠷᠣᠨ ᠪᠦᠰᠡ ᠪᠣᠯᠣᠨ᠎ᠠ᠃      11. ᠶᠠᠩ ᠵᠢᠶᠠ ᠡᠾᠧ ᠭᠤᠤᠯ ᠤᠨ ᠨᠢᠭᠡᠳᠦᠭᠡᠷ ᠬᠡᠰᠡᠭ ᠤᠰᠤ ᠬᠤᠷᠢᠬᠤ ᠬᠠᠰᠢᠯᠭ᠎ᠠ      ᠬᠠᠮᠠᠭᠠᠯᠠᠬᠤ ᠬᠦᠷᠢᠶ᠎ᠡ ᠬᠡᠪᠴᠢᠶ᠎ᠡ ᠪᠠ ᠪᠦᠲᠦᠭᠡᠨ ᠪᠠᠶᠢᠭᠤᠯᠤᠯᠲᠠ ᠶᠢᠨ ᠬᠢᠵᠠᠭᠠᠷᠯᠠᠬᠤ ᠣᠷᠣᠨ ᠪᠦᠰᠡ᠄ ᠬᠠᠰᠢᠯᠭ᠎ᠠ ᠶᠢ ᠬᠤᠷᠢᠭᠯᠠᠬᠤ ᠲᠤᠰ ᠴᠣᠭᠴᠠ ᠶᠢᠨ ᠪᠠᠷᠢᠯᠭ᠎ᠠ ᠪᠠᠷ ᠵᠠᠭᠠᠭ ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠤᠭ ᠴᠣᠭᠴᠠ ᠨᠢ ᠬᠠᠮᠠᠭᠠᠯᠠᠬᠤ ᠬᠦᠷᠢᠶ᠎ᠡ ᠬᠡᠪᠴᠢᠶ᠎ᠡ ᠪᠣᠯᠵᠤ᠂ ᠠᠭᠤᠯᠬᠤᠨ 5 ᠮᠧᠲᠷ ᠢᠶᠠᠷ ᠪᠦᠲᠦᠭᠡᠨ ᠪᠠᠶᠢᠭᠤᠯᠤᠯᠲᠠ ᠶᠢ ᠡᠵᠡᠮᠳᠡᠬᠦ ᠪᠦᠰᠡ ᠪᠣᠯᠭᠠᠨ᠎ᠠ᠃      12. ᠬᠤᠸᠠᠩ ᠵᠢᠢ ᠴᠦᠢ ᠰᠤᠪᠠᠭ ᠤᠨ ᠬᠠᠭᠤᠴᠢᠨ ᠭᠤᠯᠳᠤᠷᠢᠯ      ᠬᠠᠮᠠᠭᠠᠯᠠᠬᠤ ᠬᠦᠷᠢᠶ᠎ᠡ ᠬᠡᠪᠴᠢᠶ᠎ᠡ ᠪᠠ ᠪᠦᠲᠦᠭᠡᠨ ᠪᠠᠶᠢᠭᠤᠯᠤᠯᠲᠠ ᠶᠢᠨ ᠬᠢᠵᠠᠭᠠᠷᠯᠠᠬᠤ ᠣᠷᠣᠨ ᠪᠦᠰᠡ᠄ ᠬᠠᠭᠤᠴᠢᠨ ᠭᠤᠣᠯ ᠤᠨ ᠬᠤᠩᠭᠢᠯ ᠤᠨ ᠤᠭ ᠪᠡᠶᠡᠲᠦ ᠪᠠᠷ ᠵᠠᠭᠠᠭ ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠤᠭ ᠴᠣᠭᠴᠠ ᠨᠢ ᠬᠠᠮᠠᠭᠠᠯᠠᠬᠤ ᠬᠦᠷᠢᠶ᠎ᠡ ᠬᠡᠪᠴᠢᠶ᠎ᠡ ᠪᠠᠶᠢᠵᠤ᠂ ᠠᠭᠤᠯᠬᠤᠨ 5 ᠮᠧᠲᠷ ᠢᠶᠠᠷ ᠪᠦᠲᠦᠭᠡᠨ ᠪᠠᠶᠢᠭᠤᠯᠵᠤ ᠡᠵᠡᠮᠳᠡᠬᠦ ᠪᠦᠰᠡ ᠪᠣᠯᠭᠠᠨ᠎ᠠ᠃      13. ᠡᠮᠦᠨ᠎ᠡ ᠰᠤᠪᠠᠭ ᠤᠨ ᠵᠠᠮ ᠬᠠᠷᠢᠯᠴᠠᠭ᠎ᠠ ᠶᠢᠨ ᠳᠣᠯᠣᠳᠤᠭᠠᠷ ᠬᠤᠷᠢᠶ᠎ᠠ ᠶᠢᠨ ᠡᠷᠲᠡᠨ ᠤ ᠮᠣᠳᠣ      ᠬᠠᠮᠠᠭᠠᠯᠠᠬᠤ ᠬᠦᠷᠢᠶ᠎ᠡ ᠬᠡᠪᠴᠢᠶ᠎ᠡ ᠪᠠ ᠪᠦᠲᠦᠭᠡᠨ ᠪᠠᠶᠢᠭᠤᠯᠤᠯᠲᠠ ᠶᠢᠨ ᠬᠢᠵᠠᠭᠠᠷᠯᠠᠬᠤ ᠣᠷᠣᠨ ᠪᠦᠰᠡ᠄ ᠡᠷᠲᠡᠨ ᠤ ᠮᠣᠳᠣ ᠪᠠᠷ ᠲᠤᠰ ᠪᠡᠶ᠎ᠡ ᠪᠠᠷ ᠵᠠᠭᠠᠭ ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠤᠭ ᠴᠣᠭᠴᠠ ᠨᠢ ᠬᠠᠮᠠᠭᠠᠯᠠᠬᠤ ᠬᠦᠷᠢᠶ᠎ᠡ ᠬᠡᠪᠴᠢᠶ᠎ᠡ ᠪᠣᠯᠵᠤ᠂ ᠭᠠᠳᠠᠷ ᠲᠠᠯ᠎ᠠ ᠨᠢ 5 ᠮᠧᠲᠷ ᠢᠶᠠᠷ ᠪᠦᠲᠦᠭᠡᠨ ᠪᠠᠶᠢᠭᠤᠯᠵᠤ ᠡᠵᠡᠮᠳᠡᠬᠦ ᠪᠦᠰᠡ ᠪᠣᠯᠭᠠᠨ᠎ᠠ᠃
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