ᠨᠢᠭᠡ᠂ ᠲᠥᠷᠥ ᠶᠢᠨ ᠪᠣᠳᠣᠯᠭ᠎ᠠ ᠶᠢᠨ ᠠᠬᠤᠢ ᠪᠠᠶᠢᠳᠠᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ︾ ᠶᠢᠨ ᠬᠠᠮᠢᠶ᠎ᠠ ᠪᠥᠬᠦᠶ | ᠲᠣᠭᠲᠠᠭᠠᠯ ᠢ ᠦᠨᠳᠦᠰᠦᠯᠡᠨ᠂ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠰᠣᠶᠣᠯ ᠤᠨ ᠥᠪ ᠢ ᠬᠠᠮᠠᠭᠠᠯᠠᠬᠤ ᠠᠵᠢᠯ ᠢ ᠤᠯᠠᠮ ᠨᠢᠭᠡ | ᠠᠯᠬᠤᠮ ᠴᠢᠩᠭᠠᠳᠬᠠᠵᠤ᠂ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠠᠵᠤ ᠠᠬᠤᠶ ᠶᠢᠨ | ᠬᠥᠭᠵᠢᠯᠲᠡ ᠶᠢᠨ ᠬᠠᠷᠢᠴᠠᠭ᠎ᠠ ᠶᠢ ᠲᠣᠬᠢᠲᠠᠶ ᠰᠢᠢᠳᠪᠦᠷᠢᠯᠡᠬᠦ ᠶᠢᠨ ᠲᠥᠯᠥᠭᠡ᠂ ᠣᠶᠢᠷ᠎ᠠ ᠶᠢᠨ ᠵᠢᠯ ᠤᠨ ᠲᠤᠷᠰᠢᠬᠢ ᠲᠡᠤᠬᠡ ᠶᠢᠨ ᠳᠤᠷᠠᠰᠬᠠᠯᠲᠤ ᠵᠦᠢᠯᠡᠰ ᠢ | ᠬᠠᠮᠠᠭᠠᠯᠠᠬᠤ ᠠᠵᠢᠯ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠵᠢᠴᠢ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠥᠯᠥᠪᠵᠢᠭᠦᠯᠭᠡ ᠳᠤ ᠲᠤᠯᠭᠠᠷᠠᠵᠤ ᠪᠠᠶᠢᠭ᠎ᠠ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠢᠭᠡᠳᠦᠭᠡᠷ ᠪᠦᠯᠦᠭ ᠬᠤᠰᠢᠭᠤᠨ ᠤ ᠱᠠᠲᠤᠨ ᠤ | ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠶᠢᠨ ᠬᠠᠮᠠᠭᠠᠯᠠᠬᠤ ᠬᠡᠪᠴᠢᠶ᠎ᠡ ᠪᠠ ᠪᠥᠲᠥᠭᠡᠨ ᠪᠠᠶᠢᠭᠤᠯᠤᠯᠲᠠ ᠶᠢ ᠡᠵᠡᠮᠳᠡᠬᠦ ᠣᠷᠣᠨ | ᠪᠦᠰᠡ ᠳᠤ ᠲᠣᠬᠢᠷᠠᠭᠤᠯᠤᠯᠲᠠ ᠬᠢᠵᠦ ᠳᠠᠬᠢᠨ ᠨᠡᠶᠢᠲᠡᠯᠡᠪᠡ᠃ ᠤᠤᠯ ᠤᠨ ᠲᠣᠭᠲᠠᠭᠠᠭᠰᠠᠨ ᠪᠠ ᠨᠡᠶᠢᠲᠡᠯᠡᠭᠰᠡᠨ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠪᠠ ᠪᠦᠲᠦᠭᠡᠨ | ᠪᠠᠶᠢᠭᠤᠯᠤᠯᠲᠠ ᠶᠢᠨ ᠡᠵᠡᠮᠰᠢᠯ ᠤᠨ ᠣᠷᠣᠨ ᠪᠦᠰᠡ ᠶᠢ ᠬᠠᠮᠲᠤ ᠳᠤᠨᠢ ᠬᠦᠴᠦᠨ ᠦᠭᠡᠶ ᠪᠣᠯᠭᠠᠨ᠎ᠠ᠃ | ᠬᠤᠶᠠᠷ᠂ ᠲᠥᠷᠥ ᠶᠢᠨ ᠪᠣᠳᠣᠯᠭ᠎ᠠ ᠶᠢᠨ ᠭᠤᠤᠯ ᠠᠭᠤᠯᠭ᠎ᠠ | ᠲᠣᠰ ᠤᠳᠠᠭᠠᠨ ᠤ ᠲᠣᠬᠢᠷᠠᠭᠤᠯᠤᠯᠲᠠ ᠪᠠ ᠳᠠᠬᠢᠨ ᠨᠡᠶᠢᠲᠡᠯᠡᠭᠰᠡᠨ ᠲᠥᠷᠥ ᠶᠢᠨ ᠪᠣᠳᠣᠯᠭ᠎ᠠ ᠨᠢ ᠬᠠᠩᠭᠢᠨ ᠬᠤᠶᠢᠲᠤ ᠬᠤᠰᠢᠭᠤᠨ ᠤ ᠠᠩᠬᠠᠳᠠᠭᠴᠢ ᠪᠦᠯᠦᠭ ᠤᠨ | 13 ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠳᠤ ᠬᠤᠯᠪᠣᠭᠳᠠᠵᠤ᠂ ᠪᠣᠳᠠᠲᠠᠶ ᠪᠠᠷ ᠳᠣᠣᠷᠠᠬᠢ ᠠᠭᠤᠯᠭ᠎ᠠ ᠶᠢ ᠪᠠᠭᠲᠠᠭᠠᠨ᠎ᠠ᠄ | ︵ᠨᠢᠭᠡ︶ ᠲᠤᠰ ᠪᠦᠯᠦᠭ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠢ ᠶᠢᠨ ᠬᠠᠮᠠᠭᠠᠯᠠᠯᠲᠠ ᠶᠢᠨ ᠬᠡᠪᠴᠢᠶ᠎ᠡ ᠪᠠᠨ ᠪᠦᠲᠦᠭᠡᠨ | ᠪᠠᠶᠢᠭᠤᠯᠤᠯᠲᠠ ᠶᠢ ᠬᠢᠵᠠᠭᠠᠷᠯᠠᠬᠤ ᠣᠷᠣᠨ ᠢ ᠳᠠᠬᠢᠵᠤ ᠰᠢᠨ᠎ᠡ ᠪᠠᠷ ᠳᠣᠭᠲᠠᠭᠠᠨ᠎ᠠ | 1. ᠱᠠᠮᠪᠠ ᠬᠤᠳᠠ ᠶᠢᠨ ᠪᠠᠷᠠᠭᠤᠨ ᠲᠠᠯ᠎ᠠ ᠵᠢᠨᠪᠥ᠋ᠭᠳᠡᠷ ᠰᠦᠮ᠎ᠡ | ᠬᠠᠮᠠᠭᠠᠯᠠᠬᠤ ᠬᠦᠷᠢᠶ᠎ᠡ ᠬᠡᠪᠴᠢᠶ᠎ᠡ ᠪᠠ ᠪᠦᠳᠦᠭᠡᠨ ᠪᠠᠶᠢᠭᠤᠯᠤᠯᠲᠠ ᠶᠢᠨ ᠬᠢᠵᠠᠭᠠᠷᠯᠠᠬᠤ ᠣᠷᠣᠨ ᠪᠦᠰᠡ᠄ ᠲᠤᠰ ᠪᠠᠷᠢᠯᠭ᠎ᠠ ᠶᠢᠨ ᠲᠦᠷᠪᠡᠨ ᠬᠡᠷᠡᠮ ᠢᠶᠠᠷ ᠵᠠᠭᠠᠭ | ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯ ᠤᠨ ᠤᠭ ᠴᠣᠭᠴᠠ ᠨᠢ ᠬᠠᠮᠠᠭᠠᠯᠠᠬᠤ ᠬᠦᠷᠢᠶ᠎ᠡ ᠬᠡᠪᠴᠢᠶ᠎ᠡ ᠪᠣᠯᠵᠤ᠂ ᠵᠡᠭᠦᠨ ᠲᠠᠯ᠎ᠠ ᠨᠢ 3 ᠮᠧᠲᠷ ᠤᠷᠳᠤ᠂ ᠡᠮᠦᠨ᠎ᠡ᠂ | ᠪᠠᠷᠠᠭᠤᠨ᠂ ᠬᠤᠶᠢᠲᠤ ᠲᠠᠯ᠎ᠠ ᠨᠢ ᠲᠤᠰ ᠪᠦᠷᠢ ᠬᠦᠷᠢᠶᠡᠨ ᠤ ᠬᠡᠷᠡᠮ ᠨᠢ ᠪᠦᠳᠦᠭᠡᠨ ᠪᠠᠶᠢᠭᠤᠯᠤᠯᠲᠠ ᠶᠢᠨ ᠡᠵᠡᠮᠳᠡᠯ ᠤᠨ ᠣᠷᠣᠨ ᠪᠦᠰᠡ ᠪᠣᠯᠣᠨ᠎ᠠ᠃ | 2᠂ ᠰᠠᠨ ᠳ᠋ᠤᠤ ᠴᠢᠶᠣᠤ ᠬᠠᠩᠭᠠᠨ ᠪᠣᠷᠣᠯᠠᠭᠤᠯᠬᠤ ᠬᠤᠷᠰᠢᠶ᠎ᠠ | ᠬᠠᠮᠠᠭᠠᠯᠠᠬᠤ ᠬᠦᠷᠢᠶ᠎ᠡ ᠬᠡᠪᠴᠢᠶ᠎ᠡ ᠪᠠ ᠪᠦᠳᠦᠭᠡᠨ ᠪᠠᠶᠢᠭᠤᠯᠤᠯᠲᠠ ᠶᠢᠨ ᠬᠢᠵᠠᠭᠠᠷᠯᠠᠬᠤ ᠣᠷᠣᠨ ᠪᠦᠰᠡ᠄ ᠲᠤᠰ ᠪᠠᠷᠢᠯᠭ᠎ᠠ ᠶᠢᠨ ᠲᠦᠷᠪᠡᠨ ᠬᠡᠷᠡᠮ ᠢᠶᠠᠷ ᠵᠠᠭᠠᠭ | ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠤᠭ ᠴᠣᠭᠴᠠ ᠨᠢ ᠬᠠᠮᠠᠭᠠᠯᠠᠬᠤ ᠬᠦᠷᠢᠶ᠎ᠡ ᠬᠡᠪᠴᠢᠶ᠎ᠡ ᠪᠣᠯᠵᠤ᠂ ᠪᠠᠷᠠᠭᠤᠨ ᠠᠴᠠ ᠲᠡᠦᠬᠡ ᠶᠢᠨ ᠳᠤᠷᠠᠰᠬᠠᠯᠲᠤ | ᠵᠦᠢᠯᠡᠰ ᠤᠨ ᠤᠭ ᠴᠣᠭᠴᠠ ᠨᠢ ᠪᠠᠷᠠᠭᠤᠨ ᠬᠡᠷᠡᠮ᠂ ᠵᠡᠭᠦᠨ᠂ ᠡᠮᠦᠨ᠎ᠡ᠂ ᠬᠤᠶᠢᠲᠤ ᠲᠠᠯ᠎ᠠ ᠨᠢ ᠲᠤᠰ ᠪᠦᠷᠢ 2 ᠮᠧᠲᠷ ᠪᠦᠲᠦᠭᠡᠨ ᠪᠠᠶᠢᠭᠤᠯᠤᠯᠲᠠ ᠶᠢᠨ | ᠡᠵᠡᠮᠰᠢᠯ ᠤᠨ ᠣᠷᠣᠨ ᠪᠦᠰᠡ ᠪᠣᠯᠣᠨ᠎ᠠ᠃ | 3. ᠶᠦᠩ ᠱᠧᠩ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠨᠢᠭᠡᠳᠦᠭᠡᠷ ᠬᠤᠳᠠᠯᠳᠤᠭ᠎ᠠ | ᠬᠠᠮᠠᠭᠠᠯᠠᠬᠤ ᠬᠡᠪᠴᠢᠶ᠎ᠡ ᠪᠠ ᠪᠦᠲᠦᠭᠡᠨ ᠪᠠᠶᠢᠭᠤᠯᠤᠯᠲᠠ ᠶᠢᠨ ᠬᠢᠵᠠᠭᠠᠷᠯᠠᠬᠤ ᠣᠷᠣᠨ ᠪᠦᠰᠡ᠄ ᠲᠤᠰ ᠪᠠᠷᠢᠯᠭ᠎ᠠ ᠶᠢᠨ ᠳᠥᠷᠪᠡᠨ ᠬᠡᠷᠡᠮ ᠢᠶᠠᠷ ᠵᠠᠭᠠᠭ ᠪᠣᠯᠭᠠᠵᠤ᠂ | ᠲᠡᠦᠬᠡ ᠶᠢᠨ ᠳᠤᠷᠠᠰᠬᠠᠯᠲᠤ ᠵᠦᠢᠯᠡᠰ ᠤᠨ ᠤᠭ ᠴᠣᠭᠴᠠ ᠨᠢ ᠬᠠᠮᠠᠭᠠᠯᠠᠬᠤ ᠬᠦᠷᠢᠶ᠎ᠡ ᠬᠡᠪᠴᠢᠶ᠎ᠡ ᠪᠣᠯᠵᠤ᠂ ᠵᠡᠭᠦᠨ᠂ ᠬᠤᠶᠢᠲᠤ ᠲᠠᠯ᠎ᠠ ᠨᠢ ᠲᠡᠦᠬᠡ ᠶᠢᠨ ᠳᠤᠷᠠᠰᠬᠠᠯᠲᠤ | ᠵᠦᠢᠯᠡᠰ ᠤᠨ ᠲᠤᠰ ᠪᠡᠶ᠎ᠡ ᠶᠢᠨ ᠬᠡᠷᠡᠮ ᠢᠶᠠᠷ ᠵᠠᠭᠠᠭ ᠪᠣᠯᠭᠠᠵᠤ᠂ ᠪᠠᠷᠠᠭᠤᠨ᠂ ᠡᠮᠦᠨ᠎ᠡ ᠲᠠᠯ᠎ᠠ ᠨᠢ ᠲᠤᠰ ᠪᠦᠷᠢ 2 ᠮᠧᠲᠷ ᠤᠷᠳᠤ᠂ ᠪᠦᠲᠦᠭᠡᠨ ᠪᠠᠶᠢᠭᠤᠯᠤᠯᠲᠠ ᠶᠢᠨ | ᠡᠵᠡᠮᠳᠡᠬᠦ ᠪᠦᠰᠡ ᠪᠣᠯᠭᠠᠨ᠎ᠠ᠃ | 4. ᠳ᠋ᠠ ᠹᠠ ᠭᠦᠩ ᠺᠠᠲ᠋ᠤᠯᠢᠭ ᠱᠠᠰᠢᠨ ᠤ ᠲᠠᠩᠬᠢᠮ | ᠬᠠᠮᠠᠭᠠᠯᠠᠬᠤ ᠬᠦᠷᠢᠶ᠎ᠡ ᠬᠡᠪᠴᠢᠶ᠎ᠡ ᠪᠠ ᠪᠦᠲᠦᠭᠡᠨ ᠪᠠᠶᠢᠭᠤᠯᠤᠯᠲᠠ ᠶᠢᠨ ᠬᠢᠵᠠᠭᠠᠷᠯᠠᠬᠤ ᠣᠷᠣᠨ ᠪᠦᠰᠡ᠄ ᠲᠤᠰ ᠪᠠᠷᠢᠯᠭ᠎ᠠ ᠶᠢᠨ ᠳᠥᠷᠪᠡᠨ ᠬᠡᠷᠡᠮ ᠢᠶᠠᠷ ᠵᠠᠭᠠᠭ | ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠤᠭ ᠴᠣᠭᠴᠠ ᠨᠢ ᠬᠠᠮᠠᠭᠠᠯᠠᠬᠤ ᠬᠦᠷᠢᠶ᠎ᠡ ᠬᠡᠪᠴᠢᠶ᠎ᠡ ᠪᠣᠯᠵᠤ᠂ ᠠᠭᠤᠯᠬᠤᠨ 