ᠬᠠᠨ ᡁᠢ ᠶᠧ ᠳᠧᠦ ᠳ᠋ᠤᠤ ᠴᠢᠶᠣᠤ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2025/3/6
      3 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠠᠨ ᡁᠢ ᠶᠧ ᠳᠧᠦ ᠳ᠋ᠤᠤ ᠴᠢᠶᠣᠤ ᠪᠠᠯᠭᠠᠰᠤᠨ ᠳᠤ ᠭᠦᠨᠵᠡᠭᠡᠶᠢᠷᠡᠨ ᠬᠠᠲᠤᠨ ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠬᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ᠃
书记.png
      ᠳᠧᠦ ᠳ᠋ᠤᠤ ᠴᠢᠶᠣᠤ ᠪᠠᠯᠭᠠᠰᠤᠨ ᠤ ᠬᠠᠲᠤᠨ ᠭᠤᠣᠯ ᠤᠨ ᠬᠤᠶᠠᠷ · ᠨᠠᠢᠮᠠ ᠨᠡᠶᠢᠭᠡᠮ ᠤᠨ ᠠᠶᠤᠯᠲᠠᠢ ᠪᠠᠷᠢᠯᠭ᠎ᠠ ᠶᠢᠨ ᠬᠡᠰᠡᠭ ᠲᠤ᠂ ᠬᠠᠨ ᡁᠢ ᠶᠧ ᠬᠠᠰᠢᠯᠭ᠎ᠠ ᠶᠢ ᠪᠠᠬᠢᠯᠡᠬᠦ᠂ ᠤᠰᠤᠨ ᠤ ᠪᠠᠶᠢᠳᠠᠯ ᠵᠢᠴᠢ ᠰᠦᠩ ᠬᠠᠯᠢᠶ᠎ᠠ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠲᠡᠷᠡ᠂ ᠦᠶᠡᠷ ᠢ ᠰᠡᠷᠭᠡᠶᠢᠯᠡᠬᠦ ᠠᠵᠢᠯ ᠨᠢ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠤᠨ ᠠᠵᠤ ᠠᠬᠤᠶ ᠨᠡᠶᠢᠭᠡᠮ ᠤᠨ ᠲᠣᠭᠲᠠᠭᠤᠨ ᠬᠥᠭᠵᠢᠯᠲᠡ ᠳᠤ ᠬᠤᠯᠪᠣᠭᠳᠠᠨ᠎ᠠ᠃ ᠬᠠᠰᠢᠯᠭ᠎ᠠ ᠶᠢ ᠪᠠᠬᠢᠵᠢᠭᠦᠯᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠪᠠᠷᠢᠮᠵᠢᠶ᠎ᠠ ᠪᠣᠯᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠠᠷᠢᠯᠭ᠎ᠠ ᠶᠢᠨ ᠶᠠᠰᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃ ᠰᠦᠩ ᠬᠠᠯᠢᠶ᠎ᠠ ᠶᠢ ᠰᠡᠷᠭᠡᠶᠢᠯᠡᠬᠦ ᠡᠳ᠋ ᠪᠣᠳᠠᠰ ᠤᠨ ᠨᠥᠭᠡᠴᠡᠯᠡᠯᠲᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠵᠠᠩᠭᠢᠯᠠᠭ᠎ᠠ ᠶᠢᠨ ᠦᠶ᠎ᠡ ᠳᠤ ᠲᠣᠬᠢᠷᠠᠭᠤᠯᠵᠤ ᠳᠡᠶᠢᠯᠬᠦ ᠪᠠ ᠬᠡᠷᠡᠭᠯᠡᠵᠦ ᠳᠡᠶᠢᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠴᠠᠭ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠴᠠᠭ ᠠᠭᠤᠷ ᠤᠨ ᠬᠤᠪᠢᠷᠠᠯᠲᠠ ᠪᠣᠯᠤᠨ ᠤᠰᠤᠨ ᠤ ᠪᠠᠶᠢᠳᠠᠯ ᠤᠨ ᠬᠥᠭᠵᠢᠯᠲᠡ ᠶᠢ ᠨᠢᠭᠲᠠ ᠠᠩᠬᠠᠷᠴᠤ᠂ ᠬᠠᠲᠤᠨ ᠭᠤᠤᠯ ᠤᠨ ᠬᠠᠩᠭᠢᠨ ᠬᠤᠶᠢᠲᠤ ᠬᠤᠰᠢᠭᠤᠨ ᠤ ᠬᠡᠰᠡᠭ ᠤᠨ ᠭᠤᠤᠯ ᠮᠥᠷᠡᠨ ᠤ ᠲᠣᠭᠲᠠᠭᠤᠨ ᠶᠢ ᠪᠠᠲᠤᠯᠠᠬᠤ ᠬᠡᠷᠡᠭᠲᠡᠶ᠃
书记1.png
      ᠬᠠᠨ ᡁᠢ ᠶᠧ ᠨᠠᠷ ᠪᠠᠰᠠ ᠳᠧᠦ ᠳ᠋ᠤᠤ ᠴᠢᠶᠣᠤ ᠪᠠᠯᠭᠠᠰᠤᠨ ᠤ ᠨᠤᠷᠢ ᠲᠣᠰᠬᠤᠨ ᠤ ᠲᠦᠮᠡᠨ ᠮᠦ ᠠᠮᠤ ᠪᠤᠳᠠᠭ᠎ᠠ ᠲᠠᠷᠢᠬᠤ ᠬᠦᠷᠢᠶᠡᠯᠡᠩ ᠲᠣᠭᠤᠷᠢᠭ᠂ ᠯᠢᠶᠠᠨ ᠹᠧᠩ ᠲᠣᠰᠬᠤᠨ ᠤ ︽ᠲᠠᠪᠤᠨ ᠰᠠᠶᠢᠨᠲᠠᠢ · ᠬᠤᠶᠠᠷ ᠲᠣᠬᠢᠷᠠᠮᠵᠢᠲᠠᠢ︾ ᠪᠣᠯᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠲᠤᠷᠰᠢᠯᠲᠠ ᠶᠢᠨ ᠴᠡᠭ ᠲᠤ ᠭᠦᠨᠵᠡᠭᠡᠶᠢᠷᠡᠵᠦ᠂ ᠮᠢᠨ ᠵᠢᠶᠠᠨ ᠲᠣᠰᠬᠤᠨ ᠤ ᠰᠢᠶᠤᠤ ᠲᠢᠶᠠᠨ ᠬᠥᠳᠡᠭᠡ ᠲᠣᠰᠬᠤᠨ ᠤ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠪᠣᠯᠤᠨ ᠮᠢᠨ ᠱᠠᠩ ᠶᠢᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠪᠣᠬᠢᠷᠲᠤᠯ ᠦᠭᠡᠢ ᠬᠥᠭᠵᠢᠯᠲᠡ ᠶᠢ ᠠᠭᠤᠰᠤᠯᠴᠠᠭᠤᠯᠬᠤ ᠬᠦᠷᠢᠶᠡᠯᠡᠩ ᠲᠣᠭᠤᠷᠢᠭ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠲᠠᠷᠢᠶᠠᠯᠠᠬᠤ ᠴᠠᠭ ᠢ ᠠᠮᠵᠢᠨ ᠠᠳᠬᠤᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠪᠦᠬᠦ ᠵᠢᠯ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠬᠠᠷᠠᠯᠲᠠ ᠶᠢ ᠪᠡᠶᠡᠯᠡᠭᠦᠯᠬᠦ ᠳᠤ ᠪᠠᠲᠤ ᠰᠠᠭᠤᠷᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃ ᠤᠳᠤ ᠦᠶ᠎ᠡ ᠶᠢᠨ ᠲᠦᠬᠦᠭᠡᠷᠦᠮᠵᠢᠲᠦ ᠲᠠᠷᠢᠶᠠᠯᠠᠩ ᠪᠣᠯᠤᠨ ᠥᠨᠳᠥᠷ ᠪᠦᠲᠦᠮᠵᠢᠲᠡᠢ ᠤᠰᠤ ᠠᠷᠪᠢᠯᠠᠬᠤ ᠲᠠᠷᠢᠶᠠᠯᠠᠩ ᠤᠨ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠤ᠂ ︽ᠨᠢᠭᠡᠳᠦᠯᠲᠡᠢ ᠲᠠᠷᠢᠵᠤ ᠬᠠᠮᠲᠤ ᠪᠠᠷ ᠪᠠᠶᠠᠵᠢᠬᠤ︾ ᠰᠢᠨ᠎ᠡ ᠶᠢ ᠡᠭᠦᠳᠬᠦ ᠬᠡᠯᠪᠡᠷᠢ ᠶᠢᠨ ᠭᠠᠵᠠᠷ ᠰᠢᠷᠣᠢ ᠶᠢᠨ ᠬᠠᠮᠲᠤᠷᠠᠯᠴᠠᠨ ᠡᠵᠡᠩᠨᠡᠬᠦ ᠵᠠᠭᠪᠤᠷ ᠢ ᠢᠳᠡᠪᠬᠢᠲᠡᠢ ᠳᠡᠯᠭᠡᠷᠡᠭᠦᠯᠵᠦ᠂ ᠲᠠᠷᠢᠶᠠᠴᠢᠳ ᠤᠨ ᠣᠷᠣᠯᠭ᠎ᠠ ᠶᠢᠨ ᠳᠡᠭᠡᠭᠰᠢᠯᠡᠯᠲᠡ ᠶᠢ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠰᠢᠨ᠎ᠡ ᠨᠤᠲᠤᠭ ᠤᠨ ᠮᠡᠷᠭᠡᠳ ᠤᠨ ᠬᠦᠴᠦᠨ ᠢ ᠠᠰᠢᠭᠯᠠᠨ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠨᠤᠲᠤᠭ ᠤᠨ ᠮᠡᠷᠭᠡᠳ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠶᠢᠨ ᠦᠢᠯᠡᠳᠦᠯ ᠢ ᠦᠨᠡᠨᠬᠦ ᠪᠠᠳᠠᠷᠠᠭᠤᠯᠵᠤ ᠂ ᠨᠤᠲᠤᠭ ᠤᠨ ᠮᠡᠷᠭᠡᠳ ᠤᠨ ᠬᠦᠴᠦᠨ ᠴᠢᠳᠠᠯ ᠪᠣᠯᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠤᠲᠤᠭ ᠤᠰᠤᠨ ᠤ ᠪᠠᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃ ᠣᠷᠣᠨ ᠪᠠᠶᠢᠷᠢ ᠶᠢᠨ ᠨᠥᠬᠦᠴᠡᠯ ᠪᠣᠯᠤᠨ ᠬᠥᠳᠡᠭᠡ ᠲᠣᠰᠬᠤᠨ ᠤ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠵᠤ᠂ ᠤᠯᠠᠨ ᠲᠦᠮᠡᠨ ᠤ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠤᠷᠳᠤ ᠬᠤᠭᠤᠴᠠᠭᠠᠨ ᠤ ᠪᠦᠲᠦᠮᠵᠢᠲᠡᠢ ᠬᠥᠳᠡᠯᠭᠡᠬᠦ ᠬᠦᠴᠦᠨ ᠢ ᠬᠥᠭᠵᠢᠭᠡᠵᠦ᠂ ᠠᠵᠤ ᠦᠢᠯᠡᠰ ᠬᠥᠭᠵᠢᠭᠰᠡᠨ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠂ ᠨᠤᠲᠤᠭ ᠤᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠪᠠᠶᠠᠨ ᠴᠢᠨᠡᠭᠡᠯᠢᠭ ᠰᠠᠶᠢᠨ ᠰᠠᠶᠢᠬᠠᠨ ᠬᠠᠭᠤᠳᠠᠰᠤ ᠶᠢ ᠵᠢᠷᠤᠭᠯᠠᠬᠤ ᠬᠡᠷᠡᠭᠲᠡᠢ᠃      ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢ ᠯᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