ᠬᠠᠩᠭᠢᠨ ᠬᠤᠶᠢᠲᠤ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠫᠠᠶᠢᠰᠠ ᠣᠯᠭᠤᠬᠤ ᠳᠤ ᠪᠠᠨ᠄ ᠪᠦᠸᠧ ᠺᠠᠩ ᠢᠦᠢ ᠶᠤᠸᠠᠨ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠨᠢ 4 A ᠳᠡᠰ ᠤᠨ ᠵᠡᠮᠳᠡᠭᠴᠦᠳ ᠤᠨ ᠨᠠᠶᠢᠳᠠᠨ ᠠᠰᠠᠷᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠪᠣᠯᠪᠠ
ᠨᠡᠶᠢᠲᠡᠯᠡᠭᠰᠡᠨ ᠴᠠᠭ᠄
2025/4/16
       ᠵᠡᠮᠳᠡᠭᠴᠦᠳ ᠤᠨ ᠨᠠᠶᠢᠳᠠᠨ ᠠᠰᠠᠷᠠᠭᠤᠯᠬᠤ ᠦᠢᠯᠡᠴᠢᠯᠡᠭᠡ ᠶᠢ ᠵᠢᠷᠤᠮᠵᠢᠭᠤᠯᠬᠤ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠨᠠᠶᠢᠳᠠᠨ ᠠᠰᠠᠷᠠᠭᠤᠯᠬᠤ ᠪᠠᠶᠢᠭᠤᠯᠤᠮᠵᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠬᠠᠩᠭᠢᠨ ᠬᠤᠶᠢᠲᠤ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠢ ᠨᠠᠶᠢᠳᠠᠵᠤ ᠠᠰᠠᠷᠠᠭᠤᠯᠬᠤ ᠦᠢᠯᠡᠴᠢᠯᠡᠭᠡᠨ ᠤ ᠵᠡᠷᠭᠡ ᠳᠡᠰ ᠢ ᠦᠨᠡᠯᠡᠨ ᠲᠣᠭᠲᠠᠭᠠᠬᠤ ᠱᠠᠭᠠᠷᠳᠠᠯᠭ᠎ᠠ ᠶᠢ ᠦᠨᠳᠦᠰᠦᠯᠡᠨ᠂ ᠬᠠᠮᠢᠶ᠎ᠠ ᠪᠦᠬᠦᠢ ᠪᠠᠶᠢᠭᠤᠯᠤᠮᠵᠢ ᠶᠢ ᠢᠳᠡᠪᠬᠢᠲᠡᠢ ᠵᠣᠬᠢᠶᠠᠨ ᠪᠠᠶᠢᠭᠤᠯᠵᠤ ᠦᠨᠡᠯᠡᠨ ᠲᠣᠭᠲᠠᠭᠠᠬᠤ ᠳᠤ ᠣᠷᠣᠯᠴᠠᠭᠤᠯᠪᠠ᠃ ᠬᠠᠩᠭᠢᠨ ᠬᠤᠶᠢᠲᠤ ᠬᠤᠰᠢᠭᠤᠨ ᠤ ᠪᠦᠸᠧ ᠺᠠᠩ ᠢᠦᠢ ᠶᠤᠸᠠᠨ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠶᠢᠳᠠᠨ ᠠᠰᠠᠷᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠲᠠᠰ ᠤᠨ 4A ᠳᠡᠰ ᠢᠶᠠᠷ ᠦᠨᠡᠯᠡᠭᠳᠡᠭᠰᠡᠨ ᠪᠥᠭᠡᠳ 2024 ᠣᠨ ᠤ ᠳᠡᠰ ᠤᠨ ᠦᠨᠡᠯᠡᠨ ᠲᠣᠭᠲᠠᠭᠠᠬᠤ ᠨᠥᠬᠦᠪᠥᠷᠢ ᠶᠢ 36000 ᠲᠥᠭᠦᠷᠢᠭ ᠭᠥᠷᠳᠡᠪᠡ᠃      