ᠪᠥᠬᠦ ᠣᠷᠣᠨ ᠤ ᠬᠦᠷᠢᠶᠡᠨ ᠤ ᠠᠵᠤ ᠠᠬᠤᠶ ᠶᠢᠨ ᠪᠣᠯᠪᠠᠰᠤᠷᠠᠯ ᠤᠨ ᠠᠩᠭᠢ ᠬᠠᠩᠭᠢᠨ ᠬᠤᠶᠢᠲᠤ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2025/3/31
      3 ᠰᠠᠷ᠎ᠠ ᠶᠢᠨ 29 ᠤ ᠡᠳᠦᠷ᠂ ᠪᠥᠬᠦ ᠣᠷᠣᠨ ᠤ ᠬᠦᠷᠢᠶᠡᠨ ᠤ ᠠᠵᠤ ᠠᠬᠤᠶ ᠶᠢᠨ ᠪᠣᠯᠪᠠᠰᠤᠷᠠᠯ ᠤᠨ ᠠᠩᠭᠢ ᠬᠠᠩᠭᠢᠨ ᠬᠤᠶᠢᠲᠤ ᠬᠤᠰᠢᠭᠤᠨ ᠳᠤ ᠶᠠᠪᠤᠭᠳᠠᠪᠠ᠃
微信截图_20250331111146.png
       ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠵᠠᠩ ᠬᠤᠸᠠ ᠵᠧᠨ᠂ ᠬᠤᠲᠠ᠂ ᠬᠤᠰᠢᠭᠤᠨ ᠤ ᠤᠳᠤᠷᠢᠳᠤᠯᠭ᠎ᠠ ᠵᠠᠩ ᠷᠦ ᠬᠤᠩ᠂ ᠰᠦᠨ ᡁᠢ ᠭᠠᠩ᠂ ᠸᠠᠩ ᠵᠢᠶ ᠮᠢᠨ ᠵᠢᠴᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠤᠯᠪᠣᠭᠳᠠᠯ ᠪᠦᠬᠦᠢ ᠲᠤᠰᠬᠠᠶ ᠮᠡᠷᠭᠡᠵᠢᠯᠲᠡᠨ᠂ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠪᠣᠯᠪᠠᠰᠤᠷᠠᠯ ᠤᠨ ᠠᠩᠭᠢ ᠳᠤ ᠣᠷᠣᠯᠴᠠᠪᠠ᠃      ᠪᠣᠯᠪᠠᠰᠤᠷᠠᠯ ᠳᠤ ᠣᠷᠣᠯᠴᠠᠭᠰᠠᠳ ᠤᠷᠢᠳ ᠬᠤᠵᠢᠳ ᠯᠢᠨ ᠾᠧ ᠲᠣᠭᠤᠷᠢᠭ ᠤᠨ ᠮᠢᠨ ᠵᠦ ᠲᠣᠰᠬᠤᠨ᠂ ᠬᠠᠩᠭᠢᠨ ᠬᠤᠶᠢᠲᠤ ᠬᠤᠰᠢᠭᠤᠨ ᠤ ᠳᠧᠦ ᠳ᠋ᠤᠤ ᠴᠢᠶᠣᠤ ᠪᠠᠯᠭᠠᠰᠤᠨ ᠤ ᠯᠢᠶᠠᠨ ᠹᠧᠩ ᠲᠣᠰᠬᠤᠨ᠂ ᠡᠯ ᠳ᠋ᠤᠤ ᠴᠢᠶᠣᠤ ᠪᠠᠯᠭᠠᠰᠤ ᠶᠢᠨ ᠲᠠᠢ ᠱᠧᠩ ᠲᠣᠰᠬᠤᠨ ᠳᠤ ᠭᠦᠨᠵᠡᠭᠡᠶᠢᠷᠡᠨ ᠲᠣᠭᠤᠷᠢᠨ ᠦᠵᠡᠵᠦ ᠰᠠᠨᠠᠯ ᠢᠶᠠᠨ ᠰᠣᠯᠢᠯᠴᠠᠪᠠ᠃ ᠬᠦᠷᠢᠶ᠎ᠡ ᠬᠠᠰᠢᠶᠠᠨ ᠤ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ᠂ ᠬᠦᠷᠢᠶ᠎ᠡ ᠬᠠᠰᠢᠶᠠᠨ ᠤ ᠠᠵᠤ ᠠᠬᠤᠶ ᠨᠢ ᠠᠵᠤ ᠦᠢᠯᠡᠰ ᠤᠨ ᠠᠭᠤᠰᠤᠯᠴᠠᠯ ᠂ ᠬᠥᠭᠵᠢᠯᠲᠡ ᠶᠢᠨ ᠵᠠᠭᠪᠤᠷ ᠵᠡᠷᠭᠡ ᠲᠠᠯ᠎ᠠ ᠶᠢᠨ ᠲᠡᠷᠢᠭᠦᠨ ᠤ ᠲᠤᠷᠰᠢᠯᠭ᠎ᠠ ᠶᠢ ᠨᠠᠷᠢᠨ ᠣᠶᠢᠯᠠᠭᠠᠵᠤ᠂ ᠲᠤᠬᠠᠶ ᠶᠢᠨ ᠭᠠᠵᠠᠷ ᠤᠨ ᠲᠠᠷᠢᠶᠠᠴᠢᠨ ᠠᠶᠢᠯ ᠤᠨ ᠵᠢᠵᠢᠭ ᠬᠦᠷᠢᠶ᠎ᠡ ᠶᠢ ᠬᠡᠷᠬᠢᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ︽ᠵᠢᠵᠢᠭ ᠵᠢᠭᠰᠠᠭᠠᠯ ᠤᠨ ᠭᠠᠵᠠᠷ︾ ᠪᠣᠯᠭᠠᠨ ᠪᠥᠲᠥᠭᠡᠨ ᠪᠠᠶᠢᠭᠤᠯᠬᠤ ᠶᠢ ᠪᠡᠶᠡᠴᠢᠯᠡᠨ ᠣᠶᠢᠯᠠᠭᠠᠪᠠ᠃      ᠪᠣᠯᠪᠠᠰᠤᠷᠠᠯ ᠤᠨ ᠠᠩᠭᠢ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠵᠠᠩ ᠬᠤᠸᠠ ᠵᠧᠨ ᠶᠠᠷᠢᠶ᠎ᠠ ᠲᠠᠯᠪᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠬᠠᠪᠰᠤᠷᠤᠨ ᠲᠡᠳᠬᠦᠬᠦ ᠭᠠᠵᠠᠷ ᠤᠨ ᠳᠠᠷᠤᠭ᠎ᠠ ᠯᠦᠸᠧ ᠯᠢ ᠬᠤᠷᠠᠯ ᠡᠷᠭᠢᠯᠡᠪᠡ᠃ ᠵᠠᠩ ᠷᠦ ᠬᠤᠩ ᠶᠠᠷᠢᠶᠠᠨ ᠳᠤ ᠪᠠᠨ᠂ ᠣᠶᠢᠷ᠎ᠠ ᠶᠢᠨ ᠵᠢᠯ ᠤᠳ ᠲᠤ᠂ ᠪᠠᠶᠠᠨᠨᠠᠭᠤᠷ ᠬᠤᠲᠠ ᠶᠢᠨ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ᠂ ᠰᠢᠪᠲᠤᠯᠤᠯᠲᠠ ᠶᠢᠨ ᠴᠢᠨᠠᠷᠲᠠᠢ ᠬᠥᠭᠵᠢᠯᠲᠡ ᠪᠠ ᠱᠠᠲᠤ ᠦᠶ᠎ᠡ ᠶᠢᠨ ᠴᠢᠨᠠᠷᠲᠠᠢ ᠦᠰᠦᠷᠦᠯᠲᠡ ᠲᠠᠢ ᠪᠣᠯᠪᠠ᠃ ᠡᠨᠡ ᠵᠢᠯ᠂ ᠰᠦᠨ ᠱᠤᠤ ᠴᠧᠩ ᠱᠦᠵᠢ ᠪᠠᠶᠠᠨᠨᠠᠭᠤᠷ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ︽ᠠᠵᠤ ᠠᠬᠤᠢ ᠶᠢᠨ ᠦᠷ᠎ᠡ ᠠᠰᠢᠭ ᠢᠶᠠᠷ ᠤᠳᠤᠷᠢᠳᠤᠮᠵᠢ ᠪᠣᠯᠭᠠᠵᠤ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠲᠦᠬᠦᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠬᠦ ᠪᠠ ᠬᠦᠷᠢᠶᠡᠨ ᠤ ᠠᠵᠤ ᠠᠬᠤᠢ ᠶᠢ ᠶᠡᠬᠡᠪᠡᠷ ᠬᠥᠭᠵᠢᠭᠦᠯᠬᠦ ᠬᠡᠷᠡᠭᠲᠡᠢ︾ ᠭᠡᠵᠦ ᠵᠢᠭᠠᠵᠤ ᠭᠠᠷᠭᠠᠪᠠ᠃ ᠳᠠᠷᠠᠭᠠᠴᠢ ᠶᠢᠨ ᠠᠯᠬᠤᠮ ᠳᠤ᠂ ᠬᠦᠷᠢᠶᠡᠨ ᠤ ᠠᠵᠤ ᠠᠬᠤᠢ ᠶᠢ ᠦᠷᠭᠦᠯᠵᠢᠯᠡᠨ ᠶᠡᠬᠡᠪᠡᠷ ᠬᠥᠭᠵᠢᠭᠦᠯᠵᠦ᠂ ᠲᠦᠷᠦ ᠶᠢᠨ ᠪᠤᠳᠤᠯᠭ᠎ᠠ ᠪᠠᠷ ᠲᠡᠳᠬᠦᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠡᠬᠢ ᠪᠠᠶᠠᠯᠢᠭ ᠢ ᠠᠮᠢᠳᠤᠯᠢᠭ ᠪᠣᠯᠭᠠᠬᠤ ᠪᠠ ᠣᠷᠣᠨ ᠵᠠᠢ ᠶᠢ ᠲᠠᠬᠢᠨ ᠪᠠᠶᠢᠭᠤᠯᠬᠤ ᠶᠢ ᠤᠶᠠᠯᠳᠤᠭᠤᠯᠵᠤ᠂ ᠠᠵᠤ ᠠᠬᠤᠢ᠂ ᠨᠡᠶᠢᠭᠡᠮ᠂ ᠠᠮᠢ ᠠᠬᠤᠢ ᠶᠢᠨ ᠦᠷ᠎ᠡ ᠠᠰᠢᠭ ᠤᠨ ᠬᠠᠮᠵᠢᠯᠴᠠᠨ ᠬᠥᠭᠵᠢᠬᠦ ᠶᠢ ᠦᠨᠡᠨᠬᠦ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ᠃ ᠵᠠᠩ ᠬᠤᠸᠠ ᠵᠧᠨ ᠵᠢᠭᠠᠵᠤ ᠭᠠᠷᠭᠠᠭᠰᠠᠨ ᠨᠢ᠂ ᠬᠦᠷᠢᠶ᠎ᠡ ᠬᠠᠰᠢᠶᠠᠨ ᠤ ᠠᠵᠤ ᠠᠬᠤᠶ ᠶᠢ ᠬᠥᠭᠵᠢᠭᠦᠯᠬᠦ ᠪᠣᠯ ᠲᠤᠬᠠᠶ ᠶᠢᠨ ᠭᠠᠵᠠᠷ ᠤᠨ ᠣᠶᠢᠷ᠎ᠠ ᠬᠠᠪᠢ ᠳᠠᠭᠠᠨ ᠠᠵᠢᠯ ᠣᠯᠵᠤ ᠦᠢᠯᠡᠰ ᠪᠤᠰᠬᠠᠬᠤ ᠶᠢ ᠠᠬᠢᠭᠤᠯᠬᠤ᠂ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠢ ᠬᠥᠭᠵᠢᠭᠦᠯᠬᠦ᠂ ᠣᠯᠠᠨ ᠲᠦᠮᠡᠨ ᠤ ᠣᠷᠣᠯᠭ᠎ᠠ ᠶᠢᠨ ᠢᠷᠡᠯᠲᠡ ᠶᠢ ᠥᠷᠭᠡᠳᠬᠡᠬᠦ ᠪᠦᠲᠦᠮᠵᠢᠲᠡᠶ ᠠᠷᠭ᠎ᠠ ᠵᠠᠮ ᠮᠥᠨ᠃ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠭᠤᠤᠯ ᠴᠣᠭᠴᠠ ᠪᠠᠷ ᠳᠠᠶᠢᠴᠢᠯᠠᠬᠤ ᠶᠢ ᠴᠢᠩᠭᠠᠳᠬᠠᠵᠤ᠂ ᠠᠵᠤ ᠦᠢᠯᠡᠰ ᠤᠨ ᠠᠭᠤᠰᠤᠯᠴᠠᠯ ᠢ ᠴᠢᠩᠭᠠᠳᠬᠠᠵᠤ᠂ ᠵᠠᠬ᠎ᠠ ᠳᠡᠯᠭᠡᠭᠦᠷ ᠢᠶᠠᠷ ᠳᠠᠭᠠᠭᠤᠯᠤᠭᠴᠢ ᠶᠢ ᠳᠠᠶᠢᠴᠢᠯᠠᠬᠤ᠂ ᠬᠥᠲᠥᠴᠢ ᠬᠦᠷᠢᠶ᠎ᠡ ᠬᠠᠰᠢᠶ᠎ᠠ ᠶᠢ ᠳᠠᠶᠢᠴᠢᠯᠠᠬᠤ ᠲᠠᠷᠢᠶᠠᠴᠢᠨ ᠡᠷᠦᠬᠡ ᠶᠢ ᠳᠠᠶᠢᠴᠢᠯᠠᠬᠤ ᠠᠵᠤ ᠦᠶᠢᠯᠡᠰᠵᠢᠭᠰᠡᠨ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠦᠷᠢᠯᠳᠦᠭᠦᠯᠬᠦ ᠬᠡᠷᠡᠭᠲᠡᠶ᠃ ᠬᠦᠷᠢᠶᠡᠨ ᠤ ᠠᠵᠤ ᠠᠬᠤᠶ ᠪᠣᠯ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ︽ᠣᠬᠤᠷ᠂ ᠵᠢᠷ᠂ ᠲᠦᠷᠭᠡᠨ︾ ᠲᠥᠷᠥᠯ ᠵᠦᠢᠯ ᠪᠣᠯᠤᠨ᠎ᠠ᠂ ᠡᠯ᠎ᠡ ᠭᠠᠵᠠᠷ ᠤᠨ ᠬᠢᠨ ᠢᠲᠡᠭᠡᠯ ᠵᠣᠷᠢᠭ ᠢᠶᠠᠨ ᠪᠠᠲᠤᠳᠬᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠮᠠᠯᠴᠢᠨ ᠲᠠᠷᠢᠶᠠᠴᠢᠨ ᠤ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠪᠣᠯᠪᠠᠰᠤᠷᠠᠯ ᠤᠨ ᠠᠩᠭᠢ ᠳᠤ᠂ ᠵᠠᠯᠠᠶᠢᠳ ᠬᠤᠰᠢᠭᠤ᠂ ᠺᠠᠶᠢᠯᠦ ᠰᠢᠶᠠᠨ᠂ ᠯᠢᠨᠰᠢ ᠰᠢᠶᠠᠨ᠂ ᠰᠢᠩ ᠾᠧ ᠰᠢᠶᠠᠨ᠂ ᠬᠠᠩᠭᠢᠨ ᠬᠤᠶᠢᠲᠤ ᠬᠤᠰᠢᠭᠤ᠂ ᠯᠢᠨ ᠾᠧ ᠲᠣᠭᠤᠷᠢᠭ ᠤᠨ ᠪᠠ ᠢ ᠰᠢᠶᠠᠩ ᠲᠣᠰ ᠲᠣᠰ ᠲᠤᠷᠰᠢᠯᠭ᠎ᠠ ᠠᠷᠭ᠎ᠠ ᠬᠢᠳᠡᠯ᠂ ᠬᠢᠯᠠᠰ ᠴᠡᠭ ᠤᠨ ᠠᠵᠢᠯ᠂ ᠪᠣᠳᠠᠲᠠᠶ ᠠᠷᠭ᠎ᠠ ᠬᠡᠮᠵᠢᠶ᠎ᠡ᠂ ᠭᠤᠤᠯ ᠦᠷ᠎ᠡ ᠪᠦᠲᠦᠮᠵᠢ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠵᠡᠷᠭᠡ ᠠᠭᠤᠯᠭ᠎ᠠ ᠶᠢᠨ ᠲᠤᠬᠠᠶ ᠶᠠᠷᠢᠶ᠎ᠠ ᠲᠠᠯᠪᠢᠪᠠ᠃ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠳᠡᠳ᠋ ᠫᠷᠤᠹᠧᠰᠰᠤᠷ ᠸᠠᠩ ᠰᠢ ᠴᠢᠤᠸᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠷᠢᠶ᠎ᠡ ᠬᠠᠰᠢᠶᠠᠨ ᠤ ᠠᠵᠤ ᠠᠬᠤᠶ ᠶᠢᠨ ᠵᠠᠭᠪᠤᠷ ᠬᠢᠭᠡᠳ ᠨᠡᠶᠢᠲᠡᠯᠢᠭ ᠬᠡᠷᠡᠭ ᠤᠨ ᠵᠢᠱᠢᠶ᠎ᠡ︾ ᠭᠡᠬᠦ ᠰᠡᠳᠦᠪ ᠢᠶᠠᠷ ᠪᠣᠯᠪᠠᠰᠤᠷᠠᠭᠤᠯᠤᠯ ᠬᠢᠵᠦ᠂ ᠬᠤᠷᠠᠯ ᠳᠤ ᠣᠷᠣᠯᠴᠠᠭᠰᠠᠳ ᠲᠤ ᠠᠵᠢᠯ ᠣᠯᠭᠤᠬᠤ ᠲᠥᠭᠡᠷᠢᠭᠳᠡᠯ ᠢ ᠨᠢ ᠲᠠᠶᠢᠯᠵᠤ᠂ ᠰᠡᠳᠬᠢᠮᠵᠢ ᠪᠠᠨ ᠨᠡᠭᠡᠭᠡᠨ᠂ ᠬᠦᠷᠢᠶ᠎ᠡ ᠬᠠᠰᠢᠶᠠᠨ ᠤ ᠠᠵᠤ ᠠᠬᠤᠶ ᠶᠢ ᠪᠥᠬᠦ ᠣᠷᠣᠨ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃   
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠰᠦᠯᠵᠢᠶ᠎ᠡ