3 ᠰᠠᠷ᠎ᠠ ᠶᠢᠨ 3 ᠤ ᠡᠳᠦᠷ᠂ ᠮᠠᠢ ᠬᠦᠢ ᠪᠠᠯᠭᠠᠰᠤ ᠤᠢᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ | ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ ᠰᠢᠶᠤᠤ ᠭᠠᠩ ᠬᠤᠷᠠᠯ ᠢ ᠡᠷᠬᠢᠯᠡᠵᠦ᠂ ᠪᠠᠯᠭᠠᠰᠤᠨ ᠤ ᠪᠦᠬᠦ ᠰᠠᠯᠠᠭᠠᠨ ᠲᠡᠰ ᠤᠨ ᠤᠳᠤᠷᠢᠳᠤᠯᠭ᠎ᠠ᠂ ᠡᠯ᠎ᠡ | ᠲᠣᠰᠬᠤᠨ ᠤ ᠨᠠᠮ ᠤᠨ ᠡᠭᠦᠷ ᠤᠨ ᠱᠦᠵᠢ᠂ ᠳᠡᠳ᠋ ᠱᠦᠵᠢ᠂ ᠬᠤᠪᠢᠳᠠᠨ ᠬᠠᠮᠢᠶᠠᠷᠴᠤ ᠪᠠᠶᠢᠭ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠮᠦᠰ | ᠬᠤᠷᠠᠯ ᠳᠤ ᠣᠷᠣᠯᠴᠠᠪᠠ᠃ | | | | ᠬᠤᠷᠠᠯ ᠳᠡᠭᠡᠷ᠎ᠡ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠲᠠᠰ ᠳᠠᠷᠠᠭᠠᠯᠠᠨ ᠲᠠᠷᠢᠶᠠᠯᠠᠩ ᠤᠨ ᠭᠠᠷᠠᠮ ᠤᠨ ᠭᠤᠣᠯᠳᠠᠯᠭ᠎ᠠ ᠲᠠᠢ ᠠᠵᠢᠯ ︵ | ᠠᠮᠤ ᠪᠤᠳᠠᠭ᠎ᠠ ᠳᠠᠷᠢᠬᠤ᠂ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠬᠤ᠂ ᠬᠠᠪᠤᠷ ᠤᠨ ᠤᠯᠠᠷᠢᠯ ᠤᠨ ᠬᠢᠵᠢᠭ ᠢ ᠰᠡᠷᠭᠡᠶᠢᠯᠡᠬᠦ ᠵᠡᠷᠭᠡ︶᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ᠂ ᠣᠷᠴᠢᠨ ᠲᠣᠭᠤᠷᠢᠨ ᠢ ᠬᠠᠮᠠᠭᠠᠯᠠᠬᠤ᠂ ᠠᠶᠤᠯᠭᠦᠢ ᠦᠢᠯᠡᠳᠪᠦᠷᠢᠯᠡᠯ᠂ ᠰᠦᠩ ᠬᠠᠯᠢᠶ᠎ᠠ ᠶᠢ ᠬᠤᠪᠢᠶᠠᠨ ᠠᠮᠢ ᠠᠬᠤᠢ ᠶᠢᠨ ᠤᠰᠤ ᠨᠥᠬᠦᠪᠥᠷᠢᠯᠡᠬᠦ | ᠂ ᠬᠥᠳᠡᠭᠡ ᠲᠣᠰᠬᠤᠨ ᠤ ᠬᠠᠮᠲᠤ ᠶᠢᠨ ︽ᠭᠤᠷᠪᠠᠨ ᠪᠡᠯᠡ︾ ᠶᠢ ᠤᠨᠢᠨ ᠳᠡᠭᠡᠷ᠎ᠡ ᠨᠢ ᠢᠯᠭᠠᠷᠠᠭᠤᠯᠤᠨ ᠪᠠᠶᠢᠴᠠᠭᠠᠬᠤ ᠵᠡᠷᠭᠡ ᠭᠤᠣᠯᠳᠠᠯᠭ᠎ᠠ ᠲᠠᠢ ᠠᠵᠢᠯ ᠢ | ᠲᠤᠬᠢᠷᠠᠭᠤᠯᠤᠨ ᠪᠠᠶᠢᠷᠢᠯᠠᠭᠤᠯᠵᠠᠢ᠃ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠰᠢᠶᠧ ᠵᠢᠶᠦ᠋ᠨ ᠠᠮᠤ ᠪᠤᠳᠠᠭ᠎ᠠ ᠳᠠᠷᠢᠬᠤ᠂ | ᠬᠥᠳᠡᠭᠡ ᠲᠣᠰᠬᠤᠨ ᠤ ᠬᠠᠮᠲᠤ ᠶᠢᠨ ︽ᠭᠤᠷᠪᠠᠨ ᠪᠡᠯᠡ︾ ᠶᠢ ᠲᠤᠰᠬᠠᠢ ᠴᠡᠭᠴᠡᠯᠡᠨ ᠵᠠᠰᠠᠬᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠥᠷᠨᠢᠭᠦᠯᠬᠦ᠂ ᠰᠦᠩ ᠬᠠᠯᠢᠶ᠎ᠠ ᠤᠰᠤᠨ ᠤ ᠠᠮᠢ ᠠᠬᠤᠢ ᠶᠢᠨ ᠤᠰᠤ ᠨᠥᠬᠦᠪᠥᠷᠢᠯᠡᠬᠦ ᠶᠢ ᠵᠣᠬᠢᠰᠲᠠᠢ ᠠᠰᠢᠭᠯᠠᠬᠤ᠂ | ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠪᠠᠶᠢᠴᠠᠭᠠᠬᠤ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠲᠠᠬᠢᠨ ᠲᠤᠬᠢᠷᠠᠭᠤᠯᠤᠯᠳᠠ | ᠲᠠᠬᠢᠨ ᠪᠠᠶᠢᠷᠢᠯᠠᠭᠤᠯᠤᠯᠲᠠ ᠬᠢᠵᠡᠢ᠃ | ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ ᠰᠢᠶᠤᠤ ᠭᠠᠩ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠳᠠᠬᠢᠨᠲᠠ | ᠴᠢᠬᠤᠯᠠᠴᠢᠯᠠᠪᠠ᠃ ᠨᠢᠭᠡ ᠳᠤ᠂ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠠᠭ ᠢᠮᠠᠭᠲᠠ ᠤᠯᠤᠰ ᠲᠦᠷᠦ ᠶᠢᠨ ᠬᠤᠷᠴᠠ ᠰᠡᠷᠭᠡᠭ | ᠴᠢᠨᠠᠷ ᠢ ᠪᠠᠲᠤᠯᠠᠵᠤ᠂ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠢ | ᠰᠠᠶᠢᠲᠤᠷ ᠨᠠᠶᠢᠳᠠᠪᠤᠷᠢᠵᠢᠭᠤᠯᠵᠤ᠂ ᠪᠣᠬᠢᠷ ᠤᠰᠤ ᠶᠢ ᠰᠢᠢᠳᠪᠦᠷᠢᠯᠡᠬᠦ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ᠂ ᠲᠠᠷᠢᠶᠠᠨ ᠡᠮ ᠤᠨ ᠦᠯᠡᠳᠡᠭᠳᠡᠯ ᠢ | ᠪᠣᠭᠤᠳᠠᠯᠯᠠᠵᠤ ᠰᠢᠢᠳᠪᠦᠷᠢᠯᠡᠬᠦ᠂ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠵᠡᠷᠭᠡ ᠠᠵᠢᠯ ᠢ ᠦᠷᠭᠦᠯᠵᠢᠯᠡᠨ ᠠᠬᠢᠭᠤᠯᠬᠤ ᠬᠡᠷᠡᠭᠲᠡᠢ︔ ᠬᠤᠶᠠᠷ ᠲᠤ᠂ | ᠲᠠᠷᠢᠶᠠᠯᠠᠩ ᠤᠨ ︽ᠳᠥᠷᠪᠡ ᠶᠢ ᠡᠵᠡᠮᠳᠡᠬᠦ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠰᠦᠯᠢᠶᠣᠣ ᠪᠦᠷᠬᠦᠪᠴᠢ ᠶᠢ ᠬᠡᠷᠡᠭᠯᠡᠬᠦ ᠳᠤ ᠡᠬᠡ ᠲᠠᠩᠰᠠ ᠲᠠᠢ ᠪᠠᠶᠢᠵᠤ᠂ | ᠲᠤᠭ᠎ᠠ ᠪᠠᠷᠢᠮᠲᠠ ᠶᠢᠨ ᠪᠢᠲᠡᠭᠦᠦ ᠴᠠᠭᠠᠷᠢᠭ ᠢ ᠪᠦᠷᠢᠯᠳᠦᠭᠦᠯᠵᠦ᠂ ᠨᠢᠮᠭᠡᠨ ᠪᠦᠷᠬᠦᠪᠴᠢ ᠶᠢ ᠬᠤᠷᠢᠶᠠᠨ ᠠᠪᠬᠤ ᠪᠠ ᠰᠢᠯᠵᠢᠭᠦᠯᠦᠨ ᠲᠡᠭᠡᠭᠡᠪᠦᠷᠢᠯᠡᠬᠦ ᠠᠵᠢᠯ ᠢ | ᠤᠬᠠᠭᠤᠯᠤᠨ ᠳᠠᠶᠢᠴᠢᠯᠠᠬᠤ ᠪᠠᠨ ᠴᠢᠩᠭᠠᠳᠬᠠᠵᠤ᠂ ᠲᠠᠷᠢᠶᠠᠨ ᠡᠮ ᠢ ᠬᠡᠷᠡᠭᠯᠡᠬᠦ ᠪᠠ ᠬᠤᠷᠢᠶᠠᠨ ᠠᠪᠤᠭᠰᠠᠨ ᠪᠠᠶᠢᠳᠠᠯ ᠢ ᠲᠣᠳᠣᠷᠬᠠᠶ ᠣᠶᠢᠯᠠᠭᠠᠵᠤ᠂ ᠲᠡᠵᠢᠭᠡᠨ | ᠦᠷᠡᠵᠢᠭᠦᠯᠬᠦ ᠲᠠᠯᠠᠪᠠᠶ ᠶᠢᠨ ᠪᠠᠭᠠᠰᠤ ᠰᠢᠭᠡᠰᠦ ᠶᠢ ᠰᠡᠶᠢᠳᠪᠦᠷᠢᠯᠡᠬᠦ᠂ ᠡᠪᠡᠳᠴᠢᠨ ᠢᠶᠠᠷ ᠥᠭᠦᠭᠰᠡᠨ ᠮᠠᠯ ᠢ ᠰᠡᠶᠢᠳᠪᠦᠷᠢᠯᠡᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ︔ | ᠭᠤᠷᠪᠠ ᠳᠤ᠂ ᠠᠮᠤ ᠪᠤᠳᠠᠭ᠎ᠠ ᠲᠠᠷᠢᠬᠤ ᠡᠭᠦᠷᠭᠡ ᠶᠢ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠪᠤᠭᠤᠳᠠᠢ ᠶᠢᠨ ᠲᠠᠷᠢᠮᠠᠯ ᠢ ᠤᠯᠠᠨ ᠲᠠᠯ᠎ᠠ ᠪᠠᠷ ᠬᠦᠴᠦᠯᠡᠨ | ᠪᠣᠳᠠᠲᠠᠢ ᠠᠳᠬᠤᠵᠤ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠵᠦ᠂ ᠠᠮᠤ ᠪᠤᠳᠠᠭᠠᠨ ᠤ ᠲᠠᠷᠢᠮᠠᠯ ᠤᠨ ᠴᠢᠬᠤᠯᠠ ᠴᠢᠨᠠᠷ ᠪᠣᠯᠤᠨ ᠬᠠᠮᠢᠶ᠎ᠠ | ᠪᠦᠬᠦᠢ ᠨᠥᠬᠦᠪᠥᠷᠢ ᠶᠢᠨ ᠲᠦᠷᠦ ᠶᠢᠨ ᠪᠤᠳᠤᠯᠭ᠎ᠠ ᠶᠢ ᠶᠡᠬᠡᠪᠡᠷ ᠤᠬᠠᠭᠤᠯᠵᠤ᠂ ᠲᠠᠷᠢᠶᠠᠴᠢᠨ ᠡᠷᠦᠬᠡ ᠶᠢᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠭᠦᠢᠴᠡᠳ | ᠳᠠᠶᠢᠴᠢᠯᠠᠬᠤ ᠬᠡᠷᠡᠭᠲᠡᠢ︔ ᠲᠦᠷᠪᠡ ᠳᠤ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠨᠤᠷᠮ᠎ᠠ ᠶᠢ ᠦᠨᠡᠨᠬᠦ ᠳᠡᠭᠡᠭᠰᠢᠯᠡᠭᠦᠯᠵᠦ᠂ ᠰᠦᠩ ᠬᠠᠯᠢᠶ᠎ᠠ ᠤᠰᠤᠨ ᠤ | ᠠᠮᠢ ᠠᠬᠤᠢ ᠶᠢᠨ ᠤᠰᠤ ᠨᠥᠬᠦᠪᠥᠷᠢᠯᠡᠬᠦ ᠤᠰᠤ ᠲᠠᠢ ᠤᠶᠠᠯᠳᠤᠭᠤᠯᠤᠨ ᠤᠰᠤᠨ ᠤ ᠡᠬᠢ ᠪᠠᠶᠠᠯᠢᠭ ᠤᠨ ᠦᠷ᠎ᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ | ᠪᠠᠳᠠᠷᠠᠭᠤᠯᠵᠤ᠂ ᠤᠰᠤ ᠠᠷᠪᠢᠯᠠᠬᠤ ᠠᠵᠢᠯ ᠤᠨ ᠰᠢᠨ᠎ᠡ ᠰᠡᠳᠬᠢᠴᠡ᠂ ᠰᠢᠨ᠎ᠡ ᠵᠠᠭᠪᠤᠷ ᠢ ᠲᠠᠰᠤᠷᠠᠯᠳᠡ ᠦᠭᠡᠢ ᠰᠦᠪᠡᠭᠴᠢᠯᠡᠵᠦ᠂ ︽ᠤᠰᠤ ᠶᠢ ᠬᠠᠮᠢᠶᠠᠷᠬᠤ᠂ | ᠤᠰᠤ ᠶᠢ ᠬᠠᠮᠠᠭᠠᠯᠠᠬᠤ᠂ ᠤᠰᠤ ᠠᠷᠪᠢᠯᠠᠬᠤ︾ ᠶᠢ ᠰᠠᠶᠢᠲᠤᠷ ᠪᠠᠷᠢᠮᠲᠠᠯᠠᠵᠤ᠂ ᠤᠰᠤᠯᠠᠯᠲᠠ ᠶᠢ ᠤᠨᠢᠨ ᠳᠡᠭᠡᠷ᠎ᠡ ᠨᠢ ᠣᠨᠣᠪᠴᠢᠵᠢᠭᠤᠯᠬᠤ᠂ ᠤᠰᠤ ᠠᠷᠪᠢᠯᠠᠬᠤ | ᠤᠷᠳᠤ ᠬᠤᠭᠤᠴᠠᠭᠠᠨ ᠤ ᠪᠦᠲᠦᠮᠵᠢᠲᠡᠢ ᠪᠣᠯᠭᠠᠬᠤ ᠶᠢ ᠦᠨᠡᠨᠬᠦ ᠪᠡᠶᠡᠯᠡᠭᠦᠯᠵᠦ᠂ ᠤᠳᠤ ᠦᠶ᠎ᠡ ᠶᠢᠨ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ | ᠲᠤᠯᠭᠠᠭᠤᠷᠢᠯᠠᠯ ᠬᠠᠩᠭᠠᠬᠤ ᠬᠡᠷᠡᠭᠲᠡᠢ᠃ | | | | |