4 ᠳ᠋ᠦ᠋ᠭᠡᠷ ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ᠬᠡᠷᠡᠭ ᠡᠷᠬᠢᠯᠡᠭᠴᠢᠳ ᠤᠨ ᠳᠡᠳ᠋ ᠳᠠᠷᠤᠭ᠎ᠠ ᠺᠠᠩ ᠯᠦᠩ ᠬᠠᠩᠭᠢᠨ ᠬᠤᠶᠢᠲᠤ ᠬᠤᠰᠢᠭᠤᠨ ᠤ ᠪᠦᠸᠧ ᠺᠠᠩ ᠢᠦᠢ ᠶᠤᠸᠠᠨ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠳᠤ ᠬᠦᠷᠴᠦ ︽ᠵᠡᠮᠳᠡᠭᠴᠦᠳ ᠢ ᠨᠠᠶᠢᠳᠠᠨ ᠠᠰᠠᠷᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠵᠡᠷᠭᠡ ᠳᠡᠰ ︵4A ᠲᠡᠰ︶︾ ᠤᠨ ᠫᠠᠶᠢᠰᠠ ᠡᠯᠭᠦᠬᠦ ᠶᠣᠰᠣᠯᠠᠯ ᠶᠠᠪᠤᠭᠤᠯᠪᠠ᠃      ᠨᠠᠶᠢᠳᠠᠨ ᠠᠰᠠᠷᠠᠭᠤᠯᠬᠤ ᠦᠢᠯᠡᠴᠢᠯᠡᠭᠡ ᠪᠣᠯ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠪᠠ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠴᠢᠬᠤᠯᠠ ᠠᠭᠤᠯᠭ᠎ᠠ ᠮᠥᠨ᠂ ᠲᠡᠷᠡ ᠨᠢ ᠥᠷᠭᠡᠨ ᠣᠯᠠᠨ ᠵᠡᠮᠳᠡᠭᠴᠦᠳ ᠤᠨ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠲᠤᠰ ᠤᠳᠠᠭᠠᠨ ᠤ ᠵᠡᠷᠭᠡ ᠳᠡᠰ ᠢ ᠦᠨᠡᠯᠡᠨ ᠲᠣᠭᠲᠠᠭᠠᠬᠤ ᠨᠢ ᠨᠠᠶᠢᠳᠠᠨ ᠠᠰᠠᠷᠠᠭᠤᠯᠬᠤ ᠲᠥᠪ ᠤᠨ ᠨᠠᠰᠢ ᠴᠠᠰᠢ ᠥᠩᠭᠡᠷᠡᠬᠦ ᠠᠵᠢᠯ ᠢ ᠳᠡᠭᠡᠳᠦ ᠬᠡᠮᠵᠢᠶ᠎ᠡ ᠪᠠᠷ ᠮᠡᠳᠡᠷᠡᠵᠦ ᠪᠠᠶᠢᠬᠤ ᠪᠠᠷ ᠪᠠᠷᠠᠬᠤ ᠦᠭᠡᠢ᠂ ᠨᠡᠩ ᠴᠤ ᠲᠡᠭᠦᠨ ᠤ ᠢᠷᠡᠭᠡᠳᠦᠢ ᠶᠢ ᠤᠷᠮᠠᠰᠢᠭᠤᠯᠤᠨ ᠦᠢᠯᠡᠴᠢᠯᠡᠭᠡᠨ ᠤ ᠬᠢᠷᠢ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠬᠦ ᠬᠥᠳᠡᠯᠭᠡᠬᠦ ᠬᠦᠴᠦᠨ ᠮᠥᠨ᠃      ᠬᠠᠩᠭᠢᠨ ᠬᠤᠶᠢᠲᠤ ᠬᠤᠰᠢᠭᠤᠨ ᠤ ᠪᠦᠸᠧ ᠺᠠᠩ ᠢᠦᠢ ᠶᠤᠸᠠᠨ ᠨᠠᠰᠤᠲᠠᠶᠢᠴᠤᠳ ᠤᠨ ᠣᠷᠣᠨ ᠰᠠᠭᠤᠴᠠ ᠪᠠᠶᠢᠭᠤᠯᠤᠭᠳᠠᠭᠰᠠᠨ ᠠᠴᠠ ᠨᠠᠰᠢ᠂ ᠵᠡᠮᠳᠡᠭᠴᠦᠳ ᠲᠤ ᠴᠢᠨᠠᠷ ᠰᠠᠶᠢᠲᠠᠢ ᠨᠠᠶᠢᠳᠠᠨ ᠲᠡᠵᠢᠭᠡᠯᠭᠡᠬᠦ ᠦᠢᠯᠡᠴᠢᠯᠡᠭᠡ ᠬᠠᠩᠭᠠᠬᠤ ᠪᠠᠷ ᠢᠮᠠᠭᠲᠠ ᠴᠢᠷᠮᠠᠶᠢᠵᠤ᠂ ᠲᠤᠰᠬᠠᠢ ᠮᠡᠷᠭᠡᠵᠢᠯ ᠤᠨ ᠰᠤᠪᠢᠯᠠᠯᠲᠠ ᠶᠢᠨ ᠬᠥᠮᠦᠰ ᠪᠣᠯᠤᠨ ᠪᠦᠷᠢᠨ ᠲᠡᠭᠦᠯᠳᠡᠷ ᠠᠮᠢᠳᠤᠷᠠᠯ ᠤᠨ ᠲᠥᠬᠦᠭᠡᠷᠦᠮᠵᠢ ᠶᠢ ᠲᠣᠬᠢᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠵᠡᠮᠳᠡᠭᠴᠦᠳ ᠲᠤ ᠠᠮᠢᠳᠤᠷᠠᠯ ᠤᠨ ᠬᠠᠷᠠᠭᠠᠯᠵᠠᠯ᠂ ᠡᠷᠡᠭᠦᠯᠵᠢᠯ ᠤᠨ ᠰᠤᠪᠢᠯᠠᠯᠲᠠ᠂ ᠰᠡᠳᠬᠢᠴᠡ ᠶᠢᠨ ᠵᠢᠯᠣᠭᠤᠳᠣᠯᠭ᠎ᠠ ᠵᠡᠷᠭᠡ ᠪᠦᠬᠦ ᠲᠠᠯ᠎ᠠ ᠶᠢᠨ ᠦᠢᠯᠡᠴᠢᠯᠡᠭᠡ ᠬᠠᠩᠭᠠᠵᠠᠢ᠃ ᠲᠤᠰ ᠤᠳᠠᠭ᠎ᠠ ᠵᠡᠷᠭᠡ ᠳᠡᠰ ᠤᠨ ᠦᠨᠡᠯᠡᠨ ᠲᠣᠭᠲᠠᠭᠠᠭᠰᠠᠨ ᠦᠨᠡᠮᠯᠡᠯ ᠪᠠ ᠫᠠᠶᠢᠰᠠ ᠢᠯᠡᠷᠬᠡᠶᠢᠯᠡᠯ ᠢ ᠭᠥᠷᠳᠡᠪᠡᠯ᠂ ᠨᠡᠶᠢᠭᠡᠮ ᠤᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠩ ᠣᠯᠠᠨ ᠨᠡᠶᠢᠭᠡᠮ ᠤᠨ ᠡᠬᠢ ᠪᠠᠶᠠᠯᠢᠭ ᠢ ᠲᠠᠲᠠᠵᠤ ᠪᠠᠶᠢᠭᠠᠳ ᠵᠡᠮᠳᠡᠭᠴᠦᠳ ᠤᠨ ᠨᠠᠶᠢᠳᠠᠨ ᠲᠡᠵᠢᠭᠡᠯᠭᠡᠬᠦ ᠦᠢᠯᠡᠰ ᠢ ᠬᠠᠷᠠᠭᠠᠯᠵᠠᠬᠤ ᠪᠣᠯᠤᠨ᠎ᠠ᠃ ᠬᠤᠶᠢᠰᠢᠳᠠ᠂ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠨᠠᠶᠢᠳᠠᠨ ᠠᠰᠠᠷᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠪᠠᠷ ᠲᠡᠳᠬᠦᠬᠦ᠂ ᠲᠤᠬᠠᠶᠢᠯᠠᠭᠰᠠᠨ ᠠᠵᠢᠯ ᠢ ᠵᠢᠯᠣᠭᠤᠳᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠦᠬᠦ ᠬᠤᠰᠢᠭᠤᠨ ᠤ ᠵᠡᠮᠳᠡᠭᠴᠦᠳ ᠢ ᠨᠠᠶᠢᠳᠠᠨ ᠠᠰᠠᠷᠠᠭᠤᠯᠬᠤ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃
微信截图_20250416154003.png
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠰᠦᠯᠵᠢᠶ᠎ᠡ