2 ᠮᠧᠲᠷ ᠢᠶᠠᠷ ᠪᠦᠲᠦᠭᠡᠨ | ᠪᠠᠶᠢᠭᠤᠯᠵᠤ ᠡᠵᠡᠮᠳᠡᠬᠦ ᠪᠦᠰᠡ ᠪᠣᠯᠭᠠᠨ᠎ᠠ᠃ | 5. ᠱᠤᠸᠠᠩ ᠮᠢᠶᠣᠣ ᠪᠠᠯᠭᠠᠰᠤᠨ ᠤ ᠠᠮᠤ ᠪᠤᠳᠠᠭᠠᠨ ᠤ ᠬᠥᠮᠥᠷᠭᠡ | ᠬᠠᠮᠠᠭᠠᠯᠠᠬᠤ ᠬᠦᠷᠢᠶ᠎ᠡ ᠬᠡᠪᠴᠢᠶ᠎ᠡ ᠪᠠ ᠪᠦᠲᠦᠭᠡᠨ ᠪᠠᠶᠢᠭᠤᠯᠤᠯᠲᠠ ᠶᠢᠨ ᠬᠢᠵᠠᠭᠠᠷᠯᠠᠬᠤ ᠣᠷᠣᠨ ᠪᠦᠰᠡ᠄ ᠲᠡᠦᠬᠡ ᠶᠢᠨ ᠳᠤᠷᠠᠰᠬᠠᠯᠲᠤ ᠵᠦᠢᠯᠡᠰ ᠤᠨ ᠤᠭ | ᠴᠣᠭᠴᠠ ᠪᠠᠷ ᠵᠠᠭᠠᠭ ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠤᠭ ᠴᠣᠭᠴᠠ ᠶᠢ ᠬᠠᠮᠠᠭᠠᠯᠠᠬᠤ ᠬᠡᠪᠴᠢᠶ᠎ᠡ ᠪᠠ ᠪᠦᠲᠦᠭᠡᠨ ᠪᠠᠶᠢᠭᠤᠯᠤᠯᠲᠠ ᠶᠢ ᠡᠵᠡᠮᠳᠡᠬᠦ | ᠣᠷᠣᠨ ᠪᠦᠰᠡ ᠪᠣᠯᠭᠠᠨ᠎ᠠ᠃ | 6. ᠲᠡᠷᠢᠭᠦᠨ ᠤ ᠳᠥᠷᠪᠡᠳᠦᠭᠡᠷ ᠬᠤᠷᠰᠢᠶᠠᠨ ᠤ ᠬᠥᠭᠦᠷᠭᠡ | ᠬᠠᠮᠠᠭᠠᠯᠠᠬᠤ ᠬᠦᠷᠢᠶ᠎ᠡ ᠬᠡᠪᠴᠢᠶ᠎ᠡ ᠪᠠ ᠪᠦᠲᠦᠭᠡᠨ ᠪᠠᠶᠢᠭᠤᠯᠤᠯᠲᠠ ᠶᠢᠨ ᠬᠢᠵᠠᠭᠠᠷᠯᠠᠬᠤ ᠣᠷᠣᠨ ᠪᠦᠰᠡ᠄ ᠬᠥᠭᠦᠷᠭᠡᠨ ᠪᠡᠶ᠎ᠡ ᠶᠢᠨ ᠤᠭ ᠴᠣᠭᠴᠠ ᠶᠢᠨ | ᠪᠠᠷᠢᠯᠭ᠎ᠠ ᠪᠠᠷ ᠵᠠᠭᠠᠭ ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠤᠭ ᠴᠣᠭᠴᠠ ᠨᠢ ᠬᠠᠮᠠᠭᠠᠯᠠᠬᠤ ᠬᠦᠷᠢᠶ᠎ᠡ ᠬᠡᠪᠴᠢᠶ᠎ᠡ ᠪᠣᠯᠵᠤ᠂ ᠭᠠᠳᠠᠷ ᠲᠠᠯ᠎ᠠ ᠨᠢ 5 | ᠮᠧᠲᠷ ᠤᠨ ᠪᠦᠲᠦᠭᠡᠨ ᠪᠠᠶᠢᠭᠤᠯᠤᠯᠲᠠ ᠶᠢᠨ ᠡᠵᠡᠮᠳᠡᠯ ᠤᠨ ᠣᠷᠣᠨ ᠪᠦᠰᠡ ᠪᠣᠯᠣᠨ᠎ᠠ᠃ | 7. ᠵᠢᠶᠧ ᠹᠠᠩ ᠬᠠᠰᠢᠯᠭ᠎ᠠ | ᠬᠠᠮᠠᠭᠠᠯᠠᠬᠤ ᠬᠦᠷᠢᠶ᠎ᠡ ᠬᠡᠪᠴᠢᠶ᠎ᠡ ᠪᠠ ᠪᠦᠲᠦᠭᠡᠨ ᠪᠠᠶᠢᠭᠤᠯᠤᠯᠲᠠ ᠶᠢᠨ ᠬᠢᠵᠠᠭᠠᠷᠯᠠᠬᠤ ᠣᠷᠣᠨ ᠪᠦᠰᠡ᠄ ᠬᠥᠭᠦᠷᠭᠡᠨ ᠪᠡᠶ᠎ᠡ ᠶᠢᠨ ᠤᠭ ᠴᠣᠭᠴᠠ ᠶᠢᠨ | ᠪᠠᠷᠢᠯᠭ᠎ᠠ ᠪᠠᠷ ᠵᠠᠭᠠᠭ ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠤᠭ ᠴᠣᠭᠴᠠ ᠨᠢ ᠬᠠᠮᠠᠭᠠᠯᠠᠬᠤ ᠬᠦᠷᠢᠶ᠎ᠡ ᠬᠡᠪᠴᠢᠶ᠎ᠡ ᠪᠣᠯᠵᠤ᠂ ᠠᠭᠤᠯᠬᠤᠨ ᠨᠢ 5 | ᠮᠧᠲᠷ ᠤᠨ ᠪᠦᠲᠦᠭᠡᠨ ᠪᠠᠶᠢᠭᠤᠯᠤᠯᠲᠠ ᠶᠢᠨ ᠡᠵᠡᠮᠳᠡᠯ ᠤᠨ ᠣᠷᠣᠨ ᠪᠦᠰᠡ ᠪᠣᠯᠭᠠᠨ᠎ᠠ᠃ | 8. ᠶᠠᠩ ᠵᠢᠶᠠ ᠡᠾᠧ ᠭᠤᠤᠯ ᠤᠨ ᠬᠠᠭᠤᠴᠢᠨ ᠭᠤᠯᠳᠤᠷᠢᠯ | ᠬᠠᠮᠠᠭᠠᠯᠠᠬᠤ ᠬᠦᠷᠢᠶ᠎ᠡ ᠬᠡᠪᠴᠢᠶ᠎ᠡ ᠪᠠ ᠪᠦᠲᠦᠭᠡᠨ ᠪᠠᠶᠢᠭᠤᠯᠤᠯᠲᠠ ᠶᠢᠨ ᠬᠢᠵᠠᠭᠠᠷᠯᠠᠬᠤ ᠣᠷᠣᠨ ᠪᠦᠰᠡ᠄ ᠭᠤᠣᠯ ᠤᠨ ᠬᠤᠩᠭᠢᠯ ᠤᠨ ᠤᠭ ᠪᠡᠶᠡᠲᠦ ᠪᠠᠷ ᠵᠠᠭᠠᠭ | ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠤᠭ ᠴᠣᠭᠴᠠ ᠨᠢ ᠬᠠᠮᠠᠭᠠᠯᠠᠬᠤ ᠬᠦᠷᠢᠶ᠎ᠡ ᠬᠡᠪᠴᠢᠶ᠎ᠡ ᠪᠣᠯᠵᠤ᠂ ᠠᠭᠤᠯᠬᠤᠨ 5 ᠮᠧᠲᠷ ᠢᠶᠠᠷ ᠪᠦᠲᠦᠭᠡᠨ | ᠪᠠᠶᠢᠭᠤᠯᠵᠤ ᠡᠵᠡᠮᠳᠡᠬᠦ ᠪᠦᠰᠡ ᠪᠣᠯᠭᠠᠨ᠎ᠠ᠃ | 9. ᠬᠤᠸᠠᠩ ᠶᠠᠩ ᠬᠠᠰᠢᠯᠭ᠎ᠠ ᠶᠢᠨ ᠤᠰᠤ ᠵᠠᠯᠠᠬᠤ ᠭᠠᠷᠠᠮ ᠤᠨ ᠪᠠᠷᠢᠯᠭ᠎ᠠ ᠶᠢᠨ ᠦᠯᠡᠳᠡᠭᠳᠡᠯ | ᠬᠠᠮᠠᠭᠠᠯᠠᠬᠤ ᠬᠦᠷᠢᠶ᠎ᠡ ᠬᠡᠪᠴᠢᠶ᠎ᠡ ᠪᠠ ᠪᠦᠲᠦᠭᠡᠨ ᠪᠠᠶᠢᠭᠤᠯᠤᠯᠲᠠ ᠶᠢᠨ ᠬᠢᠵᠠᠭᠠᠷᠯᠠᠬᠤ ᠣᠷᠣᠨ ᠪᠦᠰᠡ᠄ ᠦᠯᠡᠳᠡᠭᠳᠡᠯ ᠤᠨ ᠤᠭ ᠴᠣᠭᠴᠠ ᠪᠠᠷ ᠵᠠᠭᠠᠭ | ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠤᠭ ᠴᠣᠭᠴᠠ ᠨᠢ ᠬᠠᠮᠠᠭᠠᠯᠠᠬᠤ ᠬᠦᠷᠢᠶ᠎ᠡ ᠬᠡᠪᠴᠢᠶ᠎ᠡ ᠪᠣᠯᠵᠤ᠂ ᠠᠭᠤᠯᠬᠤᠨ 5 ᠮᠧᠲᠷ ᠢᠶᠠᠷ ᠪᠦᠲᠦᠭᠡᠨ | ᠪᠠᠶᠢᠭᠤᠯᠵᠤ ᠡᠵᠡᠮᠳᠡᠬᠦ ᠣᠷᠣᠨ ᠪᠦᠰᠡ ᠪᠣᠯᠭᠠᠨ᠎ᠠ᠃ | 10. ᠬᠤᠸᠠᠩ ᠶᠠᠩ ᠬᠠᠰᠢᠯᠭ᠎ᠠ ᠶᠢᠨ ᠰᠠᠭᠤᠷᠢ ᠪᠤᠯᠬᠤ ᠨᠦᠬᠡ | ᠬᠠᠮᠠᠭᠠᠯᠠᠬᠤ ᠬᠦᠷᠢᠶ᠎ᠡ ᠬᠡᠪᠴᠢᠶ᠎ᠡ ᠪᠠ ᠪᠦᠲᠦᠭᠡᠨ ᠪᠠᠶᠢᠭᠤᠯᠤᠯᠲᠠ ᠶᠢᠨ ᠬᠢᠵᠠᠭᠠᠷᠯᠠᠬᠤ ᠣᠷᠣᠨ ᠪᠦᠰᠡ᠄ ᠰᠠᠭᠤᠷᠢ ᠨᠦᠬᠡ ᠶᠢᠨ ᠤᠭ ᠴᠤᠭᠴᠠ ᠪᠠᠷ ᠵᠠᠭᠠᠭ | ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠤᠭ ᠴᠣᠭᠴᠠ ᠨᠢ ᠬᠠᠮᠠᠭᠠᠯᠠᠬᠤ ᠬᠦᠷᠢᠶ᠎ᠡ ᠬᠡᠪᠴᠢᠶ᠎ᠡ ᠪᠣᠯᠵᠤ᠂ ᠭᠠᠳᠠᠭᠰᠢᠯᠠᠭᠤᠯᠤᠭᠰᠠᠨ 5 ᠮᠧᠲᠷ ᠨᠢ | ᠪᠦᠲᠦᠭᠡᠨ ᠪᠠᠶᠢᠭᠤᠯᠤᠯᠲᠠ ᠶᠢᠨ ᠡᠵᠡᠮᠳᠡᠬᠦ ᠣᠷᠣᠨ ᠪᠦᠰᠡ ᠪᠣᠯᠣᠨ᠎ᠠ᠃ | 11. ᠶᠠᠩ ᠵᠢᠶᠠ ᠡᠾᠧ ᠭᠤᠤᠯ ᠤᠨ ᠨᠢᠭᠡᠳᠦᠭᠡᠷ ᠬᠡᠰᠡᠭ ᠤᠰᠤ ᠬᠤᠷᠢᠬᠤ ᠬᠠᠰᠢᠯᠭ᠎ᠠ | ᠬᠠᠮᠠᠭᠠᠯᠠᠬᠤ ᠬᠦᠷᠢᠶ᠎ᠡ ᠬᠡᠪᠴᠢᠶ᠎ᠡ ᠪᠠ ᠪᠦᠲᠦᠭᠡᠨ ᠪᠠᠶᠢᠭᠤᠯᠤᠯᠲᠠ ᠶᠢᠨ ᠬᠢᠵᠠᠭᠠᠷᠯᠠᠬᠤ ᠣᠷᠣᠨ ᠪᠦᠰᠡ᠄ ᠬᠠᠰᠢᠯᠭ᠎ᠠ ᠶᠢ ᠬᠤᠷᠢᠭᠯᠠᠬᠤ ᠲᠤᠰ ᠴᠣᠭᠴᠠ ᠶᠢᠨ | ᠪᠠᠷᠢᠯᠭ᠎ᠠ ᠪᠠᠷ ᠵᠠᠭᠠᠭ ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠤᠭ ᠴᠣᠭᠴᠠ ᠨᠢ ᠬᠠᠮᠠᠭᠠᠯᠠᠬᠤ ᠬᠦᠷᠢᠶ᠎ᠡ ᠬᠡᠪᠴᠢᠶ᠎ᠡ ᠪᠣᠯᠵᠤ᠂ ᠠᠭᠤᠯᠬᠤᠨ 5 | ᠮᠧᠲᠷ ᠢᠶᠠᠷ ᠪᠦᠲᠦᠭᠡᠨ ᠪᠠᠶᠢᠭᠤᠯᠤᠯᠲᠠ ᠶᠢ ᠡᠵᠡᠮᠳᠡᠬᠦ ᠪᠦᠰᠡ ᠪᠣᠯᠭᠠᠨ᠎ᠠ᠃ | 12. ᠬᠤᠸᠠᠩ ᠵᠢᠢ ᠴᠦᠢ ᠰᠤᠪᠠᠭ ᠤᠨ ᠬᠠᠭᠤᠴᠢᠨ ᠭᠤᠯᠳᠤᠷᠢᠯ | ᠬᠠᠮᠠᠭᠠᠯᠠᠬᠤ ᠬᠦᠷᠢᠶ᠎ᠡ ᠬᠡᠪᠴᠢᠶ᠎ᠡ ᠪᠠ ᠪᠦᠲᠦᠭᠡᠨ ᠪᠠᠶᠢᠭᠤᠯᠤᠯᠲᠠ ᠶᠢᠨ ᠬᠢᠵᠠᠭᠠᠷᠯᠠᠬᠤ ᠣᠷᠣᠨ ᠪᠦᠰᠡ᠄ ᠬᠠᠭᠤᠴᠢᠨ ᠭᠤᠣᠯ ᠤᠨ ᠬᠤᠩᠭᠢᠯ ᠤᠨ ᠤᠭ | ᠪᠡᠶᠡᠲᠦ ᠪᠠᠷ ᠵᠠᠭᠠᠭ ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠤᠭ ᠴᠣᠭᠴᠠ ᠨᠢ ᠬᠠᠮᠠᠭᠠᠯᠠᠬᠤ ᠬᠦᠷᠢᠶ᠎ᠡ ᠬᠡᠪᠴᠢᠶ᠎ᠡ ᠪᠠᠶᠢᠵᠤ᠂ ᠠᠭᠤᠯᠬᠤᠨ 5 | ᠮᠧᠲᠷ ᠢᠶᠠᠷ ᠪᠦᠲᠦᠭᠡᠨ ᠪᠠᠶᠢᠭᠤᠯᠵᠤ ᠡᠵᠡᠮᠳᠡᠬᠦ ᠪᠦᠰᠡ ᠪᠣᠯᠭᠠᠨ᠎ᠠ᠃ | 13. ᠡᠮᠦᠨ᠎ᠡ ᠰᠤᠪᠠᠭ ᠤᠨ ᠵᠠᠮ ᠬᠠᠷᠢᠯᠴᠠᠭ᠎ᠠ ᠶᠢᠨ ᠳᠣᠯᠣᠳᠤᠭᠠᠷ ᠬᠤᠷᠢᠶ᠎ᠠ ᠶᠢᠨ ᠡᠷᠲᠡᠨ ᠤ ᠮᠣᠳᠣ | ᠬᠠᠮᠠᠭᠠᠯᠠᠬᠤ ᠬᠦᠷᠢᠶ᠎ᠡ ᠬᠡᠪᠴᠢᠶ᠎ᠡ ᠪᠠ ᠪᠦᠲᠦᠭᠡᠨ ᠪᠠᠶᠢᠭᠤᠯᠤᠯᠲᠠ ᠶᠢᠨ ᠬᠢᠵᠠᠭᠠᠷᠯᠠᠬᠤ ᠣᠷᠣᠨ ᠪᠦᠰᠡ᠄ ᠡᠷᠲᠡᠨ ᠤ ᠮᠣᠳᠣ ᠪᠠᠷ ᠲᠤᠰ ᠪᠡᠶ᠎ᠡ ᠪᠠᠷ ᠵᠠᠭᠠᠭ | ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠤᠭ ᠴᠣᠭᠴᠠ ᠨᠢ ᠬᠠᠮᠠᠭᠠᠯᠠᠬᠤ ᠬᠦᠷᠢᠶ᠎ᠡ ᠬᠡᠪᠴᠢᠶ᠎ᠡ ᠪᠣᠯᠵᠤ᠂ ᠭᠠᠳᠠᠷ ᠲᠠᠯ᠎ᠠ ᠨᠢ 5 ᠮᠧᠲᠷ ᠢᠶᠠᠷ ᠪᠦᠲᠦᠭᠡᠨ | ᠪᠠᠶᠢᠭᠤᠯᠵᠤ ᠡᠵᠡᠮᠳᠡᠬᠦ ᠪᠦᠰᠡ ᠪᠣᠯᠭᠠᠨ᠎ᠠ᠃ | ︵ᠬᠤᠶᠠᠷ︶ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠱᠠᠭᠠᠷᠳᠠᠯᠭ᠎ᠠ | ᠡᠯ᠎ᠡ ᠪᠠᠯᠭᠠᠰᠤ᠂ ᠨᠠᠷᠠᠨ ᠰᠦᠮ᠎ᠡ ᠶᠢᠨ ᠲᠠᠷᠢᠶᠠᠯᠠᠩ ᠤᠨ ᠲᠠᠯᠠᠪᠠᠢ ᠵᠢᠴᠢ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠳ ᠬᠤᠪᠢᠶᠠᠷᠢᠯᠠᠨ | ᠲᠣᠭᠲᠠᠭᠠᠭᠰᠠᠨ ᠬᠠᠮᠠᠭᠠᠯᠠᠯᠲᠠ ᠶᠢᠨ ᠬᠡᠪᠴᠢᠶ᠎ᠡ ᠪᠠ ᠪᠦᠲᠦᠭᠡᠨ ᠪᠠᠶᠢᠭᠤᠯᠤᠯᠲᠠ ᠶᠢ ᠡᠵᠡᠮᠳᠡᠬᠦ ᠣᠷᠣᠨ ᠪᠦᠰᠡ ᠶᠢ ᠴᠢᠩᠭ᠎ᠠ ᠵᠢᠷᠤᠮᠯᠠᠨ ᠬᠠᠮᠢᠶ᠎ᠠ ᠪᠦᠬᠦᠢ | ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠶ᠃ | ᠲᠡᠦᠬᠡ ᠶᠢᠨ ᠳᠤᠷᠠᠰᠬᠠᠯᠲᠤ ᠵᠦᠢᠯᠡᠰ ᠢᠶᠠᠷ ᠬᠠᠮᠠᠭᠠᠯᠠᠭᠳᠠᠬᠤ ᠨᠢᠭᠡᠴᠢ ᠶᠢᠨ ᠬᠠᠮᠠᠭᠠᠯᠠᠬᠤ ᠬᠦᠷᠢᠶ᠎ᠡ ᠬᠡᠪᠴᠢᠶ᠎ᠡ ᠪᠠ ᠪᠦᠳᠦᠭᠡᠨ ᠪᠠᠶᠢᠭᠤᠯᠤᠯᠲᠠ ᠶᠢ ᠬᠢᠵᠠᠭᠠᠷᠯᠠᠬᠤ | ᠣᠷᠣᠨ ᠪᠦᠰᠡ ᠳᠤ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠬᠤᠬᠢᠷᠠᠭᠤᠯᠵᠤ ᠮᠡᠳᠡᠬᠦ ᠠᠵᠢᠯᠯᠠᠭ᠎ᠠ ᠬᠢᠬᠦ ᠶᠢ ᠴᠠᠭᠠᠵᠠᠯᠠᠨ᠎ᠠ᠃ | ᠬᠠᠮᠢᠶ᠎ᠠ ᠪᠦᠬᠦᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ | ᠤᠷᠢᠳᠴᠢᠯᠠᠨ ᠨᠡᠪᠲᠡᠷᠡᠯᠴᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠬᠦ ᠶᠢ ᠦᠨᠡᠨᠬᠦ ᠪᠠᠲᠤᠯᠠᠬᠤ ᠬᠡᠷᠡᠭᠲᠡᠶ᠃ | ᠭᠤᠷᠪᠠ᠂ ᠲᠥᠷᠥ ᠶᠢᠨ ᠪᠣᠳᠣᠯᠭ᠎ᠠ ᠶᠢᠨ ᠠᠴᠢ ᠬᠤᠯᠪᠣᠭᠳᠠᠯ | ᠰᠤᠶᠤᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠵᠤ᠃ ᠲᠡᠦᠬᠡ ᠶᠢᠨ ᠳᠤᠷᠠᠰᠬᠠᠯᠲᠤ ᠵᠦᠢᠯᠡᠰ ᠢᠶᠠᠷ ᠬᠠᠮᠠᠭᠠᠯᠠᠭᠳᠠᠬᠤ ᠨᠢᠭᠡᠴᠢ ᠶᠢᠨ ᠬᠠᠮᠠᠭᠠᠯᠠᠬᠤ ᠬᠦᠷᠢᠶ᠎ᠡ | ᠬᠡᠪᠴᠢᠶ᠎ᠡ ᠪᠠ ᠪᠥᠲᠥᠭᠡᠨ ᠪᠠᠶᠢᠭᠤᠯᠬᠤ ᠶᠢ ᠡᠵᠡᠮᠳᠡᠬᠦ ᠣᠷᠣᠨ ᠪᠦᠰᠡ ᠶᠢ ᠲᠣᠳᠣᠷᠬᠠᠶᠢᠯᠠᠬᠤ ᠪᠠᠷ ᠳᠠᠮᠵᠢᠭᠤᠯᠤᠨ᠂ ᠲᠡᠦᠬᠡ ᠶᠢᠨ ᠳᠤᠷᠠᠰᠬᠠᠯᠲᠤ ᠵᠦᠢᠯᠡᠰ ᠢ | ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠣᠭ ᠴᠣᠭᠴᠠ ᠵᠢᠴᠢ ᠲᠡᠭᠦᠨ ᠤ ᠡᠷᠬᠢᠨ ᠲᠣᠭᠤᠷᠢᠨ ᠤ | ᠣᠷᠴᠢᠨ ᠲᠣᠭᠤᠷᠢᠨ ᠢ ᠪᠦᠲᠦᠮᠵᠢᠲᠡᠶ ᠬᠠᠮᠠᠭᠠᠯᠠᠬᠤ ᠶᠢ ᠦᠨᠡᠨ ᠬᠦ ᠪᠠᠲᠤᠯᠠᠨ᠎ᠠ᠃ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠣᠯᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠵᠣᠬᠢᠴᠠᠩᠭᠤᠢ ᠬᠥᠭᠵᠢᠯᠲᠦ ᠶᠢ | ᠠᠬᠢᠭᠤᠯᠬᠤ ᠬᠡᠷᠡᠭᠲᠡᠢ᠃ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ᠂ ᠬᠠᠮᠠᠭᠠᠯᠠᠬᠤ ᠬᠡᠪᠴᠢᠶ᠎ᠡ ᠪᠣᠯᠤᠨ ᠪᠦᠲᠦᠭᠡᠨ ᠪᠠᠶᠢᠭᠤᠯᠤᠯᠲᠠ ᠶᠢ | ᠡᠵᠡᠮᠳᠡᠬᠦ ᠣᠷᠣᠨ ᠪᠦᠰᠡ ᠶᠢ ᠵᠦᠢ ᠵᠣᠬᠢᠰᠲᠠᠶ ᠬᠤᠪᠢᠶᠠᠷᠢᠯᠠᠨ ᠲᠣᠭᠲᠠᠭᠠᠵᠤ᠂ ᠨᠡᠭᠡᠭᠡᠯᠲᠡ ᠬᠢᠵᠦ ᠪᠦᠲᠦᠭᠡᠨ ᠪᠠᠶᠢᠭᠤᠯᠬᠤ ᠠᠴᠠ ᠪᠣᠯᠵᠤ ᠲᠡᠦᠬᠡ ᠶᠢᠨ ᠳᠤᠷᠠᠰᠬᠠᠯᠲᠤ | ᠵᠦᠢᠯ ᠳᠤ ᠡᠪᠳᠡᠯᠭᠡ ᠤᠴᠠᠷᠠᠭᠤᠯᠬᠤ ᠠᠴᠠ ᠵᠠᠶᠢᠯᠠᠰᠬᠢᠬᠦ ᠬᠡᠷᠡᠭᠲᠡᠶ᠃ | ᠣᠯᠠᠨ ᠨᠡᠶᠢᠲᠡ ᠶᠢᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠬᠦ ᠪᠠᠷ ᠳᠠᠮᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠴᠢᠬᠤᠯᠠᠴᠢᠯᠠᠬᠤ ᠪᠠᠨ | ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠨᠡᠶᠢᠭᠡᠮ ᠤᠨ ᠠᠵᠤ ᠠᠬᠤᠶ ᠶᠢᠨ ᠬᠥᠭᠵᠢᠯᠲᠡ ᠶᠢᠨ ᠶᠡᠭᠡ ᠲᠠᠯ᠎ᠠ ᠳᠤ | ᠠᠭᠤᠰᠤᠯᠴᠠᠭᠤᠯᠬᠤ ᠶᠢ ᠠᠬᠢᠭᠤᠯᠤᠨ᠎ᠠ᠃ | |