ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠭᠦᠨ ᠤ ᠦᠢᠯᠡᠳᠪᠦᠷᠢᠯᠡᠯ ᠤᠨ ᠰᠠᠭᠤᠷᠢᠨ ᠢ ᠲᠦᠷᠭᠡᠳᠭᠡᠨᠪᠠᠶᠢᠭᠤᠯᠪᠠ | ᠨᠢᠭᠡ᠂ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠬᠢᠵᠢᠭᠦᠯᠵᠦ᠂ ᠲᠠᠷᠢᠶᠠᠯᠠᠩ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠶ᠎ᠡ | ᠠᠮᠤ ᠪᠤᠳᠠᠭᠠᠨ ᠤ ᠠᠮᠤᠷ ᠲᠥᠪᠰᠢᠨ ᠪᠣᠯ ︽ᠤᠯᠤᠰ ᠤᠨ ᠲᠣᠮᠣ ᠶᠠᠪᠤᠳᠠᠯ︾ ᠮᠥᠨ᠃ ᠱᠠᠮᠪᠠ ᠪᠠᠯᠭᠠᠰᠤ ᠣᠳᠣᠬᠢᠴᠢᠯᠠᠭᠰᠠᠨ ᠲᠠᠷᠢᠶᠠᠯᠠᠩ ᠤᠨ ᠪᠦᠲᠦᠭᠡᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ 10.3 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠬᠡᠷᠡᠭᠵᠢᠭᠦᠯᠵᠦ᠂ 14 ᠵᠠᠰᠠᠭ ᠵᠠᠬᠢᠷᠭᠠᠨ ᠤ ᠲᠣᠰᠬᠤᠨ᠂ 116 ᠪᠠᠶᠢᠭᠠᠯᠢ ᠶᠢᠨ ᠬᠤᠷᠰᠢᠶ᠎ᠠ ᠶᠢ ᠬᠠᠮᠤᠷᠴᠤ᠂ ︽ᠪᠠᠭ᠎ᠠ ᠲᠠᠷᠢᠶ᠎ᠠ ᠶᠢ ᠲᠣᠮᠣ | ᠲᠠᠷᠢᠶᠠᠨ ᠭᠠᠵᠠᠷ ᠪᠣᠯᠭᠠᠵᠤ᠂ ᠲᠠᠷᠢᠶᠠᠨ ᠭᠠᠵᠠᠷ ᠢ ᠰᠠᠶᠢᠨ ᠲᠠᠷᠢᠶ᠎ᠠ ᠪᠣᠯᠭᠠᠬᠤ︾ ᠶᠢ ᠪᠡᠶᠡᠯᠡᠭᠦᠯᠵᠦ᠂ ᠲᠥᠪᠯᠡᠷᠡᠨ ᠵᠠᠯᠭᠠᠯᠳᠤᠭᠰᠠᠨ᠂ ᠭᠠᠩᠳᠠᠵᠤ ᠤᠰᠤᠲᠤᠪᠠᠴᠤ | ᠬᠤᠷᠢᠶᠠᠯᠲᠠ ᠶᠢ ᠪᠠᠲᠤᠯᠠᠬᠤ ᠥᠨᠳᠥᠷ ᠲᠣᠭᠲᠠᠭᠤᠨ ᠬᠤᠷᠢᠶᠠᠯᠲᠠ ᠲᠠᠢ ᠣᠳᠣᠬᠢᠴᠢᠯᠠᠭᠰᠠᠨ ᠲᠠᠷᠢᠶᠠᠨ ᠭᠠᠵᠠᠷ ᠢ ᠪᠠᠶᠢᠭᠤᠯᠪᠠ᠃ 2025 ᠣᠨ ᠤ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠬᠤᠭᠤᠴᠠᠭᠠᠨ ᠳᠤ᠂ ᠱᠠᠮᠪᠠ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠢ ᠪᠠᠲᠤᠯᠠᠬᠤ ᠶᠢᠨ ᠲᠥᠯᠥᠭᠡ᠂ ᠠᠮᠤ ᠪᠤᠳᠠᠭᠠᠨ ᠤ ᠠᠮᠤᠷ ᠲᠦᠪᠰᠢᠨ ᠢᠶᠠᠷ ᠤᠳᠤᠷᠢᠳᠤᠮᠵᠢ ᠪᠣᠯᠭᠠᠵᠤ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ | ᠡᠯ᠎ᠡ ᠲᠣᠰᠬᠤᠨ ᠤ ᠢᠳᠡᠪᠬᠢᠵᠢᠯ ᠢ ᠬᠥᠭᠵᠢᠭᠡᠪᠡ︔ ᠵᠠᠬ᠎ᠠ ᠳᠡᠯᠭᠡᠭᠦᠷ ᠤᠨ ᠪᠠᠶᠢᠳᠠᠯ ᠲᠠᠢ ᠤᠶᠠᠯᠳᠤᠭᠤᠯᠤᠨ ᠲᠠᠷᠢᠶᠠᠴᠢᠨ ᠡᠷᠦᠬᠡ ᠶᠢ ᠬᠥᠲᠥᠯᠥᠨ ᠵᠢᠯᠣᠭᠤᠳᠴᠤ | ᠪᠠᠶᠢᠭᠠᠳ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠯᠭᠡᠵᠦ᠂ ᠰᠢᠨ᠎ᠡ ᠪᠠᠷ ᠪᠠᠶᠢᠭᠤᠯᠤᠭᠰᠠᠨ ᠳᠠᠩᠰᠠᠨ ᠭᠡᠷ ᠲᠣᠰᠬᠤᠨ ᠤ 5000 ᠮᠦ ᠳᠤᠰᠤᠯᠭᠠᠨ | ᠤᠰᠤᠯᠠᠬᠤ ᠪᠤᠭᠤᠳᠠᠶ ᠶᠢᠨ ᠵᠢᠱᠢᠶ᠎ᠡ ᠦᠵᠡᠭᠦᠯᠬᠦ ᠬᠡᠰᠡᠭ ᠢ ᠰᠢᠨ᠎ᠡ ᠪᠠᠷ ᠪᠠᠶᠢᠭᠤᠯᠵᠤ᠂ ᠳ᠋ᠠ ᠱᠦᠨ ᠴᠧᠩ ᠲᠣᠰᠬᠤᠨ᠂ ᠶᠦᠩ ᠯᠢ ᠲᠣᠰᠬᠤᠨ ᠤ ᠠᠮᠤ ᠪᠤᠳᠠᠭᠠᠨ ᠤ | ᠢᠵᠢ ᠪᠦᠷᠢᠳᠦᠭᠦᠯᠦᠨ ᠲᠠᠷᠢᠬᠤ ᠵᠢᠱᠢᠶ᠎ᠡ ᠦᠵᠡᠭᠦᠯᠬᠦ ᠬᠡᠰᠡᠭ ᠢ ᠣᠷᠣᠭᠤᠯᠤᠨ ᠠᠪᠴᠢᠷᠠᠵᠤ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ | ᠪᠠᠳᠠᠷᠠᠭᠤᠯᠪᠠ︔ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠣᠷᠣᠭᠤᠯᠤᠨ ᠠᠪᠴᠢᠷᠠᠵᠤ᠂ ᠤᠯᠠᠨ ᠡᠰᠢᠲᠦ ᠢᠵᠢ ᠪᠦᠷᠢᠳᠦᠭᠦᠯᠦᠨ ᠲᠠᠷᠢᠬᠤ | ᠵᠠᠭᠪᠤᠷ ᠢ ᠳᠡᠯᠭᠡᠷᠡᠭᠦᠯᠵᠦ᠂ ᠠᠮᠤ ᠪᠤᠳᠠᠭ᠎ᠠ ᠲᠠᠷᠢᠬᠤ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠪᠡ︔ ᠨᠥᠬᠦᠪᠦᠷᠢ ᠪᠠ ᠳᠣᠣᠷ᠎ᠠ ᠬᠦᠦ ᠲᠠᠢ ᠵᠢᠭᠡᠯᠡᠯᠭᠡ ᠵᠡᠷᠭᠡ | ᠳᠡᠮᠵᠢᠯᠭᠡ ᠶᠢᠨ ᠲᠦᠷᠦᠯ ᠵᠦᠢᠯ ᠢ ᠵᠣᠬᠢᠴᠠᠭᠤᠯᠤᠨ ᠨᠠᠶᠢᠳᠠᠪᠤᠷᠢᠵᠢᠭᠤᠯᠵᠤ᠂ 4 ᠰᠠᠷ᠎ᠠ ᠶᠢᠨ 3 ᠤ ᠡᠳᠦᠷ ᠪᠣᠯᠲᠠᠯ᠎ᠠ ᠨᠢᠭᠡᠨᠲᠡ 6.3 ᠲᠦᠮᠡᠨ ᠮᠦ ᠡᠷᠳᠡᠨᠢ ᠰᠢᠰᠢ | ᠲᠠᠷᠢᠬᠤ ᠲᠠᠯᠠᠪᠠᠢ ᠶᠢ ᠨᠠᠶᠢᠳᠠᠪᠤᠷᠢᠵᠢᠭᠤᠯᠪᠠ︔ ᠵᠠᠬᠢᠶᠠᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠴᠢᠨ ᠡᠷᠦᠬᠡ ᠶᠢᠨ ᠠᠰᠢᠭ ᠲᠤᠰᠠ ᠶᠢ | ᠪᠠᠲᠤᠯᠠᠪᠠ︔ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠲᠠᠷᠢᠶᠠᠯᠠᠩ ᠤᠨ ᠮᠠᠰᠢᠨ ᠤ ᠤᠰᠤᠨ | ᠠᠰᠢᠭᠯᠠᠯᠲᠠ ᠶᠢᠨ ᠲᠥᠬᠦᠭᠡᠷᠦᠮᠵᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠬᠠᠪᠤᠷ ᠤᠨ ᠲᠠᠷᠢᠶᠠᠯᠠᠭ᠎ᠠ ᠶᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠪᠠ᠃ | ᠡᠭᠦᠨ ᠤ ᠬᠠᠮᠲᠤ᠂ ᠱᠠᠮᠪᠠ ᠪᠠᠯᠭᠠᠰᠤ ︽ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠨᠠᠮ ᠤᠨ ᠡᠭᠦᠷ ᠢᠶᠠᠷ ᠬᠥᠲᠥᠯᠦᠨ ᠳᠠᠭᠠᠭᠤᠯᠬᠤ᠂ ᠠᠵᠤ | ᠠᠬᠤᠶᠢᠯᠠᠯ ᠤᠨ ᠪᠥᠲᠥᠭᠡᠨ ᠪᠠᠶᠢᠭᠤᠯᠤᠯᠲᠠ᠂ ᠲᠠᠷᠢᠶᠠᠴᠢᠨ ᠡᠷᠦᠬᠡ ᠣᠷᠣᠯᠴᠠᠬᠤ︾ ᠵᠠᠭᠪᠤᠷ ᠢᠶᠠᠷ ᠬᠤᠲᠠ ᠬᠥᠳᠡᠭᠡ ᠶᠢᠨ ᠲᠤᠰᠢᠶᠠᠬᠤ ᠪᠠ ᠭᠥᠯᠢᠶᠡᠨ ᠠᠪᠬᠤ ᠣᠷᠣᠨ | ᠪᠠᠶᠢᠷᠢ ᠶᠢᠨ ᠳᠠᠪᠠᠭᠤᠯᠢᠭ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠠ ᠲᠣᠬᠢᠶᠠᠯ ᠳᠤ ᠲᠦᠰᠢᠭᠯᠡᠨ᠂ ᠱᠠᠮᠪᠠ ᠶᠢᠨ ᠣᠲᠣ | ᠦᠶ᠎ᠡ ᠶᠢᠨ ᠲᠠᠷᠢᠶᠠᠯᠠᠩ ᠤᠨ ᠴᠡᠴᠡᠷᠯᠢᠭ ᠤᠨ ᠲᠣᠭᠤᠷᠢᠯ ᠵᠠᠮ ᠳᠡᠭᠡᠷ᠎ᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠬᠦᠭᠡᠷᠦᠮᠵᠢᠲᠦ ᠲᠠᠷᠢᠶᠠᠯᠠᠩ ᠤᠨ | ᠠᠵᠤ ᠦᠢᠯᠡᠰ ᠤᠨ ᠬᠦᠷᠢᠶᠡᠯᠡᠩ ᠢ ᠶᠡᠭᠡ ᠪᠠᠷ ᠪᠥᠲᠥᠭᠡᠨ ᠪᠠᠶᠢᠭᠤᠯᠪᠠ᠃ ᠬᠦᠷᠢᠶᠡᠯᠡᠩ ᠲᠣᠭᠤᠷᠢᠭ ᠨᠢ ᠴᠦᠨ ᠭᠤᠸᠠᠩ ᠲᠣᠰᠬᠤᠨ ᠤ ᠢᠦᠶ ᠴᠧᠩ ᠴᠢᠬᠢ | ᠪᠤᠶᠢᠵᠢᠭᠤᠯᠬᠤ ᠺᠣᠮᠫᠠᠨᠢ ᠪᠠᠷ ᠤᠳᠤᠷᠢᠳᠤᠮᠵᠢ ᠪᠣᠯᠭᠠᠵᠤ᠂ ᠵᠥᠩ ᠨᠠᠨ ᠴᠢᠦᠶ ᠲᠣᠰᠬᠤᠨ᠂ ᠬᠤᠩ ᠰᠢᠩ ᠲᠣᠰᠬᠤᠨ ᠵᠡᠷᠭᠡ ᠲᠣᠰᠬᠤᠨ ᠤ ᠣᠯᠠᠨ ᠴᠡᠭ ᠤᠨ | ᠨᠥᠯᠥᠭᠡᠯᠡᠯᠲᠡ ᠪᠠᠷ ᠶᠡᠷᠦᠩᠬᠡᠶ ᠪᠠᠯᠠ ᠣᠷᠣᠭᠤᠯᠤᠯᠲᠠ ᠨᠢ 2.53 ᠳ᠋ᠦᠩᠰᠢᠭᠤᠷ ᠲᠥᠭᠦᠷᠢᠭ ᠪᠠᠶᠢᠵᠤ᠂ 6100 ᠮᠥ ᠭᠠᠵᠠᠷ ᠡᠵᠡᠯᠡᠵᠦ᠂ 1410 ᠰᠠᠭᠤᠷᠢ | ᠪᠣᠯᠣᠳ ᠵᠢᠶᠠᠰᠠ ᠲᠠᠢ ᠬᠦᠯᠡᠮᠵᠢ ᠪᠠᠶᠢᠭᠤᠯᠵᠤ᠂ 565 ᠰᠠᠭᠤᠷᠢ ᠬᠦᠯᠡᠮᠵᠢ ᠶᠢ ᠪᠠᠶᠢᠭᠤᠯᠵᠤ᠂ 6 ᠴᠢᠬᠢ ᠪᠤᠶᠢᠵᠢᠭᠤᠯᠬᠤ ᠬᠦᠷᠢᠶᠡᠯᠡᠩ ᠲᠣᠭᠤᠷᠢᠭ ᠢ ᠳᠠᠶᠢᠴᠢᠯᠠᠨ | ᠪᠠᠶᠢᠭᠤᠯᠵᠤ᠂ ︽ᠰᠠᠭᠤᠷᠢᠨ ᠭᠠᠵᠠᠷ ᠢᠶᠠᠷ ᠳᠠᠶᠢᠴᠢᠯᠠᠵᠤ᠂ ᠣᠯᠠᠨ ᠲᠠᠯ᠎ᠠ ᠪᠠᠷ ᠲᠠᠷᠬᠠᠭᠠᠬᠤ︾ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠪᠠ᠃ ᠣᠳᠣᠬᠠᠨ ᠳᠤ | ᠵᠢᠯ ᠳᠤ 8.5 ᠳ᠋ᠦᠩᠰᠢᠭᠤᠷ ᠰᠠᠭᠤᠷᠢ ᠲᠣᠮᠣ ᠲᠠᠷᠢᠶᠠᠨ ᠴᠢᠬᠢ ᠪᠤᠶᠢᠵᠢᠭᠤᠯᠵᠤ᠂ 20 ᠲᠦᠮᠡᠨ ᠮᠦ ᠵᠠᠳᠠᠭᠠᠶ ᠪᠠᠷ ᠰᠢᠯᠵᠢᠭᠦᠯᠦᠨ ᠵᠠᠶᠢᠯᠠᠵᠤ᠂ ᠵᠢᠯ ᠳᠤ 4000 | ᠲᠦᠮᠡᠨ ᠰᠠᠭᠤᠷᠢ ᠴᠢᠬᠢ ᠰᠠᠭᠤᠯᠭᠠᠵᠤ᠂ ᠦᠢᠯᠡᠳᠬᠦᠨ ᠤ ᠶᠡᠷᠦᠩᠬᠡᠶ ᠥᠷᠲᠡᠭ ᠨᠢ 1.12 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠴᠦ᠂ 367 | ᠲᠠᠷᠢᠶᠠᠴᠢᠨ ᠡᠷᠦᠬᠡ ᠶᠢ ᠰᠢᠩᠭᠡᠭᠡᠨ ᠠᠪᠴᠤ ᠴᠢᠬᠢ ᠪᠤᠶᠢᠵᠢᠭᠤᠯᠬᠤ ᠠᠵᠤ ᠦᠢᠯᠡᠰ ᠢ ᠬᠥᠭᠵᠢᠭᠦᠯᠵᠦ᠂ 3650 ᠭᠠᠷᠤᠶ ᠬᠥᠮᠦᠨ ᠢ ᠳᠠᠶᠢᠴᠢᠯᠠᠨ ᠣᠶᠢᠷ᠎ᠠ | ᠬᠠᠪᠢ ᠳᠠᠭᠠᠨ ᠠᠵᠢᠯ ᠣᠯᠭᠤᠵᠤ᠂ ᠬᠥᠮᠦᠨ ᠳᠤᠮᠳᠠᠴᠢ ᠶᠢᠨ ᠠᠵᠢᠯ ᠬᠢᠵᠦ ᠪᠠᠶᠢᠭ᠎ᠠ ᠣᠷᠣᠯᠭ᠎ᠠ ᠨᠢ 4 ᠲᠦᠮᠡᠨ ᠲᠥᠭᠦᠷᠢᠭ ᠠᠴᠠ ᠳᠡᠭᠡᠭᠰᠢ ᠪᠠᠶᠢᠨ᠎ᠠ᠃ ᠬᠦᠷᠢᠶᠡᠯᠡᠩ | ᠲᠣᠭᠤᠷᠢᠭ ᠨᠢ ᠴᠢᠬᠢ ᠪᠤᠶᠢᠵᠢᠭᠤᠯᠬᠤ ᠠᠵᠤ ᠦᠢᠯᠡᠰ ᠤᠨ ᠭᠤᠣᠯ ᠭᠠᠷᠤᠯᠲᠠ ᠶᠢᠨ ᠣᠷᠣᠨ ᠪᠠ ᠤᠯᠠᠷᠢᠯ ᠤᠨ ᠢᠳᠡᠰᠢᠨ ᠨᠣᠭᠤᠭ᠎ᠠ ᠶᠢᠨ ᠬᠠᠩᠭᠠᠯᠭ᠎ᠠ ᠶᠢᠨ ᠪᠣᠬᠢᠷᠳᠤᠯ | ᠦᠭᠡᠢ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠬᠤ ᠬᠡᠷᠡᠭᠲᠡᠢ᠃ | ᠱᠠᠮᠪᠠ ᠪᠠᠯᠭᠠᠰᠤ ᠶᠢᠨ ᠬᠢᠨ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠪᠠᠷ ᠭᠤᠣᠯ ᠪᠣᠯᠭᠠᠵᠤ᠂ ︽ᠰᠢᠨᠵᠢᠯᠡᠬᠦ ᠤᠬᠠᠭᠠᠨ ᠮᠡᠷᠭᠡᠵᠢᠯ ᠤᠨ ᠠᠵᠤ | ᠦᠢᠯᠡᠰ ᠤᠨ ᠲᠠᠷᠢᠶᠠᠴᠢᠨ ᠡᠷᠦᠬᠡ︾ ᠶᠢᠨ ᠵᠠᠭᠪᠤᠷ ᠢᠶᠠᠷ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ ᠮᠠᠯ ᠠᠵᠤ ᠠᠬᠤᠶ ᠶᠢᠨ ᠲᠤᠰᠬᠠᠶ | ᠮᠡᠷᠭᠡᠵᠢᠯᠲᠡᠨ ᠢ ᠤᠷᠢᠵᠤ ᠲᠡᠵᠢᠭᠡᠨ ᠦᠷᠡᠵᠢᠭᠦᠯᠬᠦ ᠲᠠᠯᠠᠪᠠᠶ ᠳᠤ ᠭᠦᠨᠵᠡᠭᠡᠶᠢᠷᠡᠭᠦᠯᠦᠨ ᠵᠢᠯᠣᠭᠤᠳᠣᠭᠤᠯᠵᠤ᠂ ᠰᠢᠨᠵᠢᠯᠡᠬᠦ ᠤᠬᠠᠭᠠᠨᠴᠢᠯᠠᠭᠰᠠᠨ᠂ ᠬᠡᠪᠴᠢᠶᠡᠵᠢᠭᠦᠯᠦᠨ | ᠲᠡᠵᠢᠭᠡᠨ ᠦᠷᠡᠵᠢᠭᠦᠯᠬᠦ ᠮᠡᠷᠭᠡᠵᠢᠯ ᠢ ᠳᠡᠯᠭᠡᠷᠡᠭᠦᠯᠦᠨ᠎ᠡ᠃ ᠣᠳᠣᠬᠠᠨ ᠳᠤ ᠪᠥᠬᠦ ᠪᠠᠯᠭᠠᠰᠤᠨ ᠤ ᠭᠠᠭ᠋ᠠᠶ᠂ ᠦᠬᠡᠷ᠂ ᠬᠤᠨᠢᠨ ᠤ ᠲᠤᠭ᠎ᠠ ᠲᠣᠯᠣᠭᠠᠶ ᠲᠣᠰ ᠲᠣᠰ 0. | 51 ᠲᠦᠮᠡ᠂ 1.13 ᠲᠦᠮᠡ᠂ 8.61 ᠲᠦᠮᠡ᠂ ᠵᠢᠯ ᠤᠨ ᠭᠠᠷᠭᠠᠯᠲᠠ ᠶᠢᠨ ᠬᠡᠮᠵᠢᠶ᠎ᠡ 10.47 ᠲᠦᠮᠡ᠂ 0.89 ᠲᠦᠮᠡ᠂ 15.12 ᠲᠦᠮᠡ ᠬᠦᠷᠴᠦ᠂ | ᠲᠡᠵᠢᠭᠡᠨ ᠦᠷᠡᠵᠢᠭᠦᠯᠬᠦ ᠬᠡᠪᠴᠢᠶ᠎ᠡ ᠦᠷᠭᠦᠯᠵᠢᠯᠡᠨ ᠥᠷᠭᠡᠳᠴᠦ᠂ ᠤᠯᠠᠮᠵᠢᠯᠠᠯᠲᠤ ᠲᠡᠵᠢᠭᠡᠨ ᠦᠷᠡᠵᠢᠭᠦᠯᠬᠦ ᠠᠴᠠ ᠣᠳᠣᠬᠢᠴᠢᠯᠠᠯᠲᠠ᠂ ᠡᠷᠴᠢᠮᠵᠢᠯᠲᠡ ᠳᠠᠰᠢ | ᠬᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠵᠦ᠂ ᠣᠷᠣᠨ ᠪᠦᠰᠡ ᠶᠢᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠭᠠᠳᠠᠭᠰᠢ ᠭᠠᠷᠭᠠᠬᠤ | ᠴᠢᠬᠤᠯᠠ ᠰᠠᠭᠤᠷᠢᠨ ᠭᠠᠵᠠᠷ ᠪᠣᠯᠵᠣ᠂ ᠳᠤᠮᠳᠠ ᠵᠢᠵᠢᠭ ᠮᠠᠯᠵᠢᠯ ᠤᠨ ᠲᠠᠯᠠᠪᠠᠶ ᠶᠢᠨ ᠬᠥᠭᠵᠢᠯᠲᠡ ᠶᠢ ᠳᠠᠶᠢᠴᠢᠯᠠᠨ᠂ ᠪᠠᠶᠠᠨᠨᠠᠭᠤᠷ ᠬᠤᠲᠠ ᠶᠢᠨ ᠰᠠᠭᠠᠯᠢ ᠶᠢᠨ ᠦᠨᠢᠶ᠎ᠡ | ᠲᠡᠵᠢᠭᠡᠨ ᠦᠷᠡᠵᠢᠭᠦᠯᠬᠦ ᠦᠢᠯᠡᠰ ᠲᠤ ᠬᠦᠴᠦᠨ ᠴᠢᠳᠠᠯ ᠢᠶᠠᠨ ᠡᠷᠭᠦᠪᠡ᠃ | ᠬᠤᠶᠠᠷ᠂ ᠠᠵᠤ ᠦᠢᠯᠡᠰ ᠤᠨ ᠪᠠᠶᠢᠷᠢᠰᠢᠯ ᠢ ᠰᠢᠯᠢᠳᠡᠭᠵᠢᠭᠦᠯᠦᠨ ᠲᠣᠬᠢᠷᠠᠭᠤᠯᠵᠤ᠂ ᠲᠠᠷᠢᠶᠠᠯᠠᠩ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠤᠢ ᠪᠣᠯᠭᠠᠬᠤ | ᠬᠡᠷᠡᠭᠲᠡᠶ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠰᠠᠭᠤᠷᠢ ᠮᠥᠨ᠃ ᠱᠠᠮᠪᠠ | ᠪᠠᠯᠭᠠᠰᠤ ᠶᠢᠨ ᠬᠢᠨ ︽ᠬᠥᠭᠵᠢᠯᠲᠡ ᠲᠠᠢ ᠨᠢᠭᠲᠠ ᠤᠶᠠᠯᠳᠤᠭᠤᠯᠤᠨ ᠨᠠᠮ ᠤᠨ ᠪᠠᠶᠢᠭᠤᠯᠤᠯᠲᠠ ᠶᠢ ᠠᠳᠬᠤᠵᠤ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠨ | ᠬᠥᠭᠵᠢᠯᠲᠡ ᠶᠢ ᠠᠬᠢᠭᠤᠯᠬᠤ︾ ᠤᠢᠢᠯᠠᠭᠠᠭᠳᠠᠬᠤᠨ ᠢ ᠪᠠᠷᠢᠮᠲᠠᠯᠠᠵᠤ᠂ ︽ᠠᠮᠤ ᠪᠤᠳᠠᠭ᠎ᠠ ᠶᠢ ᠭᠠᠵᠠᠷ ᠰᠢᠷᠣᠢ ᠳᠤ ᠬᠠᠳᠠᠭᠠᠯᠠᠬᠤ᠂ ᠠᠮᠤ ᠪᠤᠳᠠᠭ᠎ᠠ ᠶᠢ ᠮᠡᠷᠭᠡᠵᠢᠯ ᠳᠤ | ᠬᠠᠳᠠᠭᠠᠯᠠᠬᠤ︾ ᠪᠠᠶᠢᠯᠳᠤᠬᠤ ᠪᠤᠳᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠩᠰᠠᠨ ᠠᠶᠢᠯ ᠲᠣᠰᠬᠤᠨ ᠤ ︽ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ︾ ᠵᠢᠴᠢ ᠢᠵᠢ ᠪᠦᠷᠢᠳᠦᠭᠰᠡᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠲᠤ ᠰᠢᠨ᠎ᠡ ᠶᠢ ᠡᠭᠦᠳᠦᠨ | ᠬᠡᠷᠡᠭᠵᠢᠭᠦᠯᠦᠨ᠎ᠡ᠃ ︽ᠲᠣᠰᠬᠤᠨ ᠤ ᠨᠠᠮ ᠤᠨ ᠡᠭᠦᠷ ᠤᠨ ᠺᠣᠮᠫᠠᠨᠢ ᠲᠠᠷᠢᠶᠠᠴᠢᠨ ᠡᠷᠦᠬᠡ︾ ᠶᠢᠨ ᠵᠠᠭᠪᠤᠷ ᠢᠶᠠᠷ ᠠᠯᠳᠠᠨ ᠬᠤᠸᠠᠩ ᠲᠠᠷᠢᠶᠠᠯᠠᠩ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢ ᠣᠷᠣᠭᠤᠯᠤᠨ ᠠᠪᠴᠢᠷᠠᠵᠤ᠂ 1 ᠲᠦᠮᠡᠨ ᠮᠦ ᠭᠠᠵᠠᠷ ᠰᠢᠷᠣᠢ ᠶᠢ ᠡᠷᠭᠢᠯᠲᠡ ᠳᠤ ᠣᠷᠣᠭᠤᠯᠵᠤ᠂ ︽ᠶᠡᠬᠡᠪᠡᠷ | ᠡᠪᠳᠡᠵᠦ ᠶᠡᠬᠡᠪᠡᠷ ᠪᠠᠶᠢᠭᠤᠯᠬᠤ︾ ᠬᠡᠯᠪᠡᠷᠢ ᠶᠢᠨ ᠲᠠᠷᠢᠶᠠᠨ ᠭᠠᠵᠠᠷ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠥᠨᠳᠥᠷ ᠪᠠᠷᠢᠮᠵᠢᠶᠠᠲᠤ ᠲᠥᠬᠦᠭᠡᠷᠦᠮᠵᠢ ᠶᠢ ᠢᠵᠢ | ᠪᠦᠷᠢᠳᠦᠭᠦᠯᠵᠦ᠂ ᠲᠠᠷᠢᠶᠠᠨ ᠭᠠᠵᠠᠷ ᠢ ᠲᠥᠪᠯᠡᠷᠡᠭᠦᠯᠦᠨ ᠵᠠᠯᠭᠠᠯᠳᠤᠭᠤᠯᠵᠤ᠂ ᠭᠠᠩ ᠤᠰᠤᠲᠤᠯ ᠤᠨ ᠣᠷᠣᠯᠭ᠎ᠠ ᠶᠢ ᠪᠠᠲᠤᠯᠠᠬᠤ ᠶᠢ ᠪᠡᠶᠡᠯᠡᠭᠦᠯᠦᠨ᠎ᠡ᠃ ᠲᠥᠷᠥᠯ ᠵᠦᠢᠯ | ᠪᠠᠶᠢᠭᠤᠯᠤᠭᠳᠠᠭᠰᠠᠨ ᠤ ᠳᠠᠷᠠᠭ᠎ᠠ᠂ ᠳᠠᠩᠰᠠ ᠠᠶᠢᠯ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ 1.72 ᠲᠦᠮᠡᠨ ᠲᠥᠭᠦᠷᠢᠭ ᠪᠠᠶᠢᠭᠰᠠᠨ ᠠᠴᠠ ᠪᠠᠨ | 26.4 ᠲᠦᠮᠡᠨ ᠲᠥᠭᠦᠷᠢᠭ ᠪᠣᠯᠤᠨ ᠳᠡᠭᠡᠭᠰᠢᠯᠡᠵᠦ᠂ ᠭᠠᠵᠠᠷ ᠰᠢᠷᠣᠶ ᠶᠢᠨ ᠲᠠᠯᠠᠪᠠᠶ ᠶᠢ 1130 ᠮᠦ ᠨᠡᠮᠡᠭᠳᠡᠭᠦᠯᠵᠦ᠂ ᠠᠮᠤ ᠪᠤᠳᠠᠭ᠎ᠠ ᠬᠠᠩᠭᠠᠬᠤ ᠴᠢᠳᠠᠪᠤᠷᠢ ᠶᠢ | ᠳᠡᠭᠡᠭᠰᠢᠯᠡᠭᠦᠯᠵᠦ᠂ ︽ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠬᠤ᠂ ᠪᠡᠯᠡ ᠮᠥᠩᠭᠦ ᠶᠢ ᠬᠤᠪᠢ ᠣᠷᠣᠭᠤᠯᠤᠭᠰᠠᠨ ᠮᠥᠩᠭᠦ ᠪᠣᠯᠭᠠᠨ ᠬᠤᠪᠢᠷᠠᠭᠤᠯᠬᠤ᠂ | ᠲᠠᠷᠢᠶᠠᠴᠢᠳ ᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠬᠤ︾ ᠬᠤᠪᠢᠷᠠᠯᠲᠠ ᠶᠢ ᠪᠡᠶᠡᠯᠡᠭᠦᠯᠪᠡ᠃ | ᠵᠠᠩ ᠹᠠᠩ ᠲᠣᠰᠬᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠪᠠᠷ ᠠᠵᠠ ᠲᠣᠬᠢᠶᠠᠯ ᠪᠣᠯᠭᠠᠵᠤ᠂ ᠬᠥᠳᠡᠭᠡ ᠲᠣᠰᠬᠤᠨ ᠤ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠤᠷᠪᠠᠨ ᠠᠵᠤ ᠦᠢᠯᠡᠰ ᠤᠨ ᠠᠭᠤᠰᠤᠯᠴᠠᠯ ᠢ ᠠᠬᠢᠭᠤᠯᠪᠠ᠃ ︽ᠺᠣᠮᠫᠠᠨᠢ ᠬᠤᠷᠰᠢᠶ᠎ᠠ ᠲᠠᠷᠢᠶᠠᠴᠢᠨ ᠡᠷᠦᠬᠡ︾ ᠶᠢᠨ | ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠪᠠᠷ ᠳᠠᠮᠵᠢᠭᠤᠯᠤᠨ᠂ 468 ᠲᠠᠷᠢᠶᠠᠴᠢᠨ ᠡᠷᠦᠬᠡ ᠶᠢ ᠲᠡᠳᠡᠨ ᠭᠠᠵᠠᠷ ᠰᠢᠷᠣᠶ ᠶᠢᠨ | ᠡᠷᠭᠢᠯᠲᠡ ᠳᠤ ᠣᠷᠣᠯᠴᠠᠭᠤᠯᠵᠤ᠂ ᠭᠠᠵᠠᠷ ᠰᠢᠷᠣᠶ ᠶᠢᠨ ᠲᠦᠷᠢᠶᠡᠰᠦᠯᠡᠯ ᠤᠨ ᠵᠠᠷᠤᠳᠠᠯ ᠢ 902.5 ᠲᠦᠮᠡᠨ ᠲᠥᠭᠦᠷᠢᠭ ᠲᠠᠷᠬᠠᠭᠠᠵᠤ᠂ ᠡᠷᠬᠢᠨ ᠲᠣᠭᠤᠷᠢᠨ ᠤ | ᠲᠣᠰᠬᠤᠨ ᠤ ᠠᠷᠠᠳ ᠲᠤ 200 ᠭᠠᠷᠤᠶ ᠬᠥᠮᠦᠨ ᠳᠤ ᠠᠵᠢᠯ ᠣᠯᠭᠤᠵᠤ᠂ ᠬᠥᠮᠦᠨ ᠳᠤᠮᠳᠠᠴᠢ ᠶᠢᠨ ᠣᠷᠣᠯᠭ᠎ᠠ ᠲᠦᠮᠡᠨ ᠲᠥᠭᠦᠷᠢᠭ ᠢ ᠳᠠᠪᠠᠪᠠ᠃ ᠬᠦᠷᠢᠶᠡᠯᠡᠩ | ᠲᠣᠭᠤᠷᠢᠭ ᠤᠨ ᠨᠡᠶᠢᠭᠡᠮᠴᠢᠯᠡᠭᠰᠡᠨ ᠦᠢᠯᠡᠴᠢᠯᠡᠭᠡ ᠳᠤ ᠲᠦᠰᠢᠭᠯᠡᠨ᠂ ᠪᠥᠬᠦ ᠠᠵᠤ ᠦᠢᠯᠡᠰ ᠤᠨ ᠬᠡᠯᠬᠢᠶ᠎ᠡ ᠶᠢᠨ ᠦᠢᠯᠡᠴᠢᠯᠡᠭᠡ ᠶᠢ ᠥᠷᠭᠡᠳᠬᠡᠵᠦ᠂ ︽ᠨᠢᠭᠡᠳᠦᠯᠲᠡᠶ | ᠲᠠᠷᠢᠵᠤ ᠬᠠᠮᠲᠤ ᠪᠠᠷ ᠪᠠᠶᠠᠵᠢᠬᠤ︾ ᠰᠢᠨ᠎ᠡ ᠪᠠᠶᠢᠷᠢᠰᠢᠯ ᠢ ᠪᠣᠶ ᠪᠣᠯᠭᠠᠨ᠎ᠠ᠃ ᠡᠳᠦᠭᠡ᠂ ᠵᠠᠩ ᠹᠠᠩ ᠲᠣᠰᠬᠤᠨ ᠤ ᠲᠠᠷᠢᠶᠠᠨ ᠭᠠᠵᠠᠷ ᠤᠨ ᠮᠠᠰᠢᠨᠴᠢᠯᠠᠯᠲᠠ ᠶᠢᠨ ᠨᠣᠷᠮ᠎ᠠ | 100% ᠳᠤ ᠬᠦᠷᠴᠦ᠂ ᠦᠯᠡᠳᠡᠭᠳᠡᠯ ᠪᠦᠷᠬᠦᠪᠴᠢ ᠶᠢ ᠡᠭᠡᠭᠦᠯᠦᠨ ᠬᠤᠷᠢᠶᠠᠬᠤ ᠨᠣᠷᠮ᠎ᠠ 85% ᠳᠤ ᠬᠦᠷᠴᠦ᠂ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ | ᠠᠰᠢᠭᠯᠠᠬᠤ ᠨᠣᠷᠮ᠎ᠠ 90% ᠳᠤ ᠬᠦᠷᠴᠦ᠂ ᠥᠩᠭᠡᠷᠡᠭᠰᠡᠨ ᠤ ︽ᠠᠯᠠᠭᠠᠨ ᠲᠠᠷᠢᠶ᠎ᠠ︾᠂ ︽ᠴᠡᠴᠡᠭᠲᠦ ᠲᠠᠷᠢᠶ᠎ᠠ︾ ᠨᠢ ᠨᠢᠭᠡᠨᠲᠡ ᠲᠥᠪᠯᠡᠷᠡᠨ ᠵᠠᠯᠭᠠᠯᠳᠤᠭᠰᠠᠨ᠂ | ᠭᠠᠩᠳᠠᠵᠤ ᠤᠰᠤᠲᠤᠪᠠᠴᠤ ᠬᠤᠷᠢᠶᠠᠯᠲᠠ ᠶᠢ ᠪᠠᠲᠤᠯᠠᠬᠤ ︽ᠰᠢᠨ᠎ᠡ ᠠᠮᠤ ᠪᠤᠳᠠᠭᠠᠨ ᠤ ᠬᠥᠮᠥᠷᠭᠡ︾ ᠪᠤᠯᠵᠤ ᠬᠤᠪᠢᠷᠠᠵᠤ᠂ ᠪᠣᠷᠣᠲᠣᠬᠤᠶ ᠶᠢᠨ ᠭᠠᠵᠠᠷ ᠣᠷᠣᠨ ᠤ | ᠲᠠᠷᠢᠶᠠᠯᠠᠩ ᠤᠨ ᠣᠳᠣᠬᠢᠴᠢᠯᠠᠯᠲᠠ ᠶᠢᠨ ᠬᠡᠯᠪᠡᠷᠢ ᠪᠠᠨ ᠬᠤᠪᠢᠷᠠᠭᠤᠯᠬᠤ ᠬᠡᠪ ᠳᠠᠭᠤᠷᠢᠶᠠᠯ ᠪᠣᠯᠤᠭᠰᠠᠨ ᠪᠠᠶᠢᠨ᠎ᠠ᠃ | ᠭᠤᠷᠪᠠ᠂ ᠨᠠᠮ ᠤᠨ ᠪᠠᠶᠢᠭᠤᠯᠤᠯᠲᠠ ᠪᠠᠷ ︽ᠨᠢᠭᠡᠳᠦᠯᠲᠡᠢ ᠲᠠᠷᠢᠬᠤ ᠶᠢ ᠬᠠᠮᠲᠤ ᠪᠠᠷ ᠪᠠᠶᠠᠵᠢᠭᠤᠯᠬᠤ︾ ᠶᠢ ᠬᠦᠳᠦᠯᠦᠨ ᠳᠠᠭᠠᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠮᠢᠵᠢᠷᠠᠯ ᠤᠨ ᠬᠦᠴᠦᠨ ᠢ ᠬᠥᠭᠵᠢᠭᠡᠨ᠎ᠡ | ᠨᠠᠮ ᠤᠨ ᠪᠠᠶᠢᠭᠤᠯᠤᠯᠲᠠ ᠶᠢᠨ ᠪᠠᠶᠢᠳᠠᠯ ᠢ ᠡᠪᠳᠡᠵᠦ ᠰᠢᠨ᠎ᠡ ᠪᠠᠶᠢᠳᠠᠯ ᠢ ᠡᠭᠦᠳᠴᠦ᠂ ᠨᠢᠭᠡᠳᠦᠯᠲᠡᠢ ᠲᠠᠷᠢᠵᠤ ᠬᠠᠮᠲᠤ ᠪᠠᠷ ᠪᠠᠶᠠᠵᠢᠵᠤ ᠦᠷ᠎ᠡ ᠠᠰᠢᠭ ᠢ | ᠨᠡᠮᠡᠭᠳᠡᠭᠦᠯᠪᠡ᠃ ᠤᠯᠠᠭᠠᠨᠬᠠᠳᠠ ᠲᠣᠰᠬᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ ᠬᠠᠶᠢᠨ ᠰᠦᠪᠡᠭᠴᠢᠯᠡᠵᠦ ᠰᠢᠨ᠎ᠡ ᠶᠢ ᠡᠭᠦᠳᠴᠦ᠂ ︽ | 17N︾ ᠨᠢᠭᠡᠳᠦᠯᠲᠡᠢ ᠪᠠᠷ ᠲᠠᠷᠢᠬᠤ ᠥᠪᠡᠷᠮᠢᠴᠡ ᠣᠨᠴᠠᠯᠢᠭ ᠲᠠᠢ ᠵᠠᠮ ᠢᠶᠠᠷ ᠵᠠᠮᠨᠠᠪᠠ᠃ ᠤᠯᠠᠭᠠᠨᠬᠠᠳᠠ ᠲᠣᠰᠬᠤᠨ ᠤ ᠨᠢᠭᠡᠳᠦᠭᠡᠷ ᠬᠤᠷᠰᠢᠶ᠎ᠠ ᠶᠢᠨ ᠵᠠᠯᠠᠭᠤ | ᠨᠠᠮ ᠤᠨ ᠭᠡᠰᠢᠭᠦᠨ ᠯᠢ ᠭᠧᠨ ᠼᠠᠢ ᠲᠦᠷᠦᠭᠦᠯᠡᠨ ᠵᠣᠬᠢᠶᠠᠨ ᠪᠠᠶᠢᠭᠤᠯᠤᠭᠰᠠᠨ ᠯᠢ ᠭᠧᠨ ᠼᠠᠢ ᠳᠠᠷᠢᠵᠤ ᠲᠡᠵᠢᠭᠡᠨ ᠦᠷᠡᠵᠢᠭᠦᠯᠬᠦ ᠶᠢ ᠨᠢᠭᠡᠳᠦᠯᠲᠡᠶ ᠳᠠᠷᠢᠵᠤ ᠬᠠᠮᠲᠤ ᠪᠠᠷ | ᠪᠠᠶᠠᠵᠢᠭᠤᠯᠬᠤ ᠲᠤᠰᠬᠠᠶ ᠬᠤᠷᠰᠢᠶ᠎ᠠ ᠪᠠᠷ ᠬᠥᠲᠥᠯᠦᠨ ᠳᠠᠭᠠᠭᠤᠯᠵᠤ᠂ ︽ᠣᠯᠠᠨ ᠲᠦᠮᠡᠨ ᠰᠠᠶᠢᠨ ᠳᠤᠷ᠎ᠠ ᠠᠴᠠ ᠪᠠᠨ ᠪᠠᠶᠢᠬᠤ᠂ ᠭᠠᠵᠠᠷ ᠰᠢᠷᠣᠶ ᠪᠠᠷ ᠬᠤᠪᠢ | ᠣᠷᠣᠭᠤᠯᠬᠤ᠂ ᠡᠷᠴᠢᠮᠵᠢᠭᠦᠯᠦᠨ ᠡᠵᠡᠩᠨᠡᠬᠦ᠂ ᠲᠦᠭᠰᠢᠭᠦᠷᠢ ᠶᠢ ᠬᠠᠮᠲᠤ ᠪᠠᠷ ᠡᠭᠦᠷᠭᠡᠯᠡᠬᠦ᠂ ᠠᠰᠢᠭ ᠣᠷᠣᠯᠭ᠎ᠠ ᠶᠢ ᠬᠤᠪᠢᠶᠠᠷᠢᠯᠠᠬᠤ᠂ ᠠᠰᠢᠭ ᠲᠤᠰᠠ ᠶᠢ ᠪᠠᠲᠤᠯᠠᠬᠤ︾ | ᠵᠠᠷᠴᠢᠮ ᠢ ᠪᠠᠷᠢᠮᠲᠠᠯᠠᠨ᠂ ᠤᠯᠠᠭᠠᠨᠬᠠᠳᠠ ᠶᠢᠨ ᠨᠢᠭᠡᠳᠦᠭᠡᠷ ᠬᠤᠷᠰᠢᠶ᠎ᠠ ᠶᠢᠨ 32 ᠲᠠᠷᠢᠶᠠᠴᠢᠨ ᠡᠷᠦᠬᠡ ᠶᠢ ᠵᠣᠬᠢᠶᠠᠨ ᠪᠠᠶᠢᠭᠤᠯᠵᠤ 1600 ᠮᠥ ᠲᠠᠷᠢᠶᠠᠨ ᠭᠠᠵᠠᠷ ᠢ | ᠬᠤᠪᠢ ᠣᠷᠣᠭᠤᠯᠤᠨ᠎ᠠ᠃ ᠬᠤᠷᠰᠢᠶ᠎ᠠ ᠨᠢ ︽ᠴᠢᠳᠠᠪᠤᠷᠢᠲᠠᠨ᠂ ᠨᠠᠮ ᠤᠨ ᠭᠡᠰᠢᠭᠦᠨ᠂ ᠬᠤᠷᠰᠢᠶ᠎ᠠ᠂ ᠲᠠᠷᠢᠶᠠᠴᠢᠨ ᠡᠷᠦᠬᠡ︾ ᠶᠢᠨ ᠵᠠᠭᠪᠤᠷ ᠢ ᠬᠡᠷᠡᠭᠯᠡᠵᠦ᠂ ︽ | ᠲᠤᠯᠤᠭᠠᠨ ᠨᠢᠭᠡᠳᠦᠯᠲᠡᠶ︾ ᠪᠠᠶᠢᠬᠤ ᠶᠢ ᠬᠡᠷᠡᠭᠵᠢᠭᠦᠯᠦᠨ᠎ᠡ᠄ ᠨᠢᠭᠡᠳᠦᠯᠲᠡᠶ ᠡᠵᠡᠩᠨᠡᠯᠲᠡ ᠬᠠᠮᠢᠶᠠᠷᠤᠯᠲᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠢᠭᠡᠳᠦᠯᠲᠡᠶ | ᠬᠤᠳᠠᠯᠳᠤᠨ ᠠᠪᠬᠤ ᠲᠠᠷᠢᠶᠠᠯᠠᠩ ᠤᠨ ᠬᠡᠷᠡᠭᠰᠡᠯ ᠢ ᠬᠤᠳᠠᠯᠳᠤᠨ ᠠᠪᠴᠤ ᠥᠪᠡᠷ ᠤᠨ ᠥᠷᠲᠡᠭ ᠢ ᠪᠠᠭᠤᠷᠠᠭᠤᠯᠬᠤ᠂ ᠮᠡᠷᠭᠡᠵᠢᠯ ᠤᠨ ᠵᠢᠯᠣᠭᠤᠳᠣᠯᠭ᠎ᠠ ᠶᠢᠨ ᠶᠠᠰᠤ | ᠴᠢᠨᠠᠷ ᠢ ᠨᠢᠭᠡᠳᠦᠯᠲᠡᠶ ᠪᠠᠲᠤᠯᠠᠵᠤ᠂ ᠨᠡᠶᠢᠭᠡᠮᠴᠢᠯᠡᠭᠰᠡᠨ ᠦᠢᠯᠡᠴᠢᠯᠡᠭᠡ ᠶᠢ ᠨᠢᠭᠡᠳᠦᠯᠲᠡᠶ ᠣᠷᠣᠭᠤᠯᠤᠨ ᠠᠪᠴᠢᠷᠠᠵᠤ ᠠᠵᠤ ᠦᠢᠯᠡᠰ ᠤᠨ ᠭᠤᠭᠴᠤᠭ᠎ᠠ ᠶᠢ | ᠲᠡᠭᠦᠯᠳᠡᠷᠵᠢᠭᠦᠯᠵᠦ᠂ ᠵᠠᠬᠢᠶᠠᠯᠠᠭ᠎ᠠ ᠶᠢᠨ ᠪᠣᠷᠣᠯᠠᠭᠤᠯᠭ᠎ᠠ ᠶᠢ ᠨᠢᠭᠡᠳᠦᠯᠲᠡᠶ ᠪᠣᠯᠭᠠᠨ ᠥᠷᠭᠡᠳᠬᠡᠵᠦ᠂ ᠨᠢᠭᠡᠳᠦᠯᠲᠡᠶ ᠠᠵᠢᠯ ᠬᠢᠵᠦ᠂ ᠨᠢᠭᠡᠳᠦᠯᠲᠡᠶ ᠠᠰᠢᠭ | ᠬᠤᠨᠵᠢᠪᠣᠷᠢ ᠶᠢᠨ ᠬᠤᠪᠢᠶᠠᠷᠢᠯᠠᠯᠲᠠ ᠳᠤ ᠡᠷᠬᠡ ᠲᠡᠭᠰᠢ ᠠᠰᠢᠭ ᠬᠦᠷᠲᠡᠬᠦ ᠶᠢ ᠦᠨᠡᠨᠬᠦ ᠪᠠᠲᠤᠯᠠᠨ᠎ᠠ᠃ ᠡᠨᠡᠬᠦ ᠠᠮᠵᠢᠯᠲᠠ ᠲᠠᠢ ᠵᠠᠭᠪᠤᠷ ᠢ ᠤᠯᠠᠭᠠᠨᠬᠠᠳᠠ ᠲᠣᠰᠬᠤᠨ ᠳᠤ | ᠦᠳᠲᠡᠷ ᠲᠦᠷᠭᠡᠨ ᠳᠡᠯᠭᠡᠷᠡᠭᠦᠯᠵᠦ᠂ ᠤᠯᠠᠭᠠᠨᠬᠠᠳᠠ ᠲᠣᠰᠬᠤᠨ 2᠂ 4᠂ 6᠂ 7 ᠨᠢᠭᠡᠳᠦᠯ ᠨᠢ ᠤᠯᠠᠭᠠᠨᠬᠠᠳᠠ ᠶᠢᠨ ᠨᠢᠭᠡᠳᠦᠭᠡᠷ ᠬᠤᠷᠰᠢᠶ᠎ᠠ ᠶᠢᠨ ᠵᠠᠭᠪᠤᠷ ᠢᠶᠠᠷ | ᠯᠠᠪᠯᠠᠯᠲᠠ ᠪᠣᠯᠭᠠᠵᠤ᠂ ᠨᠢᠭᠡᠳᠦᠯ ᠢᠶᠠᠷ ᠨᠢᠭᠡᠴᠢ ᠪᠣᠯᠭᠠᠨ 6200 ᠮᠦ ᠲᠠᠷᠢᠶᠠᠨ ᠭᠠᠵᠠᠷ ᠢ ︽ᠨᠢᠭᠡᠳᠦᠯᠲᠡᠢ ᠲᠠᠷᠢᠵᠤ ᠬᠠᠮᠲᠤ ᠪᠠᠷ ᠪᠠᠶᠠᠵᠢᠬᠤ︾ | ᠦᠢᠯᠡᠳᠪᠦᠷᠢᠯᠡᠯ ᠤᠨ ᠵᠠᠭᠪᠤᠷ ᠢ ᠬᠡᠷᠡᠭᠵᠢᠭᠦᠯᠬᠦ ᠶᠢᠨ ᠬᠠᠮᠲᠤ ᠪᠦᠬᠦ ᠬᠦᠴᠦᠨ ᠢᠶᠠᠷ ᠢᠶᠠᠨ ᠨᠢᠭᠡᠳᠦᠯᠲᠡᠢ ᠲᠠᠷᠢᠵᠤ ᠬᠠᠮᠲᠤ ᠪᠠᠷ ᠪᠠᠶᠠᠵᠢᠭᠤᠯᠬᠤ ᠵᠢᠱᠢᠶ᠎ᠡ ᠦᠵᠡᠭᠦᠯᠬᠦ | ᠬᠦᠷᠢᠶᠡᠯᠡᠩ ᠲᠣᠭᠤᠷᠢᠭ ᠢ ᠪᠠᠶᠢᠭᠤᠯᠵᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠪᠠ᠃ | ᠢᠷᠡᠭᠡᠳᠦᠢ ᠳᠤ᠂ ᠤᠯᠠᠭᠠᠨᠬᠠᠳᠠ ᠲᠣᠰᠬᠤᠨ ᠦᠷᠭᠦᠯᠵᠢᠯᠡᠨ ᠡᠨᠡᠬᠦ ᠰᠢᠨ᠎ᠡ ᠶᠢ ᠡᠭᠦᠳᠬᠦ ᠵᠠᠭᠪᠤᠷ ᠲᠤ ᠲᠦᠰᠢᠭᠯᠡᠵᠦ᠂ ᠬᠥᠳᠡᠭᠡ ᠠᠵᠤ ᠠᠬᠤᠢ ᠶᠢᠨ ᠣᠳᠣᠬᠢᠴᠢᠯᠠᠯᠲᠠ | ᠪᠣᠯᠤᠨ ᠬᠠᠮᠲᠤ ᠪᠠᠷ ᠴᠢᠨᠡᠭᠡᠯᠢᠭᠵᠢᠬᠦ ᠵᠠᠮ ᠳᠡᠭᠡᠷ᠎ᠡ ᠠᠯᠬᠤᠮ ᠠᠯᠬᠤᠮ ᠢᠶᠠᠷ ᠤᠷᠤᠭᠰᠢᠯᠠᠵᠤ᠂ ᠨᠡᠩ ᠤᠯᠠᠨ ᠬᠥᠳᠡᠭᠡ ᠲᠣᠰᠬᠤᠨ ᠳᠤ ᠬᠥᠭᠵᠢᠯᠲᠡ ᠶᠢᠨ ᠵᠠᠭᠪᠤᠷ ᠢ | ᠬᠠᠩᠭᠠᠨ᠎ᠠ᠃ | | | | | |