ᠨᠢᠭᠡ᠂ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠪᠠᠶᠠᠨᠨᠠᠭᠤᠷ ᠬᠤᠲᠠ ᠶᠢᠨ ᠤᠰᠤᠨ ᠠᠰᠢᠭᠯᠠᠯᠲᠠ ᠶᠢᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ | ᠪᠣᠯᠤᠨ ᠤᠰᠤᠨ ᠠᠰᠢᠭᠯᠠᠯᠲᠠ ᠶᠢᠨ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ᠃ | ︵ᠬᠤᠶᠠᠷ︶ ᠬᠠᠩᠭᠢᠨ ᠬᠤᠶᠢᠲᠤ ᠬᠤᠰᠢᠭᠤᠨ ᠤ ᠬᠥᠳᠡᠭᠡ ᠲᠣᠰᠬᠤᠨ ᠤ ᠠᠮᠢᠳᠤᠷᠠᠯ᠂ ᠦᠢᠯᠡᠳᠪᠦᠷᠢᠯᠡᠯ ᠡᠵᠡᠩᠨᠡᠯᠲᠡ ᠪᠠ ᠠᠮᠢ ᠠᠬᠤᠶ ᠶᠢᠨ ᠣᠷᠴᠢᠨ | ᠲᠣᠭᠤᠷᠢᠨ ᠤ ᠤᠰᠤ ᠬᠡᠷᠡᠭᠯᠡᠬᠦ ᠶᠢ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ ᠪᠠ ᠪᠠᠲᠤᠯᠠᠬᠤ ᠶᠢ ᠬᠠᠷᠢᠭᠤᠴᠠᠨ᠎ᠠ᠃ | ︵ᠭᠤᠷᠪᠠ︶ ᠲᠣᠭᠲᠠᠭᠠᠯ ᠶᠣᠰᠣᠭᠠᠷ ᠬᠠᠩᠭᠢᠨ ᠬᠤᠶᠢᠲᠤ ᠬᠤᠰᠢᠭᠤᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ | ᠬᠤᠯᠪᠣᠭᠳᠠᠯ ᠪᠥᠬᠦᠶ ᠲᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠩᠭᠢᠨ ᠬᠤᠶᠢᠲᠤ ᠬᠤᠰᠢᠭᠤᠨ ᠤ ᠤᠰᠤᠨ | ᠠᠰᠢᠭᠯᠠᠯᠲᠠ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠡᠪᠴᠢᠶ᠎ᠡ ᠪᠠ ᠴᠢᠭᠯᠡᠯ᠂ ᠤᠯᠤᠰ ᠪᠠ ᠥᠪᠡᠷᠲᠡᠭᠡᠨ ᠵᠠᠰᠠᠬᠤ ᠣᠷᠣᠨ ᠵᠢᠴᠢ | ᠬᠤᠰᠢᠭᠤᠨ ᠤ ᠱᠠᠲᠤᠨ ᠤ ᠡᠳ᠋ ᠤᠨ ᠵᠠᠰᠠᠭ ᠤᠨ ᠴᠢᠨᠠᠷᠲᠠᠶ ᠪᠠᠯᠠ ᠮᠥᠩᠭᠦ ᠶᠢᠨ ᠲᠣᠬᠢᠷᠠᠭᠤᠯᠤᠯᠲᠠ ᠶᠢᠨ ᠰᠠᠨᠠᠯ ᠢ ᠬᠠᠷᠢᠭᠤᠴᠠᠨ ᠳᠤᠷᠠᠳᠴᠤ᠂ ᠲᠣᠭᠲᠠᠭᠰᠠᠨ ᠡᠷᠬᠡ | ᠮᠡᠳᠡᠯ ᠤᠨ ᠶᠣᠰᠣᠭᠠᠷ ᠲᠥᠯᠥᠪᠵᠢᠭᠦᠯᠭᠡ ᠶᠢᠨ ᠳᠣᠲᠣᠷᠠᠬᠢ ᠪᠠ ᠣᠨ ᠤ ᠲᠥᠯᠥᠪᠯᠡᠭᠡ ᠶᠢᠨ ᠬᠡᠪᠴᠢᠶᠡᠨ ᠳᠠᠬᠢ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠨ᠎ᠡ︔ | ︵ᠲᠦᠷᠪᠡ︶ ᠬᠠᠩᠭᠢᠨ ᠬᠤᠶᠢᠲᠤ ᠬᠤᠰᠢᠭᠤᠨ ᠤ ᠤᠰᠤᠨ ᠤ ᠡᠬᠢ ᠪᠠᠶᠠᠯᠢᠭ ᠢ ᠬᠠᠮᠠᠭᠠᠯᠠᠬᠤ ᠠᠵᠢᠯ ᠢ ᠵᠢᠯᠣᠭᠤᠳᠤᠨ᠎ᠠ᠃ | ︵ᠲᠠᠪᠤ︶ ᠬᠠᠩᠭᠢᠨ ᠬᠤᠶᠢᠲᠤ ᠬᠤᠰᠢᠭᠤᠨ ᠤ ᠤᠰᠤ ᠶᠢ ᠠᠷᠪᠢᠯᠠᠵᠤ ᠬᠡᠷᠡᠭᠯᠡᠬᠦ ᠠᠵᠢᠯ ᠢ ᠬᠠᠷᠢᠭᠤᠴᠠᠨ᠎ᠠ᠃ | ︵ᠵᠢᠷᠭᠤᠭ᠎ᠠ︶ ᠤᠰᠤᠨ ᠠᠰᠢᠭᠯᠠᠯᠲᠠ ᠶᠢᠨ ᠪᠡᠯᠡᠳᠬᠡᠮᠵᠢ᠂ ᠤᠰᠤᠨ ᠣᠷᠣᠨ ᠵᠢᠴᠢ ᠲᠡᠭᠦᠨ ᠤ ᠡᠷᠭᠢ ᠶᠢᠨ ᠱᠤᠭᠤᠮ ᠢ ᠬᠠᠮᠢᠶᠠᠷᠬᠤ᠂ ᠬᠠᠮᠠᠭᠠᠯᠠᠬᠤ ᠪᠠ | ᠶᠡᠷᠦᠩᠬᠡᠶᠢᠯᠡᠨ ᠠᠰᠢᠭᠯᠠᠬᠤ ᠶᠢ ᠵᠢᠯᠣᠭᠤᠳᠤᠨ᠎ᠠ᠃ | ︵ᠳᠤᠯᠤᠭ᠎ᠠ︶ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ ᠠᠵᠢᠯᠯᠠᠭᠠᠨ ᠤ ᠬᠠᠮᠢᠶᠠᠷᠤᠯᠲᠠ ᠶᠢ ᠵᠢᠯᠣᠭᠤᠳᠤᠨ᠎ᠠ᠃ | ︵ᠨᠠᠢᠮᠠ︶ ᠬᠥᠷᠥᠰᠥ ᠰᠢᠷᠣᠶ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠬᠠᠩᠭᠢᠨ ᠬᠤᠶᠢᠲᠤ ᠬᠤᠰᠢᠭᠤᠨ ᠤ ᠬᠥᠷᠥᠰᠥ ᠰᠢᠷᠣᠶ ᠶᠢ ᠬᠠᠮᠠᠭᠠᠯᠠᠬᠤ | ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠰᠡᠷᠭᠡᠶᠢᠯᠡᠨ | ᠵᠠᠰᠠᠬᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ | ᠨᠡᠶᠢᠲᠡᠯᠡᠨ᠎ᠡ᠃ | ︵ᠶᠢᠰᠦ︶ ᠬᠥᠳᠡᠭᠡ ᠲᠣᠰᠬᠤᠨ ᠤ ᠤᠰᠤᠨ ᠠᠰᠢᠭᠯᠠᠯᠲᠠ ᠶᠢᠨ ᠠᠵᠢᠯ ᠢ ᠵᠢᠯᠣᠭᠤᠳᠤᠨ᠎ᠠ᠃ ᠪᠥᠬᠦ ᠬᠤᠰᠢᠭᠤᠨ ᠤ ᠤᠰᠤᠯᠠᠵᠤ ᠭᠠᠳᠠᠭᠰᠢᠯᠠᠭᠤᠯᠬᠤ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠤᠰᠤ ᠠᠷᠪᠢᠯᠠᠬᠤ ᠤᠰᠤᠯᠠᠯᠲᠠ ᠶᠢᠨ ᠬᠤᠯᠪᠣᠭᠳᠠᠯ | ᠪᠦᠬᠦᠢ ᠠᠵᠢᠯ ᠢ ᠵᠢᠯᠣᠭᠤᠳᠤᠨ᠎ᠠ᠃ | ︵ᠠᠷᠪᠠ︶ ᠬᠠᠩᠭᠢᠨ ᠬᠤᠶᠢᠲᠤ ᠬᠤᠰᠢᠭᠤᠨ ᠤ ᠤᠰᠤᠨ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠢ ᠪᠠᠶᠢᠴᠠᠭᠠᠨ | ᠰᠢᠢᠳᠪᠦᠷᠢᠯᠡᠬᠦ ᠳᠤ ᠣᠷᠣᠯᠴᠠᠵᠤ᠂ ᠰᠢᠶᠠᠩ ᠪᠠᠯᠭᠠᠰᠤ ᠠᠯᠤᠰᠯᠠᠭᠰᠠᠨ ᠤᠰᠤᠨ ᠤ ᠶᠠᠪᠤᠳᠠᠯ ᠤᠨ ᠵᠢᠭᠤᠷᠠᠯᠳᠤᠭᠠᠨ ᠢ ᠵᠣᠬᠢᠴᠠᠭᠤᠯᠬᠤ᠂ ᠬᠥᠨᠳᠡᠯᠡᠨ ᠠᠴᠠ | ᠲᠠᠰᠤᠯᠬᠤ ᠳᠤ ᠣᠷᠣᠯᠴᠠᠵᠤ᠂ ᠤᠰᠤᠨ ᠤ ᠶᠠᠪᠤᠳᠠᠯ ᠢ ᠬᠢᠨᠠᠨ ᠪᠠᠶᠢᠴᠠᠭᠠᠬᠤ ᠪᠠ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠳᠤ ᠣᠷᠣᠯᠴᠠᠨ᠎ᠠ᠃ | ︵ᠠᠷᠪᠠᠨ ᠨᠢᠭᠡ︶ ᠤᠰᠤᠨ ᠭᠠᠩ ᠤᠨ ᠭᠠᠮᠰᠢᠭ ᠢ ᠰᠡᠷᠭᠡᠶᠢᠯᠡᠬᠦ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ | ︵ᠠᠷᠪᠠᠨ ᠬᠤᠶᠠᠷ︶ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠥᠷᠨᠢᠭᠦᠯᠦᠨ᠎ᠡ᠃ ᠬᠠᠩᠭᠢᠨ ᠬᠤᠶᠢᠲᠤ ᠬᠤᠰᠢᠭᠤᠨ ᠤ | ᠤᠰᠤᠨ ᠠᠰᠢᠭᠯᠠᠯᠲᠠ ᠶᠢᠨ ᠲᠠᠯ᠎ᠠ ᠪᠠᠷ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠥᠮᠦᠵᠢᠯ ᠪᠣᠯᠤᠨ ᠭᠠᠳᠠᠭᠠᠳᠤ ᠠᠵᠤ ᠠᠬᠤᠶ᠂ ᠮᠡᠷᠭᠡᠵᠢᠯ ᠤᠨ ᠬᠠᠮᠲᠤᠷᠠᠯᠴᠠᠭ᠎ᠠ | ᠪᠠ ᠰᠣᠯᠢᠯᠴᠠᠭ᠎ᠠ ᠶᠢ ᠬᠠᠷᠢᠭᠤᠴᠠᠨ᠎ᠠ᠃ | ︵ᠠᠷᠪᠠᠨ ᠭᠤᠷᠪᠠ︶ ᠬᠤᠰᠢᠭᠤᠨ ᠲᠠᠰ ᠤᠨ ᠭᠤᠤᠯ ᠮᠥᠷᠡᠨ ᠤ ᠳᠠᠷᠤᠭ᠎ᠠ ᠶᠢᠨ ᠲᠦᠷᠢᠮ ᠤᠨ ᠠᠯᠪᠠᠨ ᠬᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠵᠦ | ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠵᠣᠬᠢᠴᠠᠭᠤᠯᠤᠨ ᠪᠠᠶᠢᠭᠤᠯᠵᠤ᠂ ᠭᠤᠤᠯ ᠮᠥᠷᠡᠨ | ᠨᠠᠭᠤᠷ ᠴᠥᠭᠦᠷᠥᠮ ᠤᠨ ᠳᠠᠷᠤᠭ᠎ᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ | ᠲᠦᠷᠢᠮ ᠤᠨ ᠬᠠᠮᠢᠶ᠎ᠠ ᠪᠥᠬᠦᠶ ᠲᠦᠷᠢᠮ ᠢ ᠪᠠᠶᠢᠭᠤᠯᠵᠤ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠡᠯ᠎ᠡ ᠵᠦᠢᠯ ᠤᠨ ᠠᠵᠢᠯ ᠤᠨ | ᠨᠠᠶᠢᠳᠠᠪᠤᠷᠢᠵᠢᠭᠤᠯᠤᠯᠲᠠ ᠶᠢ ᠵᠣᠬᠢᠴᠠᠭᠤᠯᠤᠨ ᠠᠬᠢᠭᠤᠯᠤᠨ᠎ᠠ᠃ | ︵ᠠᠷᠪᠠᠨ ᠳᠥᠷᠪᠡᠳᠦᠭᠡᠷ︶ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠤᠴᠢᠷ ᠶᠠᠪᠤᠳᠠᠯ ᠢ ᠳᠠᠭᠠᠭᠠᠨ | ᠭᠦᠢᠴᠡᠳᠬᠡᠨ᠎ᠡ᠃ | ᠬᠤᠶᠠᠷ᠂ ᠳᠤᠳᠤᠭᠠᠳᠤ ᠶᠢᠨ ᠪᠠᠶᠢᠭᠤᠯᠤᠮᠵᠢ | ︵ᠨᠢᠭᠡ︶᠂ ᠠᠯᠪᠠᠨ ᠭᠡᠷ ︵ᠨᠠᠮ ᠪᠠ ᠣᠯᠠᠨ ᠲᠦᠮᠡᠨ ᠤ ᠠᠵᠢᠯ ᠤᠨ ᠠᠯᠪᠠᠨ ᠭᠡᠷ︶ ᠪᠠᠶᠢᠭᠤᠯᠭ᠎ᠠ ᠵᠢᠴᠢ ᠰᠢᠭᠤᠳ ᠬᠠᠷᠢᠶ᠎ᠠ ᠨᠢᠭᠡᠴᠢ ᠶᠢᠨ | ᠪᠠᠶᠢᠭᠤᠯᠤᠮᠵᠢ ᠶᠢᠨ ᠣᠷᠣᠨ ᠲᠤᠭ᠎ᠠ᠂ ᠵᠣᠬᠢᠶᠠᠨ ᠪᠠᠶᠢᠭᠤᠯᠤᠯᠲᠠ ᠶᠢᠨ ᠶᠡᠷᠦᠩᠬᠡᠶᠢᠯᠡᠭᠰᠡᠨ ᠮᠠᠲ᠋ᠧᠷᠢᠶᠠᠯ ᠢ ᠲᠤᠭᠤᠷᠪᠢᠬᠤ ᠪᠠ ᠪᠠᠶᠢᠭᠤᠯᠭ᠎ᠠ ᠶᠢᠨ ᠨᠠᠷᠢᠨ ᠪᠢᠴᠢᠭ᠂ | ᠲᠠᠩᠰᠠ ᠡᠪᠬᠡᠮᠡᠯ᠂ ᠨᠢᠭᠤᠴᠠ ᠶᠢ ᠬᠠᠮᠠᠭᠠᠯᠠᠬᠤ᠂ ᠭᠥᠯᠢᠶᠡᠨ ᠠᠪᠬᠤ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ᠂ ᠠᠮᠤᠷ ᠢ ᠬᠠᠮᠠᠭᠠᠯᠠᠬᠤ᠂ ᠪᠠᠶᠢᠴᠠᠭᠠᠨ | ᠰᠤᠳᠤᠯᠬᠤ᠂ ᠮᠡᠳᠡᠭᠡ ᠵᠠᠩᠭᠢ᠂ ᠰᠢᠮᠳᠠᠭᠤᠯᠤᠨ ᠪᠠᠶᠢᠴᠠᠭᠠᠬᠤ᠂ ᠲᠡᠦᠬᠡ ᠣᠶᠢᠯᠠᠯᠭ᠎ᠠ ᠶᠢᠨ ᠣᠨ ᠤ ᠲᠣᠯᠢ ᠨᠠᠶᠢᠷᠠᠭᠤᠯᠤᠨ ᠵᠣᠬᠢᠶᠠᠬᠤ᠂ ᠲᠦᠷᠢᠮ ᠲᠣᠭᠲᠠᠭᠠᠯ ᠤᠨ | ᠪᠠᠶᠢᠭᠤᠯᠤᠯᠲᠠ ᠵᠡᠷᠭᠡ ᠶᠡᠷᠦᠩᠬᠡᠶᠢᠯᠡᠭᠰᠡᠨ ᠴᠢᠨᠠᠷᠲᠠᠶ ᠬᠡᠷᠡᠭ ᠶᠠᠪᠤᠳᠠᠯ ᠢ ᠬᠠᠷᠢᠭᠤᠴᠠᠨ᠎ᠠ᠃ | ︵ᠬᠤᠶᠠᠷ︶ ᠡᠳ᠋ ᠤᠨ ᠶᠠᠪᠤᠳᠠᠯ ᠬᠢᠨᠠᠨ ᠪᠠᠶᠢᠴᠠᠭᠠᠬᠤ ᠲᠠᠰᠤᠭ᠃ ᠪᠠᠶᠢᠭᠤᠯᠭ᠎ᠠ ᠵᠢᠴᠢ ᠰᠢᠭᠤᠳ ᠬᠠᠷᠢᠶ᠎ᠠ ᠨᠢᠭᠡᠴᠢ ᠶᠢᠨ ᠠᠵᠢᠯᠲᠠᠨ ᠤ ᠶᠠᠪᠤᠳᠠᠯ ᠤᠨ | ᠬᠠᠮᠢᠶᠠᠷᠤᠯᠲᠠ᠂ ᠬᠥᠳᠡᠯᠮᠦᠷᠢ ᠴᠠᠯᠢᠩ᠂ ᠮᠡᠷᠭᠡᠵᠢᠯ ᠤᠨ ᠴᠣᠯᠠ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ ᠡᠯ᠎ᠡ ᠲᠥᠷᠥᠯ ᠤᠨ ᠤᠰᠤᠨ | ᠠᠰᠢᠭᠯᠠᠯᠲᠠ ᠶᠢᠨ ᠪᠡᠯᠡ ᠮᠥᠩᠭᠦ ᠶᠢᠨ ᠲᠥᠯᠥᠪᠯᠡᠭᠡ ᠶᠢᠨ ᠬᠤᠪᠢᠶᠠᠷᠢᠯᠠᠯ ᠬᠢᠭᠡᠳ ᠬᠢᠨᠠᠯᠲᠠ ᠲᠠᠯᠪᠢᠯᠲᠠ ᠶᠢ ᠬᠠᠷᠢᠭᠤᠴᠠᠨ ᠬᠠᠮᠢᠶᠠᠷᠬᠤ ᠬᠡᠷᠡᠭᠲᠡᠶ᠃ ᠰᠠᠯᠠᠭ᠎ᠠ | ᠥᠴᠢᠷ ᠤᠨ ᠲᠥᠰᠥᠪ ᠪᠠ ᠲᠥᠰᠥᠪ ᠤᠨ ᠭᠦᠢᠴᠡᠳᠭᠡᠯ ᠢ ᠨᠠᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠶᠢ ᠬᠠᠷᠢᠭᠤᠴᠠᠬᠤ ᠬᠡᠷᠡᠭᠲᠡᠢ᠃ | ︵ᠭᠤᠷᠪᠠ︶ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠢᠭᠤᠯᠤᠯᠲᠠ ᠶᠢᠨ ᠬᠠᠮᠢᠶᠠᠷᠤᠯᠲᠠ ᠶᠢᠨ ᠲᠠᠰᠤᠭ᠃ ᠬᠠᠩᠭᠢᠨ ᠬᠤᠶᠢᠲᠤ ᠬᠤᠰᠢᠭᠤᠨ ᠤ | ᠴᠢᠬᠤᠯᠠ ᠶᠡᠭᠡ ᠤᠰᠤᠨ ᠠᠰᠢᠭᠯᠠᠯᠲᠠ ᠶᠢᠨ ᠶᠡᠷᠦᠩᠬᠡᠶᠢᠯᠡᠭᠰᠡᠨ ᠲᠥᠯᠥᠪᠵᠢᠭᠦᠯᠭᠡ᠂ ᠲᠤᠰᠬᠠᠶ ᠠᠵᠢᠯ ᠤᠨ ᠲᠥᠯᠥᠪᠵᠢᠭᠦᠯᠭᠡ ᠪᠠ ᠲᠤᠰᠬᠠᠶ ᠲᠥᠯᠥᠪᠵᠢᠭᠦᠯᠭᠡ ᠶᠢ | ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠭᠤᠤᠯᠳᠠᠯᠭ᠎ᠠ ᠲᠠᠢ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠲᠥᠷᠥᠯ ᠵᠦᠢᠯ ᠤᠨ ᠰᠠᠨᠠᠭᠤᠯᠭ᠎ᠠ ᠶᠢᠨ ᠪᠢᠴᠢᠭ᠂ | ᠪᠣᠯᠤᠮᠵᠢᠲᠤ ᠰᠤᠳᠤᠯᠭᠠᠨ ᠤ ᠮᠡᠳᠡᠭᠦᠯᠦᠯᠲᠡ ᠶᠢ ᠬᠢᠨᠠᠨ ᠬᠠᠷᠭᠤᠭᠤᠯᠤᠨ᠎ᠠ᠃ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠲᠣᠭᠲᠠᠭᠠᠯ ᠳᠤ ᠨᠡᠶᠢᠴᠡᠬᠦ ᠴᠢᠨᠠᠷ ᠢ ᠬᠢᠨᠠᠨ ᠪᠠᠶᠢᠴᠠᠭᠠᠬᠤ ᠠᠵᠢᠯ ᠢ ᠵᠢᠯᠣᠭᠤᠳᠤᠨ᠎ᠠ᠃ | ︵ᠳᠥᠷᠪᠡ︶ ᠤᠰᠤᠨ ᠠᠰᠢᠭᠯᠠᠯᠲᠠ ᠤᠰᠤ ᠬᠠᠳᠠᠭᠠᠯᠠᠬᠤ ᠲᠠᠰᠤᠭ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠶ ᠶᠢ | ᠬᠠᠮᠠᠭᠠᠯᠠᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠷᠥᠰᠥ ᠰᠢᠷᠣᠶ ᠶᠢ ᠬᠠᠮᠠᠭᠠᠯᠠᠬᠤ ᠳᠦᠷᠢᠮ︾ ᠢ ᠤᠬᠠᠭᠤᠯᠬᠤ᠂ | ᠲᠤᠭᠤᠰᠢᠯᠠᠭᠤᠯᠬᠤ ᠶᠢ ᠬᠠᠷᠢᠭᠤᠴᠠᠨ᠎ᠠ᠃ ᠪᠦᠬᠦ ᠬᠤᠰᠢᠭᠤᠨ ᠤ ᠬᠥᠷᠥᠰᠥ ᠰᠢᠷᠣᠶ ᠶᠢ ᠬᠠᠮᠠᠭᠠᠯᠠᠬᠤ ᠦᠢᠯᠡᠰ ᠤᠨ ᠳᠤᠮᠳᠠ ᠤᠷᠲᠤ ᠬᠤᠭᠤᠴᠠᠭᠠᠨ ᠤ | ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠵᠤ᠂ ᠣᠶᠢᠷ᠎ᠠ ᠶᠢᠨ ᠬᠤᠭᠤᠴᠠᠭᠠᠨ ᠤ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠵᠤ᠂ ᠬᠥᠷᠥᠰᠥ ᠰᠢᠷᠣᠶ ᠶᠢᠨ ᠡᠬᠢ ᠪᠠᠶᠠᠯᠢᠭ ᠢ ᠬᠠᠮᠠᠭᠠᠯᠠᠵᠤ᠂ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ ᠶᠢ ᠬᠠᠷᠢᠭᠤᠴᠠᠨ᠎ᠠ᠃ | ︵ᠲᠠᠪᠤ︶ ᠭᠤᠤᠯ ᠮᠥᠷᠡᠨ ᠤ ᠬᠠᠮᠢᠶᠠᠷᠤᠯᠲᠠ ᠶᠢᠨ ᠲᠠᠰᠤᠭ᠃ ᠭᠤᠤᠯ ᠮᠥᠷᠡᠨ ᠤ ᠳᠠᠷᠤᠭ᠎ᠠ ᠶᠢᠨ ᠳᠦᠷᠢᠮ ᠤᠨ ᠠᠵᠢᠯ ᠢ ᠵᠣᠬᠢᠶᠠᠨ ᠪᠠᠶᠢᠭᠤᠯᠤᠨ | ᠵᠣᠬᠢᠴᠠᠭᠤᠯᠬᠤ᠂ ᠲᠣᠬᠢᠷᠠᠭᠤᠯᠤᠨ ᠬᠢᠨᠠᠨ ᠵᠢᠯᠣᠭᠤᠳᠬᠤ ᠪᠠ ᠬᠢᠨᠠᠨ ᠰᠢᠯᠭᠠᠵᠤ ᠰᠢᠨᠵᠢᠯᠡᠨ ᠪᠠᠶᠢᠴᠠᠭᠠᠬᠤ ᠠᠵᠢᠯ ᠢ ᠬᠠᠷᠢᠭᠤᠴᠠᠨ ᠠᠬᠢᠭᠤᠯᠵᠤ᠂ ᠭᠤᠤᠯ ᠮᠥᠷᠡᠨ | ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠢ ᠵᠣᠬᠢᠴᠠᠭᠤᠯᠬᠤ᠂ ᠲᠣᠬᠢᠷᠠᠭᠤᠯᠬᠤ᠂ ᠬᠢᠨᠠᠨ ᠵᠢᠯᠣᠭᠤᠳᠬᠤ ᠪᠠ ᠬᠢᠨᠠᠨ ᠰᠢᠯᠭᠠᠬᠤ ᠠᠵᠢᠯ ᠢ ᠵᠣᠬᠢᠶᠠᠨ | ᠪᠠᠶᠢᠭᠤᠯᠤᠨ᠎ᠠ᠃ | ︵ᠵᠢᠷᠭᠤᠭ᠎ᠠ︶ ᠬᠦᠳᠡᠭᠡ ᠲᠤᠰᠬᠤᠨ ᠤ ᠤᠰᠤᠨ ᠤ ᠠᠮᠤᠷ ᠲᠥᠪᠰᠢᠨ ᠤ ᠬᠠᠮᠢᠶᠠᠷᠤᠯᠲᠠ ᠶᠢᠨ ᠠᠯᠪᠠᠨ ᠭᠡᠷ᠃ ᠬᠠᠩᠭᠢᠨ ᠬᠤᠶᠢᠲᠤ ᠬᠤᠰᠢᠭᠤᠨ ᠤ ᠬᠥᠳᠡᠭᠡ | ᠲᠣᠰᠬᠤᠨ ᠤ ᠤᠰᠤᠨ ᠠᠰᠢᠭᠯᠠᠯᠲᠠ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠴᠤ᠂ ᠬᠥᠳᠡᠭᠡ ᠲᠣᠰᠬᠤᠨ ᠤ | ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠯᠥᠪᠵᠢᠭᠦᠯᠭᠡ ᠪᠠ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ | ᠲᠤᠭᠤᠷᠪᠢᠨ ᠲᠣᠭᠲᠠᠭᠠᠨ᠎ᠠ᠃ ᠪᠥᠬᠦ ᠬᠤᠰᠢᠭᠤᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠲᠥᠷᠥᠯ ᠵᠦᠢᠯ ᠢ ᠨᠠᠶᠢᠷᠠᠭᠤᠯᠤᠨ ᠮᠡᠳᠡᠭᠦᠯᠬᠦ᠂ | ᠲᠥᠷᠥᠯ ᠵᠦᠢᠯ ᠲᠣᠭᠲᠠᠭᠠᠬᠤ᠂ ᠰᠤᠳᠤᠯᠬᠤ᠂ ᠵᠢᠷᠤᠵᠤ ᠲᠥᠯᠥᠪᠯᠡᠬᠦ ᠪᠠ ᠲᠥᠷᠥᠯ ᠵᠦᠢᠯ ᠢ ᠨᠠᠶᠢᠳᠠᠪᠤᠷᠢᠵᠢᠭᠤᠯᠬᠤ ᠵᠢᠴᠢ ᠮᠡᠳᠡᠭᠦᠯᠦᠨ ᠵᠥᠪᠰᠢᠶᠡᠷᠡᠭᠦᠯᠬᠦ ᠠᠵᠢᠯ ᠢ | ᠬᠠᠷᠢᠭᠤᠴᠠᠨ᠎ᠠ᠃ ᠳᠧᠦ ᠳ᠋ᠤᠤ ᠴᠢᠶᠤᠤ᠂ ᠱᠠᠮᠪᠠ᠂ ᠱᠠ ᠬᠠᠶ ᠵᠡᠷᠭᠡ 3 ᠤᠰᠤ ᠬᠠᠩᠭᠠᠬᠤ ᠥᠷᠲᠡᠭᠡ ᠶᠢᠨ ᠠᠵᠢᠯ ᠢ ᠬᠠᠷᠢᠭᠤᠴᠠᠨ ᠵᠢᠯᠣᠭᠤᠳᠤᠨ᠎ᠠ᠃ | ︵ᠲᠤᠯᠤᠭ᠎ᠠ︶ ᠤᠰᠤᠯᠠᠬᠤ ᠵᠠᠯᠠᠬᠤ ᠬᠠᠮᠢᠶᠠᠷᠠᠬᠤ ᠲᠠᠰᠤᠭ᠃ ᠤᠰᠤᠯᠠᠯᠲᠠ ᠶᠢᠨ ᠤᠰᠤ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠤᠰᠤ | ᠬᠡᠷᠡᠭᠯᠡᠬᠦ ᠰᠠᠯᠠᠭ᠎ᠠ ᠮᠥᠴᠢᠷ ᠤᠨ ᠬᠤᠭᠤᠷᠣᠨᠳᠣᠬᠢ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠶᠢ ᠵᠣᠬᠢᠴᠠᠭᠤᠯᠵᠤ᠂ ᠲᠠᠷᠢᠶᠠᠴᠢᠳ ᠤᠨ ᠤᠰᠤ ᠬᠡᠷᠡᠭᠯᠡᠬᠦ | ᠨᠡᠶᠢᠭᠡᠮᠯᠢᠭ ᠤᠨ ᠵᠢᠷᠤᠮᠵᠢᠭᠰᠠᠨ ᠠᠵᠢᠯᠯᠠᠭᠠᠨ ᠤ ᠠᠵᠢᠯ ᠳᠤ ᠬᠢᠨᠠᠯᠲᠠ ᠲᠠᠯᠪᠢᠨ ᠵᠢᠯᠣᠭᠤᠳᠴᠤ᠂ ᠤᠰᠤ ᠶᠢ ᠠᠷᠪᠢᠯᠠᠨ ᠬᠡᠷᠡᠭᠯᠡᠬᠦ ᠶᠢ ᠠᠬᠢᠭᠤᠯᠵᠤ᠂ ᠰᠢᠨᠵᠢᠯᠡᠬᠦ | ᠤᠬᠠᠭᠠᠨᠴᠢ ᠪᠠᠷ ᠤᠰᠤ ᠬᠡᠷᠡᠭᠯᠡᠨ᠎ᠡ᠃ ᠬᠤᠰᠢᠭᠤ ᠱᠠᠲᠤᠨ ᠤ ᠬᠤᠪᠢᠶᠠᠷᠢ ᠭᠤᠤ ᠰᠤᠪᠠᠭ᠂ ᠭᠤᠤᠯ ᠰᠤᠪᠠᠭ ᠵᠢᠴᠢ ᠢᠨᠵᠧᠨᠧᠷᠢᠩ ᠤᠨ ᠡᠳᠦᠷ ᠲᠤᠲᠤᠮ ᠤᠨ | ᠲᠣᠭᠤᠷᠢᠨ ᠪᠠᠶᠢᠴᠠᠭᠠᠬᠤ᠂ ᠬᠠᠮᠠᠭᠠᠯᠠᠬᠤ ᠪᠠ ᠬᠠᠮᠢᠶᠠᠷᠬᠤ ᠶᠢ ᠬᠠᠷᠢᠭᠤᠴᠠᠨ᠎ᠠ︔ ᠤᠰᠤ ᠵᠠᠯᠠᠬᠤ ᠤᠰᠤᠨ ᠲᠦᠪᠰᠢᠨ᠂ ᠤᠰᠤᠨ ᠤ ᠬᠡᠮᠵᠢᠶ᠎ᠡ᠂ ᠤᠰᠤᠨ ᠤ ᠴᠢᠨᠠᠷ ᠢ | ᠬᠢᠨᠠᠨ ᠬᠡᠮᠵᠢᠨ᠎ᠡ︔ ᠤᠰᠤ ᠵᠠᠯᠠᠬᠤ ᠡᠷᠦᠬᠡ ᠶᠢᠨ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠᠰᠠᠷ ᠤᠨ ᠠᠵᠢᠯᠯᠠᠭᠠᠨ ᠤ ᠪᠠᠶᠢᠳᠠᠯ ᠢ ᠬᠢᠨᠠᠨ ᠪᠠᠶᠢᠴᠠᠭᠠᠨ᠎ᠠ︔ | ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠬᠢᠨᠠᠨ ᠬᠠᠮᠢᠶᠠᠷᠤᠨ᠎ᠠ᠃ | ︵ᠨᠠᠢᠮᠠ︶ ᠬᠤᠷᠢᠭᠯᠠᠯᠲᠠ ᠶᠢᠨ ᠠᠯᠪᠠᠨ ᠭᠡᠷ᠃ ᠤᠰᠤᠨ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠠᠵᠢᠯ ᠢ ᠬᠠᠷᠢᠭᠤᠴᠠᠨ᠎ᠠ᠃ ᠤᠰᠤᠨ ᠭᠠᠩ ᠤᠨ | ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠥᠯᠥᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠦᠶᠡᠷ ᠭᠠᠩ ᠬᠠᠭᠰᠠᠷᠠᠭᠠᠨ ᠤ | ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠣᠯᠤᠨ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ | ᠵᠢᠯᠣᠭᠤᠳᠤᠨ ᠬᠡᠷᠡᠭᠵᠢᠭᠦᠯᠦᠨ᠎ᠡ᠃ | ︵ᠶᠢᠰᠦ︶ ᠤᠰᠤᠨ ᠤ ᠡᠬᠢ ᠪᠠᠶᠠᠯᠢᠭ ᠤᠨ ᠠᠯᠪᠠᠨ ᠭᠡᠷ᠃ ᠤᠰᠤᠨ ᠳᠤ ᠬᠤᠯᠪᠣᠭᠳᠠᠬᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠣᠯᠤᠨ ᠰᠠᠯᠠᠭ᠎ᠠ | ᠮᠥᠴᠢᠷ ᠤᠨ ᠳᠦᠷᠢᠮ ᠲᠣᠭᠲᠠᠭᠠᠯ ᠲᠤᠭᠤᠷᠪᠢᠬᠤ ᠶᠢ ᠬᠠᠷᠢᠭᠤᠴᠠᠵᠤ᠂ ᠤᠰᠤᠨ ᠠᠰᠢᠭᠯᠠᠯᠲᠠ ᠶᠢᠨ ᠠᠵᠢᠯ ᠤᠨ ᠲᠥᠷᠥ ᠶᠢᠨ ᠪᠣᠳᠣᠯᠭ᠎ᠠ ᠶᠢ ᠰᠤᠳᠤᠯᠤᠨ | ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ | ᠬᠠᠷᠢᠭᠤᠴᠠᠨ᠎ᠠ᠃ | ᠬᠠᠶ᠋ᠢᠭ᠄ ᠱᠠᠮᠪᠠ ᠪᠠᠯᠭᠠᠰᠤᠨ ᠤ ᠨᠢᠭᠡᠳᠦᠭᠡᠷ ᠱᠤᠭᠤᠮ ᠤᠨ ᠵᠠᠮ ᠤᠨ ᠡᠮᠦᠨ᠎ᠡ 2.5 ᠺᠢᠯᠣᠮᠧᠳ᠋ᠷ᠃ | ᠠᠯᠪᠠᠯᠠᠬᠤ ᠴᠠᠭ᠄ ᠦᠳᠡ ᠶᠢᠨ ᠡᠮᠦᠨ᠎ᠡ 9᠄ 00 - 12᠄ 00 ᠦᠳᠡ ᠶᠢᠨ ᠬᠤᠶᠢᠨ᠎ᠠ 3᠄ 00 - 6᠄ 00 | ᠬᠠᠷᠢᠯᠴᠠᠬᠤ ᠬᠡᠯᠪᠡᠷᠢ᠄ 0478 - 2611199 | ᠬᠠᠷᠢᠭᠤᠴᠠᠯᠭ᠎ᠠ ᠡᠭᠦᠷᠭᠡᠯᠡᠭᠴᠢ᠄ ᠵᠠᠩ ᠰᠢᠨ | | | | |